ᠬᠢᠩᠭᠠᠨ ᠠᠶᠢᠮᠠᠭ ᠲᠥᠷᠥ ᠶᠢᠨ ᠪᠣᠳᠣᠯᠭ᠎ᠠ ᠶᠢᠨ ᠠᠰᠢᠭ ᠢᠶᠠᠷ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/12/7
    ᠬᠥᠳᠡᠭᠡ ᠲᠣᠰᠬᠤᠨ ᠤ ᠵᠢᠭᠤᠯᠴᠢᠯᠠᠯ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠬᠥᠳᠡᠯᠭᠡᠭᠦ ᠬᠦᠴᠦᠨ ᠮᠥᠨ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠭᠡ ᠬᠦᠴᠦᠨ ᠢᠶᠠᠷ ᠬᠥᠭᠵᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠮᠥᠨ᠃ ᠣᠶᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠬᠢᠨ ᠲᠥᠯᠦᠪᠵᠢᠭᠦᠯᠭᠡ ᠪᠠᠷ ᠬᠦᠲᠦᠯᠦᠮᠵᠢ ᠪᠤᠯᠭᠠᠬᠤ᠂ ᠳᠦᠷᠦ ᠶᠢᠨ ᠪᠣᠳᠣᠯᠭ᠎ᠠ ᠪᠠᠷ ᠤᠲᠤᠷᠢᠳᠤᠮᠵᠢ ᠪᠤᠯᠭᠠᠬᠤ᠂ ᠳᠦᠷᠦᠯ ᠲᠡᠮᠳᠡᠭ ᠤᠨ ᠡᠭᠦᠲᠦᠨ ᠪᠠᠶᠢᠭᠤᠯᠤᠯᠲᠠ᠂ ᠦᠢᠯᠡᠳᠬᠦᠨ ᠤ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠬᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ ᠦᠨᠦ ᠵᠢᠯ ᠤᠨ 10 ᠳ᠋ᠤᠭᠠᠷ ᠰᠠᠷ᠎ᠠ ᠳᠤ᠂ ᠬᠢᠩᠭᠠᠨ ᠠᠶᠢᠮᠠᠭ ︽ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠲᠡᠳᠬᠦᠬᠦ ᠲᠥᠰᠥᠯ︾ ᠢ ᠨᠡᠶᠢᠲᠡᠯᠡᠨ ᠬᠡᠷᠡᠭᠵᠢᠭᠦᠯᠵᠦ᠂ 8 ᠵᠦᠢᠯ ᠤᠨ ᠠᠷᠭ᠎ᠠ ᠬᠡᠮᠵᠢᠶ᠎ᠡ ᠠᠪᠴᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠡᠭᠦᠨ ᠳᠤ᠂ 4 ᠳ᠋ᠦ᠋ᠭᠡᠷ ᠵᠦᠢᠯ ᠤᠨ ᠠᠷᠭ᠎ᠠ ᠬᠡᠮᠵᠢᠶ᠎ᠡ ᠳᠤ᠂ ᠰᠢᠨ᠎ᠡ ᠪᠠᠷ ᠪᠦᠲᠦᠭᠡᠨ ᠪᠠᠶᠢᠭᠤᠯᠤᠭᠰᠠᠨ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ᠂ ᠲᠣᠰᠬᠤᠨ ᠢ ᠲᠣᠰ ᠲᠣᠰ ᠨᠢᠭᠡ ᠤᠳᠠᠭ᠎ᠠ ᠳᠤ 50 ᠲᠦᠮᠡᠨ ᠲᠥᠭᠦᠷᠢᠭ᠂ 30 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨ᠎ᠡ ᠪᠠᠷ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ᠂ ᠲᠣᠰᠬᠤᠨ ᠢ ᠲᠣᠰ ᠲᠣᠰ 20 ᠲᠦᠮᠡᠨ ᠲᠥᠭᠦᠷᠢᠭ᠂ 10 ᠲᠦᠮᠡᠨ ᠲᠥᠭᠦᠷᠢᠭ ᠢᠶᠠᠷ ᠨᠢᠭᠡ ᠤᠳᠠᠭ᠎ᠠ ᠶᠢᠨ ᠴᠢᠨᠠᠷᠲᠠᠢ ᠪᠠᠷ ᠱᠠᠩᠨᠠᠨ᠎ᠠ᠃ ᠰᠢᠨ᠎ᠡ ᠪᠠᠷ ᠪᠦᠲᠦᠭᠡᠨ ᠪᠠᠶᠢᠭᠤᠯᠤᠭᠰᠠᠨ 5 ᠣᠳᠣᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠥᠯᠢᠶᠡᠨ ᠠᠪᠬᠤ ᠡᠷᠦᠬᠡ ᠶᠢ ᠨᠢᠭᠡ ᠤᠳᠠᠭ᠎ᠠ ᠳᠤ 5 ᠲᠦᠮᠡᠨ ᠲᠥᠭᠦᠷᠢᠭ ᠢᠶᠠᠷ ᠱᠠᠩᠨᠠᠨ᠎ᠠ᠃ ᠬᠢᠩᠭᠠᠨ ᠠᠶᠢᠮᠠᠭ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠠᠷ ᠰᠢᠪᠲᠤᠯᠤᠯᠲᠠ ᠶᠢᠨ ᠴᠡᠭ ᠪᠣᠯᠭᠠᠵᠤ᠂ ︽ᠬᠢᠩᠭᠠᠨ ᠠᠶᠢᠮᠠᠭ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠲᠥᠯᠦᠪᠵᠢᠭᠦᠯᠭᠡ ︵2020 ᠤᠨ — 2025 ᠣᠨ︶︾ ᠶᠢ ᠲᠣᠭᠲᠠᠭᠠᠨ ᠬᠡᠷᠡᠭᠵᠢᠭᠦᠯᠵᠦ᠂ ᠲᠥᠯᠦᠪᠵᠢᠭᠦᠯᠭᠡ ᠪᠠᠷ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠥᠲᠥᠯᠥᠨ ᠳᠠᠭᠠᠭᠤᠯᠤᠨ᠎ᠠ᠃ ᠦᠨᠦ ᠵᠢᠯ ᠨᠡᠶᠢᠲᠡ 1 ᠰᠢᠶᠠᠩ ᠪᠠᠯᠭᠠᠰᠤ᠂ 3 ᠭᠠᠴᠠᠭ᠎ᠠ ᠲᠣᠰᠬᠤᠨ ᠨᠢ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠪᠠᠷ ᠵᠥᠪᠰᠢᠶᠡᠷᠡᠭᠳᠡᠪᠡ᠃ ᠡᠭᠦᠨ ᠳᠤ᠂ ᠷᠠᠰᠢᠶᠠᠨ ᠬᠤᠲᠠ ᠶᠢᠨ ᠪᠠᠢ ᠯᠠᠩ ᠪᠠᠯᠭᠠᠰᠤ ᠨᠢ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠪᠠᠯᠭᠠᠰᠤ ᠪᠠᠷ ᠲᠠᠨᠢᠯᠴᠠᠭᠤᠯᠤᠭᠳᠡᠵᠠᠢ᠃     ᠣᠲᠣ ᠪᠣᠯᠲᠠᠯ᠎ᠠ᠂ ᠬᠢᠩᠭᠠᠨ ᠠᠶᠢᠮᠠᠭ ᠲᠤ ᠨᠡᠶᠢᠲᠡ 10 ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠪᠣᠶ᠃ ᠬᠥᠳᠡᠭᠡ ᠲᠣᠰᠬᠤᠨ ᠤ ᠣᠳᠣᠨ ᠲᠠᠰ ᠤᠨ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠶᠢ 34 ᠪᠠᠶᠢᠭᠤᠯᠪᠠ᠃ ᠳᠠᠩᠰᠠᠯᠠᠭᠤᠯᠤᠭᠰᠠᠨ ᠠᠷᠠᠳ ᠤᠨ ᠰᠠᠭᠤᠴᠠ 20 ᠪᠠᠶᠢᠵᠤ᠂ ᠡᠭᠦᠨ ᠳᠤ ᠭᠤᠷᠪᠠᠲᠤᠭᠠᠷ ᠲᠠᠰ ᠤᠨ ᠠᠷᠠᠳ ᠤᠨ ᠰᠠᠭᠤᠴᠠ 2 ᠪᠠᠶᠢᠵᠤ᠂ ᠪᠥᠬᠦ ᠣᠷᠣᠨ ᠳᠤ ᠬᠤᠶᠠᠳᠤᠭᠠᠷ ᠲᠤ ᠣᠷᠣᠨ᠎ᠠ᠃ ᠣᠳᠣᠬᠠᠨ ᠳᠤ᠂ ᠬᠢᠩᠭᠠᠨ ᠠᠶᠢᠮᠠᠭ ᠤᠨ ᠨᠢᠭᠡ ᠪᠦᠯᠦᠭ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ᠂ ᠵᠢᠭᠤᠯᠴᠢᠯᠠᠯ ᠤᠨ ᠪᠦᠲᠦᠭᠡᠭᠳᠡᠬᠦᠨ ᠤ ᠣᠨᠴᠠᠯᠢᠭ ᠢᠯᠡ ᠲᠣᠳᠣ᠂ ᠵᠢᠭᠤᠯᠴᠢᠯᠠᠯ ᠤᠨ ᠵᠠᠬ᠎ᠠ ᠳᠡᠯᠭᠡᠭᠦᠷ ᠳᠦᠷᠢᠮᠵᠢᠯ ᠡᠮᠬᠢ ᠵᠢᠷᠤᠮ ᠲᠠᠢ᠂ ᠵᠢᠭᠤᠯᠴᠢᠯᠠᠯ ᠤᠨ ᠢᠵᠢ ᠪᠦᠷᠢᠳᠦᠭᠰᠡᠨ ᠦᠢᠯᠡᠴᠢᠯᠡᠭᠡ ᠪᠦᠷᠢᠨ ᠲᠡᠭᠦᠯᠳᠡᠷ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠨᠢᠭᠡᠨᠲᠡ ᠵᠢᠭᠤᠯᠴᠢᠯᠠᠯ ᠤᠨ ᠠᠵᠤ ᠠᠬᠤᠢ ᠶᠢᠨ ᠦᠢᠯᠡᠳᠦᠯ ᠢ ᠪᠦᠷᠢᠯᠳᠦᠭᠦᠯᠵᠦ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠤᠯᠠᠨ ᠲᠦᠮᠡᠨ ᠵᠢᠭᠤᠯᠴᠢᠯᠠᠯ ᠤᠨ ᠤᠷᠤᠯᠭ᠎ᠠ ᠠᠰᠢᠭ ᠢ ᠬᠦᠷᠲᠡᠵᠦ᠂ ᠪᠠᠶᠠᠵᠢᠯ ᠤᠨ ᠵᠠᠮ ᠢᠶᠠᠨ ᠥᠷᠭᠡᠳᠬᠡᠵᠦ᠂ ᠨᠤᠲᠤᠭ ᠤᠨ ᠠᠬ᠎ᠠ ᠳᠡᠭᠦᠦ ᠨᠠᠷ ᠤᠨ ᠠᠮᠢᠳᠤᠷᠠᠯ ᠤᠯᠠᠮ ᠠᠴᠠ ᠤᠯᠠᠮ ᠬᠥᠭᠵᠢᠶᠡᠨᠲᠡᠢ ᠪᠣᠯᠵᠤ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号