ᠬᠥᠬᠡᠬᠤᠲᠠ ᠳᠤ ᠲᠣᠰ ᠡᠭᠡᠯᠵᠢ ᠶᠢᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠪᠥᠷ | ᠮᠣᠩᠭᠤᠯ ᠤᠨ ᠦᠵᠡᠰᠬᠦᠯᠡᠩ ᠤᠨ ᠣᠷᠳᠣᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ | ᠬᠢᠬᠦ ᠶᠢᠨ ᠬᠠᠮᠲᠤ᠂ ᠠᠶᠤᠯ ᠦᠭᠡᠢ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠯᠠᠵᠤ᠂ ᠣᠯᠠᠨ | ᠵᠦᠢᠯ ᠤᠨ ᠠᠷᠭ᠎ᠠ ᠮᠠᠶ᠋ᠢᠭ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ | ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠲᠥᠷᠥᠯ ᠤᠨ ᠠᠳᠡᠯ ᠭᠠᠷᠬᠤ ᠶᠢ ᠪᠥᠬᠦ | ᠬᠦᠴᠦᠨ ᠢᠶᠠᠷ ᠢᠶᠠᠨ ᠰᠡᠷᠭᠡᠶᠢᠯᠡᠨ ᠪᠠᠭᠠᠰᠬᠠᠪᠠ᠃ ᠰᠤᠷᠤᠯᠴᠠᠯᠭ᠎ᠠ ᠬᠥᠮᠦᠵᠢᠯ ᠢ ᠴᠢᠩᠭᠠᠳᠬᠠᠵᠤ ᠦᠵᠡᠯ ᠰᠠᠨᠠᠭᠠᠨ ᠤ | ᠰᠡᠷᠭᠡᠶᠢᠯᠡᠯᠲᠡ ᠶᠢ ᠪᠠᠲᠤᠳᠬᠠᠪᠠ 11 ᠳ᠋ᠤᠭᠡᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ | ᠦᠵᠡᠰᠬᠦᠯᠡᠩ ᠤᠨ ᠣᠷᠳᠣᠨ ᠰᠦᠯᠵᠢᠶᠡᠨ ᠳᠡᠭᠡᠷᠡᠬᠢ ᠬᠤᠷᠠᠯ ᠤᠨ ᠬᠡᠯᠪᠡᠷᠢ ᠪᠠᠷ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ 18 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠬᠤᠷᠠᠯᠳᠤᠭᠤᠯᠪᠠ᠃ | ︽ᠶᠡᠷᠦᠩᠬᠡᠢ ᠱᠦᠵᠢ ᠶᠢᠨ ᠾᠧᠨᠠᠨ ᠤ ᠠᠨᠶᠠᠩ ᠬᠤᠳᠠ ᠶᠢᠨ ᠺᠠᠢ ᠰᠢᠨ ᠳ᠋ᠡ ᠬᠤᠳᠠᠯᠳᠤᠭ᠎ᠠ ᠠᠷᠠᠯᠵᠢᠶᠠᠨ ᠤ | ᠬᠢᠵᠠᠭᠠᠷᠲᠤ ᠺᠣᠮᠫᠠᠨᠢ ᠶᠢᠨ ᠭᠠᠯ ᠠᠯᠳᠠᠭᠰᠠᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ︾᠂ | ︽ᠪᠦᠬᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠤᠨ ᠬᠤᠷᠠᠯ ᠳ᠋ᠢᠶᠠᠩᠬᠤᠸᠠ ᠶᠢᠨ ᠬᠤᠷᠠᠯ ᠤᠨ | ᠵᠣᠷᠢᠭ ᠰᠠᠨᠠᠭ᠎ᠠ︾᠂ ︽11 ᠳ᠋ᠤᠭᠡᠷ ᠰᠠᠷ᠎ᠠ ᠶᠢᠨ 10 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ︾᠂ ︽ᠲᠦᠷᠦ ᠶᠢᠨ | ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ | ᠳᠤᠭᠤᠶᠢᠯᠠᠩ ᠤᠨ ︿ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠢᠨ᠎ᠡ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ | ᠤᠬᠠᠭᠠᠨᠴᠢ ᠪᠠᠷ ᠨᠠᠷᠢᠯᠢᠭ ᠣᠨᠣᠴᠠᠲᠠᠢ ᠪᠠᠷ ᠰᠠᠶᠢᠲᠤᠷ ᠬᠢᠬᠦ ᠲᠤᠬᠠᠢ ᠮᠡᠳᠡᠭᠳᠡᠯ﹀︾ ᠵᠢᠴᠢ ︽ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ | ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ︾ | ᠶᠢ ᠭᠦᠨᠵᠡᠭᠡᠢ ᠰᠤᠷᠤᠯᠴᠠᠵᠠᠢ᠃ | ᠴᠢᠩᠭ᠎ᠠ ᠬᠢᠨᠠᠨ ᠪᠠᠶᠢᠴᠠᠭᠠᠵᠤ ᠥᠪᠡᠷ ᠢ ᠪᠠᠨ ᠰᠠᠶᠢᠵᠢᠷᠠᠭᠤᠯᠤᠨ ᠳᠡᠭᠡᠭᠰᠢᠯᠡᠬᠦᠯᠪᠡ 11 ᠳ᠋ᠤᠭᠡᠷ ᠰᠠᠷ᠎ᠠ ᠶᠢᠨ | 22 ᠤᠨ ᠡᠳᠦᠷ᠂ ᠵᠢᠵᠢᠭᠦᠷᠯᠡᠨ ᠰᠠᠬᠢᠭᠴᠢ ᠡᠪᠦᠯ ᠤᠨ ᠤᠯᠠᠷᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠴᠠᠭᠠᠯᠲᠠ ᠬᠢᠵᠦ᠂ ᠦᠵᠡᠰᠬᠦᠯᠡᠩ ᠤᠨ ᠣᠷᠳᠣᠨ ᠤ ᠡᠯ᠎ᠡ ᠦᠵᠡᠭᠦᠯᠭᠡ ᠶᠢᠨ ᠲᠢᠩᠬᠢᠮ᠂ ᠬᠥᠮᠥᠷᠭᠡ᠂ ᠭᠠᠯ | ᠤᠨᠲᠠᠷᠠᠭᠠᠬᠤ ᠬᠥᠭᠡᠷᠭᠡ ᠶᠢᠨ ᠭᠡᠷ ᠲᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ | ᠬᠡᠮ ᠢ ᠣᠷᠬᠢᠭᠳᠠᠭᠤᠯᠬᠤ ᠦᠭᠡᠢ᠂ ᠶᠠᠮᠠᠷ ᠴᠤ ᠠᠮᠤᠷ ᠲᠥᠪᠰᠢᠨ ᠤ ᠳᠠᠯᠲᠠ ᠬᠡᠮ ᠢ ᠣᠷᠬᠢᠭᠳᠠᠭᠤᠯᠬᠤ ᠦᠭᠡᠢ | ᠪᠠᠶᠢᠬᠤ ᠶᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠠᠳᠡᠯ ᠭᠠᠷᠬᠤ ᠶᠢ ᠲᠠᠰᠤ ᠬᠤᠷᠢᠭᠯᠠᠪᠠ᠃ 11 ᠳ᠋ᠤᠭᠡᠷ | ᠰᠠᠷ᠎ᠠ ᠶᠢᠨ 26 ᠤ ᠡᠳᠦᠷ᠂ ᠵᠢᠵᠢᠭᠦᠷᠯᠡᠨ ᠰᠠᠬᠢᠭᠴᠢ ᠶᠢ ᠳᠠᠬᠢᠨᠲᠠ ᠵᠣᠬᠢᠶᠠᠨ ᠪᠠᠶᠢᠭᠤᠯᠵᠤ᠂ ᠪᠣᠶ ᠪᠦᠬᠦᠢ | ᠶᠡᠷᠦᠩᠬᠡᠶᠢᠯᠡᠭᠰᠡᠨ ᠠᠯᠪᠠᠨ ᠠᠰᠠᠷ ᠤᠨ ᠠᠯᠪᠠᠨ ᠭᠡᠷ᠂ ᠴᠠᠬᠢᠯᠭᠠᠨ ᠲᠦᠭᠡᠭᠡᠬᠦ ᠲᠠᠰᠤᠭ ᠵᠡᠷᠭᠡ ᠳᠤ ᠴᠠᠬᠢᠯᠭᠠᠨ | ᠬᠡᠷᠡᠭᠯᠡᠯᠲᠡ ᠶᠢᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠴᠠᠬᠢᠯᠭᠠᠨ ᠬᠡᠷᠡᠭᠯᠡᠯᠲᠡ ᠶᠢᠨ ᠭᠠᠯ ᠤᠨ ᠭᠠᠮᠰᠢᠭ ᠤᠨ | ᠳᠠᠯᠳᠠ ᠬᠡᠮ ᠢ ᠰᠢᠯᠭᠠᠨ ᠪᠠᠶᠢᠴᠠᠭᠠᠬᠤ ᠠᠵᠢᠯ ᠢ ᠬᠢᠨᠠᠮᠠᠭᠠᠢ ᠥᠷᠨᠢᠭᠦᠯᠵᠦ᠂ ᠴᠠᠬᠢᠯᠭᠠᠨ ᠢ ᠨᠢ ᠳᠠᠰᠤᠯᠤᠭᠰᠠᠨ ᠦᠭᠡᠢ | ᠺᠣᠮᠫᠢᠦ᠋ᠲ᠋ᠧᠷ ᠵᠢᠴᠢ ᠪᠤᠰᠤᠳ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢᠨ ᠴᠠᠬᠢᠯᠭᠠᠨ ᠢ ᠲᠠᠰᠤᠯᠪᠠ᠃ ᠡᠨᠡ | ᠵᠢᠯ ᠤᠨ ᠲᠤᠷᠰᠢ᠂ ᠠᠮᠤᠷ ᠲᠦᠪᠰᠢᠨ ᠤ ᠪᠠᠶᠢᠴᠠᠭᠠᠯᠲᠠ ᠶᠢ ᠨᠢᠭᠡᠨᠲᠡ 20 ᠭᠠᠷᠤᠢ ᠤᠳᠠᠭ᠎ᠠ ᠥᠷᠨᠢᠭᠦᠯᠵᠡᠢ᠃ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠲᠠᠯᠠᠪᠤᠷ ᠣᠷᠳᠣᠨ ᠤ ᠠᠮᠤᠷ ᠲᠦᠪᠰᠢᠨ ᠢ ᠦᠨᠡᠨ ᠬᠦ | ᠪᠠᠲᠤᠯᠠᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠮᠠᠨ ᠤ ᠣᠷᠳᠣᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠮᠡᠳᠡᠯᠭᠡ ᠶᠢ ᠢᠳᠡᠪᠬᠢᠲᠡᠢ ᠣᠶᠢᠯᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠶᠤᠯ ᠦᠭᠡᠢ ᠦᠢᠯᠡᠳᠪᠦᠷᠢᠯᠡᠯ ᠪᠣᠯᠣᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠶᠠᠷ ᠲᠠᠯ᠎ᠠ ᠶᠢ ᠠᠳᠬᠤᠵᠤ᠂ ᠬᠤᠶᠠᠭᠤᠯᠠ ᠶᠢ ᠰᠠᠭᠠᠲᠠᠭᠠᠬᠤ | ᠦᠭᠡᠢ ᠪᠠᠶᠢᠬᠤ ᠶᠢ ᠪᠡᠶᠡᠯᠡᠭᠦᠯᠵᠡᠢ᠃ ᠶᠡᠷᠦᠩᠬᠡᠶᠢᠯᠡᠭᠰᠡᠨ ᠰᠠᠯᠠᠭ᠎ᠠ ᠮᠥᠴᠢᠷ ᠡᠳᠦᠷ ᠪᠦᠷᠢ ︽ᠦᠵᠡᠰᠬᠦᠯᠡᠩ ᠤᠨ | ᠣᠷᠳᠣᠨ ᠤ ᠬᠤᠷᠠᠯ ᠡᠷᠭᠢᠯᠡᠬᠦ ᠠᠵᠢᠯ ᠦᠷᠨᠢᠬᠦᠯᠬᠦ ᠴᠤᠭᠯᠠᠷᠠᠯ︾ ᠢᠶᠠᠷ ᠳᠠᠮᠵᠢᠨ ᠠᠵᠢᠯᠲᠠᠨ ᠠᠵᠢᠯᠴᠢᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠴᠤᠭᠯᠠᠭᠤᠯᠤᠨ ᠪᠦᠷᠢᠳᠬᠡᠵᠦ᠂ ᠠᠵᠢᠯᠲᠠᠨ | ᠠᠵᠢᠯᠴᠢᠨ ᠤ ᠰᠠᠭᠤᠭ᠎ᠠ ᠭᠠᠵᠠᠷ᠂ ᠲᠦᠭᠰᠢᠭᠦᠷᠢ ᠶᠢᠨ ᠲᠠᠰ᠂ ᠪᠥᠭᠡᠮ ᠬᠦᠴᠢᠯ ᠤᠨ ᠪᠠᠶᠢᠴᠠᠭᠠᠯᠲᠠ ᠪᠠ ᠺᠣᠳ᠋ | ᠣᠯᠭᠤᠭᠰᠠᠨ ᠪᠠᠶᠢᠳᠠᠯ ᠵᠢᠴᠢ ᠠᠷᠭ᠎ᠠ ᠴᠢᠨᠠᠷᠲᠠᠢ᠂ ᠪᠢᠯᠢᠭ ᠴᠢᠨᠠᠷᠲᠠᠢ ᠬᠥᠮᠥᠨ ᠤ ᠲᠤᠭ᠎ᠠ᠂ ᠠᠵᠢᠯ ᠤᠨ | ᠪᠠᠶᠢᠷᠢ ᠳᠤ ᠪᠠᠨ ᠪᠤᠴᠠᠬᠤ ᠨᠥᠬᠦᠴᠡᠯ ᠲᠠᠢ ᠬᠥᠮᠥᠨ ᠤ ᠲᠤᠭ᠎ᠠ ᠵᠡᠷᠭᠡ ᠶᠢ ᠡᠵᠡᠮᠰᠢᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤ ᠨᠢ ᠤᠬᠠᠭᠤᠯᠵᠤ᠂ ᠠᠷᠭ᠎ᠠ ᠴᠢᠨᠠᠷᠲᠠᠢ᠂ | ᠨᠢᠭᠲᠠ ᠤᠶᠢᠷᠠᠲᠤᠭᠰᠠᠠᠨ ᠠᠵᠢᠯᠲᠠᠨ ᠠᠵᠢᠯᠴᠢᠨ ᠢ ᠬᠠᠯᠠᠮᠵᠢᠯᠠᠨ ᠲᠤᠬᠤᠨᠢᠭᠤᠯᠪᠠ᠃ ᠡᠨᠡ ᠬᠦ ᠬᠤᠭᠤᠴᠠᠭᠠᠨ ᠳᠤ᠂ | ᠠᠳᠠᠯ ᠠᠬᠤᠢ ᠶᠢᠨ ᠺᠣᠮᠫᠠᠨᠢ ᠶᠢᠨ ᠠᠵᠢᠯᠲᠠᠳ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠷᠤᠯᠴᠠᠭᠤᠯᠪᠠ᠃ ᠠᠵᠢᠯ ᠤᠨ ᠪᠠᠶᠢᠷᠢ ᠳᠤ ᠪᠠᠨ ᠪᠤᠴᠠᠭᠰᠠᠨ | ᠬᠥᠮᠥᠰ ᠲᠤ ᠺᠣᠳ᠋ ᠰᠢᠷᠪᠢᠬᠦ᠂ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠪᠥᠭᠡᠮ ᠬᠦᠴᠢᠯ ᠤᠨ | ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠪᠠᠶᠢᠴᠠᠭᠠᠨ ᠰᠢᠯᠭᠠᠬᠤ ᠵᠡᠷᠭᠡ ᠱᠠᠭᠠᠷᠳᠠᠯᠭ᠎ᠠ ᠶᠢ ᠴᠢᠩᠭ᠎ᠠ ᠬᠡᠷᠡᠭᠵᠢᠬᠦᠯᠪᠡ᠃ | ᠨᠢᠭᠡᠨᠲᠡ ᠠᠵᠢᠯ ᠤᠨ ᠪᠠᠶᠢᠷᠢ ᠳᠤ ᠪᠠᠨ ᠪᠤᠴᠠᠭᠰᠠᠨ ᠠᠵᠢᠯᠲᠠᠳ ᠲᠤ ᠪᠢᠲᠡᠭᠦᠦ ᠬᠡᠯᠬᠢᠶᠡᠨ ᠤ ᠬᠠᠮᠢᠶᠠᠷᠤᠯᠲᠠ ᠶᠢ ᠡᠷᠡᠰ | ᠬᠡᠷᠡᠭᠵᠢᠬᠦᠯᠪᠡ᠃ ᠡᠭᠦᠨ ᠤ ᠬᠠᠮᠲᠤ ᠠᠵᠢᠯ ᠤᠨ ᠪᠠᠶᠢᠷᠢ ᠳᠤ ᠪᠠᠨ ᠪᠤᠴᠠᠭᠰᠠᠨ ᠬᠥᠮᠥᠰ ᠪᠠ ᠠᠳᠠᠯ ᠠᠬᠤᠢ ᠶᠢᠨ | ᠦᠯᠡᠳᠡᠨ ᠰᠠᠬᠢᠭᠴᠢ ᠶᠢᠨ ︽ᠳᠥᠷᠪᠡᠨ ᠦᠭᠡᠢ︾ ᠪᠠᠶᠢᠬᠤ ᠶᠢ ᠱᠠᠭᠠᠷᠳᠠᠪᠠ᠂ ᠲᠤᠬᠠᠶᠢᠯᠠᠪᠠᠯ ᠳᠤᠷ᠎ᠠ ᠪᠠᠷ ᠢᠶᠠᠨ | ᠭᠠᠳᠠᠭᠰᠢ ᠭᠠᠷᠬᠤ ᠦᠭᠡᠢ᠂ ᠭᠠᠳᠠᠨᠠᠬᠢ ᠬᠥᠮᠥᠨ ᠲᠠᠢ ᠣᠶᠢᠷᠠᠳᠬᠤ ᠦᠭᠡᠢ᠂ ᠭᠠᠳᠠᠨ᠎ᠠ ᠠᠴᠠ ᠢᠷᠡᠭᠰᠡᠨ | ᠠᠷᠢᠭᠤᠳᠬᠠᠭᠰᠠᠨ ᠦᠭᠡᠢ ᠡᠳ᠋ ᠪᠣᠳᠠᠰ ᠢ ᠲᠡᠮᠲᠡᠷᠢᠬᠦ ᠦᠭᠡᠢ᠂ ᠳᠡᠯᠭᠡᠭᠦᠷ ᠬᠡᠲᠦ ᠳᠡᠯᠭᠡᠭᠦᠷ ᠵᠡᠷᠭᠡ ᠪᠠᠷ ᠰᠤᠯᠠ | ᠲᠣᠭᠤᠷᠢᠬᠤ ᠦᠭᠡᠢ ᠪᠠᠶᠢᠵᠤ᠂ ᠬᠤᠪᠢ ᠬᠥᠮᠥᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | ᠡᠳᠦᠷ ᠪᠦᠷᠢ 4 ᠤᠳᠠᠭ᠎ᠠ ᠣᠷᠴᠢᠨ ᠲᠣᠭᠤᠷᠢᠨ ᠢ ᠰᠠᠯᠬᠢ ᠨᠡᠪᠲᠡᠷᠡᠭᠦᠯᠦᠨ ᠠᠷᠢᠭᠤᠳᠬᠠᠪᠠ᠃ ᠦᠵᠡᠰᠬᠦᠯᠡᠩ ᠤᠨ | ᠣᠷᠳᠣᠨ ᠨᠢ ᠬᠠᠷᠢᠶ᠎ᠠ ᠭᠠᠵᠠᠷ ᠤᠨ ᠨᠡᠶᠢᠭᠡᠮ ᠲᠣᠭᠤᠷᠢᠭ ᠲᠠᠢ ᠪᠠᠨ ᠬᠠᠷᠢᠯᠴᠠᠵᠤ ᠲᠤᠰᠬᠠᠢ ᠬᠥᠮᠥᠨ ᠲᠣᠬᠢᠷᠠᠭᠤᠯᠤᠨ | ᠨᠢᠭᠡ ᠠᠵᠢᠯᠲᠠᠨ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠪᠣᠯᠪᠠᠰᠤᠷᠠᠭᠤᠯᠤᠯ ᠬᠢᠯᠭᠡᠵᠦ᠂ ᠡᠳᠦᠷ ᠪᠦᠷᠢ | ᠠᠵᠢᠯ ᠤᠨ ᠪᠠᠶᠢᠷᠢ ᠳᠤ ᠪᠠᠨ ᠪᠤᠴᠠᠭᠰᠠᠨ ᠠᠵᠢᠯᠲᠠᠨ ᠠᠵᠢᠯᠴᠢᠨ ᠵᠢᠴᠢ ᠵᠢᠵᠢᠭᠦᠷᠯᠡᠨ ᠰᠠᠬᠢᠭᠴᠢ ᠳᠤ | ᠥᠳᠥᠭᠡᠭᠴᠢ ᠶᠢᠨ ᠪᠠᠶᠢᠴᠠᠭᠠᠯᠲᠠ ᠵᠢᠴᠢ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠦᠵᠡᠰᠬᠦᠯᠡᠩ ᠤᠨ | ᠣᠷᠳᠣᠨ ᠤ ᠠᠵᠢᠯ ᠤᠨ ᠪᠠᠶᠢᠷᠢ ᠳᠤ ᠪᠠᠨ ᠪᠤᠴᠠᠭᠰᠠᠨ ᠪᠠ ᠵᠢᠵᠢᠬᠦᠷᠯᠡᠨ ᠰᠠᠬᠢᠬᠤ ᠬᠥᠮᠥᠰ ᠤᠨ ᠪᠥᠭᠡᠮ ᠬᠦᠴᠢᠯ ᠤᠨ | ᠥᠯᠢᠭᠡᠷ ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ᠃ ᠭᠠᠳᠠᠨᠠᠬᠢ ᠲᠠᠢ ᠬᠠᠷᠢᠯᠴᠠᠬᠤ ᠪᠠᠨ ᠪᠠᠭᠠᠰᠬᠠᠵᠤ᠂ | ᠠᠵᠢᠯ ᠤᠨ ᠪᠠᠶᠢᠷᠢ ᠳᠤ ᠪᠠᠨ ᠪᠤᠴᠠᠭᠰᠠᠨ᠂ ᠵᠢᠵᠢᠭᠦᠷᠯᠡᠨ ᠰᠠᠬᠢᠬᠤ ᠬᠥᠮᠥᠰ ᠤᠨ ᠠᠮᠤᠷ ᠲᠦᠪᠰᠢᠨ ᠢ ᠪᠠᠲᠤᠯᠠᠪᠠ᠃ |