ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶ᠎ᠠ
ᠨᠡᠶᠢᠲᠡᠯᠡᠭᠰᠡᠨ ᠴᠠᠭ᠄
2022/4/23
ᠨᠢᠭᠡ᠂ ᠭᠤᠤᠯ ᠠᠵᠢᠯ ᠤᠨ ᠡᠭᠦᠷᠭ᠊   ‍ᠡ᠋ ᠬᠠᠷᠢᠭᠤᠴᠠᠯᠭ᠎ᠠ ︵ᠨᠢᠭᠡ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠮᠠᠨ ᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠪᠦᠭᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠳᠤᠮᠳᠠ ᠤᠷᠳᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠤᠳᠠᠰ ᠤᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠬᠠᠮᠢᠶ᠎ᠠ ᠪᠦᠭᠦᠢ ᠪᠦᠷᠢᠳᠭᠡᠨ ᠵᠠᠳᠠᠯᠬᠤ ᠠᠵᠢᠯ ᠢ ᠡᠭᠦᠷᠭᠡᠯᠡᠨ᠎ᠡ᠃ ︵ᠬᠤᠶᠠᠷ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ᠂ ᠪᠠᠯᠠ ᠮᠥᠩᠭᠦ ᠵᠢᠴᠢ ᠡᠳ᠋ ᠤᠨ ᠵᠠᠰᠠᠭ᠂ ᠭᠠᠵᠠᠷ ᠰᠢᠷᠣᠶ᠂ ᠦᠨ᠎ᠡ ᠬᠠᠩᠰᠢ᠂ ᠪᠠᠯᠠ ᠬᠤᠷᠠᠮᠳᠤᠭᠤᠯᠬᠤ ᠵᠡᠷᠭᠡ ᠲᠠᠯ᠎ᠠ ᠳᠤ ᠬᠤᠯᠪᠣᠭᠳᠠᠬᠤ ᠪᠤᠰᠤᠳ ᠰᠠᠨᠠᠭᠤᠯᠭ᠎ᠠ ᠶᠢ ᠳᠤᠷᠠᠳᠴᠤ᠂ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠭᠤᠷᠪᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠡᠭᠦᠷᠭᠡᠯᠡᠨ᠎ᠡ᠃ ᠬᠡᠮᠵᠢᠶ᠎ᠡ ᠠᠴᠠ ᠪᠠᠨ ᠬᠡᠲᠦᠷᠡᠲᠡᠯ᠎ᠡ ᠲᠡᠭᠡᠭᠡᠪᠤᠷᠢᠯᠡᠬᠦ᠂ ᠵᠠᠮ ᠲᠠᠢ ᠬᠤᠯᠪᠤᠭᠳᠠᠬᠤ ᠢᠨᠵᠧᠨᠧᠷᠢᠩ ᠤᠨ ᠬᠠᠮᠢᠶ᠎ᠠ ᠪᠥᠬᠦᠢ ᠵᠦᠢᠯᠡᠰ ᠢ ᠬᠠᠮᠢᠶᠠᠷᠴᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ᠂ ᠡᠵᠡᠩᠨᠡᠯᠲᠡ ᠶᠢᠨ ᠦᠢᠯᠡᠴᠢᠯᠡᠭᠡᠨ ᠵᠡᠷᠭᠡ ᠠᠵᠢᠯ ᠢ ᠬᠠᠷᠢᠭᠤᠴᠠᠵᠤ᠂ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠵᠠᠮ ᠤᠨ ᠲᠣᠣᠷ ᠤᠨ ᠬᠢᠨᠠᠨ ᠬᠡᠮᠵᠢᠯᠳᠡ ᠵᠢᠴᠢ ᠬᠥᠳᠡᠭᠡ ᠲᠣᠰᠬᠤᠨ ᠤ ᠵᠠᠰᠠᠮᠠᠯ ᠵᠠᠮ  ᠤᠨ ᠬᠠᠮᠢᠶ᠎ᠠ ᠪᠥᠬᠦᠢ ᠠᠵᠢᠯ ᠢ ᠬᠠᠷᠢᠭᠤᠴᠠᠨ᠎ᠠ᠃ ︵ᠳᠥᠷᠪᠡ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠢᠨᠵᠧᠨᠧᠷᠢᠩ ᠢ ᠪᠠᠶᠢᠭᠤᠯᠤᠭᠰᠠᠨ ᠦᠨ᠎ᠡ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠭᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ᠂ ᠠᠵᠢᠯ ᠳᠠᠭᠤᠰᠤᠭᠰᠠᠨ ᠢ ᠰᠢᠯᠭᠠᠨ ᠠᠪᠬᠤ ᠵᠡᠷᠭᠡ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠲᠠᠪᠤ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠤᠵᠢ ᠠᠯᠤᠰᠯᠠᠭᠰᠠᠨ ᠬᠤᠰᠢᠭᠤ ᠰᠢᠶᠠᠨ ᠠᠯᠤᠰᠯᠠᠭᠰᠠᠨ ᠵᠠᠮ ᠤᠨ ᠠᠶᠠᠨᠴᠢᠳ ᠤᠨ ᠲᠡᠭᠡᠭᠡᠪᠦᠷᠢ᠂ ᠤᠰᠤᠨ ᠵᠠᠮ ᠤᠨ ᠠᠶᠠᠯᠠᠯ ᠨᠡᠪᠲᠡᠷᠡᠬᠦᠯᠬᠦ ᠨᠥᠬᠦᠴᠡᠯ ᠤᠨ ᠨᠥᠯᠥᠭᠡ ᠶᠢ ᠦᠨᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ︔ ᠵᠠᠮ ᠠᠶᠠᠨᠴᠢᠳ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ᠂ ᠠᠶᠠᠨᠴᠢᠳ ᠪᠠ ᠪᠠᠷᠠᠭᠠᠨ ᠤ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠵᠡᠩᠨᠡᠯᠲᠡ᠂ ᠮᠠᠰᠢᠨ ᠲᠡᠷᠭᠡ ᠶᠢ ᠰᠡᠯᠪᠢᠨ ᠵᠠᠰᠠᠬᠤ᠂ ᠲᠡᠭᠡᠭᠡᠪᠦᠷᠢ ᠡᠵᠡᠩᠨᠡᠯᠲᠡ ᠶᠢᠨ ᠲᠡᠷᠭᠡ ᠬᠥᠰᠬᠡ ᠶᠢᠨ ᠶᠡᠷᠤᠩᠬᠡᠢ ᠴᠢᠨᠠᠷᠲᠠᠶ ᠡᠨᠧᠷᠭᠢ ᠶᠢ ᠪᠠᠶᠢᠴᠠᠭᠠᠨ ᠰᠢᠯᠭᠠᠬᠤ᠂ ᠮᠠᠰᠢᠨ ᠲᠡᠷᠭᠡᠨ ᠤ ᠵᠢᠯᠣᠭᠤᠴᠢ ᠶᠢ ᠪᠣᠯᠪᠠᠰᠤᠷᠠᠭᠤᠯᠬᠤ᠂ ᠠᠵᠢᠯᠯᠠᠵᠤ ᠪᠠᠶᠢᠭ᠎ᠠ ᠬᠦᠮᠤᠰ ᠤᠨ ᠬᠠᠮᠢᠶᠠᠷᠤᠯᠳᠠ ᠵᠡᠷᠭᠡ ᠠᠵᠢᠯ ᠢ ᠬᠠᠷᠢᠭᠤᠴᠠᠨ᠎ᠠ︔ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠲᠦᠷᠢᠶᠡᠰᠦᠯᠡᠬᠦ᠂ ᠰᠦᠯᠵᠢᠶ᠎ᠡ ᠪᠠᠷ ᠪᠣᠯᠵᠣᠬᠤ ᠲᠡᠷᠭᠡ ᠵᠡᠷᠭᠡ ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠠᠶᠠᠯᠠᠯ ᠤᠨ ᠵᠠᠮ᠂ ᠭᠠᠷᠠᠮ᠂ ᠭᠠᠷᠠᠮ ᠤᠨ ᠠᠷᠠᠴᠢᠯᠠᠭ᠎ᠠ ᠶᠢ ᠬᠠᠷᠢᠭᠤᠴᠠᠵᠤ᠂ ᠣᠩᠭᠤᠴᠠ ᠰᠠᠯ ᠢ ᠳᠠᠩᠰᠠᠯᠠᠬᠤ᠂ ᠰᠢᠯᠭᠠᠨ ᠪᠠᠶᠢᠴᠠᠭᠠᠬᠤ ᠪᠠ ᠣᠩᠭᠤᠴᠠᠴᠢᠨ ᠤ ᠬᠠᠮᠢᠶᠠᠷᠤᠯᠲᠠ ᠶᠢ ᠬᠠᠷᠢᠭᠤᠴᠠᠨ᠎ᠠ᠃ ︵ᠵᠢᠷᠭᠤᠭ᠎ᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠠᠶᠤᠯᠬᠦᠢ ᠦᠭᠡᠢ ᠤᠶᠢᠯᠡᠳᠪᠤᠷᠢᠯᠠᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠤᠯᠤᠰ ᠤᠨ ᠬᠠᠮᠢᠶ᠎ᠠ ᠪᠥᠬᠦᠶ ᠵᠠᠰᠠᠮᠠᠯ ᠵᠠᠮ ᠤᠰᠤᠨ ᠵᠠᠮ ᠤᠨ ᠠᠶᠤᠯᠬᠦᠢ ᠤᠶᠢᠯᠡᠳᠪᠤᠷᠢᠯᠠᠯ ᠤᠨ ᠬᠠᠮᠢᠶᠠᠷᠤᠯᠲᠠ ᠶᠢᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠵᠠᠮ ᠤᠨ ᠲᠣᠤᠷ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢ ᠨᠡᠶᠢᠲᠡᠯᠡᠨ᠎ᠡ︔ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠪᠥᠬᠦ ᠬᠤᠰᠢᠭᠤᠨ ᠤ ᠭᠤᠤᠯᠳᠠᠯᠭ᠎ᠠ ᠲᠠᠢ ᠡᠳ᠋ ᠪᠣᠳᠠᠰ᠂ ᠠᠶᠠᠨᠴᠢᠳ ᠤᠨ ᠪᠠ ᠪᠠᠷᠠᠭᠠᠨ ᠤ ᠪᠠᠴᠢᠮ ᠲᠡᠭᠡᠭᠡᠪᠦᠷᠢ ᠶᠢ ᠲᠣᠬᠢᠷᠠᠭᠤᠯᠤᠨ ᠡᠵᠡᠮᠳᠡᠬᠦ ᠶᠢ ᠬᠠᠷᠢᠭᠤᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠠᠮᠢᠶ᠎ᠠ ᠪᠥᠬᠦᠶ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠠᠵᠢᠯ ᠢ ᠡᠭᠦᠷᠭᠡᠯᠡᠨ᠎ᠡ᠃ ︵ᠳᠣᠯᠤᠭ᠎ᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠡᠭᠦᠷᠭᠡᠯᠡᠨ᠎ᠡ᠃ ︵ᠨᠠᠢᠮᠠ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠳᠡᠯᠭᠡᠷᠡᠭᠦᠯᠬᠦ ᠶᠢ ᠬᠠᠷᠢᠭᠤᠴᠠᠵᠤ᠂ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ︵ᠶᠢᠰᠦ︶ ᠪᠥᠬᠦ ᠬᠤᠰᠢᠭᠤᠨ ᠤ ᠵᠠᠰᠠᠮᠠᠯ ᠵᠠᠮ ᠤᠰᠤᠨ ᠵᠠᠮ ᠤᠨ ᠠᠵᠢᠯ ᠲᠥᠷᠥᠯ ᠤᠨ ᠥᠭᠡᠷᠡᠴᠢᠯᠡᠯᠲᠡ ᠶᠢᠨ ᠠᠵᠢᠯ ᠪᠠ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠡᠭᠦᠷᠭᠡᠯᠡᠨ᠎ᠡ᠃ ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠᠨ ᠨᠢᠭᠡ︶ ᠬᠠᠮᠢᠶ᠎ᠠ ᠪᠥᠬᠦᠶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠃ 1. ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠲᠥᠷᠥᠯ ᠵᠦᠢᠯ ᠤᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠶᠢ ᠬᠢᠨᠠᠨ ᠵᠥᠪᠰᠢᠶᠡᠷᠡᠬᠦ ᠪᠠ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠵᠤ᠂ ᠪᠠᠷᠢᠯᠭ᠎ᠠ ᠶᠢᠨ ᠪᠣᠯᠤᠮᠵᠢᠲᠤ ᠴᠢᠨᠠᠷ ᠤᠨ ᠰᠤᠳᠤᠯᠭᠠᠨ ᠤ ᠮᠡᠳᠡᠭᠦᠯᠦᠯᠲᠡ ᠶᠢᠨ ᠠᠵᠢᠯ ᠲᠥᠷᠥᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠳᠤᠷᠠᠳᠴᠤ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠵᠠᠰᠠᠮᠠᠯ ᠵᠠᠮ ᠤᠰᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ 2. ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠵᠢᠭᠠᠰᠤᠨ ᠣᠩᠭᠤᠴᠠᠨ ᠤ ᠭᠠᠷᠠᠮ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠨᠢ ᠤᠷᠤᠯᠳᠤᠭᠠᠨ ᠳᠤ ᠣᠷᠣᠯᠴᠠᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠣᠩᠭᠤᠴᠠ ᠰᠠᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠪᠤᠰᠤᠳ ᠣᠩᠭᠤᠴᠠ ᠰᠠᠯ ᠵᠢᠴᠢ ᠵᠥᠪᠰᠢᠶᠡᠷᠡᠯ ᠢᠶᠠᠷ ᠠᠶᠠᠨᠴᠢᠳ ᠪᠠ ᠪᠠᠷᠠᠭᠠᠨ ᠤ ᠲᠡᠭᠡᠭᠡᠪᠦᠷᠢ ᠡᠷᠬᠢᠯᠡᠬᠦ ᠵᠢᠭᠠᠰᠤᠨ ᠣᠩᠭᠤᠴᠠᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠪᠠ ᠠᠶᠠᠯᠠᠯ ᠨᠡᠪᠲᠡᠷᠡᠬᠦ ᠤᠰᠤᠨ ᠣᠷᠣᠨ ᠤ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠣᠩᠭᠤᠴᠠ ᠰᠠᠯ ᠦᠢᠯᠡᠳᠬᠦ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠪᠤᠰᠤ ᠣᠩᠭᠤᠴᠠ ᠰᠠᠯ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠰᠤᠮᠤ ᠰᠢᠶᠠᠩ ᠪᠠᠯᠭᠠᠰᠤ ᠶᠢᠨ ᠲᠡᠭᠡᠭᠡᠪᠦᠷᠢ ᠶᠢᠨ ᠣᠩᠭᠤᠴᠠ ᠰᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠶ᠎ᠠ ᠣᠷᠣᠨ ᠤ ᠳᠣᠲᠣᠷᠠᠬᠢ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠷᠣᠨ ᠰᠠᠭᠤᠴᠠ ᠪᠠ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ᠂ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠲᠠ ᠶᠢᠨ ᠴᠡᠴᠡᠷᠯᠢᠭ ᠤᠨ ᠤᠰᠤᠨ ᠣᠷᠣᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ 3. ᠭᠤᠤᠯ ᠤᠨ ᠲᠤᠬᠤᠢ ᠭᠤᠯᠳᠤᠷᠢᠯ ᠠᠴᠠ ᠬᠠᠶᠢᠷ ᠮᠠᠯᠲᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠭᠤᠤᠯ ᠤᠨ ᠲᠤᠬᠤᠢ ᠭᠤᠯᠳᠤᠷᠢᠯ ᠠᠴᠠ ᠬᠠᠶᠢᠷ ᠮᠠᠯᠲᠠᠬᠤ ᠨᠢ ᠠᠶᠠᠯᠠᠯ ᠨᠡᠪᠲᠡᠷᠡᠬᠦ ᠶᠢ ᠨᠥᠯᠥᠭᠡᠯᠡᠬᠦ᠂ ᠬᠥᠭᠦᠷᠭᠡ ᠵᠢᠴᠢ ᠵᠠᠰᠠᠮᠠᠯ ᠵᠠᠮ ᠤᠨ ᠲᠤᠨᠤᠭ ᠲᠦᠬᠦᠭᠡᠷᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠭᠤᠤᠯ ᠤᠨ ᠲᠤᠬᠤᠢ ᠭᠤᠯᠳᠤᠷᠢᠯ ᠠᠴᠠ ᠬᠠᠶᠢᠷ ᠮᠠᠯᠲᠠᠬᠤ ᠠᠵᠢᠯ ᠢ ᠬᠢᠨᠠᠨ ᠬᠠᠮᠢᠶᠠᠷᠴᠤ᠂ ᠭᠤᠤᠯ ᠤᠨ ᠲᠤᠬᠤᠢ ᠭᠤᠯᠳᠤᠷᠢᠯ ᠠᠴᠠ ᠬᠠᠶᠢᠷ ᠮᠠᠯᠲᠠᠬᠤ ᠲᠥᠯᠥᠪᠵᠢᠭᠦᠯᠭᠡ ᠪᠠ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号