ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ
ᠨᠡᠶᠢᠲᠡᠯᠡᠭᠰᠡᠨ ᠴᠠᠭ᠄
2022/4/23
ᠨᠢᠭᠡ᠂ ᠭᠤᠤᠯ ᠡᠭᠦᠷᠭᠡ ᠬᠠᠷᠢᠭᠤᠴᠠᠯᠭ᠎ᠠ ︵ᠨᠢᠭᠡ︶ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ︵ᠬᠤᠶᠠᠷ︶ ᠪᠦᠬᠦ ᠠᠷᠠᠳ ᠤᠨ ᠥᠮᠴᠢᠯᠡᠯ ᠤᠨ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠰᠠᠯᠠᠭ᠎ᠠ ᠮᠥᠴᠢᠷ ᠤᠨ ᠲᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠣᠯᠤᠨ ᠬᠡᠮᠵᠢᠨ ᠵᠢᠷᠤᠭᠯᠠᠯᠲᠠ ᠵᠡᠷᠭᠡ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ᠃ ︵ᠭᠤᠷᠪᠠ︶ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠶᠢ ᠬᠠᠷᠢᠭᠤᠴᠠᠨ᠎ᠠ᠃ ᠳᠡᠭᠡᠳᠦ ᠱᠠᠲᠤᠨ ᠤ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮ ᠪᠠ ᠪᠦᠷᠢᠳᠬᠡᠯ ᠤᠨ ᠪᠠᠷᠢᠮᠵᠢᠶ᠎ᠠ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠨᠢᠭᠡᠳᠦᠯᠲᠡᠶ ᠵᠢᠷᠤᠮᠵᠢᠭᠰᠠᠨ ᠲᠦᠷᠢᠮ ᠢ ᠪᠠᠶᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠶ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠬᠢᠨᠠᠨ ᠬᠡᠮᠵᠢᠵᠤ ᠦᠨᠡᠯᠡᠭᠰᠡᠨ ᠦᠷ᠎ᠡ ᠪᠦᠲᠦᠭᠡᠯ ᠢ ᠬᠢᠨᠠᠨ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃ ︵ᠳᠥᠷᠪᠡ︶ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ᠂ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠲᠤᠭᠳᠠᠮᠠᠯ ᠬᠥᠷᠥᠩᠭᠡ ᠶᠢᠨ ᠡᠷᠬᠡ ᠶᠢ ᠨᠢᠭᠡᠳᠦᠯᠲᠡᠶ ᠨᠤᠲᠠᠯᠠᠨ ᠳᠡᠩᠰᠡᠯᠡᠵᠦ ᠲᠡᠮᠳᠡᠭᠯᠡᠬᠦ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠲᠤᠭᠳᠠᠮᠠᠯ ᠬᠥᠷᠥᠩᠭᠡ᠂ ᠬᠡᠮᠵᠢᠨ ᠵᠢᠷᠤᠬᠤ᠂ ᠮᠠᠷᠭᠤᠯᠳᠤᠭᠠᠨ ᠢ ᠵᠣᠬᠢᠴᠠᠭᠤᠯᠤᠨ ᠰᠢᠢᠳᠪᠤᠷᠢᠯᠡᠬᠦ᠂ ᠦᠷ᠎ᠡ ᠪᠦᠲᠦᠭᠡᠯ ᠤᠨ ᠬᠡᠷᠡᠭᠯᠡᠭᠡᠨ ᠤ ᠲᠦᠷᠢᠮ᠂ ᠪᠠᠷᠢᠮᠵᠢᠶ᠎ᠠ᠂ ᠲᠦᠷᠢᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠤᠭᠳᠠᠮᠠᠯ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ ᠪᠦᠷᠢᠨᠰᠢᠬᠦᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠲᠤᠭᠳᠠᠮᠠᠯ ᠬᠥᠷᠥᠩᠭᠡ ᠶᠢᠨ ᠳᠡᠩᠰᠡᠯᠡᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠬᠢ ᠪᠠᠶᠠᠯᠢᠭ ᠪᠠ ᠲᠤᠭᠳᠠᠮᠠᠯ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ︵ᠲᠠᠪᠤ︶ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠪᠦᠷᠢᠳᠬᠡᠬᠦ ᠲᠦᠷᠢᠮ ᠶᠣᠰᠣᠭᠠᠷ᠂ ᠪᠥᠬᠦ ᠬᠤᠰᠢᠭᠤᠨ ᠤ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ ᠵᠤᠬᠢᠶᠠᠵᠤ᠂ ᠬᠢᠨᠠᠨ ᠰᠢᠯᠭᠠᠬᠤ ᠠᠷᠭ᠎ᠠ ᠶᠢ ᠲᠤᠭᠳᠠᠭᠠᠨ᠎ᠠ᠃ ᠪᠥᠬᠦ ᠬᠤᠰᠢᠭᠤᠨ ᠤ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠬᠦ᠂ ᠦᠨ᠎ᠡ ᠲᠣᠭᠲᠠᠭᠠᠨ ᠪᠠᠯᠠ ᠭᠠᠷᠭᠠᠬᠤ ᠪᠠ ᠭᠠᠵᠠᠷ ᠰᠢᠷᠣᠶ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠶ ᠵᠣᠬᠢᠰᠲᠠᠶ ᠳᠣᠭᠢᠷᠠᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠥᠬᠦᠶ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠠᠤᠯᠢ ᠶᠣᠰᠣᠭᠠᠷ ᠬᠤᠷᠢᠶᠠᠨ᠎ᠠ᠃ ︵ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠠᠴᠠ ᠨᠡᠶᠢᠲᠡ ᠳᠤ ᠵᠠᠷᠯᠠᠭᠰᠠᠨ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠠᠰ ᠬᠤᠪᠢᠶᠠᠨ ᠲᠠᠰ ᠲᠣᠭᠲᠠᠭᠠᠬᠤ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠨᠡᠯᠡᠯᠲᠡ ᠬᠢᠨᠠᠨ ᠰᠢᠯᠭᠠᠯᠲᠠ ᠶᠢ ᠥᠷᠨᠢᠭᠦᠯᠦᠨ᠂ ᠠᠷᠪᠢᠲᠠᠶ ᠡᠷᠴᠢᠮᠯᠢᠭ ᠠᠰᠢᠭᠯᠠᠯᠳᠠ ᠶᠢ ᠠᠬᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢᠨ ᠨᠢᠭᠡᠳᠦᠯᠲᠡᠶ ᠲᠥᠯᠥᠪᠵᠢᠭᠦᠯᠭᠡ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠰᠤᠳᠤᠯᠤᠨ᠎ᠠ᠃ ︵ᠳᠣᠯᠤᠭ᠎ᠠ︶ ᠣᠷᠣᠨ ᠵᠠᠶ ᠶᠢᠨ ᠲᠥᠯᠥᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠤᠣᠯ ᠴᠣᠭᠴᠠ ᠶᠢᠨ ᠴᠢᠳᠡᠮᠵᠢᠳᠤ ᠣᠷᠣᠨ ᠤ ᠪᠠᠶᠢᠯᠳᠤᠬᠤ ᠪᠤᠲᠤᠯᠭ᠎ᠠ ᠪᠣᠯᠤᠨ ᠲᠦᠷᠢᠮ ᠢ ᠠᠬᠢᠭᠤᠯᠵᠤ᠂ ᠪᠦᠭᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠣᠯᠤᠨ ᠬᠤᠯᠪᠣᠭᠳᠠᠯ ᠪᠦᠭᠦᠢ ᠲᠤᠰᠬᠠᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠡᠭᠡᠭᠡᠨ ᠬᠥᠭᠵᠢᠭᠦᠯᠦᠯᠲᠡ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠢᠨᠠᠨ ᠬᠡᠮᠵᠢᠯᠳᠡ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠪᠥᠬᠦ ᠬᠤᠰᠢᠭᠤ ᠶᠢ ᠵᠣᠬᠢᠶᠠᠨ ᠪᠠᠶᠢᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠰᠠᠭᠤᠷᠢ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠡᠵᠡᠮᠳᠡᠯ ᠤᠨ ᠱᠤᠭᠤᠮ ᠢ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠤᠶᠢᠯᠡᠳᠪᠤᠷᠢᠯᠠᠯ᠂ ᠠᠮᠢᠳᠤᠷᠠᠯ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠪᠠᠶᠢᠭᠤᠯᠤᠨ᠎ᠠ᠃ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠰᠤᠳᠤᠯᠤᠨ ᠲᠤᠭᠳᠠᠭᠠᠨ᠎ᠠ᠃ ᠪᠥᠬᠦ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠠᠤᠯᠢ ᠶᠣᠰᠣᠭᠠᠷ ᠬᠢᠨᠠᠨ ᠬᠠᠷᠭᠤᠭᠤᠯᠵᠤ᠂ ᠮᠡᠳᠡᠭᠦᠯᠦᠨ ᠵᠥᠪᠰᠢᠶᠡᠷᠡᠭᠦᠯᠵᠦ᠂ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠤᠨ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠣᠰᠬᠤᠨ ᠪᠠᠯᠭᠠᠰᠤ ᠶᠢᠨ ᠪᠥᠳᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠠᠶᠢᠯ ᠲᠣᠰᠬᠤᠨ ᠪᠣᠯᠤᠨ ᠵᠢᠵᠢᠭ ᠬᠤᠲᠠ ᠪᠠᠯᠭᠠᠰᠤ ᠶᠢᠨ ᠪᠥᠳᠥᠭᠡᠨ ᠪᠠᠶᠢᠭᠤᠯᠤᠯᠲᠠ ᠶᠢᠨ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠤᠨ᠎ᠠ᠃ ᠭᠠᠵᠠᠷ ᠰᠢᠷᠣᠶ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠪᠥᠭᠡᠳ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠭᠠᠵᠠᠷ ᠰᠢᠷᠣᠶ ᠵᠡᠷᠭᠡ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ︵ᠨᠠᠢᠮᠠ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢᠨ ᠰᠡᠷᠭᠦᠭᠡᠯᠲᠡ ᠶᠢ ᠨᠢᠭᠡᠳᠦᠯᠲᠡᠶ ᠲᠦᠯᠤᠪᠯᠡᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠠᠮᠢᠶ᠎ᠠ ᠪᠦᠬᠦᠢ ᠠᠮᠢ ᠠᠬᠤᠶ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠶ ᠶᠢ ᠡᠮᠬᠢᠯᠡᠨ ᠲᠢᠭᠯᠡᠵᠦ ᠲᠠᠬᠢᠨ ᠬᠠᠭᠠᠯᠪᠤᠷᠢᠯᠠᠬᠤ᠂ ᠠᠭᠤᠷᠬᠠᠶ ᠶᠢᠨ ᠭᠠᠵᠠᠷ ᠤᠨ ᠣᠷᠴᠢᠨ ᠠᠬᠤᠶ ᠶᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠦᠷᠢᠮ ᠢ ᠬᠡᠷᠡᠭᠵᠢᠭᠦᠯᠵᠦ᠂ ᠨᠡᠶᠢᠭᠡᠮ ᠤᠨ ᠪᠠᠯᠠ ᠮᠥᠩᠭᠦ ᠶᠢ ᠵᠦᠶ ᠵᠣᠬᠢᠰᠲᠠᠶ ᠠᠰᠢᠭᠯᠠᠨ ᠠᠮᠢ ᠠᠬᠤᠶ ᠶᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠣᠩᠭᠤᠭᠤᠯᠢ ᠳᠤ ᠪᠡᠯᠡᠳᠬᠡᠬᠦ ᠲᠥᠷᠥᠯ ᠵᠦᠢᠯ ᠢ ᠳᠤᠷᠠᠳᠤᠨ ᠭᠠᠷᠭᠠᠨ᠎ᠠ᠃ ︵ᠶᠢᠰᠦ︶ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭᠠᠲᠤ ᠬᠠᠷᠠᠯᠲᠠ ᠶᠢᠨ ᠬᠢᠨᠠᠨ ᠰᠢᠯᠭᠠᠯᠲᠠ ᠪᠠ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠪᠠᠶᠢᠭᠤᠯᠤᠨ᠎ᠠ᠃ ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭᠠᠳᠤ ᠬᠠᠷᠠᠯᠲᠠ ᠶᠢᠨ ᠬᠢᠨᠠᠨ ᠰᠢᠯᠭᠠᠯᠲᠠ ᠪᠠ ᠡᠭᠦᠷᠢᠳᠡ ᠶᠢᠨ ᠰᠠᠭᠤᠷᠢ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠲᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠥᠷᠢ ᠥᠭᠬᠦ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃ ︵ᠠᠷᠪᠠ︶ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠥᠷᠥᠯ ᠪᠠ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠢᠨᠠᠨ ᠪᠠᠶᠢᠴᠠᠭᠠᠯᠳᠠ ᠬᠢᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠰᠠᠭᠤᠷᠢ ᠴᠢᠨᠠᠷᠲᠠᠶ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠭᠠᠵᠠᠷ ᠰᠢᠨᠵᠢᠯᠡᠭᠡ ᠠᠭᠤᠷᠬᠠᠶ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠨᠡᠭᠡᠭᠡᠨ ᠠᠰᠢᠭᠯᠠᠭᠰᠠᠨ ᠵᠢᠴᠢ ᠭᠠᠵᠠᠷ ᠤᠨ ᠭᠠᠳᠠᠷᠭᠤ ᠶᠢᠨ ᠰᠠᠭᠤᠭᠳᠠᠯ ᠢ ᠪᠣᠶ ᠪᠣᠯᠭᠠᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵ᠠᠷᠪᠠᠨ ᠨᠢᠭᠡ︶ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠤᠩᠬᠡᠢ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠶ ᠭᠠᠮᠰᠢᠭ ᠢ ᠪᠠᠶᠢᠴᠠᠭᠠᠨ ᠦᠨᠡᠯᠡᠬᠦ ᠵᠢᠴᠢ ᠬᠡᠮ ᠰᠣᠭᠤᠭ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠮᠡᠷᠭᠡᠵᠢᠯ ᠤᠨ ᠬᠢᠨᠠᠨ ᠬᠡᠮᠵᠢᠯᠲᠡ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠵᠢᠴᠢ ᠭᠠᠵᠠᠷ ᠰᠢᠨᠵᠢᠯᠡᠭᠡᠨ  ᠤ ᠭᠠᠶ ᠭᠠᠮᠰᠢᠭ ᠤᠨ ᠢᠨᠵᠧᠨᠧᠷᠢᠩ ᠤᠨ ᠵᠠᠰᠠᠯᠲᠠ ᠶᠢᠨ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠡᠭᠦᠷᠭᠡᠯᠡᠨ᠎ᠡ᠃ ︵ᠠᠷᠪᠠᠨ ᠬᠤᠶᠠᠷ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ ᠳᠠᠷᠤᠵᠤ ᠪᠦᠷᠬᠦᠭᠰᠡᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠨ ᠯᠠᠪᠯᠠᠬᠤ ᠪᠠ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠠᠭᠤᠷᠬᠠᠶ ᠶᠢᠨ ᠤᠶᠢᠯᠡᠰ ᠤᠨ ᠡᠷᠬᠡ ᠶᠢᠨ ᠬᠢᠨᠠᠯᠲᠠ ᠬᠠᠮᠢᠶᠠᠷᠤᠯᠲᠠ ᠶᠢ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠨ ᠮᠠᠯᠲᠠᠬᠤ ᠣᠨᠴᠠ ᠲᠣᠭᠲᠠᠭᠠᠭᠰᠠᠨ ᠠᠭᠤᠷᠬᠠᠶ ᠶᠢᠨ ᠲᠥᠷᠥᠯ ᠵᠦᠢᠯ᠂ ᠳᠠᠪᠠᠭᠤᠯᠢᠭ ᠠᠭᠤᠷᠬᠠᠶ ᠶᠢᠨ ᠭᠠᠷᠤᠯᠲᠠ ᠶᠢ ᠲᠣᠬᠢᠷᠠᠭᠤᠯᠤᠨ ᠡᠵᠡᠮᠳᠡᠬᠦ ᠵᠢᠴᠢ ᠬᠤᠯᠪᠣᠭᠳᠠᠯ ᠪᠥᠬᠦᠢ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠵᠣᠬᠢᠰᠲᠠᠶ ᠠᠰᠢᠭᠯᠠᠬᠤ ᠪᠠ ᠬᠠᠮᠠᠭᠠᠯᠠᠬᠤ ᠶᠢ ᠬᠢᠨᠠᠨ ᠵᠢᠯᠣᠭᠤᠳᠤᠨ᠎ᠠ ︵ᠠᠷᠪᠠᠨ ᠭᠤᠷᠪᠠ︶ ᠬᠡᠮᠵᠢᠨ ᠵᠢᠷᠤᠬᠤ ᠭᠠᠵᠠᠷ ᠵᠦᠢ ᠶᠢᠨ ᠰᠤᠷᠠᠭ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠰᠠᠭᠤᠷᠢ ᠬᠡᠮᠵᠢᠨ ᠵᠢᠷᠤᠭᠯᠠᠯᠲᠠ ᠪᠠ ᠬᠡᠮᠵᠢᠨ ᠵᠢᠷᠤᠭᠯᠠᠯᠲᠠ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠡᠮᠵᠢᠨ ᠵᠢᠷᠤᠬᠤ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠵᠦᠶ ᠶᠢᠨ ᠰᠤᠷᠠᠭ ᠵᠠᠩᠭᠢ ᠶᠢᠨ ᠤᠯᠠᠨ ᠨᠡᠶᠢᠳᠡ ᠶᠢᠨ ᠤᠶᠢᠯᠡᠴᠢᠯᠡᠭᠡᠨ ᠤ ᠬᠠᠮᠢᠶᠠᠷᠤᠯᠳᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠠᠷᠢᠶᠠᠲᠤ ᠣᠷᠣᠨ ᠤ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃ ︵ᠠᠷᠪᠠᠨ ᠳᠥᠷᠪᠡ︶ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠭᠵᠢᠯᠳᠡ ᠪᠠ ᠴᠢᠳᠠᠪᠤᠷᠢᠲᠠᠨ ᠢ ᠬᠥᠮᠦᠵᠢᠭᠦᠯᠬᠦ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠮᠡᠷᠭᠡᠵᠢᠯ ᠤᠨ ᠪᠠᠷᠢᠮᠵᠢᠶ᠎ᠠ᠂ ᠲᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠰᠤᠷᠠᠭ ᠵᠠᠩᠭᠢ ᠶᠢᠨ ᠮᠠᠲ᠋ᠧᠷᠢᠶᠠᠯ ᠤᠨ ᠣᠯᠠᠨ ᠨᠡᠶᠢᠲᠡ ᠶᠢᠨ ᠤᠶᠢᠯᠡᠴᠢᠯᠡᠭᠡ ᠶᠢ ᠠᠬᠢᠭᠤᠯᠤᠨ᠎ᠠ᠃ ︵ᠠᠷᠪᠠᠨ ᠲᠠᠪᠤ︶ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠢᠴᠢ ᠬᠡᠮᠵᠢᠨ ᠵᠢᠷᠤᠭᠯᠠᠯᠲᠠ ᠶᠢᠨ ᠬᠦᠨᠳᠦ ᠶᠡᠭᠡ ᠬᠠᠤᠯᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠤᠷᠢᠯᠡᠬᠦ ᠶᠢ ᠵᠢᠯᠣᠭᠤᠳᠤᠨ ᠬᠠᠮᠵᠢᠯᠴᠠᠨ᠎ᠠ᠃ ᠰᠤᠮᠤ ᠰᠢᠶᠠᠩ ᠤᠨ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠣᠯᠭᠤᠯᠲᠠ ᠶᠢᠨ ᠨᠠᠶᠢᠳᠠᠯᠭ᠎ᠠ ᠶᠢ ᠦᠨᠳᠦᠰᠦᠯᠡᠨ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ︵ᠠᠷᠪᠠᠨ ᠵᠢᠷᠭᠤᠭ᠎ᠠ︶ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠠᠶᠤᠯᠭᠦᠶ ᠤᠶᠢᠯᠡᠳᠪᠤᠷᠢᠯᠠᠯ ᠤᠨ ᠠᠵᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠥᠬᠦᠶ ᠠᠶᠤᠯᠭᠦᠶ ᠤᠶᠢᠯᠡᠳᠪᠤᠷᠢᠯᠠᠯ ᠤᠨ ᠠᠵᠢᠯ ᠢ ᠬᠠᠷᠢᠭᠤᠴᠠᠨ᠎ᠠ᠃ ︵ᠠᠷᠪᠠᠨ ᠳᠣᠯᠤᠭ᠎ᠠ︶ ᠵᠠᠯᠠᠶᠢᠳ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠶ ᠬᠠᠮᠢᠶᠠᠷᠬᠤ ᠪᠠ ᠵᠣᠬᠢᠴᠠᠭᠤᠯᠤᠨ᠎ᠠ᠃ ︵ᠠᠷᠪᠠᠨ ᠨᠠᠢᠮᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠠᠷᠪᠠ ᠶᠢᠰᠦ︶ ᠡᠭᠦᠷᠭᠡ ᠴᠢᠳᠠᠪᠤᠷᠢ ᠶᠢ ᠬᠤᠪᠢᠷᠠᠭᠤᠯᠤᠨ᠎ᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ᠂ ᠪᠣᠶ ᠪᠥᠬᠦᠶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠶ ᠶᠢ ᠰᠡᠷᠭᠦᠭᠡᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠬᠠᠮᠢᠶᠠᠷᠤᠨ ᠡᠵᠡᠮᠳᠡᠬᠦ ᠤᠶᠢᠯᠡᠳᠤᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠶ ᠪᠠᠷ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠰᠤᠷᠪᠤᠯᠵᠢ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠰᠡᠷᠭᠦᠭᠡᠨ ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡᠪᠡᠷ ᠴᠢᠬᠤᠯᠠᠴᠢᠯᠠᠬᠤ ᠲᠦᠷᠢᠮ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠨ ᠳᠣᠷᠣᠭᠰᠢ ᠪᠠᠭᠤᠯᠭᠠᠵᠤ᠂ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠷᠢᠮ᠂ ᠪᠠᠷᠢᠮᠵᠢᠶ᠎ᠠ᠂ ᠲᠦᠷᠢᠮ ᠤᠨ ᠬᠢᠵᠠᠭᠠᠷᠯᠠᠬᠤ ᠴᠢᠨᠠᠷᠲᠠᠶ ᠤᠶᠢᠯᠡᠳᠤᠯ ᠢ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠪᠠ ᠦᠨᠡᠯᠡᠨ ᠵᠢᠱᠢᠬᠦ ᠵᠡᠷᠭᠡ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号