ᠨᠢᠭᠡ᠂ ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠲᠤᠭᠤᠷᠪᠢᠬᠤ ᠳᠤ ᠣᠷᠣᠯᠴᠠᠵᠤ᠂ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠤᠶᠢᠯᠡᠰ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ | | ︵ᠬᠤᠶᠠᠷ︶ ᠡᠯ᠎ᠡ ᠲᠥᠷᠥᠯ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠡᠬᠢᠯᠡᠬᠦᠯᠬᠦ ᠶᠢ | ᠵᠦᠪᠰᠢᠶᠡᠷᠡᠬᠦ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠶᠢ ᠵᠦᠪᠰᠢᠶᠡᠷᠡᠬᠦ᠂ ᠤᠰᠤ | ᠭᠠᠳᠠᠭᠰᠢᠯᠠᠭᠤᠯᠬᠤ ᠶᠢ ᠵᠦᠪᠰᠢᠶᠡᠷᠡᠬᠦ᠂ ᠬᠤᠲᠠ ᠪᠠᠯᠭᠠᠰᠤ ᠶᠢᠨ ᠰᠢᠲᠠᠮᠠᠬᠠᠶ ᠬᠡᠢ ᠶᠢᠨ ᠡᠵᠡᠩᠨᠡᠯᠳᠡ ᠶᠢ ᠵᠥᠪᠰᠢᠶᠡᠷᠡᠬᠦ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠬᠢᠭᠡᠳ ᠬᠠᠮᠢᠶ᠎ᠠ ᠪᠥᠬᠦᠢ ᠤᠴᠢᠷ ᠢ ᠬᠢᠨᠠᠨ ᠵᠥᠪᠰᠢᠶᠡᠷᠡᠬᠦ ᠶᠢ | ᠬᠠᠷᠢᠭᠤᠴᠠᠨ᠎ᠠ᠃ ᠬᠤᠳᠠ ᠶᠢᠨ ᠵᠠᠮ ᠤᠨ ᠡᠯ᠎ᠡ ᠵᠦᠢᠯ ᠤᠨ ᠬᠤᠭᠤᠯᠠᠶ ᠱᠤᠭᠤᠮ᠂ ᠭᠤᠤᠯ ᠱᠤᠭᠤᠮ ᠵᠡᠷᠭᠡ ᠲᠤᠨᠤᠭ | ᠲᠦᠬᠦᠭᠡᠷᠤᠮᠵᠢ ᠪᠠ ᠬᠤᠳᠠ ᠶᠢᠨ ᠵᠠᠮ ᠤᠨ ᠭᠡᠷᠡᠯᠲᠦᠭᠦᠯᠭᠡ ᠶᠢᠨ ᠲᠤᠨᠤᠭ ᠲᠦᠬᠦᠭᠡᠷᠤᠮᠵᠢ ᠶᠢ ᠥᠭᠡᠷᠡᠴᠢᠯᠡᠬᠦ ᠶᠢ ᠬᠢᠨᠠᠨ | ᠵᠥᠪᠰᠢᠶᠡᠷᠡᠬᠦ ᠶᠢ ᠬᠠᠷᠢᠭᠤᠴᠠᠨ᠎ᠠ᠃ ᠡᠷᠲᠡᠨ ᠤ ᠮᠣᠳᠣ ᠨᠠᠷᠠᠲᠤ ᠮᠣᠳᠣ ᠶᠢ ᠣᠭᠲᠣᠯᠵᠤ ᠨᠡᠭᠦᠯᠭᠡᠬᠦ᠂ ᠬᠤᠲᠠ ᠶᠢᠨ | ᠨᠣᠭᠤᠭᠠᠨ ᠬᠥᠷᠥᠰᠥ ᠶᠢ ᠡᠵᠡᠯᠡᠨ ᠬᠡᠷᠡᠭᠯᠡᠬᠦ ᠶᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠲᠦᠷᠦᠯ | ᠵᠦᠢᠯ ᠬᠢᠭᠡᠳ ᠬᠤᠳᠠ ᠶᠢᠨ ᠶᠠᠪᠤᠳᠠᠯ ᠤᠨ ᠰᠠᠭᠤᠷᠢ ᠲᠤᠨᠤᠭ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠲᠠ ᠶᠢᠨ | ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ | ︵ᠭᠤᠷᠪᠠ︶ ᠣᠷᠣᠨ ᠰᠠᠭᠤᠴᠠ ᠶᠢᠨ ᠲᠦᠷᠢᠮ ᠤᠨ ᠥᠭᠡᠷᠡᠴᠢᠯᠡᠯᠲᠡ ᠶᠢ ᠲᠤᠭᠤᠰᠢᠯᠠᠭᠤᠯᠤᠨ ᠠᠬᠢᠭᠤᠯᠵᠤ᠂ ᠣᠯᠠᠨ | ᠭᠤᠤᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ | ᠠᠪᠬᠤ ᠶᠢ ᠵᠡᠷᠭᠡᠪᠡᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠪᠠᠶᠢᠭᠤᠯᠤᠨ᠎ᠠ᠃ ᠬᠤᠲᠠ ᠪᠠᠯᠭᠠᠰᠤᠨ ᠤ | ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠣᠭᠤᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠵᠢᠴᠢ ᠬᠢᠨᠠᠯᠳᠠ ᠲᠠᠯᠪᠢᠵᠤ ᠬᠡᠷᠡᠭᠵᠢᠬᠦᠯᠬᠦ ᠶᠢ ᠨᠠᠶᠢᠳᠠᠪᠤᠷᠢᠵᠢᠭᠤᠯᠤᠨ᠎ᠠ᠃ | ︵ᠳᠥᠷᠪᠡ︶ ᠬᠡᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠡᠷ ᠬᠥᠷᠥᠩᠭᠡ ᠶᠢᠨ | ᠤᠶᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ᠃ ᠬᠡᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠪᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ᠂ ᠲᠦᠷᠢᠮ ᠲᠣᠭᠲᠠᠭᠠᠯ᠂ ᠬᠡᠷ | ᠬᠥᠷᠥᠩᠭᠡ ᠶᠢᠨ ᠤᠶᠢᠯᠡᠰ ᠤᠨ ᠲᠥᠷᠥ ᠶᠢᠨ ᠪᠣᠳᠣᠯᠭ᠎ᠠ᠂ ᠬᠡᠷ ᠬᠥᠷᠥᠩᠭᠡ ᠶᠢᠨ ᠨᠡᠭᠡᠭᠡᠯᠲᠡ᠂ ᠬᠡᠷ ᠪᠠᠶᠢᠰᠢᠩ ᠤᠨ | ᠡᠷᠬᠡ ᠶᠢᠨ ᠬᠠᠷᠢᠶᠠᠯᠠᠯ ᠤᠨ ᠬᠠᠮᠢᠶᠠᠷᠤᠯᠲᠠ᠂ ᠬᠡᠷ ᠪᠠᠶᠢᠰᠢᠩ ᠲᠦᠷᠢᠶᠡᠰᠦᠯᠡᠬᠦ᠂ ᠬᠡᠷ ᠪᠠᠶᠢᠰᠢᠩ ᠤᠨ ᠲᠠᠯᠠᠪᠠᠶ ᠶᠢᠨ | ᠬᠠᠮᠢᠶᠠᠷᠤᠯᠲᠠ᠂ ᠬᠡᠷ ᠬᠥᠷᠥᠩᠭᠡ ᠶᠢᠨ ᠦᠨ᠎ᠡ ᠶᠢ ᠦᠨᠡᠯᠡᠨ ᠵᠢᠱᠢᠬᠦ ᠪᠠ ᠵᠠᠭᠤᠴᠢᠯᠠᠬᠤ ᠬᠠᠮᠢᠶᠠᠷᠤᠯᠲᠠ᠂ ᠠᠳᠠᠯ | ᠠᠬᠤᠶ ᠶᠢᠨ ᠬᠠᠮᠢᠶᠠᠷᠤᠯᠲᠠ᠂ ᠬᠡᠷ ᠪᠠᠶᠢᠰᠢᠩ ᠲᠠᠲᠠᠪᠤᠷᠢᠯᠠᠬᠤ ᠲᠦᠷᠢᠮ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠡᠷ ᠪᠠᠶᠢᠰᠢᠩ ᠤᠨ ᠥᠮᠴᠢᠯᠡᠬᠦ | ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠬᠡᠷ ᠪᠠᠶᠢᠰᠢᠩ ᠤᠨ ᠳᠡᠩᠰᠡᠯᠡᠨ | ᠲᠡᠮᠳᠡᠭᠯᠡᠬᠦ ᠠᠵᠢᠯ ᠢ ᠬᠠᠮᠵᠢᠯᠴᠠᠨ ᠵᠢᠯᠣᠭᠤᠳᠤᠨ᠎ᠠ᠃ | ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ | ᠪᠠ ᠬᠤᠯᠪᠣᠭᠳᠠᠯ ᠪᠥᠬᠦᠶ ᠠᠵᠢᠯ ᠲᠥᠷᠥᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠪᠥᠬᠦ | ᠠᠶᠢᠮᠠᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠦᠨ᠎ᠡ ᠪᠤᠳᠤᠬᠤ ᠦᠨᠳᠦᠰᠦ ᠪᠠᠷᠢᠮᠲᠠ ᠶᠢ | ᠨᠠᠶᠢᠳᠠᠪᠤᠷᠢᠵᠢᠭᠤᠯᠬᠤ ᠵᠢᠴᠢ ᠣᠷᠣᠨ ᠨᠤᠲᠤᠭ ᠤᠨ ᠮᠠᠲ᠋ᠧᠷᠢᠶᠠᠯ ᠤᠨ ᠦᠨ᠎ᠡ ᠬᠠᠩᠰᠢ ᠶᠢᠨ ᠰᠤᠷᠠᠭ ᠵᠠᠩᠭᠢ ᠶᠢ | ᠴᠤᠭᠯᠠᠭᠤᠯᠬᠤ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠪᠠ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠢᠮᠵᠢᠬᠦᠯᠬᠦ ᠲᠦᠷᠢᠮ ᠲᠣᠭᠲᠠᠭᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠤᠨ᠎ᠠ᠃ ᠪᠠᠷᠢᠯᠭ᠎ᠠ ᠶᠢᠨ | ᠦᠢᠯᠡᠰ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠦᠢᠯᠡᠰ᠂ ᠢᠨᠵᠧᠨᠧᠷᠢᠩ ᠤᠨ ᠬᠢᠨᠠᠨ ᠬᠠᠮᠢᠶᠠᠷᠴᠤ | ᠯᠠᠪᠯᠠᠯᠭ᠎ᠠ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠤᠳᠤᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠮᠳᠠ ᠤᠷᠳᠤ ᠬᠤᠭᠤᠴᠠᠭ᠎ᠠ ᠪᠠᠷ ᠲᠥᠯᠥᠪᠵᠢᠭᠦᠯᠬᠦ ᠶᠢᠨ ᠬᠠᠮᠲᠤ | ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠥᠬᠦᠢ ᠠᠵᠤ ᠠᠬᠤᠶᠢᠯᠠᠯ᠂ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠬᠤ ᠪᠠ ᠵᠢᠯᠣᠭᠤᠳᠤᠨ᠎ᠠ᠃ | ᠪᠠᠷᠢᠯᠭ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠭᠠᠳᠠᠬᠰᠢ ᠳᠠᠭᠠᠭᠠᠴᠢᠯᠠᠭᠤᠯᠬᠤ᠂ | ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ ᠬᠠᠮᠳᠤᠷᠠᠯᠴᠠᠭ᠎ᠠ ᠳᠤ ᠣᠷᠣᠯᠴᠠᠭᠤᠯᠤᠨ᠎ᠠ᠃ | ︵ᠵᠢᠷᠭᠤᠭ᠎ᠠ︶ ᠬᠢᠨᠠᠨ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠨᠢᠭᠡᠨᠲᠡ ᠪᠠᠷᠢᠯᠭ᠎ᠠ ᠪᠠᠷᠢᠬᠤ ᠵᠥᠪᠰᠢᠶᠡᠷᠡᠯ ᠣᠯᠤᠭᠰᠠᠨ ᠬᠡᠷ ᠪᠠᠶᠢᠰᠢᠩ ᠤᠨ ᠪᠠᠷᠢᠯᠭ᠎ᠠ ᠵᠢᠴᠢ ᠬᠤᠲᠠ ᠶᠢᠨ | ᠶᠠᠪᠤᠳᠠᠯ ᠤᠨ ᠰᠠᠭᠤᠷᠢ ᠲᠤᠨᠤᠭ ᠲᠦᠬᠦᠭᠡᠷᠤᠮᠵᠢ ᠢᠨᠵᠧᠨᠧᠷᠢᠩ ᠤᠨ ᠶᠠᠰᠤ ᠴᠢᠨᠠᠷ᠂ ᠠᠶᠤᠯᠬᠦᠢ ᠤᠶᠢᠯᠡᠳᠪᠤᠷᠢᠯᠠᠯ ᠤᠨ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠢᠨᠵᠧᠨᠧᠷᠢᠩ ᠤᠨ ᠠᠵᠢᠯ ᠤᠨ ᠶᠠᠰᠤ ᠴᠢᠨᠠᠷ᠂ | ᠢᠨᠵᠧᠨᠧᠷᠢᠩ ᠤᠨ ᠠᠶᠤᠯᠭᠦᠶ ᠦᠢᠯᠡᠳᠪᠦᠷᠢᠯᠡᠯ᠂ ᠠᠵᠢᠯ ᠡᠬᠢᠯᠡᠬᠦᠯᠬᠦ ᠶᠢ ᠵᠥᠪᠰᠢᠶᠡᠷᠡᠬᠦ ᠪᠠ ᠢᠨᠵᠧᠨᠧᠷᠢᠩ ᠤᠨ | ᠠᠵᠢᠯ ᠳᠠᠭᠤᠰᠤᠭᠰᠠᠨ ᠢ ᠰᠢᠯᠭᠠᠨ ᠠᠪᠴᠤ ᠲᠠᠩᠰᠠᠯᠠᠭᠤᠯᠬᠤ ᠠᠷᠭ᠎ᠠ ᠪᠤᠳᠦᠯᠭ᠎ᠠ᠂ ᠲᠦᠷᠢᠮ ᠲᠣᠭᠲᠠᠭᠠᠯ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠮᠢᠶ᠎ᠠ ᠪᠥᠬᠦᠶ ᠮᠡᠷᠭᠡᠵᠢᠯ ᠤᠨ ᠲᠥᠷᠥ ᠶᠢᠨ | ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠤᠨ᠎ᠠ᠃ ᠢᠨᠵᠧᠨᠧᠷᠢᠩ ᠤᠨ ᠴᠢᠬᠤᠯᠠ ᠶᠡᠭᠡ | ᠶᠠᠰᠤ ᠴᠢᠨᠠᠷ᠂ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠤᠷᠢᠯᠡᠬᠦ ᠳᠤ ᠣᠷᠣᠯᠴᠠᠨ᠎ᠠ᠃ ᠬᠡᠷ ᠪᠠᠶᠢᠰᠢᠩ ᠤᠨ | ᠪᠠᠷᠢᠯᠭ᠎ᠠ ᠪᠣᠯᠤᠨ ᠬᠤᠲᠠ ᠶᠢᠨ ᠶᠠᠪᠤᠳᠠᠯ ᠤᠨ ᠰᠠᠭᠤᠷᠢ ᠲᠤᠨᠤᠭ ᠲᠦᠬᠦᠭᠡᠷᠤᠮᠵᠢ ᠶᠢᠨ ᠭᠠᠵᠠᠷ ᠬᠥᠳᠡᠯᠦᠯᠲᠡ ᠲᠠᠢ | ᠲᠡᠮᠡᠴᠡᠵᠦ ᠭᠠᠮᠰᠢᠭ ᠢ ᠰᠡᠷᠭᠡᠶᠢᠯᠡᠬᠦ᠂ ᠢᠨᠵᠧᠨᠧᠷᠢᠩ ᠤᠨ ᠠᠵᠢᠯ ᠡᠬᠢᠯᠡᠬᠦᠯᠬᠦ ᠶᠢ ᠵᠥᠪᠰᠢᠶᠡᠷᠡᠬᠦ᠂ ᠢᠨᠵᠧᠨᠧᠷᠢᠩ ᠤᠨ | ᠠᠵᠢᠯ ᠳᠠᠭᠤᠰᠤᠭᠰᠠᠨ ᠢ ᠰᠢᠯᠭᠠᠨ ᠠᠪᠬᠤ ᠵᠢᠴᠢ ᠳᠠᠩᠰᠠᠯᠠᠭᠤᠯᠬᠤ ᠪᠠ ᠢᠨᠵᠧᠨᠧᠷᠢᠩ ᠤᠨ ᠶᠠᠰᠤ ᠴᠢᠨᠠᠷ ᠢ | ᠪᠠᠶᠢᠴᠠᠭᠠᠨ ᠬᠡᠮᠵᠢᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ | ︵ᠲᠤᠯᠤᠭ᠎ᠠ︶ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠣᠬᠢᠷᠲᠤᠯ ᠦᠭᠡᠢ | ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠤᠨ | ᠮᠠᠲ᠋ᠧᠷᠢᠶᠠᠯ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠥᠬᠡᠶ ᠪᠠᠷᠢᠯᠭ᠎ᠠ ᠶᠢᠨ ᠬᠦᠭᠵᠢᠯᠳᠡ ᠶᠢ ᠵᠢᠯᠣᠭᠤᠳᠬᠤ ᠶᠢᠨ ᠬᠠᠮᠲᠤ | ᠦᠨᠡᠯᠡᠭᠰᠡᠨ ᠲᠡᠮᠳᠡᠭ ᠲᠤ ᠬᠢᠨᠠᠯᠲᠠ ᠬᠠᠮᠢᠶᠠᠷᠤᠯᠲᠠ ᠬᠢᠨ᠎ᠠ᠃ ᠡᠨᠧᠷᠭᠢ ᠠᠷᠪᠢᠯᠠᠬᠤ ᠲᠤᠰᠬᠠᠶ ᠪᠡᠯᠡ ᠮᠥᠩᠭᠦ ᠶᠢ | ᠬᠠᠮᠵᠢᠯᠴᠠᠨ ᠲᠣᠬᠢᠷᠠᠭᠤᠯᠤᠨ᠎ᠠ᠃ ᠠᠵᠢᠯ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠢᠭᠡᠳ | ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠨ᠎ᠡ ᠮᠡᠷᠭᠡᠵᠢᠯ᠂ ᠰᠢᠨ᠎ᠡ ᠪᠦᠳᠤᠭᠡᠭᠳᠡᠬᠦᠨ ᠢ ᠳᠡᠯᠭᠡᠷᠡᠭᠦᠯᠦᠨ ᠬᠡᠷᠡᠭᠯᠡᠬᠦ ᠶᠢ | ᠵᠢᠯᠣᠭᠤᠳᠤᠨ᠎ᠠ᠃ | ︵ᠨᠠᠢᠮᠠ︶ ᠬᠤᠳᠠ ᠶᠢᠨ ᠬᠠᠶᠢᠨ ᠪᠠᠶᠢᠴᠠᠭᠠᠬᠤ᠂ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠬᠡᠮᠵᠢᠯᠳᠡ᠂ | ᠬᠤᠳᠠ ᠶᠢᠨ ᠭᠠᠵᠠᠷ ᠳᠣᠣᠷᠠᠬᠢ ᠣᠷᠣᠨ ᠵᠠᠶ ᠶᠢ ᠨᠡᠭᠡᠭᠡᠨ ᠠᠰᠢᠭᠯᠠᠬᠤ ᠪᠠ ᠬᠤᠳᠠ ᠶᠢᠨ ᠱᠤᠭᠤᠮᠠᠯ ᠰᠡᠶᠢᠯᠬᠦ ᠠᠵᠢᠯ ᠢ | ᠵᠢᠯᠣᠭᠤᠳᠤᠨ᠎ᠠ᠃ ᠬᠤᠳᠠ ᠶᠢ ᠰᠡᠯᠪᠢᠨ ᠵᠠᠰᠠᠬᠤ ᠪᠠ ᠠᠮᠢ ᠠᠬᠤᠶ ᠶᠢ ᠰᠡᠷᠭᠦᠭᠡᠬᠦ ᠲᠦᠷᠦ ᠶᠢᠨ ᠪᠤᠳᠤᠯᠭ᠎ᠠ ᠪᠠ | ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ | ᠰᠣᠶᠣᠯ ᠤᠨ ᠦᠯᠡᠳᠡᠭᠳᠡᠯ ︵ᠪᠠᠯᠭᠠᠰᠤ᠂ ᠲᠣᠰᠬᠤᠨ︶ ᠢ ᠬᠠᠮᠠᠭᠠᠯᠠᠬᠤ ᠪᠠ ᠬᠢᠨᠠᠯᠳᠠ ᠲᠠᠯᠪᠢᠵᠤ ᠬᠠᠮᠢᠶᠠᠷᠬᠤ ᠠᠵᠢᠯ ᠢ | ᠬᠠᠷᠢᠭᠤᠴᠠᠨ᠎ᠠ᠃ | ︵ᠶᠢᠰᠦ︶ ᠬᠤᠳᠠ ᠶᠢᠨ ᠪᠥᠳᠥᠭᠡᠨ ᠪᠠᠶᠢᠭᠤᠯᠤᠯᠲᠠ ᠪᠣᠯᠤᠨ ᠬᠠᠮᠢᠶᠠᠷᠤᠯᠲᠠ ︵ᠬᠠᠤᠯᠢ ᠬᠡᠷᠡᠭᠵᠢᠭᠦᠯᠬᠦ︶ ᠶᠢᠨ | ᠠᠵᠢᠯ ᠢ ᠵᠢᠯᠣᠭᠤᠳᠤᠨ᠎ᠠ᠃ ᠬᠤᠳᠠ ᠶᠢᠨ ᠪᠦᠳᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ | ᠪᠠ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ | ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠤᠨᠤᠭ ᠲᠦᠬᠦᠭᠡᠷᠤᠮᠵᠢ ᠶᠢᠨ ᠪᠥᠳᠥᠭᠡᠨ ᠪᠠᠶᠢᠭᠤᠯᠤᠯᠲᠠ | ᠪᠣᠯᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠ︶ ᠪᠥᠬᠦ ᠬᠤᠰᠢᠭᠤᠨ ᠤ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ ᠪᠠᠭ᠎ᠠ ᠬᠤᠲᠠ ᠪᠠᠯᠭᠠᠰᠤ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ | ᠪᠤᠳᠤᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ | ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠬᠦᠳᠡᠭᠡ ᠲᠤᠰᠬᠤᠨ ᠮᠠᠯᠵᠢᠬᠤ ᠣᠷᠣᠨ ᠤ ᠣᠷᠣᠨ | ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ | ᠵᠢᠯᠣᠭᠤᠳᠤᠨ᠎ᠠ᠃ ᠪᠦᠭᠦ ᠬᠤᠰᠢᠭᠤᠨ ᠤ ᠭᠤᠣᠯᠳᠠᠯᠭ᠎ᠠ ᠲᠠᠢ ᠪᠠᠯᠭᠠᠰᠤᠨ ᠤ ᠪᠦᠲᠣᠭᠡᠨ ᠪᠠᠶᠢᠭᠤᠯᠤᠯᠳᠠ ᠪᠠ | ᠤᠯᠠᠮᠵᠢᠯᠠᠯᠲᠤ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠦᠭᠵᠢᠬᠦᠯᠬᠦ ᠠᠵᠢᠯ ᠢ ᠵᠢᠯᠣᠭᠤᠳᠤᠨ᠎ᠠ᠃ | | ︵ᠠᠷᠪᠠᠨ ᠨᠢᠭᠡ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠳᠠ ᠶᠢᠨ ᠶᠡᠷᠦᠩᠬᠡᠶ | ᠲᠥᠯᠥᠪᠵᠢᠭᠦᠯᠭᠡ ᠳᠤ ᠤᠷᠤᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ | ᠲᠥᠯᠥᠪᠵᠢᠭᠦᠯᠭᠡ᠂ ᠪᠥᠳᠥᠭᠡᠨ ᠪᠠᠶᠢᠭᠤᠯᠤᠯᠲᠠ᠂ ᠬᠠᠮᠠᠭᠠᠯᠠᠯᠲᠠ ᠪᠣᠯᠤᠨ ᠬᠡᠷᠡᠭᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠦᠯ ᠢ | ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠪᠥᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠢᠷᠢ ᠭᠡᠮ ᠵᠡᠷᠭᠡ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠨ᠎ᠠ᠃ | ︵ᠠᠷᠪᠠᠨ ᠬᠤᠶᠠᠷ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠶᠠᠰᠤ ᠴᠢᠨᠠᠷ ᠤᠨ | ᠮᠡᠷᠭᠡᠵᠢᠯ ᠤᠨ ᠵᠢᠯᠤᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠪᠣᠯᠤᠨ ᠰᠠᠭᠤᠷᠢ | ᠲᠤᠨᠤᠭ ᠲᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠭᠠᠵᠠᠷ ᠳᠣᠤᠷᠠᠬᠢ | ᠣᠷᠣᠨ ᠵᠠᠶ ᠶᠢ ᠨᠡᠭᠡᠭᠡᠨ ᠠᠰᠢᠭᠯᠠᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ | ᠲᠤᠭᠤᠰᠢᠯᠠᠭᠤᠯᠤᠨ ᠬᠡᠷᠡᠭᠵᠢᠭᠦᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠬᠠᠮᠠᠭᠠᠯᠠᠨ | ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠢ ᠵᠤᠬᠢᠶᠠᠨ ᠪᠠᠶᠢᠭᠤᠯᠤᠨ᠎ᠠ᠃ | ᠬᠤᠲᠠ ᠶᠢᠨ ᠣᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠪᠠ | ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠭᠠᠷ | ᠤᠨ ᠪᠣᠯᠪᠠᠰᠤᠷᠠᠯ ᠤᠨ ᠰᠤᠷᠢᠯᠳᠠ ᠶᠢ ᠵᠤᠬᠢᠶᠠᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠭᠤᠷᠪᠠ︶ ᠲᠥᠯᠥᠪᠵᠢᠭᠦᠯᠭᠡ ᠲᠣᠭᠲᠠᠭᠠᠬᠤ ᠶᠢᠨ ᠬᠠᠮᠲᠤ ᠪᠥᠬᠦ ᠬᠤᠰᠢᠭᠤᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠪᠠ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠥᠲᠥᠭᠡᠨ | ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠳᠠ ᠶᠢ ᠵᠢᠯᠤᠭᠤᠳᠤᠨ᠎ᠠ᠃ ᠡᠷᠬᠡ | ᠮᠡᠳᠡᠯ ᠤᠨ ᠬᠡᠪᠴᠢᠶᠡᠨ ᠳᠣᠲᠣᠷ᠎ᠠ ᠪᠠᠨ ᠪᠥᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ | ᠵᠠᠩᠭᠢ ᠶᠢᠨ ᠰᠢᠰᠲ᠋ᠧᠮ ᠤᠨ ᠲᠥᠷᠥᠯ ᠵᠦᠢᠯ ᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃ ᠬᠠᠮᠢᠶ᠎ᠠ ᠪᠥᠬᠦᠢ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ | ᠪᠥᠳᠥᠭᠡᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ | ᠵᠣᠬᠢᠶᠠᠨ᠎ᠠ᠃ ᠴᠢᠬᠤᠯᠠ ᠬᠠᠷᠠᠯᠲᠠᠲᠤ ᠨᠢᠭᠡᠴᠡ ᠶᠢ ᠵᠢᠯᠣᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠥᠳᠥᠭᠡᠨ | ᠪᠠᠶᠢᠭᠤᠯᠤᠯᠲᠠ ᠶᠢᠨ ᠵᠠᠷᠤᠳᠠᠯ ᠢ ᠴᠤᠭᠯᠠᠭᠤᠯᠬᠤ ᠪᠠ ᠬᠠᠮᠢᠶᠠᠷᠬᠤ ᠶᠢ ᠬᠠᠷᠢᠭᠤᠴᠠᠵᠤ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠳᠠ ᠶᠢ ᠬᠠᠷᠢᠭᠤᠴᠠᠨ᠎ᠠ᠃ ᠲᠠᠶᠢᠨ ᠤ | ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ︵ᠠᠷᠪᠠᠨ ᠲᠦᠷᠪᠡ︶ ᠪᠦᠳᠦᠭᠡᠨ ᠪᠠᠶᠢᠭᠤᠯᠬᠤ᠂ ᠵᠢᠷᠤᠵᠤ ᠲᠥᠯᠥᠪᠯᠡᠬᠦ᠂ ᠠᠵᠢᠯ ᠡᠬᠢᠯᠡᠬᠦᠯᠬᠦ ᠨᠢᠭᠡᠴᠡ ᠶᠢᠨ | ᠢᠨᠵᠧᠨᠧᠷᠢᠩ ᠤᠨ ᠵᠢᠷᠤᠭ ᠲᠥᠯᠥᠪᠯᠡᠭᠡᠨ ᠤ ᠭᠠᠯ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠦᠬᠦᠢ ᠲᠣᠭᠲᠠᠭᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ᠂ ᠪᠠᠷᠢᠯᠭ᠎ᠠ ᠶᠢᠨ ᠢᠨᠵᠧᠨᠧᠷᠢᠩ ᠤᠨ ᠠᠵᠢᠯ ᠤᠨ ᠭᠠᠯ | ᠰᠡᠷᠭᠡᠶᠢᠯᠡᠨ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠪᠥᠳᠥᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠳᠠᠭᠤᠰᠤᠭᠰᠠᠨ ᠤ ᠳᠠᠷᠠᠭᠠᠬᠢ ᠭᠠᠯ ᠰᠡᠷᠭᠡᠶᠢᠯᠡᠨ ᠤᠨᠲᠠᠷᠠᠭᠠᠬᠤ | ᠠᠵᠢᠯ ᠢ ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠣᠷᠣᠨ ᠰᠠᠭᠤᠴᠠ ᠪᠠ ᠡᠬᠡ ᠨᠤᠲᠤᠭ ᠤᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ | ᠴᠠᠷᠠᠭ᠎ᠠ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ ᠬᠠᠮᠢᠶᠠᠷᠴᠤ᠂ | ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ | ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ | |