ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2022/4/23
ᠭᠤᠣᠯ ᠡᠭᠦᠷᠭᠡ ᠬᠠᠷᠢᠭᠤᠴᠠᠯᠭ᠎ᠠ᠄ ︵ᠨᠢᠭᠡ︶ ᠤᠰᠤᠨ ᠠᠰᠢᠭᠯᠠᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠪᠠᠳᠤᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠯᠤᠰ ᠤᠨ ᠬᠠᠤᠯᠢ ᠴᠠᠭᠠᠵᠠ ᠲᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠥᠬᠦᠶ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠵᠤ᠂ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠥᠯᠥᠪᠵᠢᠭᠦᠯᠭᠡ᠂ ᠴᠢᠬᠤᠯᠠ ᠭᠤᠤᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠤᠩᠬᠡᠢ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ︵ᠬᠤᠶᠠᠷ︶ ᠠᠮᠢᠳᠤᠷᠠᠯ᠂ ᠤᠶᠢᠯᠡᠳᠪᠤᠷᠢᠯᠠᠯ ᠡᠵᠡᠩᠨᠡᠯᠲᠡ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠶ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠬᠤᠰᠢᠭᠤ ᠪᠣᠯᠤᠨ ᠰᠤᠮᠤ ᠰᠢᠶᠠᠩ ᠪᠠᠯᠭᠠᠰᠤ ︵ᠲᠠᠯᠠᠪᠠᠶ︶ ᠠᠯᠤᠰᠯᠠᠭᠰᠠᠨ ᠤᠰᠤᠨ ᠤ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠤᠬᠢᠷᠠᠭᠤᠯᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠠᠪᠬᠤ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠤᠨ ᠨᠤᠳᠠᠯᠠᠯᠳᠠ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠲᠦᠷᠢᠮ ᠤᠨ ᠠᠵᠢᠯ ᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠰᠢᠶᠠᠩ ᠪᠠᠯᠭᠠᠰᠤ ᠲᠠᠯᠠᠪᠠᠶ ᠶᠢᠨ ᠤᠰᠤ ᠬᠠᠩᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠭᠤᠷᠪᠠ︶ ᠲᠣᠭᠲᠠᠭᠠᠯ ᠶᠣᠰᠣᠭᠠᠷ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ᠂ ᠴᠢᠭᠯᠡᠯ᠂ ᠪᠣᠳᠠᠲᠠᠶ ᠳᠣᠭᠢᠷᠠᠭᠤᠯᠤᠨ ᠪᠥᠲᠥᠭᠡᠨ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠵᠢᠯᠣᠭᠤᠳᠤᠨ ᠬᠡᠷᠡᠭᠵᠢᠭᠦᠯᠬᠦ ᠶᠢ ᠲᠤᠷᠠᠳᠴᠤ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠢᠩᠭᠠᠨ ᠠᠶᠢᠮᠠᠭ ᠤᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠪᠠᠳᠤᠯᠠᠬᠤ᠂ ᠳᠠᠬᠢᠨ ᠬᠢᠨᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠥᠷᠥᠯ ᠵᠦᠢᠯ ᠤᠨ ᠬᠡᠷᠡᠭᠵᠢᠭᠦᠯᠦᠯᠲᠡ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵ᠲᠥᠷᠪᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠶᠡᠷᠤᠩᠬᠡᠢ ᠵᠠᠰᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠲᠠᠪᠤ︶ ᠤᠰᠤ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠰᠤ ᠶᠢ ᠠᠷᠪᠢᠯᠠᠵᠤ ᠬᠡᠷᠡᠭᠯᠡᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠲᠥᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠳᠤᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ ᠪᠠ ᠲᠥᠯᠬᠢᠨ ᠠᠬᠢᠭᠤᠯᠤᠨ᠎ᠠ᠃ ︵ᠵᠢᠷᠭᠤᠭ᠎ᠠ︶ ᠤᠰᠤᠨ ᠠᠰᠢᠭᠯᠠᠯᠲᠠ ᠶᠢᠨ ᠲᠦᠬᠦᠭᠡᠷᠤᠮᠵᠢ᠂ ᠤᠰᠤᠨ ᠣᠷᠣᠨ ᠬᠢᠭᠡᠳ ᠡᠷᠭᠢ ᠶᠢᠨ ᠱᠤᠭᠤᠮ  ᠢ ᠬᠠᠮᠢᠶᠠᠷᠬᠤ᠂ ᠬᠠᠮᠠᠭᠠᠯᠠᠬᠤ ᠪᠠ ᠶᠡᠷᠤᠩᠬᠡᠢ ᠠᠰᠢᠭᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠰᠠᠭᠤᠷᠢ ᠲᠦᠬᠦᠭᠡᠷᠤᠮᠵᠢ ᠶᠢᠨ ᠲᠣᠤᠷ ᠰᠦᠯᠵᠢᠶ᠎ᠡ ᠶᠢᠨ ᠪᠥᠲᠥᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠬᠦᠯᠤᠨ᠎ᠠ᠃ ᠪᠦᠭᠦ ᠬᠤᠰᠢᠭᠤᠨ ᠤ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠢ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠤᠤᠯ ᠮᠦᠷᠡᠨ ᠨᠠᠭᠤᠷ ᠴᠦᠬᠦᠷᠤᠮ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠭᠤᠤᠯ ᠮᠦᠷᠡᠨ ᠨᠠᠭᠤᠷ ᠴᠦᠬᠦᠷᠤᠮ ᠤᠨ ᠠᠮᠢ ᠠᠬᠤᠶ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠤᠯ ᠮᠦᠷᠡᠨ ᠨᠠᠭᠤᠷ ᠴᠦᠬᠦᠷᠤᠮ ᠤᠨ ᠤᠰᠤᠨ ᠤ ᠰᠢᠰᠲ᠋ᠧᠮ ᠢ ᠬᠤᠯᠪᠣᠬᠤ ᠠᠵᠢᠯ ᠢ ᠬᠠᠷᠢᠭᠤᠴᠠᠨ᠎ᠠ᠃ ︵ᠲᠤᠯᠤᠭ᠎ᠠ︶ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ᠂ ᠬᠢᠨᠠᠯᠲᠠ ᠲᠠᠯᠪᠢᠬᠤ ᠪᠠ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠵᠡᠮᠳᠡᠯ ᠤᠨ ᠴᠢᠨᠠᠷᠲᠠᠶ ᠪᠠ ᠰᠤᠮᠤ ᠰᠢᠶᠠᠩ ᠪᠠᠯᠭᠠᠰᠤ ︵ᠲᠠᠯᠠᠪᠠᠶ︶ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠢᠨᠵᠧᠨᠧᠷᠢᠩ ᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃ ︵ᠨᠠᠢᠮᠠ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠶ ᠶᠢᠨ ᠢᠳᠡᠭᠳᠡᠯ ᠢ ᠶᠡᠷᠤᠩᠬᠡᠢ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠪᠥᠬᠦ ᠬᠤᠰᠢᠭᠤᠨ ᠤ ᠲᠥᠷᠥᠯ ᠵᠦᠢᠯ ᠲᠣᠭᠲᠠᠭᠠᠭᠰᠠᠨ ᠤᠶᠢᠯᠡᠳᠪᠤᠷᠢᠯᠠᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠶ ᠶᠢ ᠬᠠᠮᠠᠭᠠᠯᠠᠬᠤ ᠭᠤᠣᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠤᠨ᠎ᠠ᠃ ︵ᠶᠢᠰᠦ︶ ᠬᠦᠳᠡᠭᠡ ᠲᠤᠰᠬᠤᠨ ᠮᠠᠯᠵᠢᠬᠤ ᠤᠷᠤᠨ ᠤ ᠤᠰᠤᠨ ᠠᠰᠢᠭᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠤᠰᠤᠯᠠᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠮᠣ ᠳᠤᠮᠳᠠ ᠬᠡᠯᠪᠡᠷᠢ ᠶᠢᠨ ᠰᠠᠭᠠᠳ ᠦᠭᠡᠢ ᠤᠰᠤᠯᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠥᠷᠨᠢᠭᠦᠯᠦᠨ᠎ᠡ᠃ ᠬᠦᠳᠡᠭᠡ ᠲᠤᠰᠬᠤᠨ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠥᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠦᠳᠡᠭᠡ ᠲᠤᠰᠬᠤᠨ ᠮᠠᠯᠵᠢᠬᠤ ᠣᠷᠣᠨ ᠤ ᠤᠰᠤᠨ ᠤ ᠡᠨᠧᠷᠭᠢ  ᠶᠢᠨ ᠡᠬᠢ ᠪᠠᠶᠠᠯᠢᠭ ᠢ ᠨᠡᠭᠡᠭᠡᠬᠦ᠂ ᠵᠢᠵᠢᠭ ᠤᠰᠤᠨ ᠴᠠᠬᠢᠯᠭᠠᠨ ᠤ ᠥᠭᠡᠷᠡᠴᠢᠯᠡᠯᠲᠡ ᠪᠣᠯᠤᠨ ᠤᠰᠤᠨ ᠴᠠᠬᠢᠯᠭᠠᠨ ᠤ ᠬᠥᠳᠡᠭᠡ ᠲᠣᠰᠬᠤᠨ ᠤ ᠴᠠᠬᠢᠯᠭᠠᠨᠵᠢᠭᠤᠯᠤᠯᠲᠠ ᠶᠢᠨ ᠠᠵᠢᠯ ᠢ ᠬᠠᠷᠢᠭᠤᠴᠠᠨ᠎ᠠ᠃  ︵ᠠᠷᠪᠠ︶  ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠭᠦ ᠬᠤᠰᠢᠭᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠬᠦ ᠬᠤᠯᠪᠣᠭᠳᠠᠯ ᠪᠦᠭᠦᠢ ᠲᠦᠷᠤ ᠶᠢᠨ ᠪᠤᠲᠤᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠨ ᠲᠥᠪᠬᠢᠨᠡᠭᠦᠯᠬᠦ ᠶᠢ ᠰᠢᠯᠭᠠᠨ ᠠᠪᠬᠤ᠂ ᠬᠢᠨᠠᠯᠲᠠ ᠲᠠᠯᠪᠢᠨ ᠦᠨᠡᠯᠡᠬᠦ ᠵᠡᠷᠭᠡ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠠᠷᠪᠠᠨ ᠨᠢᠭᠡ︶ ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠬᠤ᠂ ᠬᠥᠨᠳᠡᠯᠡᠨ ᠠᠴᠠ ᠲᠠᠰᠤᠯᠬᠤ ᠶᠢ ᠬᠠᠷᠢᠭᠤᠴᠠᠵᠤ᠂ ᠤᠰᠤ ᠲᠠᠢ ᠬᠤᠯᠪᠣᠭᠳᠠᠬᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠤᠷᠢᠯᠡᠬᠦ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠴᠥᠭᠦᠷᠥᠮ᠂ ᠤᠰᠤᠨ ᠴᠠᠬᠢᠯᠭᠠᠨ ᠤ ᠦᠷᠳᠡᠭᠡ ᠶᠢᠨ ᠶᠡᠭᠡ ᠬᠠᠰᠢᠯᠭ᠎ᠠ᠂ ᠬᠥᠳᠡᠭᠡ ᠲᠣᠰᠬᠤᠨ ᠤ ᠤᠰᠤᠨ ᠴᠠᠬᠢᠯᠭᠠᠨ ᠤ ᠦᠷᠳᠡᠭᠡ ᠶᠢᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵ᠠᠷᠪᠠᠨ ᠬᠤᠶᠠᠷ︶ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠬᠢᠯᠢ ᠠᠯᠤᠰᠯᠠᠭᠰᠠᠨ ᠭᠤᠤᠯ ᠮᠥᠷᠡᠨ ᠤ ᠠᠵᠢᠯ ᠢ ᠥᠷᠨᠢᠭᠦᠯᠦᠨ᠎ᠡ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ᠂ ᠲᠦᠷᠢᠮ ᠤᠨ ᠵᠢᠷᠤᠮᠵᠢᠯ ᠢ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃ ᠡᠷᠬᠡ ᠣᠯᠭᠤᠭᠰᠠᠨ ᠶᠣᠰᠣᠭᠠᠷ ᠬᠢᠯᠢ ᠠᠯᠤᠰᠯᠠᠭᠰᠠᠨ ᠭᠤᠤᠯ ᠮᠥᠷᠡᠨ ᠤ ᠬᠤᠯᠪᠣᠭᠳᠠᠯ ᠪᠥᠬᠦᠶ ᠬᠢᠯᠢ ᠠᠯᠤᠰᠯᠠᠭᠰᠠᠨ ᠬᠡᠷᠡᠭ ᠶᠠᠪᠤᠳᠠᠯ ᠢ ᠭᠦᠢᠴᠡᠳᠭᠡᠨ᠎ᠡ᠃ ︵ᠠᠷᠪᠠᠨ ᠭᠤᠷᠪᠠ︶ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠤᠩᠬᠡᠢ ᠲᠥᠯᠥᠪᠵᠢᠭᠦᠯᠭᠡ ᠶᠢᠨ ᠬᠤᠯᠪᠤᠭᠳᠠᠯ ᠪᠥᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠦᠶᠡᠷ ᠤᠨ ᠤᠰᠤ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠴᠢᠬᠤᠯᠠ ᠭᠤᠣᠯ ᠮᠥᠷᠡᠨ ᠪᠣᠯᠤᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠤᠨ ᠤᠰᠤ ᠶᠢ ᠰᠡᠷᠭᠡᠶᠢᠯᠡᠨ ᠭᠠᠩ ᠭᠠᠮᠰᠢᠭ ᠲᠠᠢ ᠲᠡᠮᠡᠴᠡᠬᠦ ᠲᠤᠬᠢᠷᠠᠭᠤᠯᠤᠯᠳᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠤᠨ ᠤᠰᠤ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ︵ᠠᠷᠪᠠᠨ ᠳᠥᠷᠪᠡ︶ ᠪᠥᠬᠦ ᠬᠤᠰᠢᠭᠤᠨ ᠤ ᠭᠤᠤᠯ ᠮᠦᠷᠡᠨ ᠨᠠᠭᠤᠷ ᠴᠦᠬᠦᠷᠤᠮ ᠤᠨ ᠳᠠᠷᠤᠭ᠎ᠠ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠳᠣᠭᠢᠷᠠᠭᠤᠯᠤᠨ ᠬᠢᠨᠠᠨ ᠵᠢᠯᠣᠭᠤᠳᠬᠤ᠂ ᠪᠠᠶᠢᠴᠠᠭᠠᠵᠤ ᠰᠢᠯᠭᠠᠨ ᠬᠢᠨᠠᠬᠤ ᠶᠢ ᠬᠠᠷᠢᠭᠤᠴᠠᠵᠤ᠂ ᠬᠤᠰᠢᠭᠤᠨ ᠤ ᠶᠡᠷᠦᠩᠬᠡᠶ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ᠂ ᠳᠡᠳ᠋ ᠶᠡᠷᠦᠩᠬᠡᠶ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠵᠢᠴᠢ ᠬᠤᠰᠢᠭᠤᠨ ᠲᠠᠰ ᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠵᠣᠬᠢᠴᠠᠭᠤᠯᠤᠨ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠤᠨ ᠬᠠᠮᠢᠶ᠎ᠠ ᠪᠥᠬᠦᠶ ᠠᠵᠢᠯ ᠢ ᠥᠷᠨᠢᠭᠦᠯᠦᠨ᠎ᠡ᠃ ︵ᠠᠷᠪᠠᠨ ᠲᠠᠪᠤ︶ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠠᠴᠠ ᠣᠯᠭᠤᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠥᠬᠦᠶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠱᠠᠩᠨᠠᠯ᠂ ᠵᠠᠰᠠᠭ ᠵᠠᠬᠢᠷᠭᠠᠨ ᠤ ᠲᠠᠲᠠᠪᠤᠷᠢᠯᠠᠯᠲᠠ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠠᠷᠢᠭᠤᠴᠠᠨ ᠬᠡᠷᠡᠭᠵᠢᠭᠦᠯᠦᠨ᠎ᠡ᠃ ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号