ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2022/4/23
ᠨᠢᠭᠡ᠂ ᠪᠠᠶᠢᠭᠤᠯᠭ᠎ᠠ ᠶᠢᠨ ᠡᠭᠦᠷᠭᠡ ᠴᠢᠳᠠᠪᠬᠢ᠄ ︵ᠨᠢᠭᠡ︶ ᠲᠡᠭᠡᠳᠦ ᠱᠠᠲᠤᠨ ᠤ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ︵ᠬᠤᠶᠠᠷ︶ ᠪᠥᠬᠦ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ ︵ᠭᠤᠷᠪᠠ︶ ᠲᠡᠭᠡᠳᠦ ᠱᠠᠲᠤᠨ ᠤ ᠴᠤᠬᠤᠯᠠᠪᠤᠷᠢᠯᠠᠭᠰᠠᠨ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠰᠢᠢᠳᠪᠤᠷᠢᠯᠡᠬᠦ᠂ ᠱᠠᠯᠠᠪᠳᠠᠭᠤᠯᠤᠨ ᠰᠢᠢᠳᠪᠤᠷᠢᠯᠡᠬᠦ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠢ ᠡᠭᠦᠷᠭᠡᠯᠡᠨ᠎ᠡ᠃ ᠠᠷᠠᠳ ᠢᠷᠭᠡᠨ᠂ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠰᠢᠢᠳᠪᠤᠷᠢᠯᠡᠬᠦ ᠪᠠ ᠭᠦᠢᠴᠡᠳᠭᠡᠬᠦ ᠠᠵᠢᠯ ᠢ ᠬᠠᠷᠢᠭᠤᠴᠠᠨ᠎ᠠ᠃ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃ ︵ᠳᠥᠷᠪᠡ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠯᠵᠢᠭᠦᠯᠦᠨ ᠰᠢᠢᠳᠪᠤᠷᠢᠯᠡᠬᠦᠯᠬᠦ᠂ ᠲᠤᠰᠢᠶᠠᠨ ᠰᠢᠢᠳᠪᠤᠷᠢᠯᠡᠬᠦᠯᠬᠦ ᠶᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠤᠷᠢᠯᠡᠭᠰᠡᠨ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠱᠠᠯᠠᠪᠳᠠᠭᠤᠯᠵᠤ ᠰᠢᠢᠳᠪᠤᠷᠢᠯᠡᠬᠦ ᠶᠢ ᠬᠠᠷᠢᠭᠤᠴᠠᠨ᠎ᠠ᠃ ︵ᠲᠠᠪᠤ︶ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠡᠶᠡᠳᠡᠬᠦᠯᠬᠦ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠤᠨ ᠰᠢᠨᠵᠢᠯᠡᠵᠦ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠳᠤ ᠬᠠᠮᠢᠶ᠎ᠠ ᠪᠥᠬᠦᠶ ᠰᠠᠨᠠᠯ ᠰᠠᠨᠠᠭᠤᠯᠭ᠎ᠠ ᠳᠤᠷᠠᠳᠤᠨ᠎ᠠ᠃ ︵ᠵᠢᠷᠭᠤᠭ᠎ᠠ︶ ᠵᠠᠬᠢᠳᠠᠯ ᠰᠤᠷᠪᠤᠯᠵᠢᠯᠠᠭ᠎ᠠ ᠶᠢᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠰᠤᠷᠠᠭ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃ ︵ᠳᠣᠯᠤᠭ᠎ᠠ︶ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠡᠩᠨᠡᠭᠡ ᠶᠢᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠪᠤᠯᠪᠠᠰᠤᠷᠠᠯ ᠬᠦᠷᠳᠡᠭᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ ︵ᠨᠠᠢᠮᠠ︶ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠤᠨ ᠪᠠᠶᠢᠴᠠᠭᠠᠨ᠎ᠠ᠃ ︵ᠶᠢᠰᠦ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠰᠤᠷᠠᠭ ᠵᠠᠩᠭᠢ ᠨᠡᠶᠢᠲᠡᠯᠡᠬᠦ ᠪᠠ ᠭᠠᠳᠠᠨ᠎ᠠ ᠲᠤᠳᠤᠨᠠᠬᠢ ᠰᠣᠯᠢᠯᠴᠠᠭ᠎ᠠ ᠶᠢ ᠵᠣᠬᠢᠴᠠᠭᠤᠯᠤᠨ᠎ᠠ᠃ ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号