ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠵᠤ᠂ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠤᠨ ᠬᠥᠭᠵᠢᠯᠲᠡ ᠶᠢᠨ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠵᠤ᠂ | ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ | ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ | ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ | ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠲᠤᠬᠠᠶ | ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠭᠢᠯᠡᠬᠦ ᠶᠢ | ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠢ | ᠲᠡᠬᠦᠯᠳᠡᠷᠵᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠭᠤᠤᠯ ᠴᠣᠭᠴᠠ ᠶᠢᠨ ᠣᠯᠠᠨ ᠡᠰᠢᠵᠢᠭᠰᠡᠨ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ | ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯᠡᠰ ᠤᠨ ᠦᠨ᠎ᠡ ᠬᠠᠩᠰᠢ ᠶᠢᠨ ᠲᠥᠷᠥ ᠶᠢᠨ ᠪᠤᠳᠤᠯᠭ᠎ᠠ ᠶᠢᠨ | ᠲᠤᠬᠠᠢ ᠰᠠᠨᠠᠭᠤᠯᠭ᠎ᠠ ᠲᠤᠷᠠᠳᠤᠨ᠎ᠠ᠃ | ︵ᠭᠤᠷᠪᠠ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠭᠡᠯᠢᠯᠡᠭᠡ ᠶᠢᠨ ᠲᠥᠯᠥᠪᠵᠢᠭᠦᠯᠭᠡ ᠵᠢᠴᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠦᠷᠢᠵᠢᠭᠤᠯᠤᠨ᠎ᠠ︔ ᠡᠪᠡᠳᠴᠢᠨ ᠬᠢᠵᠢᠭ ᠢ | ᠰᠡᠷᠭᠡᠶᠢᠯᠡᠨ ᠡᠵᠡᠮᠳᠡᠬᠦ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠤ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ ᠬᠤᠯᠪᠣᠭᠳᠠᠯ ᠪᠦ᠋ᠬᠦᠢ ᠰᠠᠯᠠᠭ᠎ᠠ | ᠮᠥᠴᠢᠷ ᠢ ᠵᠣᠬᠢᠴᠠᠭᠤᠯᠤᠨ ᠬᠦᠨᠳᠦ ᠶᠡᠭᠡ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠪᠠ ᠲᠡᠭᠦᠨ ᠳᠤ ᠬᠢᠨᠠᠯᠳᠠ | ᠲᠠᠯᠪᠢᠵᠦ᠂ ᠬᠠᠤᠯᠢ ᠪᠠᠷ ᠲᠣᠭᠲᠠᠭᠠᠭᠰᠠᠨ ᠮᠡᠳᠡᠭᠦᠯᠦᠯᠲᠡ ᠶᠢᠨ ᠬᠠᠯᠳᠠᠪᠤᠷᠢᠲᠤ ᠡᠪᠡᠳᠴᠢᠨ ᠤ ᠬᠢᠵᠢᠭ ᠤᠨ | ᠪᠠᠶᠢᠳᠠᠯ ᠤᠨ ᠰᠤᠷᠠᠭ ᠵᠠᠩᠭᠢ ᠶᠢ ᠨᠡᠶᠢᠲᠡᠯᠡᠨ᠎ᠡ᠃ ︽ᠲᠠᠮᠠᠬᠢ ᠶᠢ ᠬᠢᠵᠠᠭᠠᠷᠯᠠᠬᠤ ᠲᠦᠢᠮᠤᠬᠴᠢᠯᠠᠬᠰᠠᠨ ᠨᠡᠶᠢᠲᠡ ᠶᠢᠨ | ᠭᠡᠷ᠎ᠡ︾ ᠶᠢᠨ ᠭᠡᠷ᠎ᠡ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ᠃ | ︵ᠳᠥᠷᠪᠡ︶ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠠᠨᠠᠭᠠᠬᠤ ᠤᠬᠠᠭᠠᠨ ᠤ ᠪᠠᠴᠢᠮ | ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠲᠣᠭᠲᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠲᠦᠭᠰᠢᠭᠦᠷᠢ ᠶᠢ ᠦᠨᠡᠯᠡᠨ ᠵᠢᠱᠢᠬᠦ ᠶᠢ | ᠬᠠᠷᠢᠭᠤᠴᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ | ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠡᠯ᠎ᠡ ᠲᠥᠷᠥᠯ ᠤᠨ ᠭᠡᠨᠡᠳᠲᠡ ᠶᠢᠨ ᠣᠯᠠᠨ | ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ | ᠵᠢᠯᠣᠭᠤᠳᠴᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠰᠤᠷᠠᠭ ᠵᠠᠩᠭᠢ ᠶᠢ ᠨᠡᠶᠢᠲᠡᠯᠡᠨ᠎ᠡ᠃ | ︵ᠲᠠᠪᠤ︶ ᠤᠯᠤᠰ ᠤᠨ ᠡᠮ ᠤᠨ ᠵᠦᠢᠯᠡᠰ ᠤᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠵᠦᠢᠯᠡᠰ ᠤᠨ | ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ | ᠪᠠᠷᠢᠮᠵᠢᠶ᠎ᠠ ᠶᠢ ᠮᠥᠷᠳᠡᠨ ᠦᠨᠡᠯᠡᠬᠦ ᠠᠵᠢᠯ ᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ | ᠬᠢᠨᠠᠨ ᠬᠡᠮᠵᠢᠵᠦ ᠰᠣᠯᠢᠯᠴᠠᠬᠤ᠂ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠲᠦᠷᠢᠮᠵᠢᠬᠦᠯᠵᠦ᠂ | ᠶᠡᠷᠦᠩᠬᠡᠶᠢᠯᠡᠭᠰᠡᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠦᠨ᠂ ᠬᠢᠨᠠᠯᠲᠠ ᠲᠠᠯᠪᠢᠵᠤ | ᠪᠠᠶᠢᠴᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠠᠤᠯᠢ ᠠᠴᠠ ᠵᠥᠷᠢᠴᠡᠭᠰᠡᠨ ᠬᠦᠨᠳᠦ ᠶᠡᠭᠡ ᠥᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠪᠠᠶᠢᠴᠠᠭᠠᠨ ᠰᠢᠢᠳᠪᠦᠷᠢᠯᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ | ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ | ᠤᠰᠤᠨ ᠤ ᠠᠷᠢᠭᠤᠨ ᠴᠡᠪᠡᠷ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ | | ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠬᠡᠨ ᠤ ᠠᠵᠢᠯ ᠲᠥᠷᠥᠯ ᠤᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠳᠡᠯᠪᠢᠨ ᠬᠡᠷᠡᠭᠵᠢᠭᠦᠯᠵᠦ᠂ ᠬᠤᠯᠪᠣᠭᠳᠠᠯ ᠪᠥᠬᠦᠶ | ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ | ᠬᠢᠷᠢ ᠬᠡᠮ ᠤᠨ ᠱᠠᠭᠠᠷᠳᠠᠯᠭ᠎ᠠ ᠶᠢ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ᠃ ᠠᠵᠢᠯ ᠲᠥᠷᠥᠯ ᠤᠨ ᠲᠥᠪ ᠪᠤᠰᠤ | ᠰᠤᠷᠲᠠᠯ ᠢ ᠵᠠᠯᠠᠷᠠᠭᠤᠯᠬᠤ ᠠᠵᠢᠯ ᠢ ᠡᠭᠦᠷᠭᠡᠯᠡᠵᠦ᠂ ᠡᠮᠴᠢᠯᠡᠭᠡᠨ ᠤ ᠪᠠᠶᠢᠭᠤᠯᠤᠮᠵᠢ ᠪᠠ ᠡᠮᠴᠢᠯᠡᠭᠡᠨ ᠤ ᠦᠢᠯᠡᠴᠢᠯᠡᠭᠡ᠂ | ᠡᠮᠴᠢᠯᠡᠭᠡᠨ ᠤ ᠮᠡᠷᠭᠡᠵᠢᠯ᠂ ᠡᠮᠴᠢᠯᠡᠭᠡᠨ ᠤ ᠶᠠᠰᠤ ᠴᠢᠨᠠᠷ᠂ ᠡᠮᠴᠢᠯᠡᠭᠡᠨ ᠤ ᠠᠮᠤᠷ ᠲᠦᠪᠰᠢᠨ ᠵᠢᠴᠢ ᠴᠢᠰᠤ ᠠᠪᠬᠤ | ᠴᠢᠰᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠲᠦᠷᠢᠮᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠪᠠᠶᠢᠭᠤᠯᠤᠨ᠎ᠠ᠃ ᠡᠮᠴᠢᠯᠡᠭᠡᠨ ᠤ ᠦᠢᠯᠡᠴᠢᠯᠡᠬᠡᠨ ᠤ ᠲᠦᠷᠢᠮᠵᠢᠯ ᠪᠠ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠲᠦᠷᠢᠮ᠂ ᠦᠢᠯᠡᠴᠢᠯᠡᠬᠡᠨ ᠤ ᠲᠦᠷᠢᠮᠵᠢᠯ ᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ | ᠰᠠᠴᠤᠷᠠᠭ ᠤᠨ ᠡᠷᠡᠭᠦᠯ ᠬᠠᠮᠠᠭᠠᠯᠠᠯ ᠤᠨ ᠬᠠᠮᠢᠶ᠎ᠠ ᠪᠥᠬᠦᠢ ᠲᠥᠷᠥ ᠶᠢᠨ ᠪᠤᠳᠤᠯᠭ᠎ᠠ᠂ ᠪᠠᠷᠢᠮᠵᠢᠶ᠎ᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠬᠡᠨ ᠤ ᠠᠵᠢᠯ ᠢ ᠬᠠᠷᠢᠭᠤᠴᠠᠵᠤ᠂ ᠬᠥᠮᠦᠨ | ᠠᠮᠠ ᠶᠢ ᠬᠢᠨᠠᠨ ᠪᠠᠶᠢᠴᠠᠭᠠᠵᠦ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠦᠨ᠂ ᠬᠥᠮᠦᠨ ᠠᠮᠠ ᠬᠢᠭᠡᠳ ᠬᠡᠷ | ᠪᠦᠯᠢ ᠶᠢᠨ ᠬᠥᠭᠵᠢᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ | ᠂ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠠᠵᠢᠯ ᠢ ᠬᠠᠷᠢᠭᠤᠴᠠᠨ᠂ ᠪᠥᠬᠦ ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠬᠡᠨ ᠤ | ᠰᠢᠰᠲ᠋ᠧᠮ ᠤᠨ ᠪᠠᠶᠢᠭᠤᠯᠤᠯᠲᠠ ᠪᠠ ᠵᠠᠰᠠᠵᠦ ᠰᠤᠪᠢᠯᠠᠬᠤ ᠶᠢ ᠤᠶᠠᠯᠳᠤᠭᠤᠯᠬᠤ ᠠᠵᠢᠯ ᠢ ᠠᠬᠢᠭᠤᠯᠤᠨ᠎ᠠ᠃ | ︵ᠶᠢᠰᠦ︶ ᠪᠥᠬᠦ ᠬᠤᠰᠢᠭᠤᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬ᠎ᠠ ᠶᠢᠨ | ᠡᠷᠡᠭᠦᠯ ᠮᠡᠨᠳᠦ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠪᠠ ᠬᠡᠷᠡᠭᠵᠢᠭᠦᠯᠵᠦ᠂ ᠪᠥᠬᠦ | ᠬᠤᠰᠢᠭᠤᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬ᠎ᠠ ᠶᠢᠨ ᠡᠷᠡᠭᠦᠯ ᠮᠡᠨᠳᠦ ᠶᠢᠨ | ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢ ᠵᠢᠯᠣᠭᠤᠳᠴᠤ᠂ ᠡᠬᠡ ᠨᠢᠯᠬ᠎ᠠ ᠶᠢᠨ ᠡᠷᠡᠭᠦᠯ ᠮᠡᠨᠳᠦ᠂ ᠵᠡᠷᠡᠮᠳᠡᠭ | ᠬᠡᠤᠬᠡᠳ ᠲᠦᠷᠦᠭᠦ ᠶᠢ ᠰᠡᠷᠭᠡᠶᠢᠯᠡᠨ ᠵᠠᠰᠠᠬᠤ᠂ ᠬᠥᠮᠦᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠵᠡᠷᠭᠡ | ᠠᠵᠢᠯ ᠢ ᠬᠠᠷᠢᠭᠤᠴᠠᠨ ᠬᠠᠮᠢᠶᠠᠷᠤᠨ᠎ᠠ᠃ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠠᠵᠢᠯᠯᠠᠭᠠᠨ ᠤ ᠰᠢᠨ᠎ᠡ ᠲᠣᠭᠲᠠᠴᠠ ᠪᠠ ᠬᠥᠳᠡᠭᠡ ᠲᠣᠰᠬᠤᠨ ᠤ ᠡᠮᠴᠢ ᠶᠢᠨ ᠬᠠᠮᠢᠶᠠᠷᠤᠯᠲᠠ ᠶᠢᠨ ᠲᠦᠷᠢᠮ ᠢ | ᠲᠡᠭᠦᠯᠳᠡᠷᠵᠢᠭᠦᠯᠦᠨ᠎ᠡ᠃ | ︵ᠠᠷᠪᠠ︶ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠠᠨᠠᠭᠠᠬᠤ ᠤᠬᠠᠭᠠᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠦᠭᠡᠮᠡᠯᠵᠢᠭᠦᠯᠬᠦ ᠪᠠ ᠬᠡᠷᠡᠭᠯᠡᠬᠦ ᠠᠵᠢᠯ ᠢ ᠵᠢᠯᠣᠭᠤᠳᠤᠨ᠎ᠠ᠃ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠬᠠᠮᠢᠶ᠎ᠠ ᠪᠥᠬᠦᠶ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠨᠠᠭᠠᠬᠤ ᠤᠬᠠᠭᠠᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠨ᠂ ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ | ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠮᠨᠡᠯᠭᠡ ᠳᠤ ᠰᠠᠭᠤᠬᠤ ᠡᠮᠴᠢ ᠪᠠ ᠲᠤᠰᠬᠠᠶ | ᠮᠡᠷᠭᠡᠵᠢᠯ ᠤᠨ ᠶᠡᠭᠡ ᠡᠮᠴᠢ ᠶᠢᠨ ᠲᠦᠷᠢᠮᠵᠢᠭᠰᠡᠨ ᠪᠤᠯᠪᠠᠰᠦᠷᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠠᠷᠪᠠᠨ ᠨᠢᠭᠡ︶ ᠪᠥᠬᠦ ᠬᠤᠰᠢᠭᠤᠨ ᠤ ᠡᠷᠡᠭᠦᠯᠵᠢᠯ ᠤᠨ ᠡᠲᠡᠭᠡᠳ ᠤᠨ ᠡᠮᠴᠢᠯᠡᠭᠡ ᠡᠷᠡᠭᠦᠯᠵᠢᠯ ᠪᠠ ᠤᠷᠢᠳᠴᠢᠯᠠᠨ | ᠰᠡᠷᠭᠡᠶᠢᠯᠡᠬᠦ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠪᠠ ᠴᠢᠬᠤᠯᠠ ᠶᠡᠭᠡ ᠠᠵᠢᠯᠯᠠᠭ᠎ᠠ ᠶᠢᠨ | ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠢᠯᠡᠰ ᠤᠨ | ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ | ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ | ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ | ︵ᠠᠷᠪᠠᠨ ᠭᠤᠷᠪᠠ︶ ᠵᠠᠯᠠᠶᠢᠳ ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ | ᠵᠥᠪᠯᠡᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡ︶ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠲᠠᠪᠤ︶ ᠡᠭᠦᠷᠭᠡ ᠴᠢᠳᠠᠪᠬᠢ ᠶᠢᠨ ᠬᠤᠪᠢᠷᠠᠭᠤᠯᠤᠯᠳᠠ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ | ᠪᠣᠯᠭᠠᠵᠤ᠂ ᠡᠷᠡᠭᠦᠯ ᠡᠩᠬᠡ ᠬᠢᠩᠭᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠵᠠᠭᠪᠤᠷ ᠢ | ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠴᠢᠷᠮᠠᠶᠢᠬᠤ ᠴᠡᠭ | ᠪᠣᠯᠭᠠᠵᠤ᠂ ᠡᠪᠡᠳᠴᠢᠨ ᠵᠠᠰᠠᠬᠤ ᠪᠠᠷ ᠭᠤᠤᠯᠳᠠᠯᠭ᠎ᠠ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ | ᠭᠤᠤᠯᠳᠠᠯᠭ᠎ᠠ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠥᠬᠦ ᠲᠠᠯ᠎ᠠ ᠶᠢᠨ ᠪᠠ ᠪᠥᠬᠦ ᠦᠶᠡᠯᠡᠯ ᠤᠨ | ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠨᠢᠭᠡ ᠳᠤ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ ᠪᠠ ᠡᠷᠡᠭᠦᠯ ᠮᠡᠨᠳᠤ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ | ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠬᠥᠮᠦᠨ ᠠᠮᠠ ᠶᠢᠨ ᠨᠠᠰᠦᠵᠢᠯ ᠤᠨ ᠪᠠᠶᠢᠳᠠᠯ ᠢ | ᠢᠳᠡᠪᠬᠢᠲᠡᠶ ᠪᠠᠷ ᠠᠷᠭᠠᠴᠠᠭᠠᠵᠦ᠂ ᠡᠷᠡᠭᠦᠯ ᠮᠡᠨᠳᠤ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠬᠤᠶᠠᠷ ᠲᠤ ᠠᠵᠢᠯ ᠤᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ | ᠨᠠᠩ ᠢᠯᠡᠭᠦᠤ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ | ᠦᠨᠳᠦᠰᠦᠨ ᠱᠠᠲᠤ ᠳᠠᠰᠢ ᠤᠷᠲᠤᠳᠬᠠᠬᠤ᠂ ᠮᠠᠯᠵᠢᠬᠤ ᠲᠠᠷᠢᠶᠠᠯᠠᠬᠤ ᠣᠷᠣᠨ ᠢ ᠬᠠᠮᠤᠷᠬᠤ᠂ ᠵᠠᠬ᠎ᠠ ᠬᠢᠵᠠᠭᠠᠷ ᠣᠷᠣᠨ | ᠪᠠ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠳᠠᠰᠢ ᠬᠡᠯᠪᠠᠶᠢᠯᠭᠡᠬᠦ ᠶᠢ ᠠᠬᠢᠭᠤᠯᠤᠨ᠎ᠠ᠃ ᠭᠤᠷᠪᠠ ᠳᠤ | ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠡᠩ ᠴᠢᠬᠤᠯᠠᠴᠢᠯᠠᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ | ᠲᠦᠭᠡᠮᠡᠯ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠲᠦᠯᠬᠢᠨ ᠠᠬᠢᠭᠤᠯᠤᠨ᠎ᠠ᠃ ᠲᠦᠷᠪᠡ ᠳᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠩᠭᠤᠶ ᠪᠠᠷ | ᠲᠦᠯᠬᠢᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ | ᠡᠷᠴᠢᠮ ᠢ ᠴᠢᠩᠭᠠᠷᠠᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠤ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠣᠭᠴᠠ ᠶᠢᠨ ᠤᠯᠠᠨ | ᠡᠰᠢᠵᠢᠬᠦ᠂ ᠬᠠᠩᠭᠠᠬᠤ ᠠᠷᠭ᠎ᠠ ᠮᠠᠶ᠋ᠢᠭ ᠤᠨ ᠤᠯᠠᠨ ᠶᠠᠩᠵᠦᠴᠢᠯᠠᠬᠤ ᠶᠢ ᠠᠬᠢᠭᠤᠯᠤᠨ᠎ᠠ᠃ |