ᠭᠤᠤᠯ ᠡᠬᠦᠷᠭᠡ ᠬᠠᠷᠢᠭᠤᠴᠠᠯᠭ᠎ᠠ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠢᠩᠭᠠᠨ ᠠᠶᠢᠮᠠᠭ ᠤᠨ ᠠᠵᠤ ᠦᠢᠯᠡᠳᠪᠦᠷᠢ᠂ | ᠮᠡᠳᠡᠭᠡ ᠵᠠᠩᠬᠢᠵᠢᠯᠳᠠ ᠶᠢᠨ ᠬᠥᠭᠵᠢᠯᠲᠡ ᠪᠣᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ | ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ | ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠴᠢᠭᠯᠡᠯᠲᠡ ᠲᠥᠷᠥ ᠶᠢᠨ ᠪᠤᠳᠤᠯᠭ᠎ᠠ ᠶᠢ | ᠲᠤᠭᠤᠰᠢᠯᠠᠭᠤᠯᠤᠨ ᠬᠡᠷᠡᠭᠵᠢᠭᠦᠯᠵᠦ᠂ ᠵᠠᠯᠠᠶᠢᠳ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠪᠠ | ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ | ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠣᠨ ᠤ | ᠲᠥᠯᠥᠪᠯᠡᠭᠡ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ | ᠲᠣᠬᠢᠷᠠᠭᠤᠯᠤᠯᠲᠠ ᠪᠠ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ︵ᠬᠤᠶᠠᠷ︶ ᠵᠠᠯᠠᠶᠢᠳ ᠬᠤᠰᠢᠭᠤᠨ ᠤ ᠠᠵᠤ ᠦᠢᠯᠡᠳᠪᠦᠷᠢ᠂ ᠮᠡᠳᠡᠭᠡ ᠵᠠᠩᠭᠢ ᠶᠢᠨ ᠠᠵᠤ ᠦᠢᠯᠡᠰ ᠤᠨ | ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ ᠵᠠᠳᠠᠯᠤᠨ ᠰᠢᠨᠵᠢᠯᠡᠵᠦ᠂ ᠤᠷᠢᠳᠴᠢᠯᠠᠨ ᠲᠥᠰᠦᠭᠡᠯᠡᠵᠦ ᠤᠷᠢᠳᠴᠢᠯᠠᠨ | ᠰᠡᠷᠡᠮᠵᠢᠯᠡᠭᠦᠯᠬᠦ ᠪᠠ ᠰᠤᠷᠠᠭ ᠵᠠᠩᠭᠢ ᠪᠠᠷ ᠬᠥᠲᠥᠯᠦᠨ ᠵᠢᠯᠣᠭᠤᠳᠴᠤ᠂ ᠠᠵᠤ ᠦᠢᠯᠡᠳᠪᠦᠷᠢ ᠶᠢᠨ ᠠᠵᠢᠯᠯᠠᠭᠠᠨ ᠤ | ᠳᠤᠮᠳᠠᠬᠢ ᠦᠢᠯᠡᠳᠪᠦᠷᠢᠯᠡᠯ ᠤᠨ ᠬᠦᠴᠦᠨ ᠵᠦᠢᠯ ᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠠᠵᠢᠯ | ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ | ︵ᠭᠤᠷᠪᠠ︶ ᠠᠵᠤ ᠦᠢᠯᠡᠳᠪᠦᠷᠢ᠂ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠬᠡᠪᠴᠢᠶ᠎ᠡ ᠪᠠ ᠴᠢᠭᠯᠡᠯ᠂ ᠥᠪᠡᠷᠲᠡᠭᠡᠨ ᠵᠠᠰᠠᠬᠤ ᠣᠷᠣᠨ ᠪᠠ ᠬᠢᠩᠭᠠᠨ ᠠᠶᠢᠮᠠᠭ᠂ ᠵᠠᠯᠠᠶᠢᠳ | ᠬᠤᠰᠢᠭᠤᠨ ᠤ ᠡᠳ᠋ ᠤᠨ ᠵᠠᠰᠠᠭ ᠤᠨ ᠴᠢᠨᠠᠷᠲᠠᠶ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢᠨ | ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠬᠠᠷᠢᠭᠤᠴᠠᠨ ᠳᠤᠷᠠᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠶᠢ ᠦᠨᠳᠦᠰᠦᠯᠡᠨ ᠬᠢᠨᠠᠨ ᠬᠠᠷᠭᠤᠭᠤᠯᠵᠤ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠳᠤ ᠬᠠᠷᠢᠶᠠᠯᠠᠭᠳᠠᠬᠤ ᠲᠥᠷᠥᠯ ᠵᠦᠢᠯ ᠢ ᠬᠢᠨᠠᠨ ᠵᠥᠪᠰᠢᠶᠡᠷᠡᠭᠦᠯᠬᠦ᠂ | ᠳᠠᠩᠰᠠᠯᠠᠭᠤᠯᠬᠤ ᠪᠠᠷ ᠮᠡᠳᠡᠭᠦᠯᠦᠨ ᠬᠦᠷᠬᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯ ᠤᠨ | ᠪᠡᠯᠡ ᠣᠷᠣᠭᠤᠯᠬᠤ᠂ ᠠᠵᠢᠯᠯᠠᠭᠤᠯᠬᠤ᠂ ᠪᠠᠶᠢᠷᠢᠰᠢᠭᠤᠯᠬᠤ ᠲᠥᠯᠥᠪᠵᠢᠭᠦᠯᠭᠡ ᠶᠢᠨ ᠠᠵᠢᠯ ᠢ ᠵᠢᠯᠣᠭᠤᠳᠤᠨ | ᠵᠣᠬᠢᠴᠠᠭᠤᠯᠬᠤ ᠶᠢ ᠬᠠᠷᠢᠭᠤᠴᠠᠨ᠎ᠠ᠃ | ︵ᠲᠥᠷᠪᠡ︶ ᠠᠵᠢᠯ ᠲᠥᠷᠥᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠲᠠᠪᠰᠢᠯᠳᠠ ᠶᠢ | ᠵᠢᠯᠣᠭᠤᠳᠴᠤ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠢ | ᠲᠥᠷᠥ ᠶᠢᠨ ᠪᠤᠳᠤᠯᠭ᠎ᠠ ᠪᠣᠯᠤᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠰᠠᠨᠠᠭᠤᠯᠭ᠎ᠠ ᠶᠢ | ᠳᠤᠷᠠᠳᠤᠨ᠎ᠠ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ | ᠵᠠᠯᠠᠶᠢᠳ ᠬᠤᠰᠢᠭᠤᠨ ᠤ ᠳᠠᠪᠤᠰᠤᠨ ᠤ ᠦᠢᠯᠡᠰ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ | ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠬᠦᠢᠴᠡᠳᠬᠡᠨ᠎ᠡ᠃ ᠪᠥᠬᠦ | ᠬᠤᠰᠢᠭᠤᠨ ᠤ ᠠᠷᠠᠳ ᠤᠨ ᠬᠡᠷᠡᠭᠯᠡᠭᠡᠨ ᠤ ᠠᠮᠠᠷᠬᠠᠨ ᠨᠤᠴᠤᠵᠦ ᠲᠡᠯᠪᠡᠷᠡᠬᠦ ᠪᠣᠳᠠᠰ ᠤᠨ ᠠᠶᠤᠯᠭᠦᠶ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠱᠠᠯᠠᠪᠳᠠᠭᠤᠯᠤᠨ ᠵᠢᠯᠣᠭᠤᠳᠤᠨ᠎ᠠ᠃ | ︵ᠲᠠᠪᠤ︶ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠠᠵᠤ ᠦᠢᠯᠡᠳᠪᠦᠷᠢ ᠶᠢᠨ | ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠠᠷᠢᠭᠤᠨ | ᠴᠡᠪᠡᠷ ᠦᠢᠯᠡᠳᠪᠦᠷᠢᠯᠡᠯ ᠢ ᠠᠬᠢᠭᠤᠯᠬᠤ ᠲᠦᠷᠦ ᠶᠢᠨ ᠪᠤᠳᠤᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠠᠵᠤ ᠦᠢᠯᠡᠳᠪᠦᠷᠢ ᠶᠢᠨ ᠡᠨᠧᠷᠬᠢ | ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠢᠯ ᠢ ᠵᠢᠯᠣᠭᠤᠳᠴᠤ᠂ ᠬᠠᠮᠢᠶ᠎ᠠ ᠪᠥᠬᠦᠢ ᠴᠢᠬᠤᠯᠠ | ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠪᠡᠯᠡᠳᠬᠡᠮᠵᠢ᠂ | ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠠᠵᠤ | ᠦᠢᠯᠡᠳᠪᠦᠷᠢ ᠶᠢᠨ ᠡᠨᠧᠷᠬᠢ ᠠᠷᠪᠢᠯᠠᠬᠤ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ | ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠥᠯᠬᠢᠨ ᠠᠬᠢᠭᠤᠯᠤᠨ᠎ᠠ᠃ | ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠠᠷᠠᠲᠤ ᠲᠥᠷᠥᠯ ᠲᠡᠮᠳᠡᠭᠲᠦ ᠶᠢ | ᠡᠬᠦᠳᠬᠦ ᠶᠢ ᠵᠢᠯᠤᠭᠤᠳᠤᠨ᠎ᠠ᠃ | ︵ᠲᠤᠯᠤᠭ᠎ᠠ︶ ᠲᠤᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠵᠤ᠂ ᠲᠧᠭᠨᠢᠭ ᠮᠡᠷᠭᠡᠵᠢᠯ ᠤᠨ ᠲᠤᠨᠤᠭ ᠲᠥᠬᠦᠭᠡᠷᠦᠮᠵᠢ ᠶᠢ ᠬᠥᠭᠵᠢᠭᠦᠯᠬᠦ ᠪᠠ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠶᠢ ᠰᠤᠳᠤᠯᠤᠨ ᠲᠣᠭᠲᠠᠭᠠᠵᠤ᠂ | ᠭᠠᠳᠠᠨ᠎ᠠ ᠠᠴᠠ ᠤᠷᠤᠭᠤᠯᠵᠦ ᠲᠧᠭᠨᠢᠭ ᠮᠡᠷᠭᠡᠵᠢᠯ ᠢ ᠰᠢᠩᠭᠡᠭᠡᠵᠦ ᠰᠢᠨ᠎ᠡ ᠶᠢ ᠡᠭᠦᠳᠬᠦ ᠶᠢ ᠵᠢᠯᠣᠭᠤᠳᠤᠨ᠎ᠠ᠃ ᠬᠦᠡᠭᠭᠡᠨ | ᠠᠵᠤ ᠦᠢᠯᠡᠳᠪᠦᠷᠢ᠂ ᠨᠡᠬᠡᠮᠡᠯ᠂ ᠢᠳᠡᠭᠡᠨ᠂ ᠡᠮ ᠡᠮᠨᠡᠯᠭᠡ ᠵᠡᠷᠭᠡ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ | ᠠᠵᠢᠯ ᠲᠦᠷᠦᠯ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠠᠵᠢᠯ ᠲᠦᠷᠦᠯ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ | ᠃ ᠤᠯᠤᠰ ᠤᠨ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠨ ᠬᠥᠭᠵᠢᠭᠦᠯᠬᠦ ᠲᠥᠯᠥᠪᠵᠢᠭᠦᠯᠭᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠤᠶᠠᠯᠳᠤᠭᠤᠯᠤᠭᠰᠠᠨ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠨᠠᠢᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠭᠢᠵᠢᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ | ᠵᠠᠩᠭᠢᠵᠢᠯᠲᠠ ᠪᠠ ᠠᠵᠤ ᠦᠢᠯᠡᠳᠪᠦᠷᠢᠵᠢᠯᠲᠡ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠤᠨᠤᠬᠯᠠᠯ ᠤᠨ ᠦᠢᠯᠡᠰ᠂ ᠮᠡᠳᠡᠭᠡ ᠵᠠᠩᠭᠢ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠵᠤ ᠦᠢᠯᠡᠳᠪᠦᠷᠢ ᠶᠢᠨ ᠡᠵᠡᠮᠰᠢᠯ ᠤᠨ ᠰᠢᠰᠲ᠋ᠧᠮ ᠤᠨ ᠲᠣᠣᠷ | ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠴᠢᠮᠡᠭᠡ ᠬᠤᠯᠪᠣᠭᠠᠨ ᠤ ᠰᠦᠯᠵᠢᠶ᠎ᠡ ᠶᠢᠨ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃ | ︵ᠶᠢᠰᠦ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ | ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠵᠢᠯᠣᠭᠤᠳᠬᠤ᠂ ᠶᠡᠷᠦᠩᠬᠡᠶᠢᠯᠡᠨ ᠵᠣᠬᠢᠴᠠᠭᠤᠯᠬᠤ ᠪᠠ | ᠦᠢᠯᠡᠴᠢᠯᠡᠬᠦ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠥᠮᠴᠢᠯᠡᠯ ᠤᠨ ᠪᠤᠰᠤ | ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ | ︔ ᠳᠤᠮᠳᠠ ᠵᠢᠵᠢᠭ ᠠᠵᠤ ᠠᠬᠤᠶᠢᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠ︶ ᠪᠠᠷᠠᠭ᠎ᠠ ᠶᠢᠨ ᠬᠦᠢᠯᠬᠡᠬᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠬᠡᠨ ᠤ ᠦᠢᠯᠡᠰ ᠪᠠ ᠨᠡᠶᠢᠭᠡᠮ ᠲᠣᠭᠤᠷᠢᠭ ᠤᠨ ᠬᠤᠳᠠᠯᠳᠤᠭᠠᠨ ᠤ | ᠬᠥᠭᠵᠢᠯᠲᠡ ᠶᠢ ᠵᠢᠯᠣᠭᠤᠳᠤᠨ᠂ ᠳᠤᠮᠳᠠ ᠵᠢᠵᠢᠭ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠬᠦᠢᠯᠬᠡᠬᠡᠨ ᠤ | ᠪᠠᠷᠢᠮᠵᠢᠶᠠᠵᠢᠭᠤᠯᠤᠯᠲᠠ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠯ ᠤᠨ ᠡᠵᠡᠩᠨᠡᠯᠲᠡ᠂ | ᠪᠠᠷᠠᠭ᠎ᠠ ᠶᠢᠨ ᠬᠦᠢᠯᠬᠡᠬᠡᠨ ᠤ ᠳᠣᠭᠢᠷᠠᠭᠤᠯᠤᠨ ᠬᠦᠷᠭᠡᠬᠦ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠵᠡᠷᠭᠡ ᠣᠲᠣ | ᠦᠶ᠎ᠡ ᠶᠢᠨ ᠬᠦᠢᠯᠬᠡᠬᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠨᠢᠭᠡ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠴᠤ᠂ ᠬᠤᠳᠠ ᠬᠥᠳᠡᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ | ᠪᠥᠭᠡᠮ ᠦᠢᠯᠡᠳᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠠ ᠬᠤᠳᠠ ᠶᠢᠨ | ᠬᠤᠳᠠᠯᠳᠤᠭᠠᠨ ᠤ ᠲᠣᠣᠷ ᠴᠡᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ ᠰᠢᠰᠲ᠋ᠧᠮ ᠤᠨ | ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ | ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠤᠳᠤ ᠦᠶ᠎ᠡ ᠶᠢᠨ | ᠭᠦᠢᠯᠭᠡᠭᠡᠨ ᠤ ᠲᠣᠣᠷ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠳ᠋ᠷᠣᠨ | ᠬᠤᠳᠠᠯᠳᠤᠭᠠᠨ ᠤ ᠶᠠᠪᠤᠳᠠᠯ ᠢ ᠬᠥᠳᠡᠭᠡ ᠳᠤ ᠬᠦᠷᠬᠡᠬᠦ ᠶᠢ ᠠᠬᠢᠭᠤᠯᠤᠨ᠎ᠠ᠃ | ︵ᠠᠷᠪᠠᠨ ᠬᠤᠶᠠᠷ︶ ᠪᠥᠬᠦ ᠬᠤᠰᠢᠭᠤᠨ ᠤ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠤᠬᠢᠷᠠᠭᠤᠯᠭ᠎ᠠ | ᠡᠵᠡᠮᠳᠡᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠬᠦᠢᠯᠬᠡᠬᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠬ᠎ᠠ ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠠ᠃ ᠲᠠᠸᠠᠷ ᠤᠨ ᠦᠨ᠎ᠡ ᠬᠠᠩᠰᠢ ᠶᠢᠨ ᠰᠤᠷᠠᠭ | ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠰᠤᠷᠠᠭ ᠵᠠᠩᠭᠢ ᠪᠠᠷ | ᠬᠥᠲᠥᠯᠥᠨ ᠵᠢᠯᠣᠭᠤᠳᠤᠨ᠎ᠠ᠃ ᠮᠢᠬᠠᠨ ᠤ ᠵᠦᠢᠯ ᠵᠡᠷᠭᠡ ᠴᠢᠬᠤᠯᠠ ᠬᠡᠷᠡᠭᠯᠡᠭᠡᠨ ᠤ ᠵᠦᠢᠯ ᠤᠨ ᠨᠥᠭᠡᠴᠡ ᠶᠢᠨ | ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠳᠤᠬᠢᠷᠠᠭᠤᠯᠤᠯ ᠡᠵᠡᠮᠳᠡᠯ ᠢ ᠬᠠᠷᠢᠭᠤᠴᠠᠨ᠎ᠠ᠃ ᠪᠣᠯᠪᠠᠰᠤᠷᠠᠭᠤᠯᠤᠭᠰᠠᠨ | ᠴᠢᠯᠠᠭᠤᠨ ᠲᠤᠰᠤᠨ ᠤ ᠭᠦᠢᠯᠭᠡᠭᠡ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ | ︵ᠠᠷᠪᠠᠨ ᠭᠤᠷᠪᠠ︶ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠵᠣᠬᠢᠴᠠᠭᠤᠯᠤᠨ ᠴᠡᠭᠴᠡᠯᠡᠬᠦ ᠪᠠ | ᠲᠦᠷᠢᠮᠵᠢᠬᠦᠯᠵᠦ᠂ ᠬᠤᠳᠠᠯᠳᠤᠭᠠᠨ ᠤ ᠢᠲᠡᠭᠡᠮᠵᠢᠲᠦ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ | ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠠᠭᠠᠶ ᠭᠦᠢᠯᠭᠡᠭᠡᠨ ᠤ ᠠᠵᠢᠯ ᠲᠦᠷᠦᠯ ᠢ ᠬᠢᠨᠠᠵᠤ ᠬᠠᠮᠢᠶᠠᠷᠤᠨ᠎ᠠ᠃ | ᠬᠤᠳᠠᠯᠳᠤᠭ᠎ᠠ ᠠᠷᠠᠯᠵᠢᠶᠠᠨ ᠤ ᠦᠢᠯᠡᠴᠢᠯᠡᠭᠡᠨ ᠤ ᠦᠢᠯᠡᠰ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ | ᠱᠠᠯᠠᠪᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ︵ᠠᠷᠪᠠᠨ ᠲᠥᠷᠪᠡ︶ ᠭᠠᠳᠠᠭᠠᠳᠤ ᠠᠷᠠᠯᠵᠢᠶᠠᠨ ᠤ ᠨᠡᠮᠡᠭᠳᠡᠯ ᠶᠢᠨ ᠶᠢ ᠠᠷᠭ᠎ᠠ ᠮᠠᠶ᠋ᠢᠭ ᠢ ᠬᠤᠪᠢᠷᠠᠭᠤᠯᠬᠤ ᠶᠢ | ᠠᠬᠢᠭᠤᠯᠬᠤ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠷᠠᠯᠵᠢᠶ᠎ᠠ ᠶᠢ | ᠠᠬᠢᠭᠤᠯᠬᠤ ᠠᠵᠢᠯᠯᠠᠭ᠎ᠠ ᠪᠣᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮ ᠤᠨ ᠪᠠᠶᠢᠭᠤᠯᠤᠯᠲᠠ ᠶᠢ | ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠲᠠᠢ ᠬᠠᠮᠵᠢᠯᠴᠠᠨ ᠭᠠᠳᠠᠭᠠᠳᠤ ᠠᠷᠠᠯᠵᠢᠶᠠᠨ ᠤ ᠬᠠᠮᠢᠶ᠎ᠠ ᠪᠥᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠥᠷᠨᠢᠭᠦᠯᠦᠨ᠎ᠡ᠃ ᠤᠯᠤᠰ᠂ | ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠳᠤ ᠬᠠᠨᠳᠤᠭᠤᠯᠤᠭᠰᠠᠨ ᠮᠡᠷᠭᠡᠵᠢᠯ ᠤᠨ ᠠᠷᠠᠯᠵᠢᠶ᠎ᠠ᠂ ᠭᠠᠳᠠᠭᠠᠳᠤ | ᠭᠠᠷᠭᠠᠯᠲᠠ ᠶᠢᠨ ᠵᠠᠬᠢᠷᠤᠨ ᠬᠠᠮᠢᠶᠠᠷᠤᠯᠲᠠ ᠵᠢᠴᠢ ᠮᠡᠷᠭᠡᠵᠢᠯ᠂ ᠢᠵᠢ ᠪᠦᠷᠢᠨ ᠲᠥᠬᠦᠭᠡᠷᠦᠮᠵᠢ ᠶᠢ ᠭᠠᠳᠠᠭᠠᠳᠤ ᠠᠴᠠ | ᠣᠷᠣᠭᠤᠯᠵᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ ᠲᠥᠷᠥ ᠶᠢᠨ ᠪᠣᠳᠣᠯᠭ᠎ᠠ ᠪᠠ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ ᠭᠠᠳᠠᠭᠠᠳᠤ ᠠᠴᠠ ᠣᠷᠣᠭᠤᠯᠵᠤ | ᠭᠠᠷᠭᠠᠬᠤ ᠠᠷᠠᠯᠵᠢᠶ᠎ᠠ ᠶᠢ ᠲᠧᠭᠨᠢᠭ ᠮᠡᠷᠭᠡᠵᠢᠯ ᠢ ᠭᠠᠳᠠᠭᠠᠳᠤ ᠠᠴᠠ ᠣᠷᠣᠭᠤᠯᠬᠤ᠂ ᠲᠤᠨᠤᠭ ᠲᠥᠬᠦᠭᠡᠷᠦᠮᠵᠢ ᠶᠢ | ᠭᠠᠳᠠᠭᠠᠳᠤ ᠠᠴᠠ ᠤᠷᠤᠭᠤᠯᠵᠦ ᠭᠠᠷᠭᠠᠬᠤ ᠶᠢ ᠤᠯᠤᠰ ᠠᠴᠠ ᠬᠢᠵᠠᠭᠠᠷᠯᠠᠬᠤ ᠠᠵᠢᠯ ᠳᠤ ᠬᠠᠤᠯᠢ ᠶᠣᠰᠣᠭᠠᠷ ᠬᠢᠨᠠᠯᠲᠠ | ᠲᠠᠯᠪᠢᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ᠂ ᠤᠷᠤᠨ᠂ ᠠᠶᠢᠮᠠᠭ ᠠᠴᠠ ᠣᠯᠭᠤᠭᠰᠠᠨ ᠡᠷᠬᠡ ᠶᠢᠨ ᠲᠠᠷᠬᠠᠵᠦ | ᠰᠠᠳᠠᠷᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠯᠦᠭᠡ ᠬᠤᠯᠪᠣᠭᠳᠠᠬᠤ ᠭᠠᠳᠠᠭᠠᠳᠤ ᠠᠴᠠ | ᠣᠷᠣᠭᠤᠯᠵᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠦᠢᠯᠡᠴᠢᠯᠡᠬᠡᠨ ᠤ | ᠠᠷᠠᠯᠵᠢᠶ᠎ᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠥᠬᠦᠶ ᠠᠵᠢᠯ ᠢ | ᠥᠷᠨᠢᠭᠦᠯᠦᠨ᠎ᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠤᠯᠤᠰ᠂ ᠥᠪᠡᠷᠲᠡᠭᠡᠨ ᠵᠠᠰᠠᠬᠤ ᠣᠷᠣᠨ | ᠂ ᠬᠢᠩᠭᠠᠨ ᠠᠶᠢᠮᠠᠭ ᠤᠨ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠪᠠ ᠦᠢᠯᠡᠴᠢᠯᠡᠭᠡ ᠶᠢ ᠭᠠᠳᠠᠭᠰᠢ | ᠳᠠᠭᠠᠭᠠᠴᠢᠯᠠᠭᠤᠯᠬᠤ ᠶᠢ ᠠᠬᠢᠭᠤᠯᠬᠤ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡ | ᠶᠢ ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠬᠤᠰᠢᠭᠤᠨ ᠤ | ᠬᠤᠷᠠᠯ ᠦᠵᠡᠰᠬᠦᠯᠡᠩ ᠤᠨ ᠦᠢᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ | ᠪᠠᠶᠢᠭᠤᠯᠭ᠎ᠠ ᠶᠢᠨ ᠬᠢᠯᠢ ᠶᠢᠨ ᠳᠣᠲᠣᠷ᠎ᠠ ᠦᠵᠡᠬᠦᠯᠬᠡ ᠶᠢᠨ ᠠᠵᠢᠯᠯᠠᠭ᠎ᠠ ᠡᠷᠭᠢᠯᠡᠬᠦ ᠶᠢ ᠬᠠᠮᠢᠶᠠᠷᠤᠨ᠎ᠠ᠃ ᠥᠪᠡᠷᠲᠡᠭᠡᠨ | ᠵᠠᠰᠠᠬᠤ ᠣᠷᠣᠨ᠂ ᠬᠢᠩᠭᠠᠨ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ | ᠬᠠᠮᠢᠶ᠎ᠠ ᠪᠥᠬᠦᠶ ᠲᠣᠭᠲᠠᠭᠠᠯ ᠪᠠ ᠲᠠᠰ ᠳᠠᠷᠠᠭᠠᠯᠠᠯ ᠶᠣᠰᠣᠭᠠᠷ ᠬᠤᠷᠠᠯ ᠦᠵᠡᠰᠬᠦᠯᠡᠩ ᠤᠨ ᠮᠡᠳᠡᠭᠦᠯᠦᠨ | ᠵᠥᠪᠰᠢᠶᠡᠷᠡᠭᠦᠯᠬᠦ ᠠᠵᠢᠯ ᠢ ᠰᠠᠶᠢᠲᠤᠷ ᠬᠢᠨ᠎ᠠ᠃ | ︵ᠠᠷᠪᠠᠨ ᠵᠢᠷᠭᠤᠭ᠎ᠠ︶ ᠡᠷᠬᠡ ᠣᠯᠭᠤᠭᠰᠠᠨ ᠲᠥᠯᠥᠭᠡᠯᠡᠭᠴᠢ ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠲᠠᠢ | ᠭᠠᠳᠠᠭᠠᠳᠤ ᠤᠯᠤᠰ ᠲᠠᠢ ᠠᠵᠤ ᠠᠬᠤᠶ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ ᠬᠤᠯᠪᠣᠭᠳᠠᠯ ᠪᠥᠬᠦᠶ ᠪᠢᠴᠢᠭ | ᠮᠠᠲ᠋ᠧᠷᠢᠶᠠᠯ ᠳᠤ ᠭᠠᠷ ᠤᠨ ᠥᠰᠥᠭ ᠵᠢᠷᠤᠵᠤ᠂ ᠤᠯᠤᠰ ᠤᠨ ᠢᠯᠭᠠᠯ ︵ᠭᠠᠵᠠᠷ ᠣᠷᠣᠨ︶ ᠤᠨ ᠣᠷᠣᠨ ᠨᠤᠲᠤᠭ ᠤᠨ | ᠬᠤᠭᠤᠷᠣᠨᠳᠣᠬᠢ ᠠᠵᠤ ᠠᠬᠤᠶ ᠠᠷᠠᠯᠵᠢᠶᠠᠨ ᠤ ᠬᠠᠷᠢᠴᠠᠭᠠᠨ ᠳᠠᠬᠢ ᠴᠢᠬᠤᠯᠠ ᠬᠡᠷᠡᠭ ᠶᠠᠪᠤᠳᠠᠯ ᠢ ᠰᠢᠢᠳᠪᠦᠷᠢᠯᠡᠨ᠎ᠡ᠃ | ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠠᠯᠪᠠᠨ ᠤ ᠲᠠᠯ᠎ᠠ ᠶᠢᠨ ᠬᠤᠳᠠᠯᠳᠤᠭᠠᠨ ᠤ ᠶᠠᠪᠤᠳᠠᠯ ᠤᠨ | ᠪᠠᠶᠢᠭᠤᠯᠤᠮᠵᠢ᠂ ᠭᠠᠳᠠᠭᠠᠳᠤ ᠶᠢᠨ ᠬᠤᠳᠠᠯᠳᠤᠭᠠᠴᠢᠨ ᠤ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠲᠤ | ᠰᠠᠭᠤᠭ᠎ᠠ ᠲᠥᠯᠥᠭᠡᠯᠡᠬᠦ ᠪᠠᠶᠢᠭᠤᠯᠤᠮᠵᠢ ᠪᠣᠯᠤᠨ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ | ᠶᠠᠮᠤᠨ ︵ᠺᠤᠨᠰᠦ᠋ᠯ︶ ᠤ ᠭᠠᠵᠠᠷ ᠤᠨ ᠬᠤᠳᠠᠯᠳᠤᠭ᠎ᠠ ᠡᠷᠬᠢᠯᠡᠬᠦ ᠭᠠᠵᠠᠷ ᠲᠠᠢ ᠬᠠᠮᠵᠢᠯᠴᠠᠨ ᠬᠠᠷᠢᠯᠴᠠᠨ᠎ᠠ᠃ | ︵ᠠᠷᠪᠠᠨ ᠳᠣᠯᠤᠭ᠎ᠠ︶ ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠬᠤ | ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ | ᠬᠠᠮᠲᠤ᠂ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠢ ᠬᠠᠮᠵᠢᠨ ᠬᠠᠮᠢᠶ᠎ᠠ ᠪᠥᠬᠦᠶ | ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢᠨ ᠭᠤᠣᠯᠴᠢ | ᠠᠷᠠᠯᠵᠢᠶ᠎ᠠ ᠶᠢᠨ ᠬᠤᠯᠪᠣᠭᠳᠠᠯ ᠪᠦᠬᠦᠢ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ | ᠵᠠᠯᠠᠶᠢᠳ ᠬᠤᠰᠢᠭᠤᠨ ᠳᠤ ᠬᠤᠯᠪᠣᠭᠳᠠᠭᠰᠠᠨ ᠠᠵᠤ ᠠᠬᠤᠶ ᠠᠷᠠᠯᠵᠢᠶᠠᠨ ᠤ ᠬᠡᠯᠡᠯᠴᠡᠭᠡ ᠳᠤ ᠣᠷᠣᠯᠴᠠᠨ᠎ᠠ᠃ | ︵ᠠᠷᠪᠠᠨ ᠨᠠᠢᠮᠠ︶ ᠵᠠᠯᠠᠶᠢᠳ ᠬᠤᠰᠢᠭᠤᠨ ᠤ ᠭᠠᠳᠠᠭᠠᠳᠤ ᠯᠤᠭ᠎ᠠ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ | ᠠᠵᠢᠯ ᠢ ᠬᠠᠷᠢᠭᠤᠴᠠᠵᠤ᠂ ᠣᠷᠣᠰ᠂ ᠮᠣᠩᠭᠤᠯ ᠤᠯᠤᠰ ᠪᠠ ︽ᠨᠢᠭᠡ ᠪᠦᠰᠡ ᠨᠢᠭᠡ ᠵᠠᠮ︾ ᠤᠨ ᠱᠤᠭᠤᠮ | ᠳᠠᠭᠠᠤ ᠶᠢᠨ ᠤᠯᠤᠰ ᠯᠤᠭ᠎ᠠ ᠶᠢᠨ ᠠᠵᠤ ᠠᠬᠤᠶ ᠠᠷᠠᠯᠵᠢᠶ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ᠂ | ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠭᠠᠳᠠᠭᠠᠳᠤ ᠲᠠᠢ ᠠᠵᠤ ᠠᠬᠤᠶ ᠶᠢᠨ ᠲᠠᠯ᠎ᠠ ᠪᠠᠷ | ᠬᠠᠮᠲᠤᠷᠠᠯᠴᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ | ᠭᠠᠳᠠᠭᠠᠳᠤ ᠳᠤ ᠬᠥᠳᠡᠯᠮᠦᠷᠢ ᠦᠢᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠬᠠᠮᠲᠤᠷᠠᠯᠴᠠᠭ᠎ᠠ | ᠂ ᠭᠠᠳᠠᠭᠠᠳᠤ ᠳᠤ ᠪᠠᠯᠠ ᠣᠷᠣᠭᠤᠯᠤᠨ ᠠᠵᠤ ᠠᠬᠤᠶᠢᠯᠠᠯ ︵ᠮᠥᠩᠭᠦᠨ ᠬᠦᠢᠯᠬᠡᠬᠡᠨ ᠤ ᠠᠵᠤ ᠠᠬᠤᠶᠢᠯᠠᠯ ᠪᠠᠭᠲᠠᠬᠤ | ᠥᠬᠡᠶ︶ ᠢ ᠬᠠᠤᠯᠢ ᠶᠣᠰᠣᠭᠠᠷ ᠬᠠᠮᠢᠶᠠᠷᠤᠨ᠎ᠠ᠃ ᠬᠢᠩᠭᠠᠨ ᠠᠶᠢᠮᠠᠭ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ | ᠠᠵᠢᠯ ᠤᠨ ᠡᠭᠦᠷᠭᠡ ᠬᠠᠷᠢᠭᠤᠴᠠᠯᠭ᠎ᠠ ᠪᠠ ᠤᠯᠤᠰ ᠤᠨ ᠭᠠᠳᠠᠭᠠᠳᠤ ᠳᠤ ᠲᠤᠰᠠᠯᠠᠮᠵᠢ ᠦᠵᠡᠭᠦᠯᠬᠦ ᠲᠥᠷᠥᠯ ᠵᠦᠢᠯ ᠢ | ᠡᠭᠦᠷᠭᠡᠯᠡᠨ᠎ᠡ᠃ | ︵ᠠᠷᠪᠠ ᠶᠢᠰᠦ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ ᠬᠠᠮᠢᠶᠠᠷᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠤᠯᠲᠠ ᠶᠢ ᠠᠰᠢᠭᠯᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠪᠠ ᠬᠥᠭᠵᠢᠯᠲᠡ ᠶᠢᠨ | ᠲᠥᠯᠥᠪᠵᠢᠭᠦᠯᠭᠡ ᠶᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠬᠤᠯᠪᠣᠭᠳᠠᠯ | ᠪᠦᠬᠦᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠭᠡᠷ᠎ᠡ ᠶᠢᠨ ᠳᠦᠷᠢᠮ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠢᠯᠢ ︵ᠬᠢᠯᠢ ᠠᠯᠤᠰᠯᠠᠭᠰᠠᠨ︶ ᠶᠢᠨ | ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠨ᠎ᠠ᠃ | ︵ᠬᠤᠷᠢ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ |