ᠭᠤᠤᠯ ᠡᠭᠦᠷᠭᠡ ᠬᠠᠷᠢᠭᠤᠴᠠᠯᠭ᠎ᠠ | ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ | ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠳ᠋ ᠤᠨ | ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠯᠡᠭᠡ᠂ ᠲᠥᠷᠥ ᠶᠢᠨ ᠪᠣᠳᠣᠯᠭ᠎ᠠ ᠪᠠ | ᠥᠭᠡᠷᠡᠴᠢᠯᠡᠯᠲᠡ ᠶᠢᠨ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ | ᠠᠵᠤ ᠠᠬᠤᠶ ᠶᠢᠨ ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ | ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ | ᠲᠤᠬᠢᠷᠠᠭᠤᠯᠭ᠎ᠠ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠶᠠᠪᠤᠳᠠᠯ ᠢ ᠬᠤᠰᠢᠭᠤᠨ ᠵᠠᠰᠠᠭ ᠤᠨ ᠣᠷᠳᠣᠨ | ᠪᠠ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠪᠠ ᠠᠷᠭ᠎ᠠ ᠶᠢ ᠲᠣᠭᠲᠠᠭᠠᠵᠤ᠂ | ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠪᠦᠭᠦ ᠬᠤᠰᠢᠭᠤᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠦᠬᠡᠷᠡᠴᠢᠯᠡᠯᠳᠡ ᠶᠢ ᠠᠬᠢᠭᠤᠯᠤᠨ᠎ᠠ᠃ | ︵ᠬᠤᠶᠠᠷ︶ ᠬᠤᠰᠢᠭᠤᠨ ᠲᠡᠰ ᠤᠨ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ | ᠬᠠᠮᠢᠶᠠᠷᠤᠨ᠎ᠠ᠃ ᠬᠤᠰᠢᠭᠤᠨ ᠲᠡᠰ ᠤᠨ ᠤᠨ ᠤ ᠲᠥᠰᠦᠪ ᠪᠠ ᠲᠥᠰᠦᠪ ᠤᠨ ᠬᠦᠢᠴᠡᠳᠬᠡᠯ ᠤᠨ ᠲᠥᠰᠦᠯ ᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ | ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠤᠭ᠎ᠠ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ | ᠮᠥᠴᠢᠷ ︵ᠨᠢᠭᠡᠴᠡ︶ ᠤᠨ ᠣᠨ ᠤ ᠲᠥᠰᠦᠪ ᠪᠠ ᠲᠥᠰᠦᠪ ᠤᠨ ᠬᠦᠢᠴᠡᠳᠬᠡᠯ ᠢ ᠬᠢᠨᠠᠨ ᠬᠠᠷᠭᠤᠭᠤᠯᠵᠤ | ᠴᠤᠬᠤᠯᠠᠪᠤᠷᠢᠯᠠᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠡᠳ᠋ ᠤᠨ ᠵᠠᠰᠠᠭ ᠤᠨ ᠲᠥᠰᠦᠪ᠂ ᠬᠦᠢᠴᠡᠳᠬᠡᠯᠳᠡ ᠪᠠ | ᠲᠥᠰᠦᠪ ᠤᠨ ᠬᠦᠢᠴᠡᠳᠬᠡᠯ ᠵᠡᠷᠭᠡ ᠪᠠᠶᠢᠳᠠᠯ ᠢᠶᠠᠨ ᠮᠡᠳᠡᠭᠦᠯᠦᠨ᠎ᠡ᠃ ᠬᠤᠰᠢᠭᠤᠨ ᠲᠡᠰ ᠤᠨ ᠲᠥᠰᠦᠪ ᠪᠠ | ᠲᠥᠰᠦᠪ ᠤᠨ ᠬᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠬᠤᠰᠢᠭᠤᠨ ᠤ ᠡᠳ᠋ ᠤᠨ ᠵᠠᠰᠠᠭ ᠬᠢᠭᠡᠳ | ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠤᠳᠤᠬᠤ | ᠶᠠᠪᠤᠳᠠᠯ ᠢ ᠬᠦᠢᠴᠡᠳᠬᠡᠨ᠎ᠡ᠃ ᠪᠥᠬᠦ ᠬᠤᠰᠢᠭᠤᠨ ᠤ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ | ᠬᠦᠢᠴᠡᠳᠬᠡᠯ ᠤᠨ ᠠᠵᠢᠯ ᠢ ᠬᠠᠷᠢᠭᠤᠴᠠᠨ᠎ᠠ︔ ᠡᠯ᠎ᠡ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ | ᠲᠦᠷᠢᠮ ᠪᠣᠯᠤᠨ ᠬᠠᠮᠢᠶ᠎ᠠ ᠪᠥᠬᠦᠶ ᠠᠷᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠵᠠᠬᠢᠷᠭᠠᠨ ᠤ ᠠᠵᠢᠯ ᠦᠢᠯᠡᠰ ᠤᠨ | ᠨᠢᠭᠡᠴᠡ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠦᠪ ᠤᠨ ᠪᠠᠷᠢᠮᠵᠢᠶ᠎ᠠ ᠵᠢᠴᠢ ᠲᠣᠬᠢᠷᠠᠭᠤᠯᠤᠯᠲᠠ ᠬᠢᠬᠦ | ᠰᠠᠨᠠᠯ ᠲᠤᠷᠠᠳᠤᠨ᠎ᠠ᠃ | ︵ᠭᠤᠷᠪᠠ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ | ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ | ᠬᠠᠷᠢᠭᠤᠴᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ ᠶᠢ ᠲᠣᠭᠲᠠᠭᠠᠯ | ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠪᠠᠷᠢᠮᠲᠠ ᠶᠢ ᠬᠠᠮᠢᠶᠠᠷᠤᠨ᠎ᠠ᠃ ᠰᠤᠭᠤᠯᠠᠭ᠎ᠠ ᠶᠢᠨ | ᠬᠠᠮᠢᠶᠠᠷᠤᠯᠲᠠ ᠶᠢᠨ ᠬᠤᠯᠪᠣᠭᠳᠠᠯ ᠪᠥᠬᠦᠢ ᠠᠷᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠭᠤᠯᠠᠭ᠎ᠠ ᠶᠢᠨ ᠵᠠᠬ᠎ᠠ | ᠳᠡᠯᠭᠡᠭᠦᠷ ᠢ ᠬᠢᠨᠠᠨ ᠬᠠᠮᠢᠶᠠᠷᠴᠤ᠂ ᠰᠤᠭᠤᠯᠠᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ | | ︵ᠳᠥᠷᠪᠡ︶ ᠬᠤᠰᠢᠭᠤᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠲᠦᠷᠢᠮ᠂ | ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠲᠦᠷᠢᠮ ᠢ ᠵᠣᠬᠢᠶᠠᠨ ᠪᠠᠶᠢᠭᠤᠯᠤᠨ | ᠲᠣᠭᠲᠠᠭᠠᠵᠤ᠂ ᠬᠤᠰᠢᠭᠤᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ | ᠲᠠᠯᠪᠢᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ | ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ | ᠲᠤᠭᠤᠷᠪᠢᠬᠤ ᠪᠦᠭᠡᠳ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠵᠠᠰᠠᠭ ᠤᠨ ᠣᠷᠳᠣᠨ ᠤ ᠬᠤᠳᠠᠯᠳᠤᠨ ᠠᠪᠬᠤ | ᠲᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠳᠠ ᠲᠠᠯᠪᠢᠨ ᠬᠠᠮᠢᠶᠠᠷᠬᠤ ᠶᠢ ᠵᠤᠬᠢᠶᠠᠨ | ᠪᠠᠶᠢᠭᠤᠯᠤᠨ ᠨᠠᠶᠢᠳᠠᠪᠦᠷᠢᠵᠢᠭᠤᠯᠤᠨ᠎ᠠ᠃ | ︵ᠲᠠᠪᠤ︶ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ ᠬᠠᠮᠢᠶᠠᠷᠤᠯᠲᠠ ᠶᠢᠨ | ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠥᠷᠢᠮ ᠲᠤᠬᠳᠠᠭᠠᠯ ᠪᠣᠯᠤᠨ ᠲᠥᠷᠥ ᠶᠢᠨ | ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠶ | ᠥᠷᠢ ᠥᠭᠴᠡᠭᠡ ᠶᠢᠨ ᠬᠠᠮᠢᠶᠠᠷᠤᠯᠲᠠ ᠶᠢᠨ ᠲᠦᠷᠢᠮ ᠲᠤᠬᠳᠠᠭᠠᠯ ᠪᠠ ᠠᠷᠭ᠎ᠠ ᠪᠤᠳᠤᠯᠭ᠎ᠠ ᠶᠢ ᠬᠠᠤᠯᠢ ᠶᠣᠰᠣᠭᠠᠷ | ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ | ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ | ᠵᠢᠭᠡᠯᠡᠯᠭᠡ ᠶᠢ ᠨᠢᠭᠡᠳᠦᠯᠲᠡᠶ ᠬᠠᠮᠢᠶᠠᠷᠬᠤ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠤᠯᠤᠰ ᠤᠨ ᠥᠮᠴᠢᠯᠡᠯᠳᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠬᠤᠰᠢᠭᠤᠨ ᠤ ᠵᠠᠰᠠᠭ ᠤᠨ ᠣᠷᠳᠣᠨ ᠠᠴᠠ | ᠣᠯᠭᠤᠭᠰᠠᠨ ᠡᠷᠬᠡ ᠶᠢ ᠦᠨᠳᠦᠰᠦᠯᠡᠨ᠂ ᠬᠤᠰᠢᠭᠤᠨ ᠲᠡᠰ ᠤᠨ ᠤᠯᠤᠰ ᠤᠨ ᠥᠮᠴᠢᠯᠡᠯᠲᠦ ᠮᠥᠩᠭᠦᠨ ᠬᠦᠢᠯᠬᠡᠬᠡᠨ | ᠤ ᠬᠥᠷᠥᠩᠭᠡ ᠶᠢᠨ ᠪᠠᠯᠠ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠶ | ᠬᠦᠢᠴᠡᠳᠭᠡᠵᠦ᠂ ᠤᠯᠤᠰ ᠤᠨ ᠥᠮᠴᠢᠯᠡᠯᠲᠦ ᠮᠥᠩᠭᠦᠨ ᠬᠦᠢᠯᠬᠡᠬᠡᠨ ᠤ ᠬᠥᠷᠥᠩᠭᠡ ᠶᠢᠨ ᠮᠡᠳᠡᠭᠦᠯᠦᠯᠲᠡ ᠶᠢᠨ | ᠲᠦᠷᠢᠮ ᠢ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠮᠥᠩᠭᠦᠨ ᠬᠦᠢᠯᠬᠡᠬᠡᠨ ᠤ ᠬᠥᠷᠥᠩᠭᠡ ᠶᠢᠨ | ᠬᠠᠮᠢᠶᠠᠷᠤᠯᠲᠠ ᠶᠢᠨ ᠲᠦᠷᠢᠮ ᠲᠣᠭᠲᠠᠭᠠᠯ ᠪᠠ ᠡᠳ᠋ ᠤᠨ ᠵᠠᠰᠠᠭ ᠬᠢᠭᠡᠳ ᠮᠥᠩᠭᠦᠨ ᠬᠦᠢᠯᠬᠡᠬᠡᠨ ᠤ ᠵᠣᠬᠢᠴᠠᠭᠤᠯᠤᠨ | ᠬᠠᠮᠵᠢᠯᠴᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠤᠷᠰᠢᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ | ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ | ᠲᠣᠭᠲᠠᠭᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠰ ᠱᠠᠲᠤᠨ ᠤ ᠵᠠᠰᠠᠭ | ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠳᠤ ᠡᠳ᠋ ᠬᠦᠷᠦᠩᠭᠡ ᠶᠢ ᠲᠤᠬᠳᠠᠭᠠᠯ | ᠶᠤᠰᠤᠭᠠᠷ ᠬᠠᠮᠢᠶᠠᠷᠦᠨ᠎ᠠ᠃ | ︵ᠳᠣᠯᠤᠭ᠎ᠠ︶ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ | ᠲᠥᠰᠦᠪ ᠤᠨ ᠬᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ | ᠵᠣᠬᠢᠶᠠᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ | ᠲᠦᠷᠢᠮ ᠲᠤᠬᠳᠠᠭᠠᠯ ᠪᠠ ᠠᠷᠭ᠎ᠠ ᠪᠤᠳᠤᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠲᠣᠰ | ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠨ | ᠠᠪᠤᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ | | ︵ᠨᠠᠢᠮᠠ︶ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ | ᠬᠦᠢᠴᠡᠳᠬᠡᠯ ᠤᠨ ᠲᠥᠰᠦᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ | ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠥᠬᠦᠶ ᠪᠠᠯᠠ ᠮᠥᠩᠭᠦ ︵ᠰᠠᠭᠤᠷᠢ | ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃ | ︵ᠶᠢᠰᠦ︶ ᠬᠤᠰᠢᠭᠤᠨ ᠤ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠮᠥᠩᠭᠦᠨ ᠬᠦᠢᠯᠬᠡᠬᠡᠨ ᠤ ᠬᠠᠤᠯᠢ ᠴᠠᠭᠠᠵᠠ ᠬᠠᠤᠯᠢ | ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠥᠬᠦ | ᠬᠤᠰᠢᠭᠤᠨ ᠤ ᠣᠷᠣᠨ ᠨᠤᠲᠤᠭ ᠤᠨ ᠮᠥᠩᠭᠦᠨ ᠬᠦᠢᠯᠬᠡᠬᠡᠨ ᠤ ᠬᠥᠭᠵᠢᠯᠲᠡ ᠶᠢᠨ ᠶᠡᠷᠦᠩᠬᠡᠶ ᠲᠥᠯᠥᠪᠯᠡᠭᠡ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠵᠢᠴᠢ ᠣᠷᠣᠨ ᠨᠤᠲᠤᠭ ᠤᠨ ᠮᠥᠩᠭᠦᠨ ᠬᠦᠢᠯᠬᠡᠬᠡᠨ ᠤ | ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠮᠥᠩᠭᠦᠨ | ᠬᠦᠢᠯᠬᠡᠬᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠮᠥᠩᠭᠦᠨ ᠬᠦᠢᠯᠬᠡᠬᠡᠨ ᠤ ᠪᠠᠶᠢᠭᠤᠯᠤᠮᠵᠢ ᠯᠤᠭ᠎ᠠ ᠶᠢᠨ | ᠨᠡᠪᠲᠡᠷᠡᠯᠴᠡᠭᠡ ᠵᠣᠬᠢᠴᠠᠭᠤᠯᠭ᠎ᠠ ᠶᠢ ᠬᠠᠷᠢᠭᠤᠴᠠᠵᠤ᠂ ᠰᠣᠷᠠᠭ ᠵᠠᠩᠭᠢ ᠶᠢᠨ ᠰᠣᠯᠢᠯᠴᠠᠭ᠎ᠠ ᠬᠢᠭᠡᠳ ᠦᠢᠯᠡᠴᠢᠯᠡᠬᠡᠨ ᠤ | ᠠᠵᠢᠯ ᠢ ᠴᠢᠩᠭᠠᠳᠬᠠᠨ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠮᠥᠩᠭᠦᠨ ᠬᠦᠢᠯᠬᠡᠬᠡᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠬᠥᠭᠵᠢᠯᠲᠡ ᠶᠢ ᠵᠢᠯᠣᠭᠤᠳᠤᠨ᠎ᠠ︔ ᠣᠷᠣᠨ ᠨᠤᠲᠤᠭ ᠤᠨ ᠬᠠᠤᠯᠢ ᠶᠢᠨ | ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠴᠢᠬᠤᠯᠠ ᠶᠡᠭᠡ ᠮᠥᠩᠭᠦᠨ ᠭᠦᠢᠯᠭᠡᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠵᠣᠬᠢᠴᠠᠭᠤᠯᠤᠨ ᠬᠠᠮᠵᠢᠯᠴᠠᠵᠤ ᠪᠠᠶᠢᠭᠠᠳ ᠡᠯ᠎ᠡ ᠲᠦᠷᠦᠯ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠢᠨᠠᠵᠤ ᠬᠠᠮᠢᠶᠠᠷᠤᠨ᠎ᠠ︔ ᠬᠤᠰᠢᠭᠤᠨ ᠳᠤ ᠰᠠᠭᠤᠭ᠎ᠠ ᠮᠥᠩᠭᠦᠨ ᠬᠦᠢᠯᠬᠡᠬᠡᠨ ᠤ | ᠪᠠᠶᠢᠭᠤᠯᠤᠮᠵᠢ ᠶᠢ ᠵᠣᠬᠢᠴᠠᠭᠤᠯᠤᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦᠯᠵᠦ᠂ ᠮᠥᠩᠭᠦᠨ | ᠬᠦᠢᠯᠬᠡᠬᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠮᠵᠢ ᠶᠢ ᠴᠢᠩᠭᠠᠳᠬᠠᠨ᠂ ᠮᠥᠩᠭᠦᠨ | ᠬᠦᠢᠯᠬᠡᠬᠡᠨ ᠤ ᠠᠮᠢ ᠠᠬᠤᠶ ᠶᠢᠨ ᠣᠷᠴᠢᠨ ᠲᠣᠭᠤᠷᠢᠨ ᠢ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ | ᠳᠡᠯᠭᠡᠭᠦᠷ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠠᠷᠭ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠢ | ᠵᠣᠬᠢᠴᠠᠭᠤᠯᠵᠤ ᠪᠠᠶᠢᠭᠠᠳ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠠ ᠡᠯᠭᠦᠬᠦ ᠠᠵᠢᠯ ᠢ | ᠳᠥᠯᠭᠢᠨ ᠠᠬᠢᠭᠤᠯᠤᠨ᠎ᠠ︔ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠰᠢᠭᠤᠳ ᠪᠠᠯᠠ ᠲᠣᠬᠢᠷᠠᠭᠤᠯᠬᠤ ᠶᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠵᠣᠬᠢᠴᠠᠭᠤᠯᠤᠨ ᠬᠠᠮᠵᠢᠯᠴᠠᠵᠤ ᠪᠠᠶᠢᠭᠠᠳ ᠣᠷᠣᠨ ᠨᠤᠲᠤᠭ ᠤᠨ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠰᠡᠷᠬᠡᠶᠢᠯᠡᠵᠦ᠂ ᠠᠷᠢᠯᠭᠠᠨ᠂ ᠰᠢᠢᠳᠪᠦᠷᠢᠯᠡᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ | ᠵᠣᠬᠢᠴᠠᠭᠤᠯᠵᠤ ᠪᠠᠶᠢᠭᠠᠳ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠶᠢ ᠰᠡᠷᠭᠡᠶᠢᠯᠡᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠰᠠᠶᠢᠲᠤᠷ ᠬᠢᠨ᠎ᠡ᠃ ᠪᠥᠬᠦ | ᠬᠤᠰᠢᠭᠤᠨ ᠤ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ᠂ ᠪᠠᠭ᠎ᠠ ᠲᠣᠭᠠᠨ ᠤ ᠵᠢᠭᠡᠯᠡᠯᠭᠡ ᠶᠢᠨ | ᠺᠣᠮᠫᠠᠨᠢ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃ | ︵ᠠᠷᠪᠠ︶ ᠬᠤᠰᠢᠭᠤᠨ ᠤ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠪᠠᠯᠠ ᠭᠠᠷᠭᠠᠭᠴᠢ ᠶᠢᠨ | ᠡᠭᠦᠷᠭᠡ ᠬᠠᠷᠢᠭᠤᠴᠠᠯᠭ᠎ᠠ ᠶᠢ ᠬᠦᠢᠴᠡᠳᠬᠡᠵᠦ᠂ ᠬᠤᠰᠢᠭᠤᠨ ᠤ ᠲᠣᠰ ᠱᠠᠲᠤᠨ ᠤ ᠠᠵᠤ ᠠᠬᠤᠶᠢᠯᠠᠯ ︵ᠮᠥᠩᠭᠦᠨ | ᠬᠦᠢᠯᠬᠡᠬᠡᠨ ᠤ ᠲᠥᠷᠥᠯ ᠤᠨ ᠠᠵᠤ ᠠᠬᠤᠶᠢᠯᠠᠯ ᠪᠠᠭᠲᠠᠬᠤ ᠥᠬᠡᠶ︶ ᠤᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ | ᠥᠷᠲᠡᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ | ᠬᠤᠪᠢᠶᠠᠷᠢᠯᠠᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠤᠳᠤᠯᠭ᠎ᠠ ᠶᠢ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ | ᠲᠠᠬᠢᠨ ᠵᠣᠬᠢᠶᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶ ᠶᠢᠨ | ᠪᠠᠶᠢᠷᠢᠰᠢᠯ ᠪᠠ ᠪᠦᠲᠦᠴᠡ ᠶᠢᠨ ᠲᠤᠬᠢᠷᠠᠭᠤᠯᠤᠯᠳᠡ ᠶᠢ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ | ᠥᠮᠴᠢᠯᠡᠯᠳᠤ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠠᠵᠢᠯ ᠢ ᠵᠣᠬᠢᠶᠠᠨ ᠪᠠᠶᠢᠭᠤᠯᠬᠤ | ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠠᠷᠪᠠᠨ ᠨᠢᠭᠡ︶ ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ ᠡᠯ᠎ᠡ | ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ ᠤᠨ | ᠰᠠᠯᠭᠠᠨ ᠥᠭᠬᠦ ᠵᠣᠭᠤᠰ ᠢ ᠬᠠᠷᠢᠭᠤᠴᠠᠨ ᠬᠦᠢᠴᠡᠳᠬᠡᠵᠦ᠂ ᠪᠥᠬᠦ ᠬᠤᠰᠢᠭᠤᠨ ᠤ ᠦᠨᠳᠦᠰᠦᠨ ᠪᠥᠲᠥᠭᠡᠨ | ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ | ᠣᠷᠣᠯᠴᠠᠵᠤ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠲᠦᠷᠢᠮ ᠢ | ᠲᠤᠭᠤᠰᠢᠯᠠᠭᠤᠯᠤᠨ᠎ᠠ᠃ ᠡᠳ᠋ ᠤᠨ ᠵᠠᠰᠠᠭ ᠤᠨ ᠪᠠᠯᠠ ᠮᠥᠩᠭᠦ ᠵᠢᠴᠢ ᠪᠠᠯᠠ ᠣᠷᠣᠭᠤᠯᠤᠯᠲᠠ ᠶᠢᠨ ᠲᠥᠷᠥᠯ ᠵᠦᠢᠯ ᠢ | ᠲᠤᠰᠬᠠᠶ ᠬᠠᠷᠭᠤᠭᠤᠯᠤᠨ ᠪᠠᠶᠢᠴᠠᠭᠠᠬᠤ᠂ ᠬᠢᠨᠠᠨ ᠲᠣᠭᠲᠠᠭᠠᠬᠤ ᠵᠢᠴᠢ ᠬᠢᠨᠠᠯᠲᠠ ᠲᠠᠯᠪᠢᠵᠤ ᠬᠠᠮᠢᠶᠠᠷᠬᠤ ᠶᠢ | ᠬᠠᠷᠢᠭᠤᠴᠠᠨ᠎ᠠ︔ ᠪᠥᠬᠦ ᠬᠤᠰᠢᠭᠤᠨ ᠤ ᠬᠡᠪᠴᠢᠶᠡᠨ ᠳᠠᠬᠢ ᠡᠳ᠋ ᠤᠨ ᠵᠠᠰᠠᠭ ᠤᠨ ᠪᠠᠯᠠ ᠣᠷᠣᠭᠤᠯᠤᠯᠲᠠ ᠶᠢᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠤᠨ ᠬᠦᠢᠴᠡᠳᠬᠡᠯ ᠢ ᠬᠢᠨᠠᠨ ᠪᠠᠶᠢᠴᠠᠭᠠᠨ᠎ᠠ᠃ | ︵ᠠᠷᠪᠠᠨ ᠬᠤᠶᠠᠷ︶ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠠᠵᠢᠯ ᠢ ᠬᠠᠷᠢᠭᠤᠴᠠᠨ ᠬᠠᠮᠢᠶᠠᠷᠬᠤ ᠪᠠ | ᠵᠢᠯᠣᠭᠤᠳᠴᠤ᠂ ᠨᠢᠭᠲᠠᠯᠠᠨ ᠪᠤᠳᠤᠭᠴᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠲᠦᠷᠢᠮᠵᠢᠬᠦᠯᠦᠨ᠎ᠡ᠃ ᠪᠥᠬᠦ | ᠬᠤᠰᠢᠭᠤᠨ ᠤ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠪᠠ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ | ᠭᠠᠵᠠᠷ ᠤᠨ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠤᠳᠤᠯᠲᠠ ᠶᠢ | ᠵᠢᠯᠣᠭᠤᠳᠬᠤ ᠪᠠ ᠬᠠᠮᠢᠶᠠᠷᠤᠨ᠎ᠠ᠃ ᠡᠳ᠋ ᠬᠥᠷᠥᠩᠭᠡ ᠶᠢ ᠦᠨᠡᠯᠡᠨ ᠵᠢᠱᠢᠬᠦ ᠬᠤᠯᠪᠣᠭᠳᠠᠯ ᠪᠥᠬᠦᠶ ᠠᠵᠢᠯ ᠢ ᠬᠠᠤᠯᠢ | ᠶᠣᠰᠣᠭᠠᠷ ᠬᠠᠮᠢᠶᠠᠷᠤᠨ᠎ᠠ᠃ ︵ᠠᠷᠪᠠᠨ ᠭᠤᠷᠪᠠ︶ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ | ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ | ᠠᠰᠠᠭᠤᠳᠠᠯ ᠢ ᠲᠤᠰᠬᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠶᠢᠨ ᠬᠢᠵᠠᠭᠠᠷᠯᠠᠯ ᠢ ᠬᠢᠨᠠᠨ | ᠵᠢᠯᠣᠭᠤᠳᠬᠤ ᠪᠠ ᠲᠦᠷᠢᠮᠵᠢᠬᠦᠯᠵᠦ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ | ᠪᠤᠳᠤᠯᠭ᠎ᠠ ᠪᠠ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ | ︵ᠠᠷᠪᠠᠨ ᠳᠥᠷᠪᠡ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |