ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2022/4/23
ᠭᠤᠣᠯ ᠡᠭᠦᠷᠭᠡ ᠬᠠᠷᠢᠭᠤᠴᠠᠯᠭ᠎ᠠ᠄ ︵ᠨᠢᠭᠡ︶ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠵᠣᠬᠢᠴᠠᠭᠤᠯᠤᠨ ᠪᠥᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ︵ᠬᠤᠶᠠᠷ︶ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠰᠢᠭᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠢ ᠡᠭᠦᠷᠭᠡᠯᠡᠵᠦ᠂ ᠴᠢᠩᠭ᠎ᠠ ᠲᠦᠷᠢᠮᠵᠢᠬᠦᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠷᠭᠤ ᠬᠦᠯᠢᠶᠡᠬᠦ ᠬᠡᠷᠡᠭ ᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ︵ᠲᠦᠷᠪᠡ︶ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠥᠬᠦ ᠬᠤᠰᠢᠭᠤᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠷᠠᠳ ᠲᠦᠮᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠳᠤ ᠣᠷᠣᠯᠴᠠᠬᠤ ᠪᠠ ᠲᠡᠭᠦᠨ ᠢ ᠠᠬᠢᠭᠤᠯᠬᠤ ᠶᠢ ᠠᠬᠢᠭᠤᠯᠤᠨ᠎ᠠ᠃ ᠪᠥᠬᠦ ᠬᠤᠰᠢᠭᠤᠨ ᠤ ᠬᠠᠤᠯᠢ ᠶᠣᠰᠣᠭᠠᠷ ᠵᠠᠰᠠᠬᠤ ᠪᠠ ᠬᠠᠤᠯᠢ ᠪᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ᠂ ᠠᠷᠠᠳ ᠤᠨ ᠬᠢᠨᠠᠯᠲᠠ ᠲᠠᠯᠪᠢᠭᠴᠢ ᠶᠢ ᠰᠣᠩᠭᠤᠨ ᠲᠣᠮᠢᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠴᠤ᠂ ᠬᠠᠤᠯᠢ ᠴᠠᠭᠠᠵᠠ ᠶᠢᠨ ᠭᠠᠵᠠᠷ ᠤᠨ ᠪᠠᠶᠢᠭᠤᠯᠤᠯᠲᠠ ᠶᠢ ᠬᠠᠮᠢᠶᠠᠷᠤᠨ ᠠᠬᠢᠭᠤᠯᠤᠨ᠎ᠠ᠃ ︵ᠲᠠᠪᠤ︶ ᠪᠥᠬᠦ ᠬᠤᠰᠢᠭᠤᠨ ᠤ ᠨᠡᠶᠢᠭᠡᠮ ᠲᠣᠭᠤᠷᠢᠭ ᠤᠨ ᠵᠠᠰᠠᠨ ᠵᠠᠯᠠᠷᠠᠭᠤᠯᠬᠤ ᠠᠵᠢᠯ ᠢ ᠵᠢᠯᠣᠭᠤᠳᠬᠤ ᠪᠠ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ ᠢ ᠬᠠᠪᠰᠤᠷᠤᠨ ᠬᠥᠮᠦᠵᠢᠭᠦᠯᠵᠦ ᠲᠥᠪᠬᠢᠨᠡᠭᠦᠯᠬᠦ ᠠᠵᠢᠯ ᠢ ᠵᠢᠯᠣᠭᠤᠳᠤᠨ᠎ᠠ᠃ ︵ᠵᠢᠷᠭᠤᠭ᠎ᠠ︶ ᠪᠥᠬᠦ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠶᠢ ᠬᠠᠷᠢᠭᠤᠴᠠᠵᠤ ᠂ ᠬᠤᠰᠢᠭᠤ ᠰᠢᠶᠠᠨ᠂ ᠰᠢᠶᠠᠩ ᠪᠠᠯᠭᠠᠰᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠪᠠ ᠪᠠᠶᠢᠷᠢᠯᠠᠭᠤᠯᠤᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠥᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ᠂ ᠬᠥᠨᠳᠡᠯᠡᠨ ᠠᠴᠠ ᠲᠠᠰᠤᠯᠬᠤ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠲᠤᠰᠬᠠᠶ ᠮᠡᠷᠭᠡᠵᠢᠯᠲᠡᠨ ᠤ ᠬᠥᠮᠥᠷᠭᠡ᠂ ᠬᠤᠰᠢᠭᠤᠨ ᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠣᠩᠭᠤᠨ ᠤᠷᠢᠬᠤ᠂ ᠵᠣᠬᠢᠶᠠᠨ ᠪᠠᠶᠢᠭᠤᠯᠬᠤ ᠪᠠ ᠬᠠᠮᠢᠶᠠᠷᠬᠤ ᠠᠵᠢᠯ ᠢ ᠡᠭᠦᠷᠭᠡᠯᠡᠨ᠎ᠡ᠃ ︵ᠳᠣᠯᠤᠭ᠎ᠠ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠪᠴᠠᠰᠤ ᠬᠤᠨᠠᠷ ᠪᠠ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ᠂ ᠪᠡᠯᠡᠳᠬᠡᠮᠵᠢ᠂ ᠲᠠᠯᠠᠪᠤᠷ ᠭᠠᠵᠠᠷ ᠵᠡᠷᠭᠡ ᠪᠠᠲᠤᠯᠠᠭ᠎ᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ︵ᠨᠠᠢᠮᠠ︶ ᠪᠥᠬᠦ ᠬᠤᠰᠢᠭᠤᠨ ᠤ ᠬᠠᠤᠯᠢ ᠪᠠᠷ ᠵᠠᠰᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠠᠵᠢᠯ ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠴᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ︵ᠶᠢᠰᠦ︶ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠵᠢᠯᠲᠠ ᠶᠢᠨ ᠠᠵᠢᠯ ᠢ ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃ ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号