ᠭᠤᠣᠯ ᠡᠭᠦᠷᠭᠡ ᠬᠠᠷᠢᠭᠤᠴᠠᠯᠭ᠎ᠠ | ︵1︶ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠤᠩᠬᠡᠢ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢᠨ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ | ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠤᠩᠬᠡᠢ ᠬᠠᠤᠯᠢ ᠬᠡᠷᠡᠭᠵᠢᠭᠦᠯᠦᠯᠲᠡ ᠵᠢᠴᠢ ᠮᠥᠷᠳᠡᠨ ᠪᠠᠶᠢᠴᠠᠭᠠᠵᠤ ᠬᠡᠷᠡᠭ ᠰᠢᠢᠳᠪᠤᠷᠢᠯᠡᠬᠦ | ᠲᠦᠷᠢᠮ ᠠᠷᠭ᠎ᠠ ᠠᠪᠴᠠᠯ ᠢ ᠪᠠᠶᠢᠭᠤᠯᠤᠨ ᠲᠡᠬᠦᠯᠳᠡᠷᠵᠢᠬᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠵᠥᠪᠰᠢᠶᠡᠷᠡᠨ ᠤᠷᠤᠭᠤᠯᠬᠤ᠂ ᠤᠶᠢᠯᠡᠳᠪᠤᠷᠢᠯᠡᠬᠦ᠂ ᠡᠵᠡᠩᠨᠡᠬᠦ᠂ | ᠠᠷᠠᠯᠵᠢᠶᠠᠯᠠᠬᠤ ᠳᠤᠮᠳᠠᠬᠢ ᠬᠠᠮᠢᠶ᠎ᠠ ᠪᠥᠬᠦᠶ ᠬᠠᠤᠯᠢ ᠠᠴᠠ ᠵᠥᠷᠢᠴᠡᠭᠰᠡᠨ ᠤᠶᠢᠯᠡ ᠠᠵᠢᠯᠯᠠᠭ᠎ᠠ ᠪᠠ ᠬᠡᠷᠡᠭ ᠢ | ᠪᠠᠶᠢᠴᠠᠭᠠᠨ ᠰᠢᠢᠳᠪᠤᠷᠢᠯᠡᠬᠦ ᠠᠵᠢᠯ ᠢ ᠪᠠᠶᠢᠴᠠᠭᠠᠨ ᠰᠢᠢᠳᠪᠤᠷᠢᠯᠡᠨ᠎ᠡ︔ ᠱᠠᠯᠠᠪᠳᠠᠭᠤᠯᠤᠨ ᠪᠠᠶᠢᠴᠠᠭᠠᠵᠤ | ᠱᠠᠯᠠᠪᠳᠠᠭᠤᠯᠤᠨ ᠰᠢᠢᠳᠪᠤᠷᠢᠯᠡᠵᠤ᠂ ᠨᠥᠯᠥᠭᠡ ᠪᠠᠷ ᠨᠡᠯᠢᠶᠡᠳ ᠶᠡᠭᠡ ᠪᠠ ᠣᠷᠣᠨ ᠪᠦᠰᠡ ᠠᠯᠤᠰᠯᠠᠭᠰᠠᠨ ᠲᠣᠮᠣ ᠬᠡᠷᠡᠭ | ᠴᠢᠬᠤᠯᠠ ᠬᠡᠷᠡᠭ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠤᠷᠢᠯᠡᠨ᠎ᠡ᠃ | ︵2︶ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶ᠎ᠠ ᠪᠥᠬᠦᠶ ᠠᠵᠢᠯ ᠢ | ᠬᠠᠮᠲᠤᠷᠠᠨ ᠥᠷᠨᠢᠭᠦᠯᠬᠦ ᠶᠢ ᠬᠠᠷᠢᠭᠤᠴᠠᠨ᠎ᠠ᠃ | ︵3︶ ᠢᠳᠡᠭᠡᠨ ᠤ ᠤᠶᠢᠯᠡᠳᠪᠤᠷᠢᠯᠠᠯ᠂ ᠭᠦᠢᠯᠭᠡᠭᠡᠨ ᠤ ᠭᠤᠭᠴᠤᠭ᠎ᠠ ᠪᠠ ᠢᠳᠡᠭᠡᠨ ᠤᠮᠳᠠᠭᠠᠨ ᠤ ᠠᠵᠤ | ᠠᠬᠤᠶᠢᠯᠠᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠶᠢ | ᠬᠠᠷᠢᠭᠤᠴᠠᠵᠤ᠂ ᠡᠭᠦᠨ ᠯᠦᠭᠡ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ | ᠠᠯᠪᠠᠳᠠᠯᠭ᠎ᠠ ᠶᠢᠨ ᠡᠷᠬᠡ ᠶᠢ ᠬᠡᠷᠡᠭᠵᠢᠭᠦᠯᠦᠨ᠎ᠡ᠃ | ︵4︶ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ᠂ ᠭᠤᠶᠣᠯᠠᠯ ᠤᠨ ᠡᠳ᠋᠂ ᠡᠷᠡᠭᠦᠯᠵᠢᠯ ᠤᠨ ᠢᠳᠡᠭᠡᠨ᠂ | ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠳᠤ ᠨᠠᠶᠢᠷᠠᠯᠭ᠎ᠠ ᠲᠠᠢ ᠢᠳᠡᠭᠡᠨ᠂ ᠨᠢᠯᠬ᠎ᠠ ᠬᠡᠤᠬᠡᠳ ᠲᠤ ᠵᠤᠷᠢᠭᠤᠯᠤᠭᠰᠠᠨ | ᠨᠠᠶᠢᠷᠠᠯᠭ᠎ᠠ ᠲᠠᠢ ᠢᠳᠡᠭᠡᠨ᠂ ᠢᠳᠡᠰᠢᠨ ᠤ ᠳᠠᠪᠤᠰᠤᠨ ᠤ ᠶᠠᠰᠤ ᠴᠢᠨᠠᠷ ᠤᠨ ᠬᠠᠤᠯᠢ ᠠᠴᠠ ᠵᠥᠷᠢᠴᠡᠭᠰᠡᠨ ᠤᠶᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠵᠤ᠂ ᠡᠭᠦᠨ ᠯᠦᠭᠡ ᠬᠤᠯᠪᠣᠭᠳᠠᠬᠤ | ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠡᠷᠡᠭᠵᠢᠭᠦᠯᠦᠨ᠎ᠡ᠃ | ︵5︶ ᠪᠦᠳᠤᠭᠡᠭᠳᠡᠬᠦᠨ ᠤ ᠶᠠᠰᠤ ᠴᠢᠨᠠᠷ᠂ ᠬᠡᠮᠵᠢᠯᠲᠡ᠂ ᠪᠠᠷᠢᠮᠵᠢᠶᠠᠵᠢᠭᠤᠯᠤᠯᠲᠠ ᠪᠠ ᠣᠨᠴᠠ ᠲᠥᠷᠥᠯ ᠤᠨ ᠲᠣᠨᠤᠭ | ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠯᠪᠣᠭᠳᠠᠬᠤ ᠬᠠᠤᠯᠢ ᠪᠤᠰᠤ ᠤᠶᠢᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠵᠤ᠂ ᠡᠭᠦᠨ ᠯᠦᠭᠡ ᠬᠤᠯᠪᠣᠭᠳᠠᠬᠤ ᠵᠠᠰᠠᠭ ᠵᠠᠬᠢᠷᠭᠠᠨ ᠤ | ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠡᠷᠡᠭᠵᠢᠭᠦᠯᠦᠨ᠎ᠡ᠃ | ︵6︶ ᠦᠨ᠎ᠡ ᠬᠠᠩᠰᠢ ᠶᠢᠨ ᠰᠦᠢᠳᠭᠡᠯ ᠬᠤᠷᠢᠶᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠵᠦᠶ ᠪᠤᠰᠤ ᠪᠠᠷ | ᠥᠷᠢᠰᠦᠯᠳᠦᠬᠦ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠬᠤᠳᠠᠯ | ᠬᠠᠭᠤᠷᠮᠠᠭ ᠢᠶᠠᠷ ᠤᠬᠠᠭᠤᠯᠬᠤ᠂ ᠲᠠᠸᠠᠷ ᠤᠨ ᠲᠡᠮᠳᠡᠭᠳᠤ ᠶᠢᠨ ᠲᠤᠰᠬᠠᠶ ᠠᠰᠢᠭ ᠤᠨ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠮᠠᠭᠤ ᠲᠠᠸᠠᠷ ᠤᠶᠢᠯᠡᠳᠴᠤ ᠪᠤᠷᠤᠯᠠᠭᠤᠯᠤᠭᠰᠠᠨ ᠤᠶᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠶᠢ ᠬᠠᠷᠢᠭᠤᠴᠠᠵᠤ᠂ ᠡᠭᠦᠨ ᠯᠦᠭᠡ ᠬᠤᠯᠪᠣᠭᠳᠠᠬᠤ | ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠡᠷᠡᠭᠵᠢᠭᠦᠯᠦᠨ᠎ᠡ᠃ | ︵7︶ ᠣᠯᠠᠨ ᠲᠦᠮᠡᠨ ᠤ ᠢᠳᠡᠭᠡᠨ᠂ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ᠂ ᠭᠤᠶᠣᠯᠠᠯ ᠤᠨ ᠡᠳ᠋ | ᠂ ᠡᠷᠡᠭᠦᠯᠵᠢᠯ ᠤᠨ ᠢᠳᠡᠭᠡᠨ᠂ ᠢᠳᠡᠰᠢᠨ ᠤ ᠳᠠᠪᠤᠰᠤ᠂ ᠪᠦᠲᠦᠭᠡᠭᠳᠡᠬᠦᠨ ᠤ ᠶᠠᠰᠤ ᠴᠢᠨᠠᠷ᠂ ᠬᠡᠮᠵᠢᠯᠲᠡ᠂ | ᠪᠠᠷᠢᠮᠵᠢᠶᠠᠵᠢᠭᠤᠯᠤᠯᠲᠠ᠂ ᠡᠷᠬᠡ ᠳᠤ ᠬᠠᠯᠳᠠᠵᠤ ᠬᠠᠭᠤᠷᠮᠠᠭᠯᠠᠬᠤ᠂ ᠦᠨ᠎ᠡ ᠬᠠᠩᠰᠢ ᠳᠤ ᠬᠢᠨᠠᠯᠲᠠ ᠲᠠᠯᠪᠢᠬᠤ ᠪᠠ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠯᠪᠣᠭᠳᠠᠭᠰᠠᠨ ᠭᠤᠮᠣᠳᠠᠯ | ᠲᠣᠭᠠᠴᠢᠯᠲᠠ᠂ ᠵᠠᠭᠠᠯᠳᠤᠯᠭ᠎ᠠ ᠵᠢᠴᠢ ᠢᠯᠡᠴᠢᠯᠡᠨ ᠮᠡᠳᠡᠭᠦᠯᠦᠯᠲᠡ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠤᠷᠢᠯᠡᠬᠦ ᠶᠢ ᠬᠠᠷᠢᠭᠤᠴᠠᠵᠤ᠂ ᠡᠭᠦᠨ ᠯᠦᠭᠡ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ | ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠡᠷᠡᠭᠵᠢᠭᠦᠯᠦᠨ᠎ᠡ᠃ | ︵8︶ ᠭᠠᠳᠠᠨ᠎ᠠ ᠲᠤᠳᠤᠨᠠᠬᠢ ᠬᠥᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭ᠎ᠠ᠂ ᠬᠤᠳᠠᠯᠳᠤᠭᠠᠨ ᠤ ᠣᠨᠴᠠ | ᠵᠥᠪᠰᠢᠶᠡᠷᠡᠯ ᠲᠠᠢ ᠡᠵᠡᠩᠨᠡᠯᠲᠡ᠂ ᠭᠠᠳᠠᠭᠠᠳᠤ ᠳᠤ ᠲᠠᠭᠠᠭᠠᠴᠢᠯᠠᠭᠰᠠᠨ ᠢᠨᠵᠧᠨᠧᠷᠢᠩ ᠤᠨ ᠬᠠᠮᠢᠶᠠᠷᠤᠯᠳᠠ᠂ | ᠳᠠᠨᠵᠢᠯᠠᠬᠤ ᠬᠠᠮᠢᠶᠠᠷᠤᠯᠲᠠ᠂ ᠮᠠᠰᠢᠨ ᠲᠡᠷᠭᠡᠨ ᠤ ᠪᠣᠷᠣᠯᠠᠭᠤᠯᠭ᠎ᠠ ᠶᠢᠨ ᠬᠠᠮᠢᠶᠠᠷᠤᠯᠲᠠ᠂ ᠪᠣᠯᠪᠠᠰᠤᠷᠠᠭᠤᠯᠤᠭᠰᠠᠨ | ᠲᠣᠰᠣᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠬᠡᠷ ᠤᠨ ᠴᠠᠬᠢᠯᠭᠠᠨ ᠬᠡᠷᠡᠭᠰᠡᠯ ᠢ ᠰᠡᠯᠪᠢᠨ ᠵᠠᠰᠠᠬᠤ | ᠤᠶᠢᠯᠡᠴᠢᠯᠡᠭᠡᠨ ᠤ ᠤᠶᠢᠯᠡᠰ ᠤᠨ ᠬᠠᠮᠢᠶᠠᠷᠤᠯᠲᠠ᠂ ᠬᠠᠭᠤᠴᠢᠨ ᠴᠠᠬᠢᠯᠭᠠᠨ ᠬᠡᠷᠡᠭᠰᠡᠯ ᠡᠯᠧᠺᠳ᠋ᠷᠣᠨ ᠪᠦᠳᠦᠭᠡᠭᠳᠡᠬᠦᠨ ᠤ | ᠭᠦᠢᠯᠭᠡᠭᠡᠨ ᠤ ᠬᠠᠮᠢᠶᠠᠷᠤᠯᠲᠠ᠂ ᠲᠠᠬᠢᠨ ᠠᠰᠢᠭᠯᠠᠵᠤ ᠪᠤᠯᠬᠤ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠠᠮᠢᠶᠠᠷᠤᠯᠲᠠ | ᠂ ᠤᠬᠢᠶᠠᠵᠤ ᠪᠤᠳᠤᠬᠤ ᠤᠶᠢᠯᠡᠰ ᠤᠨ ᠬᠠᠮᠢᠶᠠᠷᠤᠯᠲᠠ᠂ ᠲᠠᠩ ᠬᠡᠷᠡᠭᠴᠡᠭᠡᠲᠦ ᠬᠤᠳᠠᠯᠳᠤᠭᠠᠨ ᠤ ᠤᠷᠢᠳᠴᠢᠯᠠᠨ ᠥᠭᠬᠦ | ᠺᠠᠷᠲ ᠤᠨ ᠬᠠᠮᠢᠶᠠᠷᠤᠯᠲᠠ᠂ ᠢᠳᠡᠭᠡᠨ ᠤᠮᠳᠠᠭᠠᠨ ᠤ ᠤᠶᠢᠯᠡᠰ ᠤᠨ ᠡᠵᠡᠩᠨᠡᠯᠲᠡ ᠬᠠᠮᠢᠶᠠᠷᠤᠯᠲᠠ᠂ ᠵᠢᠰᠦ ᠭᠤᠶᠣᠯᠠᠵᠤ | ᠦᠰᠦ ᠵᠠᠰᠠᠬᠤ ᠤᠶᠢᠯᠡᠰ ᠤᠨ ᠬᠠᠮᠢᠶᠠᠷᠤᠯᠲᠠ᠂ ᠬᠡᠷ ᠪᠦᠯᠢ ᠶᠢᠨ ᠤᠶᠢᠯᠡᠴᠢᠯᠡᠭᠡᠨ ᠤ ᠤᠶᠢᠯᠡᠰ ᠤᠨ ᠬᠠᠮᠢᠶᠠᠷᠤᠯᠲᠠ | ᠵᠡᠷᠭᠡ ᠵᠠᠰᠠᠭ ᠵᠠᠬᠢᠷᠭᠠᠨ ᠤ ᠰᠢᠳᠬᠡᠯ ᠤᠨ ᠡᠷᠬᠡ ᠵᠢᠴᠢ ᠡᠭᠦᠨ ᠯᠦᠭᠡ ᠬᠤᠯᠪᠣᠭᠳᠠᠬᠤ ᠵᠠᠰᠠᠭ ᠵᠠᠬᠢᠷᠭᠠᠨ ᠤ | ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ ᠬᠠᠷᠢᠭᠤᠴᠠᠨ ᠬᠡᠷᠡᠭᠵᠢᠬᠦᠯᠤᠨ᠎ᠠ᠃ | ︵9︶ ᠠᠮᠤ ᠪᠤᠳᠠᠭᠠᠨ ᠤ ᠭᠦᠢᠯᠭᠡᠭᠡᠨ ᠤ ᠬᠦᠷᠢᠶ᠎ᠡ ᠵᠡᠷᠭᠡ ᠵᠠᠰᠠᠭ ᠵᠠᠬᠢᠷᠭᠠᠨ ᠤ ᠰᠢᠳᠭᠡᠯ ᠤᠨ ᠡᠷᠬᠡ ᠵᠢᠴᠢ | ᠡᠭᠦᠨ ᠲᠠᠢ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠡᠷᠬᠡ ᠶᠢ | ᠬᠠᠷᠢᠭᠤᠴᠠᠨ ᠬᠡᠷᠡᠭᠵᠢᠭᠦᠯᠦᠨ᠎ᠡ᠃ | ︵10︶ ᠵᠠᠬ᠎ᠠ ᠳᠡᠯᠭᠡᠭᠦᠷ ᠤᠨ ᠲᠤᠰᠬᠠᠢ ᠵᠠᠰᠠᠯᠳᠠ ᠪᠠ ᠨᠡᠶᠢᠭᠡᠮ ᠤᠨ ᠶᠡᠷᠤᠩᠬᠡᠢ ᠵᠠᠰᠠᠯᠳᠠ ᠵᠡᠷᠭᠡ ᠬᠠᠮᠢᠶ᠎ᠠ ᠪᠦᠬᠦᠢ | ᠠᠵᠢᠯ ᠢ ᠡᠭᠦᠷᠭᠡᠯᠡᠨ᠎ᠡ᠃ | ︵11︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | |