ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2022/4/23
ᠬᠤᠰᠢᠭᠤᠨ ᠤ ᠬᠥᠮᠦᠨ ᠤ ᠬᠦᠴᠦᠨ ᠤ ᠭᠤᠤᠯ ᠡᠭᠦᠷᠭᠡ ᠬᠠᠷᠢᠭᠤᠴᠠᠯᠭ᠎ᠠ ᠪᠣᠯ᠄ ︵ᠨᠢᠭᠡ︶ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠠᠪᠤᠴᠠ ᠳᠤ ᠨᠠᠮ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠠᠵᠢᠯ ᠳᠠᠬᠢ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ︵ᠭᠤᠷᠪᠠ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠴᠢᠳᠠᠪᠤᠷᠢᠲᠠᠨ ᠢ ᠬᠥᠮᠦᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠤᠨ ᠵᠤᠷᠢᠬᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠤᠯᠭᠠᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ᠂ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠦᠮᠤᠨ ᠤ ᠬᠦᠴᠤᠨ ᠤ ᠡᠬᠢ ᠪᠠᠶᠠᠯᠢᠭ ᠢ ᠵᠦᠢ ᠵᠤᠬᠢᠰᠳᠠᠢ ᠪᠠᠷ ᠰᠢᠯᠵᠢᠬᠦᠯᠤᠨ᠂ ᠪᠦᠳᠤᠮᠵᠢᠳᠠᠢ ᠲᠤᠬᠢᠷᠠᠭᠤᠯᠬᠤ ᠶᠢ ᠠᠬᠢᠭᠤᠯᠤᠨ᠎ᠠ᠃ ︵ᠲᠥᠷᠪᠡ︶ ᠬᠤᠳᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠲᠦᠷᠢᠮ ᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠠᠵᠢᠯ ᠣᠯᠭᠤᠬᠤ ᠲᠤᠬᠠᠢ ᠵᠢᠯᠣᠭᠤᠳᠣᠯᠭ᠎ᠠ ᠤᠶᠢᠯᠡᠴᠢᠯᠡᠭᠡᠨ ᠤ ᠠᠵᠢᠯ ᠢ ᠥᠷᠨᠢᠭᠦᠯᠦᠨ᠎ᠡ᠃ ︵ᠲᠠᠪᠤ︶ ᠬᠤᠲᠠ ᠬᠥᠳᠡᠭᠡ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠥᠷᠢ ᠳᠠᠭᠠᠳᠬᠠᠯ ᠤᠨ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠠᠰᠠᠷᠠᠮᠵᠢ ᠂ ᠠᠵᠢᠯ ᠠᠯᠳᠠᠯᠲᠠ᠂ ᠠᠵᠢᠯ ᠤᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠲᠡᠭᠦᠨ ᠤ ᠨᠥᠬᠦᠪᠥᠷᠢ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠶ ᠲᠠᠪᠴᠠᠩ ᠢ ᠪᠠᠶᠢᠭᠤᠯᠤᠨ᠎ᠠ᠃ ︵ᠵᠢᠷᠭᠤᠭ᠎ᠠ︶ ᠪᠥᠬᠦ ᠬᠤᠰᠢᠭᠤᠨ ᠤ ᠠᠵᠢᠯ ᠣᠯᠭᠤᠯᠲᠠ᠂ ᠠᠵᠢᠯ ᠠᠯᠳᠠᠯᠲᠠ ᠪᠠ ᠬᠠᠮᠢᠶ᠎ᠠ ᠪᠥᠬᠦᠶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠰᠤᠷᠠᠭ ᠵᠠᠩᠭᠢ ᠪᠠᠷ ᠬᠥᠲᠥᠯᠦᠨ ᠵᠢᠯᠣᠭᠤᠳᠬᠤ ᠶᠢ ᠬᠠᠷᠢᠭᠤᠴᠠᠵᠤ᠂ ᠠᠷᠭᠠᠴᠠᠭᠠᠬᠤ ᠲᠥᠰᠦᠯ ᠲᠣᠭᠲᠠᠭᠠᠵᠤ᠂ ᠤᠷᠢᠳᠴᠢᠯᠠᠨ ᠰᠡᠷᠭᠡᠶᠢᠯᠡᠬᠦ᠂ ᠳᠣᠭᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠦᠨ᠂ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠ ᠬᠠᠮᠢᠶ᠎ᠠ ᠪᠥᠬᠦᠶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠶᠡᠷᠦᠩᠬᠡᠶ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢ ᠪᠠᠲᠤᠯᠠᠨ᠎ᠠ᠃ ︵ᠳᠣᠯᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠲᠦᠷᠢᠮ ᠪᠠ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠳᠠᠨ ᠠᠵᠢᠯᠴᠢᠨ ᠤ ᠠᠵᠢᠯᠯᠠᠬᠤ ᠴᠠᠭ᠂ ᠠᠮᠠᠷᠠᠯᠲᠠ ᠪᠠ ᠠᠮᠠᠷᠠᠯᠲᠠ ᠶᠢᠨ ᠴᠢᠯᠥᠭᠡ ᠪᠠ ᠠᠮᠠᠷᠠᠯᠲᠠ ᠶᠢᠨ ᠬᠤᠭᠤᠴᠠᠭᠠᠨ ᠤ ᠲᠦᠷᠢᠮ ᠢ ᠨᠠᠶᠢᠳᠠᠪᠤᠷᠢᠵᠢᠭᠤᠯᠵᠤ᠂ ᠬᠡᠦᠬᠡᠳ ᠠᠵᠢᠯᠴᠢᠨ ᠪᠠ ᠡᠮᠡᠭᠲᠡᠶ ᠠᠵᠢᠯᠴᠢᠨ᠂ ᠨᠠᠰᠤᠨ ᠳᠤ ᠦᠯᠤ ᠬᠥᠷᠦᠭᠰᠡᠨ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠦᠭᠡᠶᠢᠰᠭᠡᠬᠦ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠦᠷᠤ ᠶᠢᠨ ᠪᠤᠳᠤᠯᠭ᠎ᠠ ᠶᠢ ᠱᠠᠯᠠᠪᠳᠠᠭᠤᠯᠤᠨ ᠨᠠᠶᠢᠳᠠᠪᠤᠷᠢᠵᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠵᠤ᠂ ᠬᠠᠤᠯᠢ ᠠᠴᠠ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠤᠷᠢᠯᠡᠬᠦ ᠠᠵᠢᠯ ᠢ ᠬᠠᠤᠯᠢ ᠶᠣᠰᠣᠭᠠᠷ ᠵᠢᠯᠣᠭᠤᠳᠤᠨ᠎ᠠ᠃ ︵ᠨᠠᠢᠮᠠ︶ ᠮᠡᠷᠭᠡᠵᠢᠯ ᠤᠨ ᠴᠣᠯᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠠᠬᠢᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ᠂ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠠᠬᠠᠯᠠᠭᠴᠢ ᠳ᠋ᠣᠺᠲ᠋ᠣᠷ ᠤᠨ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠳᠡᠭᠡᠳᠦ ᠲᠠᠰ ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ᠂ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠠᠵᠢᠯ ᠢ ᠬᠠᠷᠢᠭᠤᠴᠠᠨ᠂ ᠤᠯᠤᠰ ︵ᠬᠢᠯᠢ︶ ᠤᠨ ᠭᠠᠳᠠᠨᠠᠬᠢ ᠲᠤᠰᠬᠠᠶ ᠮᠡᠷᠭᠡᠵᠢᠯᠲᠡᠨ᠂ ᠭᠠᠳᠠᠭᠠᠳᠤ ᠳᠤ ᠰᠤᠷᠤᠯᠴᠠᠭᠰᠠᠳ ᠤᠨ ᠬᠤᠰᠢᠭᠤᠨ  ᠳᠠᠭᠠᠨ ᠢᠷᠡᠵᠤ ︵ᠬᠤᠰᠢᠭᠤᠨ ᠳᠠᠭᠠᠨ ᠪᠤᠴᠠᠵᠤ︶ ᠠᠵᠢᠯᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠲᠣᠭᠲᠠᠭᠠᠭᠰᠠᠨ ᠡᠷᠬᠡ ᠶᠢᠨ ᠬᠡᠪᠴᠢᠶ᠎ᠡ ᠶᠣᠰᠣᠭᠠᠷ ᠬᠡᠰᠡᠭ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠲᠤ ᠢᠷᠡᠵᠦ ᠠᠵᠢᠯᠯᠠᠬᠤ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠡᠯ᠎ᠡ ᠲᠦᠷᠦᠯ ᠤᠨ ᠲᠤᠰᠬᠠᠶ ᠮᠡᠷᠭᠡᠵᠢᠯ ᠤᠨ ᠬᠢᠷᠢ ᠬᠡᠮ ᠢ ᠦᠨᠡᠯᠡᠨ ᠲᠣᠭᠲᠠᠭᠠᠬᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠤᠨ᠎ᠠ᠃ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ᠂ ᠦᠨᠡᠯᠡᠬᠦ᠂ ᠬᠡᠷᠡᠭᠯᠡᠬᠦ ᠪᠠ ᠤᠷᠮᠠᠰᠢᠭᠤᠯᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠤᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠲᠦᠷᠢᠮ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠣᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ︵ᠶᠢᠰᠦ︶ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠠᠵᠢᠯ ᠤᠶᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠵᠢᠯᠣᠭᠤᠳᠴᠤ᠂ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠠᠵᠢᠯ ᠤᠶᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠢᠯᠡ ᠪᠠᠷ ᠤᠷᠢᠬᠤ᠂ ᠤᠷᠢᠨ ᠬᠡᠷᠡᠭᠯᠡᠬᠦ ᠭᠡᠷ᠎ᠡ ᠵᠡᠷᠭᠡ ᠠᠵᠢᠯᠲᠠᠨ ᠤ ᠶᠠᠪᠤᠳᠠᠯ ᠤᠨ ᠶᠡᠷᠤᠩᠬᠡᠢ ᠬᠠᠮᠢᠶᠠᠷᠤᠯᠲᠠ ᠶᠢᠨ ᠠᠵᠢᠯ ᠢ ᠲᠦᠷᠢᠮᠵᠢᠬᠦᠯᠵᠤ᠂ ᠠᠵᠢᠯ ᠤᠶᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠶᠢᠨ ᠤᠶᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ ᠲᠥᠷᠥ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ︵ᠠᠷᠪᠠ︶ ᠬᠠᠮᠢᠶ᠎ᠠ ᠪᠥᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠴᠠᠯᠢᠩ ᠤᠨ ᠬᠡᠪ ᠤᠨ ᠶᠣᠰᠣᠭᠠᠷ ᠨᠡᠮᠡᠭᠳᠡᠬᠦ ᠪᠠ ᠣᠯᠭᠤᠬᠤ ᠶᠢ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠬᠦᠯᠳᠡᠷᠵᠢᠬᠦᠯᠤᠨ᠎ᠠ᠃ ᠪᠥᠬᠦ ᠬᠤᠰᠢᠭᠤᠨ ᠤ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠠᠰᠠᠷᠠᠮᠵᠢ ᠪᠣᠯᠤᠨ ᠠᠵᠢᠯ ᠠᠴᠠ ᠪᠠᠨ ᠰᠠᠯᠵᠤ ᠠᠵᠢᠯ ᠠᠴᠠ ᠪᠠᠨ ᠲᠠᠷᠬᠠᠯᠠᠭᠳᠠᠬᠤ ᠠᠵᠢᠯ ᠢ ᠶᠡᠷᠤᠩᠬᠡᠢ ᠬᠠᠮᠢᠶᠠᠷᠤᠨ᠎ᠠ᠃ ︵ᠠᠷᠪᠠᠨ ᠨᠢᠭᠡ︶ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ︵ᠠᠷᠪᠠᠨ ᠬᠤᠶᠠᠷ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ᠡᠬᠢ ᠪᠠᠶᠠᠯᠢᠭ ᠬᠢᠭᠡᠳ ᠨᠡᠶᠢᠭᠡᠮ ᠤᠨ ᠪᠠᠳᠤᠯᠠᠭ᠎ᠠ ᠶᠢᠨ ᠲᠤᠪᠴᠢ᠊
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号