ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2022/4/23
ᠭᠤᠤᠯ ᠡᠭᠦᠷᠭᠡ ᠬᠠᠷᠢᠭᠤᠴᠠᠯᠭ᠎ᠠ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠠᠷᠠᠳ ᠤᠨ ᠶᠠᠪᠤᠳᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠤᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠬᠠᠮᠢᠶᠠᠷᠤᠨ᠎ᠠ᠃ ︵ᠬᠤᠶᠠᠷ︶ ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠤᠶᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠡᠳᠦᠷ ᠲᠤᠲᠤᠮ ᠤᠨ ᠳᠡᠩᠰᠡᠯᠡᠨ ᠬᠠᠮᠢᠶᠠᠷᠬᠤ ᠶᠢᠨ ᠬᠠᠮᠲᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠨ᠎ᠠ᠃ ︵ᠭᠤᠷᠪᠠ︶ ᠪᠥᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠬᠤ ᠶᠢᠨ ᠠᠷᠭ᠎ᠠ ᠥᠬᠡᠶ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠦᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ︵ᠲᠦᠷᠪᠡ︶ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠲᠠᠪᠤ︶ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠪᠠ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠬᠤᠪᠢᠷᠠᠭᠤᠯᠬᠤ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠭᠠᠵᠠᠷ ᠤᠨ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠵᠢᠷᠭᠤᠭ᠎ᠠ︶ ᠣᠷᠤᠭ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠣᠷᠤᠭ ᠤᠨ ᠵᠠᠩᠰᠢᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ︵ᠳᠣᠯᠤᠭ᠎ᠠ︶ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠂ ᠤᠶᠢᠯᠡᠴᠢᠯᠡᠭᠡ ᠶᠢ ᠲᠦᠷᠢᠮᠵᠢᠬᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠲᠤᠭᠤᠰᠢᠯᠠᠭᠤᠯᠵᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ︵ᠨᠠᠢᠮᠠ︶ ᠪᠥᠬᠦ ᠬᠤᠰᠢᠭᠤᠨ ᠤ ᠨᠠᠰᠤᠵᠢᠯ ᠤᠨ ᠤᠶᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠱᠠᠯᠠᠪᠳᠠᠭᠤᠯᠤᠨ ᠵᠢᠯᠣᠭᠤᠳᠴᠤ᠂ ᠬᠢᠨᠠᠯᠲᠠ ᠲᠠᠯᠪᠢᠨ ᠬᠠᠮᠢᠶᠠᠷᠴᠤ᠂ ᠨᠠᠰᠤᠵᠢᠯ ᠤᠨ ᠤᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃ ︵ᠶᠢᠰᠦ︶ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠵᠡᠮᠳᠡᠭᠴᠦᠳ ᠤᠨ ᠠᠰᠠᠷᠠᠮᠵᠢ ᠶᠢᠨ ᠲᠦᠷᠢᠮ ᠤᠨ ᠪᠠᠶᠢᠭᠤᠯᠤᠯᠲᠠ ᠪᠠ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠤᠶᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ︵ᠠᠷᠪᠠ︶ ᠬᠡᠤᠬᠡᠳ ᠤᠨ ᠠᠰᠠᠷᠠᠮᠵᠢ᠂ ᠥᠨᠥᠴᠢᠨ ᠬᠡᠤᠬᠡᠳ ᠤᠨ ᠪᠠᠲᠤᠯᠠᠭ᠎ᠠ᠂ ᠬᠡᠤᠬᠡᠳ ᠢ ᠡᠷᠭᠦᠨ ᠲᠡᠵᠢᠭᠡᠬᠦ᠂ ᠬᠡᠤᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠬᠥᠳᠡᠭᠡ ᠲᠣᠰᠬᠤᠨ ᠤ ᠬᠡᠷ ᠲᠡᠭᠡᠨ ᠦᠯᠡᠳᠡᠵᠤ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠤᠶᠢᠯᠡᠴᠢᠯᠡᠭᠡᠨ ᠤ ᠰᠢᠰᠲ᠋ᠧᠮ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠪᠠᠲᠤᠯᠠᠭ᠎ᠠ ᠶᠢᠨ ᠲᠦᠷᠢᠮ ᠢ ᠠᠬᠢᠭᠤᠯᠤᠨ᠎ᠠ᠃ ︵ᠠᠷᠪᠠᠨ ᠨᠢᠭᠡ︶ ᠨᠢᠭᠦᠯᠡᠰᠦᠩᠭᠦᠶ ᠶᠢᠨ ᠤᠶᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠨᠡᠶᠢᠭᠡᠮ ᠤᠨ ᠬᠠᠨᠳᠢᠪᠯᠠᠨ ᠲᠤᠰᠠᠯᠠᠬᠤ ᠠᠵᠢᠯ ᠢ ᠵᠢᠯᠣᠭᠤᠳᠤᠨ᠎ᠠ᠃ ︵ᠠᠷᠪᠠᠨ ᠬᠤᠶᠠᠷ︶ ᠨᠡᠶᠢᠭᠡᠮ ᠤᠨ ᠠᠵᠢᠯ᠂ ᠰᠠᠶᠢᠨ ᠳᠤᠷ᠎ᠠ ᠶᠢᠨ ᠤᠶᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠲᠤᠷᠠᠴᠤᠤᠯ ᠤᠨ ᠡᠩᠨᠡᠭᠡᠨ ᠤ ᠪᠠᠶᠢᠭᠤᠯᠤᠯᠳᠠ ᠶᠢ ᠠᠬᠢᠭᠤᠯᠤᠨ᠎ᠠ᠃ ︵ᠠᠷᠪᠠᠨ ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号