ᠪᠠᠶᠢᠭᠤᠯᠭ᠎ᠠ ᠶᠢᠨ ᠡᠬᠦᠷᠭᠡ ᠲᠤᠰᠢᠶᠠᠯ | ︵ᠨᠢᠭᠡ︶ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ | ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ | ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠣᠶ ᠰᠢᠭᠤᠶ ᠪᠠ ᠨᠤᠲᠤᠭ ᠪᠡᠯᠴᠢᠭᠡᠷ ᠵᠢᠴᠢ ᠠᠮᠢ ᠠᠬᠤᠶ ᠶᠢᠨ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠡᠷᠭᠦᠭᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠤᠢ ᠰᠢᠭᠤᠶ ᠪᠠ ᠨᠤᠲᠤᠭ ᠪᠡᠯᠴᠢᠭᠡᠷ ᠵᠢᠴᠢ ᠲᠡᠭᠦᠨ ᠤ ᠠᠮᠢ ᠠᠬᠤᠶ ᠶᠢᠨ ᠬᠠᠮᠠᠭᠠᠯᠠᠯᠲᠠ ᠶᠢᠨ ᠪᠦᠳᠦᠭᠡᠨ | ᠪᠠᠶᠢᠭᠤᠯᠤᠯᠲᠠ ᠶᠢ ᠰᠡᠷᠭᠦᠭᠡᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠂ ᠡᠯᠡᠰᠦᠨ ᠴᠥᠯ ᠪᠠ ᠡᠬᠡ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠦᠨᠡᠯᠡᠬᠦ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ | ᠪᠠᠶᠢᠭᠤᠯᠤᠯᠲᠠ ᠶᠢ ᠰᠡᠷᠭᠦᠭᠡᠬᠦ ᠪᠠ ᠣᠶᠢᠵᠢᠭᠤᠯᠵᠤ ᠡᠪᠡᠰᠦ ᠳᠠᠷᠢᠵᠤ ᠨᠣᠭᠤᠭᠠᠷᠠᠭᠤᠯᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ | ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠨ ᠰᠡᠷᠭᠦᠭᠡᠬᠦ ᠢᠨᠵᠧᠨᠧᠷᠢᠩ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠣᠶ᠂ ᠲᠠᠸᠠᠷ ᠤᠨ ᠣᠶ ᠶᠢ | ᠤᠷᠭᠤᠭᠤᠯᠤᠨ ᠡᠵᠡᠩᠨᠡᠬᠦ ᠶᠢ ᠵᠢᠯᠣᠭᠤᠳᠴᠤ᠂ ᠪᠥᠬᠦ ᠠᠷᠠᠳ ᠤᠨ ᠠᠯᠪᠠᠨ ᠵᠢᠷᠤᠮ ᠤᠨ ᠡᠪᠡᠰᠦ ᠲᠠᠷᠢᠵᠦ ᠮᠣᠳᠣ | ᠵᠠᠶᠢᠯᠠᠬᠤ᠂ ᠬᠤᠲᠠ ᠬᠥᠳᠡᠭᠡ ᠶᠢᠨ ᠨᠣᠭᠤᠭᠠᠷᠠᠭᠤᠯᠤᠯᠲᠠ ᠪᠠ ᠣᠶ ᠰᠢᠭᠤᠶᠢᠲᠤ ᠬᠤᠲᠠ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠣᠢ ᠰᠢᠭᠤᠶ ᠪᠠ ᠨᠤᠲᠤᠭ ᠪᠡᠯᠴᠢᠭᠡᠷ ᠤᠨ | ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠡᠪᠡᠳᠴᠢᠨ ᠬᠢᠵᠢᠭ ᠢ ᠪᠠᠶᠢᠴᠠᠭᠠᠬᠤ ᠠᠵᠢᠯ ᠢ ᠵᠢᠯᠣᠭᠤᠳᠤᠨ᠎ᠠ | ᠃ ᠤᠢ ᠰᠢᠭᠤᠶ ᠪᠠ ᠨᠤᠲᠤᠭ ᠪᠡᠯᠴᠢᠭᠡᠷ ᠤᠨ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠬᠠᠮᠢᠶ᠎ᠠ | ᠪᠦᠬᠦᠢ ᠠᠵᠢᠯ ᠢ ᠡᠭᠦᠷᠭᠡᠯᠡᠨ᠎ᠡ᠃ | ︵ᠭᠤᠷᠪᠠ︶ ᠣᠶ ᠰᠢᠭᠤᠶ᠂ ᠨᠤᠲᠤᠭ ᠪᠡᠯᠴᠢᠭᠡᠷ᠂ ᠨᠤᠭᠤ ᠭᠠᠵᠠᠷ ᠤᠨ ᠡᠬᠢ ᠪᠠᠶᠠᠯᠢᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠣᠶ ᠮᠤᠳᠤ ᠶᠢ ᠣᠭᠲᠣᠯᠬᠤ ᠬᠢᠵᠠᠭᠠᠷ ᠲᠤᠭ᠎ᠠ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠶᠢᠳᠤ | ᠭᠠᠵᠠᠷ ᠤᠨ ᠬᠠᠮᠢᠶᠠᠷᠤᠯᠲᠠ ᠶᠢ ᠬᠠᠷᠢᠭᠤᠴᠠᠵᠤ᠂ ᠤᠶᠢᠳᠤ ᠭᠠᠵᠠᠷ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠶᠢᠨ ᠬᠠᠮᠲᠤ ᠨᠡᠶᠢᠲᠡ ᠶᠢᠨ ᠠᠰᠠᠷᠠᠮᠵᠢ ᠶᠢᠨ ᠤᠢ ᠶᠢ ᠵᠠᠭᠠᠭᠯᠠᠨ ᠲᠣᠭᠲᠠᠭᠠᠬᠤ ᠪᠠ | ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠭᠤᠣᠯᠳᠠᠯᠭ᠎ᠠ ᠲᠠᠢ ᠤᠯᠤᠰ ᠤᠨ ᠦᠮᠴᠢᠯᠡᠯᠳᠤ | ᠤᠶᠢᠳᠤ ᠣᠷᠣᠨ ᠤ ᠤᠢ ᠰᠢᠭᠤᠶ ᠶᠢᠨ ᠡᠬᠢ ᠪᠠᠶᠠᠯᠢᠭ ᠢ ᠬᠠᠮᠢᠶᠠᠷᠤᠨ᠎ᠠ᠃ ᠪᠡᠯᠴᠢᠭᠡᠷ ᠲᠤ ᠮᠠᠯ ᠪᠡᠯᠴᠢᠭᠡᠷᠯᠡᠭᠦᠯᠬᠦ ᠶᠢ | ᠴᠠᠭᠠᠵᠠᠯᠠᠬᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠨᠤᠲᠤᠭ ᠪᠡᠯᠴᠢᠭᠡᠷ ᠤᠨ ᠠᠮᠢ ᠠᠬᠤᠶ ᠶᠢ | ᠰᠡᠷᠭᠦᠭᠡᠨ ᠵᠠᠰᠠᠬᠤ ᠠᠵᠢᠯ ᠢ ᠬᠠᠷᠢᠭᠤᠴᠠᠵᠤ᠂ ᠨᠤᠲᠤᠭ ᠪᠡᠯᠴᠢᠭᠡᠷ ᠤᠨ ᠨᠡᠭᠡᠭᠡᠨ ᠠᠰᠢᠭᠯᠠᠯᠲᠠ ᠶᠢ ᠬᠢᠨᠠᠨ | ᠬᠠᠮᠢᠶᠠᠷᠤᠨ᠎ᠠ᠃ ᠨᠤᠭᠤ ᠭᠠᠵᠠᠷ ᠤᠨ ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠠᠵᠢᠯ ᠢ ᠬᠠᠷᠢᠭᠤᠴᠠᠵᠤ᠂ ᠪᠥᠬᠦ | ᠬᠤᠰᠢᠭᠤᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠨᠤᠭᠤ ᠭᠠᠵᠠᠷ ᠤᠨ | ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠤᠨ᠎ᠠ᠃ | ︵ᠳᠥᠷᠪᠡ︶ ᠴᠦᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ | ᠃ ᠡᠯᠡᠰᠦᠷᠭᠡᠭᠵᠢᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯᠡᠰᠦᠵᠢᠬᠦ ᠶᠢ ᠰᠡᠷᠭᠡᠶᠢᠯᠡᠨ | ᠡᠯᠡᠰᠦ ᠶᠢ ᠵᠠᠰᠠᠬᠤ᠂ ᠡᠯᠡᠰᠦᠵᠢᠭᠰᠡᠨ ᠭᠠᠵᠠᠷ ᠰᠢᠷᠣᠶ ᠶᠢᠨ ᠪᠢᠲᠡᠭᠦᠮᠵᠢᠯᠡᠭᠰᠡᠨ ᠬᠤᠷᠢᠭᠠᠲᠠᠶ ᠬᠠᠮᠠᠭᠠᠯᠠᠯᠲᠠ ᠶᠢᠨ | ᠣᠷᠣᠨ ᠤ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ | ᠴᠦᠯᠡᠷᠭᠡᠭᠵᠢᠭᠰᠡᠨ ᠪᠠ ᠡᠯᠡᠰᠦᠵᠢᠭᠰᠡᠨ ᠭᠠᠵᠠᠷ ᠰᠢᠷᠣᠶ ᠶᠢᠨ ᠨᠡᠭᠡᠭᠡᠨ ᠠᠰᠢᠭᠯᠠᠯᠲᠠ ᠶᠢ ᠬᠢᠨᠠᠨ ᠬᠠᠮᠢᠶᠠᠷᠴᠤ᠂ ᠡᠯᠡᠰᠦᠨ | ᠰᠢᠭᠤᠷᠭ᠎ᠠ ᠶᠢᠨ ᠭᠠᠮᠰᠢᠭ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠨ | ᠰᠢᠢᠳᠪᠤᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠲᠠᠪᠤ︶ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠭᠤᠤᠯᠳᠠᠯᠭ᠎ᠠ ᠲᠠᠢ ᠬᠠᠮᠠᠭᠠᠯᠠᠵᠤ | ᠪᠠᠶᠢᠭ᠎ᠠ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ᠂ ᠤᠷᠭᠤᠮᠠᠯ ᠤᠨ ᠨᠡᠷᠡᠰ ᠤᠨ ᠵᠢᠭᠰᠠᠭᠠᠯᠲᠠ ᠶᠢ ᠲᠣᠭᠲᠠᠭᠠᠬᠤ ᠪᠠ | ᠳᠣᠭᠢᠷᠠᠭᠤᠯᠵᠤ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠪᠤᠷᠠᠨ ᠬᠠᠮᠠᠭᠠᠯᠠᠵᠤ ᠪᠤᠶᠢᠵᠢᠭᠤᠯᠬᠤ᠂ | ᠣᠷᠣᠰᠢᠨ ᠠᠮᠢᠳᠤᠷᠠᠬᠤ ᠭᠠᠵᠠᠷ ᠢ ᠨᠢ ᠰᠡᠷᠭᠦᠭᠡᠨ ᠬᠥᠭᠵᠢᠭᠦᠯᠬᠦ᠂ ᠬᠢᠵᠢᠭ ᠤᠨ ᠡᠭᠦᠰᠦᠯ ᠤᠨ ᠬᠢᠵᠢᠭ ᠡᠪᠡᠳᠴᠢᠨ ᠢ | ᠬᠢᠨᠠᠨ ᠬᠡᠮᠵᠢᠬᠦ ᠶᠢ ᠵᠢᠯᠣᠭᠤᠳᠴᠤ᠂ ᠡᠬᠡ ᠬᠠᠭᠤᠷᠠᠶ ᠶᠢᠨ ᠬᠡᠭᠡᠷ᠎ᠡ ᠶᠢᠨ ᠠᠮᠢᠲᠠᠨ ᠤᠷᠭᠤᠮᠠᠯ ᠢ ᠠᠩᠨᠠᠬᠤ ᠪᠤᠶᠤ | ᠲᠡᠭᠦᠵᠦ ᠴᠤᠭᠯᠠᠭᠤᠯᠬᠤ᠂ ᠲᠡᠵᠢᠭᠡᠨ ᠦᠷᠡᠵᠢᠭᠦᠯᠬᠦ ᠪᠤᠶᠤ ᠪᠤᠶᠢᠵᠢᠭᠤᠯᠬᠤ᠂ ᠡᠵᠡᠩᠨᠡᠨ ᠠᠰᠢᠭᠯᠠᠬᠤ ᠶᠢ ᠬᠢᠨᠠᠨ | ᠬᠠᠮᠢᠶᠠᠷᠴᠤ᠂ ᠠᠵᠢᠯ ᠤᠨ ᠬᠤᠪᠢᠶᠠᠷᠢᠯᠠᠯ ᠶᠣᠰᠣᠭᠠᠷ ᠬᠡᠭᠡᠷ᠎ᠡ ᠶᠢᠨ ᠠᠮᠢᠲᠠᠨ ᠤᠷᠭᠤᠮᠠᠯ ᠢ ᠣᠷᠣᠭᠤᠯᠵᠤ ᠭᠠᠷᠭᠠᠬᠤ ᠶᠢ | ᠬᠢᠨᠠᠨ ᠬᠠᠮᠢᠶᠠᠷᠤᠨ᠎ᠠ᠃ | ︵ᠵᠢᠷᠭᠤᠭ᠎ᠠ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠷᠢᠭᠤᠴᠠᠨ ᠬᠢᠨᠠᠵᠤ ᠬᠠᠮᠢᠶᠠᠷᠤᠨ᠎ᠠ | ᠃ ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠥᠯᠥᠪᠵᠢᠭᠦᠯᠭᠡ ᠶᠢ | ᠲᠣᠭᠲᠠᠭᠠᠨ᠎ᠠ᠃ ᠡᠯ᠎ᠡ ᠲᠥᠷᠥᠯ ᠤᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ᠂ | ᠠᠶᠢᠮᠠᠭ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ | ᠬᠥᠷᠥᠩᠭᠡ ᠶᠢᠨ ᠬᠠᠮᠢᠶᠠᠷᠤᠯᠲᠠ ᠪᠠ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢᠨ ᠬᠡᠷᠡᠭᠯᠡᠯᠳᠡ ᠳᠤ ᠴᠢᠩᠭ᠎ᠠ | ᠬᠢᠨᠠᠯᠳᠠ ᠲᠠᠯᠪᠢᠬᠤ ᠶᠢ ᠬᠠᠷᠢᠭᠤᠴᠠᠨ᠎ᠠ᠃ ᠡᠯ᠎ᠡ ᠲᠥᠷᠥᠯ ᠤᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠪᠠ ᠠᠶᠢᠮᠠᠭ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠰᠢᠨ᠎ᠡ ᠪᠠᠷ | ᠪᠠᠶᠢᠭᠤᠯᠬᠤ ᠪᠠ ᠳᠣᠭᠢᠷᠠᠭᠤᠯᠬᠤ ᠶᠢ ᠬᠢᠨᠠᠨ ᠬᠠᠷᠭᠤᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠠᠰ | ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠵᠦ᠂ ᠪᠠᠶᠢᠭᠠᠯᠢ ᠶᠢᠨ ᠥᠪ ᠬᠥᠷᠥᠩᠭᠡ ᠶᠢᠨ ᠮᠡᠳᠡᠭᠦᠯᠦᠯᠲᠡ ᠶᠢ | ᠵᠣᠬᠢᠶᠠᠨ ᠪᠠᠶᠢᠭᠤᠯᠤᠨ ᠬᠢᠨᠠᠨ ᠬᠠᠷᠭᠤᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠥᠬᠦ | ᠬᠤᠰᠢᠭᠤᠨ ᠤ ᠪᠠᠶᠢᠭᠠᠯᠢ ᠶᠢᠨ ᠪᠠ ᠰᠣᠶᠣᠯ ᠤᠨ ᠳᠠᠪᠬᠤᠷ ᠥᠪ ᠬᠥᠷᠥᠩᠭᠡ ᠶᠢᠨ ᠮᠡᠳᠡᠭᠦᠯᠦᠯᠲᠡ ᠶᠢ ᠬᠢᠨᠠᠨ | ᠬᠠᠷᠭᠤᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠬᠠᠮᠢᠶ᠎ᠠ ᠪᠦᠬᠦᠢ ᠠᠵᠢᠯ ᠢ | ᠬᠠᠷᠢᠭᠤᠴᠠᠨ᠎ᠠ᠃ | ︵ᠳᠣᠯᠤᠭ᠎ᠠ︶ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠴᠢᠬᠢ ᠮᠣᠳᠣᠨ ᠤ ᠬᠦᠷᠢᠶᠡᠯᠡᠩ ᠤᠨ | ᠪᠥᠲᠥᠭᠡᠨ ᠪᠠᠶᠢᠭᠤᠯᠤᠯᠲᠠ ᠪᠠ ᠬᠥᠭᠵᠢᠯᠲᠡ ᠶᠢ ᠵᠢᠯᠣᠭᠤᠳᠴᠤ᠂ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠵᠤ | ᠳᠡᠯᠭᠡᠷᠡᠭᠦᠯᠬᠦ ᠶᠢ ᠬᠠᠷᠢᠭᠤᠴᠠᠨ᠂ ᠣᠶ ᠮᠣᠳᠣᠨ ᠤ ᠴᠢᠬᠢ ᠪᠠ ᠡᠪᠡᠰᠤᠨ ᠦᠷ᠎ᠡ ᠶᠢᠨ ᠤᠶᠢᠯᠡᠳᠪᠤᠷᠢᠯᠠᠯ | ᠡᠵᠡᠩᠨᠡᠯᠲᠡ ᠶᠢᠨ ᠠᠵᠢᠯᠯᠠᠭ᠎ᠠ ᠶᠢ ᠬᠠᠮᠢᠶᠠᠷᠴᠤ᠂ ᠣᠶ ᠮᠣᠳᠣᠨ ᠤ ᠦᠷ᠎ᠡ ᠪᠠ ᠡᠪᠡᠰᠤᠨ ᠦᠷ᠎ᠡ ᠶᠢᠨ ᠶᠠᠰᠤ ᠴᠢᠨᠠᠷ ᠢ | ᠬᠢᠨᠠᠨ ᠬᠠᠮᠢᠶᠠᠷᠤᠨ᠎ᠠ᠃ ᠤᠢ ᠰᠢᠭᠤᠶ ᠪᠠ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠤᠳᠤᠮᠰᠢᠯ ᠤᠨ ᠰᠤᠷᠪᠤᠯᠵᠢ᠂ | ᠭᠧᠨ ᠬᠤᠪᠢᠷᠠᠭᠤᠯᠤᠭᠰᠠᠨ ᠠᠮᠢᠳᠤ ᠪᠣᠳᠠᠰ ᠤᠨ ᠠᠮᠤᠷ ᠲᠦᠪᠰᠢᠨ᠂ ᠤᠷᠭᠤᠮᠠᠯ ᠤᠨ ᠰᠢᠨ᠎ᠡ ᠡᠭᠦᠯᠳᠡᠷ ᠤᠨ | ᠬᠠᠮᠠᠭᠠᠯᠠᠯᠲᠠ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ︵ᠨᠠᠢᠮᠠ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠢᠯᠢᠳᠡᠭᠵᠢᠭᠦᠯᠦᠨ | ᠳᠣᠭᠢᠷᠠᠭᠤᠯᠬᠤ ᠵᠢᠴᠢ ᠮᠣᠳᠣᠨ ᠮᠠᠲ᠋ᠧᠷᠢᠶᠠᠯ ᠢ ᠠᠰᠢᠭᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ | ᠣᠶ ᠰᠢᠭᠤᠶ ᠡᠪᠡᠰᠦ ᠪᠡᠯᠴᠢᠭᠡᠷ ᠤᠨ ᠪᠦᠲᠦᠭᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠵᠣᠬᠢᠶᠠᠨ | ᠪᠠᠶᠢᠭᠤᠯᠤᠨ ᠵᠢᠯᠣᠭᠤᠳᠴᠤ᠂ ᠠᠮᠢ ᠠᠬᠤᠶ ᠪᠠᠷ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ | ︵ᠶᠢᠰᠦ︶ ᠪᠥᠬᠦ ᠬᠤᠰᠢᠭᠤᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠤᠩᠬᠡᠢ ᠲᠥᠯᠥᠪᠵᠢᠭᠦᠯᠭᠡ ᠶᠢᠨ | ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠣᠶ ᠰᠢᠭᠤᠶ ᠪᠠ ᠨᠤᠲᠤᠭ | ᠪᠡᠯᠴᠢᠭᠡᠷ ᠤᠨ ᠭᠠᠯ ᠲᠦᠢᠮᠠᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ | ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠭᠠᠯ | ᠲᠦᠢᠮᠠᠷ ᠢ ᠰᠡᠷᠭᠡᠶᠢᠯᠡᠬᠦ ᠲᠣᠭᠤᠷᠢᠨ ᠬᠠᠮᠠᠭᠠᠯᠠᠯᠲᠠ᠂ ᠭᠠᠯ ᠲᠦᠢᠮᠠᠷ ᠤᠨ ᠢᠷᠡᠯᠲᠡ ᠶᠢᠨ ᠬᠠᠮᠢᠶᠠᠷᠤᠯᠲᠠ᠂ ᠭᠠᠯ | ᠲᠦᠢᠮᠠᠷ ᠢ ᠰᠡᠷᠭᠡᠶᠢᠯᠡᠬᠦ ᠲᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ | ᠥᠷᠨᠢᠭᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠦᠢᠮᠠᠷ ᠢ ᠰᠡᠷᠭᠡᠶᠢᠯᠡᠬᠦ ᠠᠵᠢᠯ ᠤᠨ ᠤᠬᠠᠭᠤᠯᠭ᠎ᠠ | ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠ︶ ᠪᠥᠬᠦ ᠬᠤᠰᠢᠭᠤᠨ ᠤ ᠣᠶ ᠰᠢᠭᠤᠶ᠂ ᠨᠤᠲᠤᠭ ᠪᠡᠯᠴᠢᠭᠡᠷ ᠤᠨ ᠬᠠᠮᠢᠶ᠎ᠠ ᠪᠥᠬᠦᠶ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ | ᠪᠥᠬᠦᠶ ᠠᠵᠢᠯ ᠢ ᠬᠠᠷᠢᠭᠤᠴᠠᠨ ᠠᠬᠢᠭᠤᠯᠤᠨ᠎ᠠ᠃ ᠭᠤᠣᠯᠳᠠᠯᠭ᠎ᠠ ᠲᠠᠢ ᠤᠯᠤᠰ ᠤᠨ ᠦᠮᠴᠢᠯᠠᠯᠳᠤ ᠤᠶᠢᠳᠤ ᠣᠷᠣᠨ᠂ | ᠤᠯᠤᠰ ᠤᠨ ᠦᠮᠴᠢᠯᠡᠯᠳᠤ ᠤᠢ ᠰᠢᠭᠤᠶ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠶᠢᠨ ᠥᠭᠡᠷᠡᠴᠢᠯᠡᠯᠲᠡ ᠶᠢᠨ | ᠰᠠᠨᠠᠯ ᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠶᠢᠨ ᠬᠠᠮᠲᠤ ᠪᠥᠬᠦ ᠬᠤᠰᠢᠭᠤᠨ ᠤ ᠬᠦᠳᠡᠭᠡ ᠲᠤᠰᠬᠤᠨ ᠮᠠᠯᠵᠢᠬᠤ | ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠵᠢᠴᠢ ᠣᠶ ᠰᠢᠭᠤᠶ᠂ ᠨᠤᠲᠤᠭ ᠪᠡᠯᠴᠢᠭᠡᠷ ᠤᠨ | ᠡᠵᠡᠩᠨᠡᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠣᠷᠣᠨ ᠤ ᠣᠶᠢᠲᠤ ᠭᠠᠵᠠᠷ᠂ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠠᠵᠢᠯ ᠢ ᠵᠢᠯᠣᠭᠤᠳᠤᠨ᠎ᠠ᠃ ᠲᠠᠷᠢᠶᠠᠯᠠᠬᠤ ᠶᠢ ᠵᠣᠭᠰᠣᠭᠠᠵᠤ | ᠮᠠᠯᠵᠢᠬᠤ ᠶᠢ ᠵᠣᠭᠰᠣᠭᠠᠵᠤ ᠤᠢ ᠰᠢᠭᠤᠶ ᠡᠪᠡᠰᠦ ᠪᠡᠯᠴᠢᠭᠡᠷ ᠢ ᠰᠡᠷᠭᠦᠭᠡᠬᠦ ᠪᠠ ᠪᠠᠶᠢᠭᠠᠯᠢ ᠶᠢᠨ ᠤᠢ ᠰᠢᠭᠤᠶ ᠶᠢ | ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠬᠤᠶᠠᠷ︶ ᠰᠠᠯᠠᠭ᠎ᠠ ᠮᠥᠴᠢᠷ ᠤᠨ ᠲᠥᠰᠦᠪ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠪᠠᠯᠠ ᠮᠥᠩᠭᠦ ᠶᠢᠨ ᠬᠠᠮᠢᠶᠠᠷᠤᠯᠲᠠ ᠪᠠ ᠬᠡᠷᠡᠭᠯᠡᠯᠲᠡ ᠳᠤ | ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠤᠯᠤᠰ ᠤᠨ ᠥᠮᠴᠢᠯᠡᠯ ᠤᠨ | ᠡᠳ᠋ ᠬᠥᠷᠥᠩᠭᠡ ᠳᠤ ᠬᠢᠨᠠᠯᠲᠠ ᠲᠠᠯᠪᠢᠵᠤ᠂ ᠭᠤᠤᠯᠳᠠᠯᠭ᠎ᠠ ᠲᠠᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ ᠲᠡᠭᠡᠭᠰᠢ ᠮᠡᠳᠡᠬᠦᠯᠤᠨ᠎ᠠ᠃ ᠪᠥᠬᠦ ᠬᠤᠰᠢᠭᠤᠨ ᠤ | ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠠᠬᠤᠶ ᠶᠢᠨ ᠲᠣᠬᠢᠷᠠᠭᠤᠯᠤᠯᠲᠠ ᠪᠠ ᠪᠠᠯᠠ ᠣᠷᠣᠭᠤᠯᠤᠯᠲᠠ ᠶᠢᠨ | ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠠᠮᠢ | ᠠᠬᠤᠶ ᠶᠢᠨ ᠨᠥᠬᠦᠪᠥᠷᠢ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠣᠶ | ᠰᠢᠭᠤᠶ ᠪᠠ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠣᠨ ᠤ | ᠤᠶᠢᠯᠡᠳᠪᠤᠷᠢᠯᠠᠯ ᠤᠨ ᠲᠥᠯᠥᠪᠯᠡᠭᠡ ᠶᠢ ᠨᠠᠶᠢᠷᠠᠭᠤᠯᠤᠨ ᠵᠤᠬᠢᠶᠠᠨ᠎ᠠ᠃ | ︵ᠠᠷᠪᠠᠨ ᠭᠤᠷᠪᠠ︶ ᠣᠶ ᠰᠢᠭᠤᠶ ᠪᠠ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ᠂ ᠤᠬᠠᠭᠤᠯᠭ᠎ᠠ | ᠬᠥᠮᠦᠵᠢᠯ ᠪᠠ ᠭᠠᠳᠠᠭᠠᠳᠤ ᠲᠠᠢ ᠰᠣᠯᠢᠯᠴᠠᠭ᠎ᠠ ᠬᠢᠬᠦ ᠪᠠ ᠬᠠᠮᠲᠤᠷᠠᠯᠴᠠᠬᠤ ᠠᠵᠢᠯ ᠢ ᠵᠢᠯᠣᠭᠤᠳᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠢ ᠰᠢᠭᠤᠶ ᠪᠠ ᠲᠠᠯ᠎ᠠ ᠨᠤᠲᠤᠭ ᠤᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠵᠢᠯᠣᠭᠤᠳᠤᠨ᠎ᠠ᠃ ᠨᠤᠭᠤ ᠭᠠᠵᠠᠷ᠂ ᠴᠦᠯᠡᠷᠭᠡᠭᠵᠢᠯ ᠢ ᠰᠡᠷᠭᠡᠶᠢᠯᠡᠨ ᠵᠠᠰᠠᠬᠤ᠂ ᠮᠥᠬᠦᠬᠦ | ᠰᠢᠬᠠᠭᠰᠠᠨ ᠬᠡᠭᠡᠷ᠎ᠡ ᠶᠢᠨ ᠠᠮᠢᠳᠠᠨ ᠤᠷᠭᠤᠮᠠᠯ ᠤᠨ ᠲᠦᠷᠦᠯ ᠢ ᠰᠡᠷᠭᠡᠶᠢᠯᠡᠨ ᠵᠠᠰᠠᠬᠤ ᠵᠡᠷᠭᠡ ᠤᠯᠠᠨ ᠤᠯᠤᠰ ᠤᠨ | ᠨᠡᠶᠢᠲᠡ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ | ︵ᠠᠷᠪᠠᠨ ᠲᠦᠷᠪᠡ︶ ᠤᠯᠤᠰ ᠤᠨ ᠦᠮᠴᠢᠯᠡᠯᠳᠤ ᠤᠶᠢᠳᠤ ᠣᠷᠣᠨ ᠤ ᠬᠠᠮᠢᠶ᠎ᠠ ᠪᠦᠬᠦᠢ ᠬᠠᠮᠢᠶᠠᠷᠤᠯᠲᠠ ᠶᠢᠨ | ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ | ᠡᠭᠦᠷᠭᠡ ᠶᠢ ᠪᠡᠶᠡᠯᠡᠭᠦᠯᠦᠨ᠎ᠡ᠃ |