ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠢ ᠭᠤᠤᠯᠯᠠᠨ ᠬᠠᠮᠢᠶᠠᠷᠤᠨ᠎ᠠ᠃ ᠪᠥᠬᠦ ᠬᠤᠰᠢᠭᠤᠨ ᠤ | ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ | ᠪᠤᠳᠤᠵᠤ ᠬᠢᠨᠠᠯᠲᠠ ᠲᠠᠯᠪᠢᠬᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠡᠳ᠋ ᠤᠨ ᠶᠠᠪᠤᠳᠠᠯ ᠤᠨ ᠣᠷᠣᠯᠭ᠎ᠠ | ᠵᠠᠷᠤᠯᠭ᠎ᠠ ᠶᠢᠨ ᠦᠨᠡᠨ ᠪᠣᠳᠠᠲᠠᠶ᠂ ᠬᠠᠤᠯᠢ ᠶᠣᠰᠣᠨ ᠤ ᠪᠠ ᠦᠷ᠎ᠡ ᠠᠰᠢᠭ ᠲᠤ ᠬᠢᠨᠠᠨ ᠪᠤᠳᠤᠵᠤ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠬᠢᠨᠠᠨ ᠪᠤᠳᠤᠬᠤ᠂ ᠲᠤᠰᠬᠠᠶ ᠵᠦᠢᠯ ᠢᠶᠠᠷ ᠬᠢᠨᠠᠨ ᠪᠤᠳᠤᠵᠤ ᠪᠠᠶᠢᠴᠠᠭᠠᠯᠲᠠ ᠬᠢᠬᠦ ᠪᠠ | ᠨᠡᠶᠢᠭᠡᠮ ᠤᠨ ᠬᠢᠨᠠᠨ ᠪᠤᠳᠤᠬᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢᠨ ᠦᠷ᠎ᠡ | ᠳ᠋ᠦᠩ ᠢ ᠬᠠᠷᠭᠤᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ᠂ ᠬᠢᠨᠠᠨ ᠪᠤᠳᠤᠯᠲᠠ ᠬᠢᠯᠭᠡᠭᠰᠡᠨ | ᠨᠢᠭᠡᠴᠡ ᠶᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠶᠠᠷ︶ ᠤᠯᠤᠰ ᠤᠨ ᠬᠢᠨᠠᠨ ᠪᠤᠳᠤᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠤᠨ ᠬᠥᠭᠵᠢᠯᠲᠡ ᠶᠢᠨ | ᠲᠥᠯᠥᠪᠵᠢᠭᠦᠯᠭᠡ ᠪᠠ ᠲᠤᠰᠬᠠᠶ ᠮᠡᠷᠭᠡᠵᠢᠯ ᠤᠨ ᠬᠦᠷᠢᠶᠡᠨ ᠳᠠᠬᠢ ᠬᠢᠨᠠᠨ ᠪᠤᠳᠤᠬᠤ ᠠᠵᠢᠯ ᠤᠨ ᠲᠥᠯᠥᠪᠵᠢᠭᠦᠯᠭᠡ ᠶᠢ | ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠭᠦ ᠬᠤᠰᠢᠭᠤᠨ ᠤ ᠡᠳ᠋ ᠤᠨ | ᠵᠠᠰᠠᠭ ᠠᠵᠤ ᠠᠬᠤᠶ ᠳᠤ ᠬᠤᠯᠪᠣᠭᠳᠠᠬᠤ ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠬᠤ ᠳᠤ | ᠣᠷᠣᠯᠴᠠᠨ᠎ᠠ᠃ ᠰᠢᠭᠤᠳ ᠬᠢᠨᠠᠨ ᠪᠤᠳᠤᠬᠤ᠂ ᠪᠠᠶᠢᠴᠠᠭᠠᠬᠤ ᠪᠠ ᠬᠠᠷᠭᠤᠭᠤᠯᠤᠨ ᠪᠠᠶᠢᠴᠠᠭᠠᠬᠤ ᠵᠦᠢᠯᠡᠰ ᠲᠤ ᠬᠠᠤᠯᠢ | ᠶᠣᠰᠣᠭᠠᠷ ᠬᠢᠨᠠᠨ ᠪᠤᠳᠤᠵᠤ ᠦᠨᠡᠯᠡᠯᠲᠡ ᠬᠢᠵᠦ᠂ ᠬᠢᠨᠠᠨ ᠪᠤᠳᠤᠭᠰᠠᠨ ᠲᠣᠭᠲᠠᠭᠠᠯ ᠭᠠᠷᠭᠠᠬᠤ ᠪᠤᠶᠤ ᠬᠢᠨᠠᠨ | ᠪᠤᠳᠤᠭᠰᠠᠨ ᠰᠠᠨᠠᠭᠤᠯᠭ᠎ᠠ ᠲᠤᠷᠠᠳᠤᠨ᠎ᠠ᠃ | ︵ᠭᠤᠷᠪᠠ︶ ᠬᠤᠰᠢᠭᠤᠨ ᠤ ᠵᠠᠰᠠᠭ ᠤᠨ ᠣᠷᠳᠣᠨ ᠳᠤ ᠣᠨ ᠤ ᠪᠥᠬᠦ ᠬᠤᠰᠢᠭᠤᠨ ᠤ ᠲᠥᠰᠦᠪ ᠢ ᠬᠦᠢᠴᠡᠳᠭᠡᠭᠰᠡᠨ | ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠭᠰᠠᠨ ᠦᠷ᠎ᠡ ᠳ᠋ᠦᠩ ᠤᠨ | ᠮᠡᠳᠡᠭᠦᠯᠦᠯᠲᠡ ᠶᠢ ᠲᠤᠰᠢᠶᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠳᠤ ᠲᠣᠰ ᠱᠠᠲᠤᠨ ᠤ ᠲᠥᠰᠦᠪ ᠢ | ᠬᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠤᠨ ᠬᠢᠨᠠᠨ ᠪᠤᠳᠤᠯᠲᠠ ᠶᠢᠨ | ᠠᠵᠢᠯ ᠤᠨ ᠮᠡᠳᠡᠭᠦᠯᠦᠯᠲᠡ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠵᠠᠯᠠᠷᠠᠭᠤᠯᠤᠭᠰᠠᠨ ᠪᠠ | ᠰᠢᠢᠳᠪᠦᠷᠢᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠶᠢ ᠳᠤᠷᠠᠳᠤᠨ᠎ᠠ᠃ ᠬᠤᠰᠢᠭᠤᠨ ᠤ ᠵᠠᠰᠠᠭ ᠤᠨ ᠣᠷᠳᠣᠨ ᠳᠤ | ᠪᠤᠰᠤᠳ ᠵᠦᠢᠯ ᠤᠨ ᠬᠢᠨᠠᠨ ᠪᠤᠳᠤᠯᠲᠠ ᠪᠠ ᠲᠤᠰᠬᠠᠶ ᠵᠦᠢᠯ ᠤᠨ ᠬᠢᠨᠠᠨ ᠪᠤᠳᠤᠯᠲᠠ ᠶᠢᠨ ᠪᠠᠶᠢᠴᠠᠭᠠᠯᠲᠠ ᠶᠢᠨ | ᠪᠠᠶᠢᠳᠠᠯ ᠵᠢᠴᠢ ᠦᠷ᠎ᠡ ᠳ᠋ᠦᠩ ᠢ ᠮᠡᠳᠡᠭᠦᠯᠦᠨ᠎ᠡ᠃ ᠬᠢᠨᠠᠨ ᠪᠤᠳᠤᠯᠳᠠ ᠶᠢᠨ ᠦᠷ᠎ᠡ ᠳ᠋ᠦᠩ ᠢ ᠬᠠᠤᠯᠢ ᠶᠣᠰᠣᠭᠠᠷ | ᠨᠡᠶᠢᠭᠡᠮ ᠳᠤ ᠨᠡᠶᠢᠲᠡᠯᠡᠨ᠎ᠡ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠬᠢᠨᠠᠨ | ᠪᠤᠳᠤᠭᠰᠠᠨ ᠪᠠᠶᠢᠳᠠᠯ ᠪᠠ ᠬᠢᠨᠠᠨ ᠪᠤᠳᠤᠭᠰᠠᠨ ᠦᠷ᠎ᠡ ᠳ᠋ᠦᠩ ᠢ ᠮᠡᠳᠡᠭᠳᠡᠨ᠎ᠡ᠃ | ︵ᠲᠥᠷᠪᠡ︶ ᠳᠣᠣᠷ᠎ᠠ ᠵᠢᠭᠰᠠᠭᠠᠭᠰᠠᠨ ᠵᠦᠢᠯᠡᠰ ᠢ ᠰᠢᠭᠤᠳ ᠬᠢᠨᠠᠨ ᠪᠤᠳᠤᠬᠤ᠂ ᠬᠢᠨᠠᠨ ᠪᠤᠳᠤᠯᠳᠠ ᠶᠢᠨ | ᠮᠡᠳᠡᠭᠦᠯᠦᠯᠲᠡ ᠭᠠᠷᠭᠠᠬᠤ᠂ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠣᠲᠣᠷ᠎ᠠ ᠬᠢᠨᠠᠨ | ᠪᠤᠳᠤᠯᠳᠠ ᠶᠢᠨ ᠲᠣᠭᠲᠠᠭᠠᠯ ᠭᠠᠷᠭᠠᠬᠤ ᠪᠤᠶᠤ ᠬᠤᠯᠪᠣᠭᠳᠠᠯ ᠪᠥᠬᠦᠢ ᠰᠠᠯᠠᠭ᠎ᠠ ᠮᠥᠴᠢᠷ ᠲᠤ ᠰᠢᠢᠳᠪᠦᠷᠢᠯᠡᠬᠦ ᠰᠢᠳᠬᠡᠯ | ᠥᠭᠬᠦ ᠰᠠᠨᠠᠭᠤᠯᠭ᠎ᠠ ᠳᠤᠷᠠᠳᠬᠤ ᠶᠢᠨ ᠬᠠᠮᠲᠤ ᠵᠤᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ | 1. ᠬᠤᠰᠢᠭᠤᠨ ᠤ ᠲᠡᠰ ᠤᠨ ᠲᠥᠰᠦᠪ ᠢ ᠬᠦᠢᠴᠡᠳᠭᠡᠭᠰᠡᠨ ᠪᠠᠶᠢᠳᠠᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ᠂ ᠬᠤᠰᠢᠭᠤᠨ ᠤ ᠲᠡᠰ ᠤᠨ ᠡᠯ᠎ᠡ ᠰᠠᠯᠠᠭ᠎ᠠ ᠮᠥᠴᠢᠷ ︵ᠰᠢᠭᠤᠳ ᠬᠠᠷᠢᠶ᠎ᠠ ᠨᠢᠭᠡᠴᠡ ᠪᠠᠭᠲᠠᠨ᠎ᠠ︶ ᠤᠨ | ᠲᠥᠰᠦᠪ ᠢ ᠬᠦᠢᠴᠡᠳᠭᠡᠭᠰᠡᠨ ᠪᠠᠶᠢᠳᠠᠯ᠂ ᠲᠥᠰᠦᠪ ᠤᠨ ᠬᠦᠢᠴᠡᠳᠭᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ᠃ | 2. ᠬᠤᠰᠢᠭᠤᠨ ᠤ ᠲᠡᠰ ᠤᠨ ᠡᠳ᠋ ᠤᠨ ᠵᠠᠰᠠᠭ ᠤᠨ ᠪᠠᠯᠠ ᠮᠥᠩᠭᠦ ᠶᠢ ᠬᠡᠷᠡᠭᠯᠡᠵᠦ ᠪᠠᠶᠢᠭ᠎ᠠ ᠠᠵᠢᠯ ᠦᠢᠯᠡᠰ ᠤᠨ | ᠨᠢᠭᠡᠴᠡ ᠪᠠ ᠨᠡᠶᠢᠭᠡᠮ ᠤᠨ ᠪᠦᠯᠬᠦᠮ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ᠃ | 3. ᠬᠤᠰᠢᠭᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠ ᠬᠤᠰᠢᠭᠤᠨ ᠤ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠪᠠᠷ ᠭᠤᠤᠯ ᠪᠣᠯᠭᠠᠭᠰᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠰᠦᠪ ᠢ | ᠬᠦᠢᠴᠡᠳᠭᠡᠭᠰᠡᠨ ᠪᠠᠶᠢᠳᠠᠯ ᠪᠠ ᠲᠥᠰᠦᠪ ᠤᠨ ᠬᠦᠢᠴᠡᠳᠭᠡᠯ᠃ | 4. ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠤᠰᠢᠭᠤᠨ ᠤ ᠵᠠᠰᠠᠭ ᠤᠨ ᠣᠷᠳᠣᠨ ᠤ | ᠲᠣᠭᠲᠠᠭᠠᠭᠰᠠᠨ ᠤᠯᠤᠰ ᠤᠨ ᠥᠮᠴᠢᠯᠡᠯᠲᠦ ᠬᠥᠷᠥᠩᠭᠡ ᠨᠢ ᠬᠤᠪᠢ ᠡᠵᠡᠮᠳᠡᠬᠦ ᠪᠤᠶᠤ ᠭᠤᠤᠯᠯᠠᠬᠤ ᠪᠠᠶᠢᠷᠢ ᠶᠢ | ᠡᠵᠡᠯᠡᠵᠦ ᠪᠠᠶᠢᠭ᠎ᠠ ᠠᠵᠤ ᠠᠬᠤᠶᠢᠯᠠᠯ ᠪᠠ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ ᠬᠥᠷᠥᠩᠭᠡ᠂ ᠥᠷᠢ ᠪᠠ | ᠣᠯᠵᠠᠪᠤᠷᠢ ᠠᠯᠳᠠᠪᠤᠷᠢ᠃ | 5. ᠡᠳ᠋ ᠤᠨ ᠵᠠᠰᠠᠭ ᠤᠨ ᠬᠢᠨᠠᠯᠲᠠ ᠲᠠᠯᠪᠢᠬᠤ ᠲᠥᠰᠦᠯ ᠢ ᠲᠤᠭᠤᠷᠪᠢᠨ ᠲᠣᠭᠲᠠᠭᠠᠵᠤ᠂ ᠡᠳ᠋ ᠤᠨ ᠵᠠᠰᠠᠭ | ᠭᠠᠶᠢᠯᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ | ᠳᠤᠮᠳᠠᠬᠢ ᠴᠢᠬᠤᠯᠠ ᠶᠡᠭᠡ ᠠᠰᠠᠭᠤᠳᠠᠯ ᠢ ᠪᠠᠶᠢᠴᠠᠭᠠᠨ ᠲᠤᠰᠬᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ | ᠴᠢᠩᠭᠠᠳᠬᠠᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠲᠤᠷᠠᠳᠤᠨ᠎ᠠ᠃ ᠡᠳ᠋ ᠤᠨ ᠵᠠᠰᠠᠭ ᠠᠵᠤ ᠠᠬᠤᠶ ᠶᠢᠨ | ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠲᠥᠰᠦᠪ ᠤᠨ ᠨᠢᠭᠡᠴᠡ ᠨᠦᠭᠦᠳ ᠤᠨ ᠲᠥᠰᠦᠪ ᠢ ᠨᠠᠶᠢᠷᠠᠭᠤᠯᠤᠨ | ᠵᠣᠬᠢᠶᠠᠬᠤ ᠪᠠ ᠬᠡᠷᠡᠭᠵᠢᠭᠦᠯᠬᠦ ᠶᠠᠪᠤᠴᠠ ᠳᠤ ᠬᠠᠤᠯᠢ ᠲᠣᠭᠲᠠᠭᠠᠯ᠂ ᠲᠦᠷᠢᠮ ᠪᠠ ᠲᠦᠷᠦ ᠶᠢᠨ ᠪᠤᠳᠦᠯᠭ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ ᠡᠯ᠎ᠡ ᠲᠥᠰᠦᠪ ᠤᠨ ᠨᠢᠭᠡᠴᠡ ᠶᠢᠨ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠦᠯᠳᠠ ᠶᠢᠨ ᠪᠠᠶᠢᠳᠠᠯ ᠳᠤ ᠬᠢᠨᠠᠯᠳᠠ ᠲᠠᠯᠪᠢᠨ᠎ᠠ᠃ | 6. ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠶᠢᠴᠠᠭᠠᠯᠲᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠪᠥᠬᠦ ᠬᠤᠰᠢᠭᠤᠨ ᠤ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠠᠵᠢᠯ ᠲᠥᠷᠥᠯ ᠪᠠ ᠣᠷᠣᠨ ᠨᠤᠲᠤᠭ ᠤᠨ | ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠪᠠ ᠬᠤᠰᠢᠭᠤᠨ ᠤ ᠪᠠᠯᠠ ᠣᠷᠣᠭᠤᠯᠤᠯᠲᠠ ᠶᠢᠨ ᠲᠥᠷᠥ ᠶᠢᠨ | ᠪᠣᠳᠣᠯᠭ᠎ᠠ ᠪᠠ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠮᠥᠷᠳᠡᠨ ᠪᠠᠶᠢᠴᠠᠭᠠᠨ᠎ᠠ᠃ | ᠡᠳ᠋ ᠤᠨ ᠵᠠᠰᠠᠭ ᠤᠨ ᠴᠢᠨᠠᠷᠲᠠᠶ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠲᠤᠬᠢᠷᠠᠭᠤᠯᠤᠯᠳᠠ ᠶᠢ | ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠬᠢᠨᠠᠨ ᠪᠠᠶᠢᠴᠠᠭᠠᠬᠤ ᠠᠵᠢᠯ ᠢ | ᠵᠣᠬᠢᠶᠠᠨ ᠪᠠᠶᠢᠭᠤᠯᠤᠨ ᠦᠷᠨᠢᠬᠦᠯᠦᠨ᠎ᠡ᠃ | 7. ᠬᠤᠰᠢᠭᠤᠨ ᠤ ᠵᠠᠰᠠᠭ ᠤᠨ ᠣᠷᠳᠣᠨ ᠤ ᠬᠠᠮᠢᠶᠠᠷᠴᠤ ᠪᠠᠶᠢᠭ᠎ᠠ ᠪᠠ ᠨᠡᠶᠢᠭᠡᠮ ᠤᠨ ᠪᠦᠯᠬᠦᠮ ᠤᠨ ᠬᠤᠰᠢᠭᠤᠨ ᠤ | ᠵᠠᠰᠠᠭ ᠤᠨ ᠣᠷᠳᠣᠨ ᠵᠢᠴᠢ ᠲᠡᠭᠦᠨ ᠤ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ ᠬᠠᠮᠢᠶᠠᠷᠴᠤ ᠪᠠᠶᠢᠭ᠎ᠠ ᠨᠡᠶᠢᠭᠡᠮ ᠤᠨ | ᠪᠠᠲᠤᠯᠠᠭ᠎ᠠ ᠶᠢᠨ ᠪᠠᠯᠠ ᠮᠥᠩᠭᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠯᠠ ᠮᠥᠩᠭᠦ᠂ ᠨᠡᠶᠢᠭᠡᠮ ᠤᠨ | ᠬᠠᠨᠳᠢᠪ ᠤᠨ ᠪᠠᠯᠠ ᠮᠥᠩᠭᠦ ᠵᠢᠴᠢ ᠪᠤᠰᠤᠳ ᠬᠤᠯᠪᠣᠭᠳᠠᠯ ᠪᠥᠬᠦᠶ ᠰᠠᠭᠤᠷᠢ ᠮᠥᠩᠭᠦ᠂ ᠪᠠᠯᠠ ᠮᠥᠩᠭᠦ ᠶᠢᠨ ᠡᠳ᠋ ᠤᠨ | ᠶᠠᠪᠤᠳᠠᠯ ᠤᠨ ᠣᠷᠣᠯᠭ᠎ᠠ ᠵᠠᠷᠤᠯᠭ᠎ᠠ᠃ | 8᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠪᠣᠬᠢᠷᠲᠤᠯ ᠢ ᠰᠡᠷᠭᠡᠶᠢᠯᠡᠨ ᠵᠠᠰᠠᠭᠰᠠᠨ ᠪᠠ ᠠᠮᠢ | ᠠᠬᠤᠢ ᠶᠢᠨ ᠬᠠᠮᠠᠭᠠᠯᠠᠯᠲᠠ ᠬᠢᠭᠡᠳ ᠰᠡᠷᠭᠦᠭᠡᠯᠲᠡ ᠶᠢᠨ ᠪᠠᠶᠢᠳᠠᠯ᠃ | 9. ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ ᠲᠤᠰᠠᠯᠠᠮᠵᠢ | ᠂ ᠵᠢᠭᠡᠯᠡᠯᠭᠡ ᠶᠢᠨ ᠵᠦᠢᠯᠡᠰ ᠤᠨ ᠡᠳ᠋ ᠤᠨ ᠶᠠᠪᠤᠳᠠᠯ ᠤᠨ ᠣᠷᠣᠯᠭ᠎ᠠ ᠵᠠᠷᠦᠯᠭ᠎ᠠ᠃ | 10᠂ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠠᠴᠠ ᠡᠷᠬᠡ ᠣᠯᠭᠤᠭᠰᠠᠨ ᠪᠤᠰᠤᠳ ᠬᠢᠨᠠᠨ ᠪᠤᠳᠤᠬᠤ ᠵᠦᠢᠯᠡᠰ᠃ | 11. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠬᠢᠨᠠᠨ ᠪᠤᠳᠤᠬᠤ | ᠲᠣᠪᠴᠢᠶ᠎ᠠ ᠠᠴᠠ ᠬᠢᠨᠠᠨ ᠪᠤᠳᠤᠬᠤ ᠪᠤᠰᠤᠳ ᠵᠦᠢᠯᠡᠰ᠃ | ︵ᠲᠠᠪᠤ︶ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ | ᠶᠢᠨ ᠨᠠᠮ ᠵᠠᠰᠠᠭ ᠤᠨ ᠤᠳᠤᠷᠢᠳᠬᠤ ᠺᠠᠳ᠋ᠷ ᠵᠢᠴᠢ ᠬᠠᠤᠯᠢ ᠶᠣᠰᠣᠭᠠᠷ ᠬᠢᠨᠠᠨ ᠪᠤᠳᠤᠬᠤ ᠲᠣᠪᠴᠢᠶ᠎ᠠ ᠶᠢᠨ ᠬᠢᠨᠠᠨ | ᠪᠤᠳᠤᠵᠤ ᠬᠢᠨᠠᠯᠲᠠ ᠲᠠᠯᠪᠢᠬᠤ ᠡᠲᠡᠭᠡᠳ ᠲᠤ ᠬᠠᠷᠢᠶᠠᠯᠠᠭᠳᠠᠬᠤ ᠪᠤᠰᠤᠳ ᠨᠢᠭᠡᠴᠡ ᠶᠢᠨ ᠭᠤᠤᠯ | ᠬᠠᠷᠢᠭᠤᠴᠠᠯᠭᠠᠲᠠᠨ ᠳᠤ ᠲᠣᠭᠲᠠᠭᠠᠯ ᠶᠣᠰᠣᠭᠠᠷ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠪᠠ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ︵ᠲᠤᠰᠢᠶᠠᠯ ᠠᠴᠠ ᠪᠠᠨ ᠰᠠᠯᠬᠤ︶ ᠶᠢᠨ ᠬᠢᠨᠠᠨ ᠪᠤᠳᠤᠯᠲᠠ ᠶᠢ | ᠬᠡᠷᠡᠭᠵᠢᠭᠦᠯᠦᠨ᠎ᠡ᠃ | ︵ᠵᠢᠷᠭᠤᠭ᠎ᠠ︶ ᠤᠯᠤᠰ ᠤᠨ ᠡᠳ᠋ ᠤᠨ ᠵᠠᠰᠠᠭ ᠠᠵᠤ ᠠᠬᠤᠶ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ | ᠲᠣᠭᠲᠠᠭᠠᠯ᠂ ᠲᠦᠷᠦ ᠶᠢᠨ ᠪᠤᠳᠦᠯᠭ᠎ᠠ ᠪᠠ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠠᠷᠭ᠎ᠠ ᠬᠡᠮᠵᠢᠶ᠎ᠡ ᠶᠢ | ᠲᠤᠭᠤᠰᠢᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ᠂ ᠡᠳ᠋ ᠤᠨ ᠵᠠᠰᠠᠭ ᠤᠨ ᠲᠥᠰᠦᠪ ᠤᠨ ᠬᠠᠮᠢᠶᠠᠷᠤᠯᠲᠠ ᠪᠤᠶᠤ | ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠬᠡᠷᠡᠭᠯᠡᠯᠲᠡ ᠵᠡᠷᠭᠡ ᠤᠯᠤᠰ ᠤᠨ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠳᠤ ᠬᠤᠯᠪᠣᠭᠳᠠᠬᠤ ᠣᠨᠴᠠ ᠲᠣᠭᠲᠠᠭᠠᠭᠰᠠᠨ ᠬᠡᠷᠡᠭ ᠶᠠᠪᠤᠳᠠᠯ ᠳᠤ ᠲᠤᠰᠬᠠᠶ | ᠵᠦᠢᠯ ᠤᠨ ᠬᠢᠨᠠᠨ ᠪᠤᠳᠦᠯᠳᠠ ᠶᠢᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠤᠯᠤᠰ ᠤᠨ | ᠡᠬᠢ ᠪᠠᠶᠠᠯᠢᠭ᠂ ᠪᠡᠯᠡ ᠮᠥᠩᠭᠦ ᠪᠠ ᠵᠢᠭᠡᠯᠡᠯᠭᠡ ᠶᠢ ᠬᠡᠷᠡᠭᠯᠡᠬᠦ ᠪᠤᠶᠤ ᠤᠯᠤᠰ ᠤᠨ ᠭᠠᠶᠢᠯᠢ ᠲᠠᠲᠠᠪᠤᠷᠢ ᠳᠤ | ᠬᠤᠯᠪᠣᠭᠳᠠᠬᠤ ᠪᠤᠰᠤᠳ ᠨᠢᠬᠡᠴᠡ ᠳᠤ ᠬᠢᠨᠠᠨ ᠪᠤᠳᠤᠯᠳᠠ ᠶᠢᠨ ᠪᠠᠶᠢᠴᠠᠭᠠᠯᠲᠠ ᠬᠢᠨ᠎ᠠ᠃ | ︵ᠳᠣᠯᠤᠭ᠎ᠠ︶ ᠬᠢᠨᠠᠨ ᠪᠤᠳᠤᠯᠲᠠ ᠶᠢᠨ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠶᠣᠰᠣᠭᠠᠷ ᠪᠠᠶᠢᠴᠠᠭᠠᠵᠤ | ᠂ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠱᠠᠯᠠᠪᠳᠠᠭᠤᠯᠤᠨ ᠵᠠᠯᠠᠷᠠᠭᠤᠯᠬᠤ ᠪᠠ ᠰᠢᠢᠳᠪᠦᠷᠢᠯᠡᠵᠦ᠂ | ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠬᠢᠨᠠᠨ ᠪᠤᠳᠤᠯᠲᠠ ᠶᠢᠨ ᠲᠣᠭᠲᠠᠭᠠᠯ ᠢ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠪᠠᠷ ᠳᠡᠪᠰᠢᠭᠦᠯᠦᠭᠰᠡᠨ᠂ ᠵᠠᠰᠠᠭ ᠵᠠᠬᠢᠷᠭᠠᠨ ᠤ ᠵᠠᠷᠭᠤ ᠪᠤᠶᠤ ᠬᠤᠰᠢᠭᠤᠨ ᠵᠠᠰᠠᠭ ᠤᠨ ᠣᠷᠳᠣᠨ ᠤ | ᠲᠠᠰᠤᠯᠤᠯᠲᠠ ᠳᠠᠬᠢ ᠬᠤᠯᠪᠣᠭᠳᠠᠯ ᠪᠥᠬᠦᠶ ᠵᠦᠢᠯᠡᠰ ᠢ ᠬᠠᠤᠯᠢ ᠶᠣᠰᠣᠭᠠᠷ ᠬᠦᠢᠴᠡᠳᠬᠡᠨ᠎ᠡ︔ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠵᠢᠯᠴᠠᠨ ᠬᠤᠯᠪᠣᠭᠳᠠᠯ ᠪᠦᠬᠦᠢ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃ | ︵ᠨᠠᠢᠮᠠ︶ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ | ᠬᠢᠨᠠᠨ ᠪᠤᠳᠤᠬᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠡᠲᠡᠭᠡᠳ ᠲᠤ | ᠬᠠᠷᠢᠶᠠᠯᠠᠭᠳᠠᠬᠤ ᠨᠢᠭᠡᠴᠡ ᠳᠤ ᠬᠢᠵᠦ ᠥᠭᠭᠦᠭᠰᠡᠨ ᠬᠠᠮᠢᠶ᠎ᠠ ᠪᠥᠬᠦᠶ ᠬᠢᠨᠠᠨ ᠪᠤᠳᠤᠭᠰᠠᠨ ᠮᠡᠳᠡᠭᠦᠯᠦᠯᠲᠡ ᠶᠢ | ᠬᠠᠷᠭᠤᠭᠤᠯᠤᠨ ᠪᠠᠶᠢᠴᠠᠭᠠᠨ᠎ᠠ᠃ | ︵ᠶᠢᠰᠦ︶ ᠬᠤᠰᠢᠭᠤᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠠᠯᠪᠠᠨ ᠬᠡᠷ ᠤᠨ ᠡᠳᠦᠷ | ᠲᠤᠲᠤᠮ ᠤᠨ ᠠᠵᠢᠯ ᠢ ᠡᠭᠦᠷᠭᠡᠯᠡᠨ᠎ᠡ᠃ | ︵ᠠᠷᠪᠠ︶ ᠬᠤᠰᠢᠭᠤᠨ ᠤ ᠨᠠᠮ ᠤᠨ ᠬᠤᠷᠢᠶ᠎ᠠ ᠪᠤᠶᠤ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠨᠢᠭᠡ︶ ᠡᠭᠦᠷᠭᠡ ᠴᠢᠳᠠᠪᠦᠷᠢ ᠶᠢᠨ ᠬᠤᠪᠢᠷᠠᠭᠤᠯᠤᠯᠳᠠ ᠬᠢᠨᠠᠨ ᠪᠤᠳᠤᠬᠤ ᠬᠠᠮᠢᠶᠠᠷᠤᠯᠲᠠ ᠶᠢᠨ | ᠪᠠᠶᠢᠭᠤᠯᠤᠮᠵᠢ ᠶᠢ ᠲᠡᠭᠦᠯᠳᠡᠷᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠬᠤᠰᠢᠭᠤᠨ ᠤ ᠬᠢᠨᠠᠨ ᠪᠤᠳᠤᠬᠤ | ᠠᠵᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠂ ᠬᠢᠨᠠᠨ ᠪᠤᠳᠤᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ | ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠳᠣᠲᠣᠭᠠᠳᠤ ᠶᠢᠨ ᠡᠭᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ | ᠰᠢᠯᠤᠭᠤᠳᠬᠠᠨ᠂ ᠬᠢᠨᠠᠨ ᠪᠤᠳᠤᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠢᠭᠡᠳᠦᠭᠡᠷ | ᠹᠷᠣᠨᠲ ᠤᠨ ᠬᠢᠨᠠᠨ ᠪᠤᠳᠤᠬᠤ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠨ᠎ᠠ᠃ ᠲᠥᠪᠯᠡᠷᠡᠩᠭᠦᠶ ᠨᠢᠭᠡᠳᠦᠯᠲᠡᠶ᠂ | ᠪᠥᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠳᠡᠭᠡᠳᠦ ᠰᠤᠷᠭᠠᠭᠤᠯᠢ ᠶᠢᠨ ᠬᠢᠨᠠᠨ ᠪᠤᠳᠤᠵᠤ ᠬᠢᠨᠠᠯᠲᠠ ᠲᠠᠯᠪᠢᠬᠤ | ᠰᠢᠰᠲ᠋ᠧᠮ ᠢ ᠪᠠᠶᠢᠭᠤᠯᠤᠨ᠎ᠠ᠃ ᠬᠢᠨᠠᠨ ᠪᠤᠳᠤᠬᠤ ᠠᠵᠢᠯ ᠤᠨ ᠲᠣᠭᠲᠠᠴᠠ ᠶᠢ ᠰᠢᠯᠢᠳᠡᠭᠵᠢᠭᠦᠯᠵᠦ᠂ ᠰᠢᠨᠵᠢᠯᠡᠬᠦ | ᠤᠬᠠᠭᠠᠨ ᠮᠡᠷᠭᠡᠵᠢᠯ ᠢᠶᠠᠷ ᠬᠢᠨᠠᠨ ᠪᠠᠶᠢᠴᠠᠭᠠᠬᠤ ᠶᠢ ᠴᠢᠩᠭᠠᠳᠬᠠᠬᠤ ᠶᠢ ᠪᠠᠷᠢᠮᠲᠠᠯᠠᠨ᠂ ᠲᠤᠬᠠᠶᠢᠯᠠᠭᠰᠠᠨ ᠠᠵᠢᠯ ᠤᠨ | ᠴᠤᠪᠤᠷᠠᠯ ᠢ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠬᠠᠮᠢᠶ᠎ᠠ ᠪᠥᠬᠦᠶ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠳᠣᠲᠣᠭᠠᠳᠤ ᠶᠢᠨ ᠬᠢᠨᠠᠨ ᠪᠤᠳᠤᠬᠤ ᠪᠠ | ᠨᠡᠶᠢᠭᠡᠮ ᠤᠨ ᠬᠢᠨᠠᠨ ᠪᠤᠳᠤᠬᠤ ᠬᠦᠴᠦᠨ ᠢ ᠬᠦᠢᠴᠡᠳ ᠳᠠᠶᠢᠴᠢᠯᠠᠨ᠂ ᠬᠢᠨᠠᠯᠲᠠ ᠲᠠᠯᠪᠢᠬᠤ ᠬᠠᠮᠳᠦᠷᠠᠯ ᠬᠦᠴᠦᠨ ᠢ | ᠴᠢᠩᠭᠠᠷᠠᠭᠤᠯᠤᠨ᠎ᠠ᠃ |