ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2022/4/23
ᠪᠠᠶᠢᠭᠤᠯᠭ᠎ᠠ ᠶᠢᠨ ᠡᠭᠦᠷᠭᠡ ᠴᠢᠳᠠᠪᠬᠢ᠄ ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠪᠥᠬᠦ ᠬᠤᠰᠢᠭᠤᠨ ᠤ ᠬᠠᠮᠢᠶ᠎ᠠ ᠪᠥᠬᠦᠶ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠪᠥᠬᠦ ᠬᠤᠰᠢᠭᠤᠨ ᠤ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠬᠠᠪᠰᠤᠷᠤᠨ ᠲᠣᠭᠲᠠᠭᠠᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠪᠦᠭᠦ ᠬᠤᠰᠢᠭᠤᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ᠂ ᠤᠯᠤᠰ ᠤᠨ ᠨᠢᠭᠡᠳᠦᠯ ᠢ ᠬᠠᠮᠠᠭᠠᠯᠠᠨ᠎ᠠ᠃ ︵ᠭᠤᠷᠪᠠ︶ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠣᠨᠴᠠᠭᠠᠶ ᠲᠦᠷᠦ ᠶᠢᠨ ᠪᠤᠳᠤᠯᠭ᠎ᠠ ᠶᠢᠨ ᠲᠤᠬᠠᠢ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠱᠠᠯᠠᠪᠳᠠᠵᠦ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠠᠵᠤ ᠠᠬᠤᠶ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ᠂ ᠵᠤᠯᠭᠠᠯᠴᠠᠭ᠎ᠠ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ᠂ ᠠᠵᠢᠯ ᠲᠥᠷᠥᠯ ᠤᠨ ᠰᠢᠰᠲ᠋ᠧᠮ ᠢᠶᠠᠷ ᠲᠤᠰᠠᠯᠠᠯᠴᠠᠬᠤ ᠪᠠ ᠠᠵᠤ ᠠᠬᠤᠶ ᠮᠡᠷᠭᠡᠵᠢᠯ ᠤᠨ ᠬᠠᠮᠳᠤᠷᠠᠯᠴᠠᠭ᠎ᠠ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠯᠡᠭᠡᠨ ᠤ ᠬᠡᠷᠡᠭᠰᠡᠯ ᠤᠨ ᠦᠢᠯᠡᠳᠪᠦᠷᠢᠯᠡᠯ ᠵᠡᠷᠭᠡ ᠬᠠᠮᠢᠶ᠎ᠠ ᠪᠥᠬᠦᠢ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠯᠠᠯᠤ ᠶᠢᠨ ᠢᠳᠡᠭᠡᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠶ ᠲᠥᠯᠥᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠠᠮᠢᠶ᠎ᠠ ᠪᠥᠬᠦᠶ ᠬᠦᠷᠢᠶᠡᠨ ᠳᠠᠬᠢ ᠬᠥᠭᠵᠢᠯᠲᠡ ᠶᠢᠨ ᠲᠥᠯᠥᠪᠵᠢᠭᠦᠯᠭᠡ ᠶᠢ ᠬᠠᠮᠵᠢᠨ ᠲᠣᠭᠲᠠᠭᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠬᠡᠨ ᠤ ᠰᠢᠰᠲ᠋ᠧᠮ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ︵ᠲᠠᠪᠤ︶ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠨ ᠡᠷᠭᠢᠯᠡᠵᠦ᠂ ᠦᠨᠳᠦᠰᠦᠲᠡᠨ ᠤ ᠰᠤᠮᠤ ᠰᠢᠶᠠᠩ ︵ᠪᠠᠯᠭᠠᠰᠦ︶ ᠲᠠᠢ ᠬᠠᠷᠢᠯᠴᠠᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠬᠠᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠮᠢᠶᠠᠷᠤᠯᠲᠠ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠬᠠᠷᠢᠭᠤᠴᠠᠨ᠎ᠠ᠃ ︵ᠲᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠭᠠᠳᠤ ᠲᠠᠢ ᠬᠠᠷᠢᠯᠴᠠᠬᠤ ᠪᠠ ᠰᠢᠶᠠᠩᠭᠠᠩ ᠣᠣᠮᠧᠨ ᠲᠠᠶᠢᠸᠠᠨ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠠᠪᠤᠳᠠᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠭᠠᠳᠠᠭᠠᠳᠤ ᠤᠬᠠᠭᠤᠯᠭ᠎ᠠ ᠶᠢᠨ ᠠᠵᠢᠯ ᠳᠤ ᠤᠷᠤᠯᠴᠠᠨ᠎ᠠ᠃ ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ᠂ ᠬᠥᠮᠦᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃ ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号