ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2022/4/23
ᠭᠤᠤᠯ ᠡᠭᠦᠷᠭᠡ ᠬᠠᠷᠢᠭᠤᠴᠠᠯᠭ᠎ᠠ᠄ ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠠᠮ ᠪᠠ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠣᠶᠣᠯ ᠪᠠ ᠵᠢᠭᠤᠯᠴᠢᠯᠠᠯ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠬᠤᠶᠠᠷ︶ ᠰᠣᠶᠣᠯ ᠪᠠ ᠵᠢᠭᠤᠯᠴᠢᠯᠠᠯ ᠤᠨ ᠦᠢᠯᠡᠰ᠂ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ︵ᠭᠤᠷᠪᠠ︶ ᠰᠣᠶᠣᠯ ᠪᠠ ᠵᠢᠭᠤᠯᠴᠢᠯᠠᠯ ᠤᠨ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠨ ᠴᠢᠩᠭᠠᠳᠬᠠᠵᠤ᠂ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠶᠢ ᠡᠵᠡᠮᠰᠢᠨ᠎ᠡ᠃ ᠴᠢᠬᠤᠯᠠ ᠶᠡᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠢᠯᠣᠭᠤᠳᠤᠨ ᠵᠣᠬᠢᠴᠠᠭᠤᠯᠵᠤ ᠬᠠᠮᠢᠶᠠᠷᠤᠨ᠎ᠠ᠃ ᠰᠣᠶᠣᠯ ᠤᠨ ᠵᠢᠭᠤᠯᠴᠢᠯᠠᠯ ᠤᠨ ᠴᠢᠬᠤᠯᠠ ᠶᠡᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠪᠦᠬᠦ ᠬᠤᠲᠠ ᠶᠢᠨ ᠵᠢᠭᠤᠯᠴᠢᠯᠠᠯ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠯᠭᠡᠷᠡᠭᠦᠯᠬᠦ ᠶᠢ ᠵᠣᠬᠢᠶᠠᠨ ᠪᠠᠶᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠡᠩᠨᠡᠭᠡ ᠶᠢᠨ ᠪᠠᠶᠢᠭᠤᠯᠤᠯᠲᠠ ᠪᠠ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ ᠶᠢ ᠠᠬᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠂ ᠡᠨᠡ ᠨᠢ ᠪᠥᠬᠦ ᠬᠤᠲᠠ ᠶᠢᠨ ᠵᠢᠭᠤᠯᠴᠢᠯᠠᠯ ᠪᠠ ᠳᠥᠷᠪᠡᠨ ᠤᠯᠠᠷᠢᠯ ᠤᠨ ᠵᠢᠭᠤᠯᠴᠢᠯᠠᠯ ᠢ ᠬᠥᠲᠥᠯᠥᠨ ᠵᠢᠯᠣᠭᠤᠳᠴᠤ ᠠᠬᠢᠭᠤᠯᠬᠤ ᠶᠢ ᠵᠢᠭᠠᠵᠤ ᠪᠤᠢ᠃ ︵ᠲᠠᠪᠤ︶ ᠤᠳᠬ᠎ᠠ ᠵᠣᠬᠢᠶᠠᠯ ᠤᠷᠠᠯᠢᠭ ᠤᠨ ᠠᠵᠢᠯ ᠢ ᠵᠢᠯᠣᠭᠤᠳᠤᠨ ᠬᠠᠮᠢᠶᠠᠷᠴᠤ᠂ ᠤᠳᠬ᠎ᠠ ᠵᠣᠬᠢᠶᠠᠯ ᠤᠷᠠᠯᠢᠭ ᠤᠨ ᠵᠣᠬᠢᠶᠠᠨ ᠪᠦᠲᠦᠭᠡᠯᠭᠡ ᠦᠢᠯᠡᠳᠪᠦᠷᠢᠯᠡᠯ ᠢ ᠬᠠᠮᠢᠶᠠᠷᠤᠨ ᠵᠢᠯᠣᠭᠤᠳᠤᠨ᠎ᠠ᠄ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠢᠯᠡᠷᠡᠭᠦᠯᠬᠦ ᠶᠢ ᠲᠦᠯᠬᠢᠨ ᠠᠬᠢᠭᠤᠯᠵᠤ᠂ ᠬᠥᠲᠥᠯᠥᠨ ᠵᠢᠯᠣᠭᠤᠳᠬᠤ᠂ ᠲᠥᠯᠥᠭᠡᠯᠡᠬᠦ ᠴᠢᠨᠠᠷᠲᠠᠶ᠂ ᠵᠢᠱᠢᠶ᠎ᠡ ᠦᠵᠡᠭᠦᠯᠬᠦ ᠴᠢᠨᠠᠷᠲᠠᠶ ᠤᠳᠬ᠎ᠠ ᠤᠷᠠᠯᠢᠭ ᠤᠨ ᠪᠦᠲᠦᠭᠡᠯ ᠤᠨ ᠦᠢᠯᠡᠳᠪᠦᠷᠢᠯᠡᠯ ᠪᠠ ᠬᠥᠭᠵᠢᠯᠲᠡ ᠶᠢ ᠬᠥᠲᠥᠯᠥᠨ ᠵᠢᠯᠣᠭᠤᠳᠤᠨ᠎ᠠ᠃ ᠪᠦᠬᠦ ᠬᠤᠲᠠ ᠶᠢᠨ ᠴᠢᠨᠠᠷᠲᠠᠶ ᠴᠢᠬᠤᠯᠠ ᠶᠡᠭᠡ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠤᠯᠠᠭᠠᠨᠮᠥ᠋ᠴᠢᠷ ᠤᠨ ᠦᠢᠯᠡᠰ ᠤᠨ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃ ︵ᠵᠢᠷᠭᠤᠭ᠎ᠠ︶ ᠣᠯᠠᠨ ᠨᠡᠶᠢᠲᠡ ᠶᠢᠨ ᠰᠣᠶᠣᠯ ᠤᠨ ᠦᠢᠯᠡᠰ ᠤᠨ ᠬᠥᠭᠵᠢᠯᠲᠡ ᠶᠢ ᠬᠠᠷᠢᠭᠤᠴᠠᠵᠤ᠂ ᠣᠳᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ ᠵᠢᠭᠤᠯᠴᠢᠯᠠᠯ ᠤᠨ ᠦᠢᠯᠡᠴᠢᠯᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ ᠪᠠ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠄ ᠪᠦᠬᠦ ᠬᠤᠲᠠ ᠶᠢᠨ ᠰᠣᠶᠣᠯ᠂ ᠵᠢᠭᠤᠯᠴᠢᠯᠠᠯ ᠤᠨ ᠭᠤᠤᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠬᠡᠨ ᠤ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ︵ᠳᠣᠯᠤᠭ᠎ᠠ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠵᠠᠬ᠎ᠠ ᠳᠡᠯᠭᠡᠭᠦᠷ ᠲᠤ ᠰᠢᠯᠵᠢᠭᠰᠡᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ᠂ ᠲᠦᠭᠡᠮᠡᠯᠵᠢᠭᠦᠯᠬᠦ ᠪᠠ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ︵ᠨᠠᠢᠮᠠ︶ ᠰᠣᠶᠣᠯ᠂ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠣᠶᠣᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠮᠡᠳᠡᠭᠡ ᠵᠠᠩᠭᠢᠵᠢᠯᠲᠠ᠂ ᠤᠶᠤᠨᠴᠢᠯᠠᠯᠳᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠪᠠ ᠨᠡᠭᠡᠭᠡᠨ ᠬᠥᠭᠵᠢᠭᠦᠯᠬᠦ ᠶᠢ ᠬᠠᠷᠢᠭᠤᠴᠠᠨ᠎ᠠ᠃ ︵ᠶᠢᠰᠦ︶ ᠪᠦᠬᠦ ᠬᠤᠲᠠ ᠶᠢᠨ ᠰᠣᠶᠣᠯ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠤᠨ ᠬᠢᠨᠠᠨ ᠬᠠᠮᠢᠶᠠᠷᠴᠤ᠂ ᠪᠦᠬᠦ ᠬᠤᠲᠠ ᠶᠢᠨ ᠰᠣᠶᠣᠯ᠂ ᠲᠡᠤᠬᠡ ᠶᠢᠨ ᠳᠤᠷᠠᠰᠬᠠᠯᠲᠤ ᠵᠦᠢᠯ᠂ ᠵᠢᠭᠤᠯᠴᠢᠯᠠᠯ ᠵᠡᠷᠭᠡ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ ᠵᠠᠬ᠎ᠠ ᠳᠡᠯᠭᠡᠭᠦᠷ ᠤᠨ ᠡᠵᠡᠩᠨᠡᠯᠲᠡ ᠪᠠ ᠰᠣᠶᠣᠯ ᠵᠢᠭᠤᠯᠴᠢᠯᠠᠯ ᠤᠨ ᠦᠢᠯᠡᠳᠬᠦᠨ᠂ ᠦᠢᠯᠡᠴᠢᠯᠡᠬᠡᠨ ᠤ ᠶᠠᠰᠤ ᠴᠢᠨᠠᠷ ᠲᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠵᠦ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠠᠤᠯᠢ ᠶᠣᠰᠣᠭᠠᠷ ᠵᠢᠷᠤᠮᠵᠢᠭᠤᠯᠤᠨ᠎ᠠ᠃ ︵ᠠᠷᠪᠠ︶ ᠰᠣᠶᠣᠯ᠂ ᠵᠢᠭᠤᠯᠴᠢᠯᠠᠯ ᠤᠨ ᠠᠵᠢᠯ ᠲᠥᠷᠥᠯ ᠤᠨ ᠴᠢᠳᠠᠪᠤᠷᠢᠲᠠᠨ ᠤ ᠨᠡᠭᠡᠭᠡᠯᠲᠡ ᠪᠣᠯᠤᠨ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠰᠣᠶᠣᠯ ᠵᠢᠭᠤᠯᠴᠢᠯᠠᠯ ᠤᠨ ᠠᠵᠢᠯ ᠡᠷᠬᠢᠯᠡᠵᠦ ᠪᠠᠶᠢᠭ᠎ᠠ ᠬᠥᠮᠦᠰ ᠤᠨ ᠰᠤᠷᠭᠠᠨ ᠬᠥᠮᠦᠵᠢᠯ᠂ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ᠂ ᠬᠠᠮᠢᠶ᠎ᠠ ᠪᠦᠬᠦᠢ ᠬᠠᠤᠯᠢ ᠳᠦᠷᠢᠮ ᠪᠣᠯᠤᠨ ᠪᠦᠷᠢᠳᠬᠡᠬᠦ ᠳᠦᠷᠢᠮ ᠢ ᠵᠢᠯᠣᠭᠤᠳᠤᠨ ᠬᠡᠷᠡᠭᠵᠢᠭᠦᠯᠦᠨ᠎ᠡ᠃ ︵ᠠᠷᠪᠠᠨ ᠨᠢᠭᠡ︶ ᠰᠣᠶᠣᠯ᠂ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠬᠢᠭᠡᠳ ᠤᠬᠠᠭᠤᠯᠤᠨ ᠳᠡᠯᠭᠡᠷᠡᠭᠦᠯᠬᠦ ᠠᠵᠢᠯ ᠢ ᠵᠢᠯᠣᠭᠤᠳᠤᠨ ᠬᠠᠮᠢᠶᠠᠷᠴᠤ᠂ ᠰᠣᠶᠣᠯ᠂ ᠵᠢᠭᠤᠯᠴᠢᠯᠠᠯ ᠤᠨ ᠭᠠᠳᠠᠭᠠᠳᠤ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ︵ᠠᠷᠪᠠᠨ ᠬᠤᠶᠠᠷ︶ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠢ ᠠᠪᠤᠷᠠᠬᠤ᠂ ᠬᠠᠮᠠᠭᠠᠯᠠᠬᠤ᠂ ᠬᠠᠮᠢᠶᠠᠷᠬᠤ ᠪᠠ ᠠᠰᠢᠭᠯᠠᠬᠤ ᠠᠵᠢᠯ ᠢ ᠬᠠᠷᠢᠭᠤᠴᠠᠨ᠎ᠠ᠃ ︵ᠠᠷᠪᠠᠨ ᠭᠤᠷᠪᠠ︶ ᠰᠣᠶᠣᠯ᠂ ᠵᠢᠭᠤᠯᠴᠢᠯᠠᠯ ᠤᠨ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ ᠲᠠᠢ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠪᠠ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠵᠢᠯᠣᠭᠤᠳᠤᠨ ᠵᠣᠬᠢᠴᠠᠭᠤᠯᠵᠤ᠂ ᠭᠡᠨᠡᠳᠲᠡ ᠶᠢᠨ ᠬᠡᠷᠡᠭ ᠢ ᠰᠡᠷᠭᠡᠶᠢᠯᠡᠨ ᠰᠢᠢᠳᠪᠦᠷᠢᠯᠡᠬᠦ ᠪᠠ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠬᠡᠷᠡᠭᠲᠡᠶ᠃ ︵ᠠᠷᠪᠠᠨ ᠳᠦᠷᠪᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ᠳᠣᠲᠣᠭᠠᠳᠤ ᠪᠠᠶᠢᠭᠤᠯᠤᠮᠵᠢ᠄ ︵ᠨᠢᠭᠡ︶ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠬᠠᠮᠢᠶᠠᠷᠤᠯᠲᠠ ᠪᠣᠯᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠵᠠᠬᠢᠳᠠᠯ ᠰᠤᠷᠪᠤᠯᠵᠢᠯᠠᠯ᠂ ᠨᠢᠭᠤᠴᠠ ᠴᠢᠬᠤᠯᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠢᠢᠳᠪᠦᠷᠢᠯᠡᠯᠳᠡ᠂ ᠰᠣᠨᠢᠨ ᠮᠡᠳᠡᠭᠡ ᠨᠡᠶᠢᠲᠡᠯᠡᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠵᠡᠷᠭᠡ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠢ ᠲᠤᠭᠤᠷᠪᠢᠪᠠ᠃ ᠪᠠᠶᠢᠭᠤᠯᠤᠯᠭ᠎ᠠ ᠶᠢᠨ ᠡᠯᠧᠺᠳ᠋ᠷᠣᠨ ᠵᠠᠰᠠᠭ ᠤᠨ ᠶᠠᠪᠤᠳᠠᠯ ᠪᠣᠯᠤᠨ ᠮᠡᠳᠡᠭᠡ ᠵᠠᠩᠭᠢᠴᠢᠯᠠᠬᠤ ᠪᠠᠶᠢᠭᠤᠯᠤᠯᠲᠠ ᠶᠢ ᠵᠢᠯᠣᠭᠤᠳᠤᠨ ᠵᠣᠬᠢᠴᠠᠭᠤᠯᠬᠤ ᠶᠢ ᠬᠠᠷᠢᠭᠤᠴᠠᠨ᠎ᠠ᠃ ᠪᠠᠶᠢᠭᠤᠯᠤᠯᠭ᠎ᠠ ᠵᠢᠴᠢ ᠬᠠᠷᠢᠶ᠎ᠠ ᠨᠢᠭᠡᠴᠡ ᠶᠢᠨ ᠢᠶᠠᠨ ᠠᠵᠢᠯ ᠢ ᠬᠠᠷᠢᠭᠤᠴᠠᠨ᠎ᠠ᠃ ᠰᠠᠯᠠᠭ᠎ᠠ ᠮᠥᠴᠢᠷ ᠤᠨ ᠲᠥᠰᠦᠪ᠂ ᠲᠥᠰᠦᠪ ᠤᠨ ᠭᠦᠢᠴᠡᠳᠭᠡᠯ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠰᠣᠶᠣᠯ ᠪᠠ ᠵᠤᠭᠠᠴᠠᠯ ᠤᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠨ᠎ᠠ᠃ ᠪᠠᠶᠢᠭᠤᠯᠤᠯᠭ᠎ᠠ ᠪᠣᠯᠤᠨ ᠬᠠᠷᠢᠶ᠎ᠠ ᠨᠢᠭᠡᠴᠡ ᠶᠢᠨ ᠢᠶᠠᠨ ᠳᠣᠲᠣᠭᠠᠳᠤ ᠶᠢᠨ ᠬᠢᠨᠠᠨ ᠪᠣᠳᠣᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯ ᠢ ᠬᠠᠷᠢᠭᠤᠴᠠᠨ᠎ᠠ᠃ ᠲᠥᠷᠥᠯ ᠵᠦᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠠᠵᠢᠯ ᠪᠠ ᠵᠠᠰᠠᠭ ᠤᠨ ᠣᠷᠳᠣᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号