ᠭᠤᠣᠯ ᠡᠭᠦᠷᠭᠡ ᠬᠠᠷᠢᠭᠤᠴᠠᠯᠭ᠎ᠠ᠄ | 1. ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠤᠯᠤᠰ᠂ | ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠠᠮᠢᠶ᠎ᠠ | ᠪᠥᠬᠦᠶ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠤᠱᠯᠠᠭᠤᠯᠵᠤ᠂ ᠪᠥᠬᠦ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠠᠵᠢᠯ ᠤᠨ ᠲᠥᠷᠥ ᠶᠢᠨ ᠪᠣᠳᠣᠯᠭ᠎ᠠ ᠶᠢ ᠨᠠᠶᠢᠷᠠᠭᠤᠯᠤᠨ ᠲᠣᠭᠲᠠᠭᠠᠵᠤ᠂ ᠪᠥᠬᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠠᠵᠢᠯ ᠢ ᠪᠠᠶᠢᠷᠢᠯᠠᠭᠤᠯᠬᠤ᠂ ᠵᠢᠯᠣᠭᠤᠳᠬᠤ ᠪᠠ ᠬᠢᠨᠠᠨ ᠪᠠᠶᠢᠴᠠᠭᠠᠨ᠎ᠠ᠃ | 2. ᠪᠦᠭᠦ ᠬᠤᠰᠢᠭᠤᠨ ᠤ ᠨᠡᠶᠢᠭᠡᠮ ᠤᠨ ᠲᠣᠭᠲᠠᠭᠤᠨ ᠪᠠᠶᠢᠳᠠᠯ ᠢ ᠨᠦᠯᠦᠭᠡᠯᠡᠭᠰᠡᠨ᠂ ᠤᠯᠤᠰ ᠤᠨ ᠳᠣᠲᠣᠭᠠᠳᠤ ᠶᠢᠨ | ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠬᠤᠬᠢᠷᠠᠭᠤᠯᠤᠭᠰᠠᠨ ᠪᠠᠶᠢᠳᠠᠯ ᠢ ᠡᠵᠡᠮᠰᠢᠨ ᠵᠠᠳᠠᠯᠵᠤ᠂ | ᠠᠷᠭᠠᠴᠠᠬᠤ ᠲᠦᠰᠦᠯ ᠲᠣᠭᠲᠠᠭᠠᠨ᠎ᠠ᠃ | 3. ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠠᠵᠢᠯ ᠢ ᠵᠣᠬᠢᠶᠠᠨ | ᠪᠠᠶᠢᠭᠤᠯᠵᠤ ᠵᠢᠯᠣᠭᠤᠳᠤᠨ᠎ᠠ᠃ ᠪᠥᠬᠦ ᠬᠤᠰᠢᠭᠤᠨ ᠤ ᠬᠡᠪᠴᠢᠶᠡᠨ ᠳᠠᠬᠢ ᠶᠠᠯᠠᠲᠤ ᠬᠡᠷᠡᠭ᠂ ᠬᠦᠨᠳᠦ ᠶᠡᠭᠡ | ᠡᠷᠡᠭᠦᠤ ᠶᠢᠨ ᠶᠠᠯᠠᠲᠤ ᠬᠡᠷᠡᠭ᠂ ᠬᠦᠨᠳᠦ ᠶᠡᠭᠡ ᠠᠵᠤ ᠠᠬᠤᠶ ᠶᠢᠨ ᠶᠠᠯᠠᠲᠤ ᠬᠡᠷᠡᠭ ᠪᠠ ᠪᠥᠬᠦ ᠬᠤᠰᠢᠭᠤᠨ ᠤ | ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ ᠢ | ᠲᠤᠷᠰᠢᠨ ᠪᠠᠶᠢᠴᠠᠭᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠢᠳᠡᠭᠡᠨ ᠪᠠ ᠡᠮ ᠤᠨ ᠵᠦᠢᠯ᠂ ᠠᠮᠢ ᠠᠬᠤᠶ ᠣᠷᠴᠢᠨ ᠲᠣᠭᠤᠷᠢᠨ᠂ ᠠᠮᠢᠳᠤ ᠪᠣᠳᠠᠰ ᠤᠨ ᠠᠮᠤᠷ ᠲᠦᠪᠰᠢᠨ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠦᠷᠢᠶ᠎ᠡ ᠴᠠᠷᠠᠭᠠᠨ ᠳᠠᠬᠢ ᠶᠠᠯᠠᠲᠤ ᠬᠡᠷᠡᠭ ᠵᠢᠴᠢ ᠪᠥᠬᠦ | ᠬᠤᠰᠢᠭᠤᠨ ᠤ ᠦᠨᠡᠲᠦ ᠲᠡᠮᠳᠡᠭᠲᠦ᠂ ᠬᠤᠭᠤᠴᠠᠭᠠᠲᠤ ᠪᠠᠷᠠᠭ᠎ᠠ ᠵᠡᠷᠭᠡ ᠮᠥᠩᠭᠦᠨ ᠭᠦᠢᠯᠭᠡᠭᠡᠨ ᠤ ᠶᠠᠯᠠᠲᠤ ᠬᠡᠷᠡᠭ ᠢ | ᠵᠣᠬᠢᠶᠠᠨ ᠪᠠᠶᠢᠭᠤᠯᠵᠤ᠂ ᠵᠢᠯᠣᠭᠤᠳᠴᠤ᠂ ᠲᠠᠩᠨᠠᠨ ᠰᠢᠢᠳᠪᠦᠷᠢᠯᠡᠨ᠎ᠡ᠃ | 4. ᠪᠦᠭᠦ ᠬᠤᠰᠢᠭᠤᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠢᠬᠤᠯᠠ ᠶᠡᠭᠡ | ᠴᠠᠭᠳᠠᠭᠠᠨ ᠤ ᠶᠠᠪᠤᠳᠠᠯ ᠤᠨ ᠠᠵᠢᠯᠯᠠᠭ᠎ᠠ ᠶᠢ ᠪᠥᠬᠦ ᠬᠤᠰᠢᠭᠤᠨ ᠤ ᠬᠦᠨᠳᠦ ᠶᠡᠭᠡ ᠠᠮᠤᠷ ᠲᠦᠪᠰᠢᠨ ᠤ ᠠᠳᠡᠯ ᠪᠠ | ᠣᠯᠠᠨ ᠲᠦᠮᠡᠨ ᠤ ᠴᠢᠨᠠᠷᠲᠠᠶ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ ᠪᠥᠬᠦ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠡᠪᠳᠡᠭᠰᠡᠨ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠵᠢᠭᠠᠨ ᠵᠢᠯᠣᠭᠤᠳᠴᠤ᠂ ᠬᠤᠰᠢᠭᠤᠨ ᠤ ᠠᠮᠤᠷ ᠢ ᠬᠠᠮᠠᠭᠠᠯᠠᠬᠤ | ᠵᠠᠰᠠᠭ ᠵᠠᠬᠢᠷᠭᠠᠨ ᠤ ᠬᠠᠮᠢᠶᠠᠷᠤᠯᠲᠠ᠂ ᠭᠠᠯ ᠰᠡᠷᠭᠡᠶᠢᠯᠡᠬᠦ ᠪᠠ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ | ᠠᠵᠢᠯ ᠢ ᠬᠠᠤᠯᠢ ᠶᠣᠰᠣᠭᠠᠷ ᠥᠷᠨᠢᠭᠦᠯᠦᠨ᠎ᠡ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ | ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃ ᠬᠥᠮᠦᠨ ᠠᠮᠠ᠂ ᠡᠷᠦᠬᠡ ᠠᠮᠠ ᠶᠢᠨ | ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠥᠷᠨᠢᠭᠦᠯᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠭᠤᠷᠪᠠᠳᠤᠭᠠᠷ ᠳᠡᠰ ᠤᠨ ᠭᠠᠯ ᠤᠨᠲᠠᠷᠠᠭᠠᠬᠤ ᠠᠵᠢᠯ ᠢ ᠬᠠᠷᠢᠭᠤᠴᠠᠨ᠎ᠠ᠃ | 5. ᠪᠥᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠵᠠᠮ ᠬᠠᠷᠢᠯᠴᠠᠭᠠᠨ ᠤ ᠠᠮᠤᠷ ᠲᠦᠪᠰᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠵᠢᠯᠣᠭᠤᠳᠴᠤ᠂ ᠬᠢᠨᠠᠵᠤ | ᠬᠠᠮᠠᠭᠠᠯᠠᠬᠤ ᠵᠢᠴᠢ ᠮᠠᠰᠢᠨᠲᠤ ᠲᠡᠷᠭᠡ ︵ᠲᠷᠠᠺᠲ᠋ᠣᠷ ᠪᠠᠭᠲᠠᠬᠤ ᠦᠭᠡᠢ︶᠂ ᠵᠢᠯᠣᠭᠤᠴᠢ ᠶᠢᠨ ᠬᠠᠮᠢᠶᠠᠷᠤᠯᠲᠠ ᠶᠢᠨ | ᠠᠵᠢᠯ ᠢ ᠥᠷᠨᠢᠭᠦᠯᠦᠨ᠎ᠡ᠃ | 6. ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠢ | ᠬᠠᠤᠯᠢ ᠶᠣᠰᠣᠭᠠᠷ ᠥᠷᠨᠢᠭᠦᠯᠦᠨ᠎ᠡ᠃ ᠪᠥᠬᠦ ᠬᠤᠰᠢᠭᠤᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠵᠡᠷᠭᠡ | ᠳᠡᠰ ᠤᠨ ᠬᠠᠮᠠᠭᠠᠯᠠᠯᠲᠠ ᠶᠢᠨ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠵᠤ᠂ ᠪᠥᠬᠦ | ᠬᠤᠰᠢᠭᠤᠨ ᠤ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠢ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠬᠦ᠂ ᠨᠡᠶᠢᠲᠡᠯᠡᠨ ᠮᠡᠳᠡᠭᠳᠡᠵᠦ ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ | 7. ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠭᠰᠡᠨ᠂ | ᠨᠡᠶᠢᠭᠡᠮ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠪᠠᠶᠢᠳᠠᠯ ᠢ ᠴᠤᠭᠯᠠᠭᠤᠯᠬᠤ ᠶᠢᠨ ᠬᠠᠮᠲᠤ | ᠵᠠᠳᠠᠯᠤᠨ ᠰᠤᠳᠤᠯᠵᠤ ᠮᠠᠭᠠᠳᠯᠠᠨ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ | 8. ᠪᠦᠭᠦ ᠬᠤᠰᠢᠭᠤᠨ ᠤ ᠰᠦᠷᠳᠡᠭᠦᠯᠦᠯ ᠤᠨ ᠠᠵᠢᠯᠯᠠᠭ᠎ᠠ ᠶᠢ ᠰᠡᠷᠭᠡᠶᠢᠯᠡᠬᠦ᠂ ᠲᠠᠩᠨᠠᠬᠤ ᠪᠠ ᠴᠣᠬᠢᠯᠲᠠ ᠥᠭᠬᠦ | ᠠᠵᠢᠯ ᠢ ᠵᠣᠬᠢᠶᠠᠨ ᠪᠠᠶᠢᠭᠤᠯᠵᠤ᠂ ᠵᠢᠯᠣᠭᠤᠳᠴᠤ᠂ ᠵᠣᠬᠢᠴᠠᠭᠤᠯᠤᠨ᠎ᠠ᠃ | 9. ᠪᠥᠬᠦ ᠬᠤᠰᠢᠭᠤᠨ ᠤ ᠬᠤᠤᠷᠲᠤ ᠡᠳ᠋ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠪᠠᠶᠢᠳᠠᠯ ᠢ | ᠡᠵᠮᠡᠰᠢᠵᠦ᠂ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠲᠡᠭᠦᠨ ᠳᠤ ᠴᠣᠬᠢᠯᠲᠠ | ᠥᠭᠬᠦ ᠶᠢ ᠬᠠᠷᠢᠭᠤᠴᠠᠨ᠎ᠠ᠃ | 10. ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠬᠠᠮᠢᠶ᠎ᠠ | ᠪᠥᠬᠦᠶ ᠠᠵᠢᠯ ᠪᠠ ᠬᠢᠯᠢ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 11. ᠪᠦᠭᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡᠯᠡᠵᠦ ᠪᠠᠶᠢᠭ᠎ᠠ | ᠡᠷᠡᠭᠦᠦ ᠰᠢᠢᠳᠬᠡᠯ ᠢ ᠭᠦᠢᠴᠡᠳᠬᠡᠬᠦ ᠠᠵᠢᠯ ᠪᠠ ᠳᠣᠲᠣᠭᠠᠳᠤ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠠᠵᠢᠯ ᠢ ᠵᠢᠭᠠᠨ ᠵᠢᠯᠣᠭᠤᠳᠴᠤ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠤᠷᠢᠭᠤᠯ ᠤᠨ ᠭᠠᠵᠠᠷ᠂ ᠲᠦᠷ ᠬᠤᠷᠢᠬᠤ ᠭᠠᠵᠠᠷ ᠵᠢᠴᠢ ᠦᠯᠡᠳᠡᠭᠡᠨ ᠠᠪᠴᠤ ᠬᠠᠷᠠᠵᠤ | ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | 12. ᠨᠠᠮ ᠪᠠ ᠤᠯᠤᠰ ᠤᠨ ᠤᠳᠤᠷᠢᠳᠬᠤ ᠬᠥᠮᠦᠰ᠂ ᠭᠠᠳᠠᠭᠠᠳᠤ ᠶᠢᠨ ᠴᠢᠬᠤᠯᠠ ᠵᠣᠴᠢᠳ ᠤᠨ ᠮᠠᠨ ᠤ | ᠬᠤᠰᠢᠭᠤᠨ ᠳᠠᠬᠢ ᠬᠠᠮᠢᠶ᠎ᠠ ᠪᠥᠬᠦᠶ ᠠᠵᠢᠯᠯᠠᠭ᠎ᠠ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ | ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠶᠢᠨ ᠮᠠᠨ ᠤ | ᠬᠤᠰᠢᠭᠤᠨ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃ | 13. ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠢᠯᠣᠭᠤᠳᠤᠨ | ᠲᠣᠬᠢᠷᠠᠭᠤᠯᠬᠤ ᠰᠢᠰᠲ᠋ᠧᠮ᠂ ᠲᠣᠮᠣ ᠳ᠋ᠠᠶᠢᠲ᠋ᠠ ᠶᠢᠨ ᠮᠡᠷᠭᠡᠵᠢᠯ᠂ ᠡᠷᠡᠭᠦᠤ ᠶᠢᠨ ᠬᠡᠷᠡᠭ ᠤᠨ ᠮᠡᠷᠭᠡᠵᠢᠯ ᠤᠨ | ᠪᠠᠶᠢᠭᠤᠯᠤᠯᠲᠠ ᠶᠢ ᠲᠥᠯᠥᠪᠵᠢᠭᠦᠯᠦᠨ᠎ᠡ︔ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠮᠡᠳᠡᠭᠡ ᠵᠠᠩᠭᠢ ᠶᠢᠨ | ᠴᠢᠮᠡᠭᠡ ᠬᠤᠯᠪᠣᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | 14. ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠣᠨᠤᠭ ᠲᠥᠬᠦᠭᠡᠷᠦᠮᠵᠢ ᠪᠠ | ᠵᠠᠷᠤᠳᠠᠯ ᠤᠨ ᠲᠥᠯᠥᠪᠯᠡᠭᠡ ᠶᠢ ᠲᠣᠭᠲᠠᠭᠠᠬᠤ᠂ ᠬᠠᠮᠢᠶᠠᠷᠤᠯᠲᠠ ᠶᠢᠨ ᠲᠦᠷᠢᠮ ᠢ ᠲᠣᠭᠲᠠᠭᠠᠬᠤ ᠳᠤ ᠣᠷᠣᠯᠴᠠᠨ᠎ᠠ᠃ | ᠪᠥᠬᠦ ᠬᠤᠰᠢᠭᠤᠨ ᠤ ᠴᠠᠭᠳᠠᠭᠠᠨ ᠤ ᠠᠭᠠᠷ ᠤᠨ ᠨᠢᠰᠦᠭᠦᠷ ᠤᠨ ᠠᠵᠢᠯᠯᠠᠭᠠᠨ᠂ ᠠᠮᠤᠷ ᠲᠦᠪᠰᠢᠨ ᠪᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠨᠢᠭᠡᠳᠦᠯᠲᠡᠶ ᠤᠳᠤᠷᠢᠳᠤᠨ᠎ᠠ᠃ | 15. ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠣᠯᠠᠨ | ᠤᠯᠤᠰ ᠤᠨ ᠡᠷᠡᠭᠦᠤ ᠶᠢᠨ ᠴᠠᠭᠳᠠᠭ᠎ᠠ ᠶᠢᠨ ᠵᠣᠬᠢᠶᠠᠨ ᠪᠠᠶᠢᠭᠤᠯᠤᠯᠲᠠ᠂ ᠭᠠᠳᠠᠭᠠᠳᠤ ᠶᠢᠨ ᠴᠠᠭᠳᠠᠭ᠎ᠠ ᠵᠢᠴᠢ | ᠰᠢᠶᠠᠩᠭᠠᠩ ᠣᠣᠮᠧᠨ ᠲᠠᠶᠢᠸᠠᠨ ᠤ ᠴᠠᠭᠳᠠᠭ᠎ᠠ ᠶᠢᠨ ᠲᠠᠯ᠎ᠠ ᠶᠢᠨ ᠬᠢᠨ ᠲᠠᠢ ᠬᠠᠷᠢᠯᠴᠠᠭ᠎ᠠ ᠪᠠ ᠲᠤᠬᠠᠶᠢᠯᠠᠭᠰᠠᠨ | ᠠᠵᠢᠯ ᠤᠨ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠠᠵᠢᠯ ᠲᠠᠢ ᠬᠠᠮᠢᠶ᠎ᠠ ᠪᠥᠬᠦᠶ ᠭᠠᠳᠠᠭᠠᠳᠤ ᠳᠤ ᠬᠤᠯᠪᠣᠭᠳᠠᠬᠤ ᠭᠡᠷ᠎ᠡ ᠪᠠ ᠬᠠᠮᠲᠤᠷᠠᠯᠴᠠᠭᠠᠨ ᠤ | ᠬᠡᠯᠡᠯᠴᠡᠭᠡᠷ ᠢ ᠭᠦᠢᠴᠡᠳᠬᠡᠨ᠎ᠡ᠃ ᠬᠢᠯᠢ ᠶᠢᠨ ᠭᠠᠳᠠᠨᠠᠬᠢ ᠵᠠᠰᠠᠭ ᠤᠨ ᠣᠷᠳᠣᠨ ᠤ ᠪᠤᠰᠤ ᠵᠣᠬᠢᠶᠠᠨ ᠪᠠᠶᠢᠭᠤᠯᠤᠯᠲᠠ ᠶᠢᠨ | ᠮᠠᠨ ᠤ ᠬᠤᠰᠢᠭᠤᠨ ᠳᠠᠬᠢ ᠠᠵᠢᠯᠯᠠᠭ᠎ᠠ ᠶᠢᠨ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠪᠥᠬᠦ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠯᠤᠰ ᠠᠯᠤᠰᠯᠠᠭᠰᠠᠨ ︵ᠬᠢᠯᠢ︶ ᠬᠡᠷᠡᠭ ᠢ ᠲᠠᠩᠨᠠᠨ | ᠰᠢᠢᠳᠪᠦᠷᠢᠯᠡᠬᠦ ᠬᠠᠮᠵᠢᠯᠴᠠᠭᠠᠨ ᠤ ᠠᠵᠢᠯ ᠢ ᠬᠠᠷᠢᠭᠤᠴᠠᠨ᠎ᠠ᠃ | 16. ᠪᠦᠭᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠭᠦᠢ | ᠲᠦᠷᠤ ᠶᠢᠨ ᠪᠤᠲᠤᠯᠭ᠎ᠠ ᠶᠢ ᠲᠣᠭᠲᠠᠭᠠᠭᠰᠠᠨ ᠡᠷᠬᠡ ᠮᠡᠳᠡᠯ ᠤᠨ ᠬᠡᠪᠴᠢᠶᠡᠨ ᠳᠡᠭᠡᠨ ᠺᠠᠳ᠋ᠷ ᠢ ᠬᠠᠮᠢᠶᠠᠷᠤᠨ᠎ᠠ᠃ ᠪᠥᠬᠦ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠦᠷᠢᠮ ᠢ | ᠲᠣᠭᠲᠠᠭᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠠᠵᠢᠯ ᠢ | ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠺᠠᠳ᠋ᠷ ᠲᠤ ᠬᠢᠨᠠᠯᠲᠠ | ᠲᠠᠯᠪᠢᠵᠤ᠂ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠦᠨᠳᠦ ᠶᠡᠭᠡ ᠰᠠᠬᠢᠯᠭ᠎ᠠ ᠪᠠᠲᠤ ᠶᠢ | ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠤᠶᠤ ᠰᠢᠪᠠᠳᠠᠨ ᠰᠢᠢᠳᠪᠦᠷᠢᠯᠡᠨ᠎ᠡ᠃ ᠪᠥᠬᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ᠂ ᠠᠵᠢᠯ ᠤᠨ | ᠰᠤᠷᠲᠠᠯ ᠤᠨ ᠪᠠᠶᠢᠭᠤᠯᠤᠯᠲᠠ ᠪᠠ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠵᠢᠯᠣᠭᠤᠳᠤᠨ᠎ᠠ᠃ | 17. ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠭᠦᠢᠴᠡᠳᠬᠡᠨ᠎ᠡ᠃ |