ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2022/4/23
ᠭᠤᠤᠯ ᠡᠭᠦᠷᠭᠡ ᠬᠠᠷᠢᠭᠤᠴᠠᠯᠭ᠎ᠠ ᠨᠢᠭᠡ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠤᠳᠠ ᠶᠢᠨ ᠴᠡᠷᠢᠭ ᠤᠨ ᠠᠯᠪᠠᠨ ᠠᠴᠠ ᠪᠠᠭᠤᠭᠰᠠᠳ ᠤᠨ ᠦᠵᠡᠯ ᠰᠠᠨᠠᠭ᠎ᠠ ᠤᠯᠤᠰ ᠲᠦᠷᠦ᠂ ᠬᠠᠮᠢᠶᠠᠷᠤᠯᠲᠠ ᠶᠢᠨ ᠪᠠᠲᠤᠯᠠᠭ᠎ᠠ ᠪᠠ ᠬᠠᠷᠠᠭᠠᠯᠵᠠᠨ ᠲᠤᠬᠢᠷᠠᠭᠤᠯᠬᠤ ᠲᠤᠬᠠᠢ ᠬᠠᠥᠯᠢ ᠴᠠᠭᠠᠵᠠ ᠬᠠᠥᠯᠢ ᠳᠦᠷᠢᠮ ᠵᠢᠴᠢ ᠬᠠᠮᠢᠶ᠎ᠠ ᠪᠦᠭᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠭᠦᠢᠴᠡᠳᠭᠡᠬᠦ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤ ᠪᠦᠬᠦ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠳ ᠤᠨ ᠤᠨᠴᠠᠭᠠᠢ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ ᠲᠤᠭᠳᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠴᠡᠷᠢᠭ ᠤᠨ ᠠᠯᠪᠠᠨ  ᠠᠴᠠ ᠪᠠᠭᠤᠭᠰᠠᠳ ᠤᠨ ᠨᠠᠮ᠂ ᠤᠯᠤᠰ ᠪᠠ ᠠᠷᠠᠳ ᠲᠦᠮᠡᠨ ᠤ ᠲᠦᠯᠦᠭᠡ ᠦᠷᠡᠭᠳᠡᠵᠦ ᠬᠠᠨᠳᠢᠪᠯᠠᠬᠤ ᠵᠤᠷᠢᠭ ᠰᠠᠨᠠᠭᠠᠨ ᠤ ᠬᠡᠪ ᠨᠠᠮᠪᠠ ᠪᠠ ᠦᠷᠳᠡᠭ ᠤᠨ ᠬᠦᠲᠦᠯᠦᠮᠵᠢ ᠶᠢ ᠰᠠᠶᠢᠰᠢᠶᠠᠨ ᠮᠠᠭᠲᠠᠨ᠎ᠠ᠃ ᠬᠤᠶᠠᠷ᠂ ᠴᠡᠷᠢᠭ ᠠᠴᠠ ᠬᠠᠯᠠᠭᠳᠠᠭᠰᠠᠳ ᠢ ᠲᠦᠪᠬᠢᠨᠡᠭᠦᠯᠬᠦ ᠠᠵᠢᠯ ᠢ ᠬᠠᠷᠢᠭᠤᠴᠠᠨ᠎ᠠ᠃ ᠴᠡᠷᠢᠭ ᠠᠩᠭᠢ ᠠᠴᠠ ᠠᠵᠢᠯ ᠳᠤ ᠰᠢᠯᠵᠢᠭᠰᠡᠨ ᠺᠠᠳ᠋ᠷ᠂ ᠴᠡᠷᠢᠭ ᠠᠴᠠ ᠬᠠᠯᠠᠭᠳᠠᠭᠰᠠᠳ᠂ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠺᠠᠳ᠋ᠷ᠂ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠵᠢᠴᠢ ᠳᠠᠭᠠᠵᠤ ᠰᠢᠯᠵᠢᠭᠦᠯᠦᠭᠰᠡᠨ ᠬᠡᠷ ᠪᠦᠯᠢ ᠶᠢ ᠰᠢᠯᠵᠢᠭᠦᠯᠦᠨ ᠲᠤᠰᠢᠶᠠᠵᠤ ᠲᠦᠪᠬᠢᠨᠡᠭᠦᠯᠬᠦ ᠠᠵᠢᠯ ᠢ ᠲᠦᠯᠦᠪᠯᠡᠨ ᠲᠤᠬᠢᠷᠠᠭᠤᠯᠬᠤ ᠶᠢ ᠬᠠᠷᠢᠭᠤᠴᠠᠨ᠎ᠠ᠃ ᠪᠦᠬᠦ ᠬᠤᠰᠢᠭᠤᠨ ᠤ ᠦᠪᠡᠷ ᠢᠶᠠᠨ ᠡᠷᠬᠡ ᠮᠡᠳᠡᠨ ᠠᠵᠢᠯ ᠰᠤᠩᠭᠤᠬᠤ᠂ ᠦᠪᠡᠷ ᠢᠶᠠᠨ ᠡᠷᠬᠡ ᠮᠡᠳᠡᠨ ᠠᠵᠢᠯ ᠤᠯᠬᠤ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠭᠤᠷᠪᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠪᠤᠯᠪᠠᠰᠤᠷᠠᠯ ᠠᠵᠢᠯ ᠤᠯᠭᠤᠯᠲᠠ ᠶᠢᠨ ᠠᠵᠢᠯ ᠢ ᠵᠢᠯᠤᠭᠤᠳᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠰᠤᠷᠭᠠᠨ ᠬᠦᠮᠦᠵᠢᠯ ᠪᠤᠯᠪᠠᠰᠤᠷᠠᠯ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠦ᠂ ᠴᠡᠷᠢᠭ ᠤᠨ ᠠᠯᠪᠠᠨ ᠠᠴᠠ ᠪᠠᠭᠤᠭᠰᠠᠳ ᠪᠠ ᠴᠡᠷᠢᠭ ᠢ ᠳᠠᠭᠠᠵᠤ ᠪᠠᠶᠢᠭ᠎ᠠ ᠴᠡᠷᠢᠭ ᠤᠨ ᠬᠡᠷ ᠪᠦᠯᠢ ᠶᠢᠨ ᠦᠢᠯᠡᠰ ᠪᠣᠰᠬᠠᠵᠤ ᠠᠵᠢᠯ ᠤᠯᠬᠤ ᠶᠢ ᠵᠤᠬᠢᠴᠠᠭᠤᠯᠤᠨ ᠳᠡᠮᠵᠢᠨ᠎ᠡ᠃ ᠳᠦᠷᠪᠡ᠂ ᠴᠡᠷᠢᠭ ᠤᠨ ᠠᠯᠪᠠᠨ ᠠᠴᠠ ᠪᠠᠭᠤᠭᠰᠠᠳ ᠤᠨ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠭᠠᠵᠠᠷ ᠤᠷᠤᠨ ᠤ ᠠᠵᠢᠯ ᠠᠴᠠ ᠪᠠᠨ ᠠᠮᠠᠷᠠᠵᠤ ᠠᠵᠢᠯ ᠠᠴᠠ ᠪᠠᠨ ᠪᠠᠭᠤᠭᠰᠠᠨ ᠴᠡᠷᠢᠭ᠂ ᠨᠦᠭᠦᠴᠡᠯ ᠳᠤ ᠨᠡᠶᠢᠴᠡᠭᠰᠡᠨ ᠪᠤᠰᠤᠳ ᠴᠡᠷᠢᠭ ᠤᠨ ᠠᠯᠪᠠᠨ ᠠᠴᠠ ᠪᠠᠭᠤᠭᠰᠠᠳ ᠤᠨ ᠰᠠᠭᠤᠬᠤ ᠬᠡᠷ ᠤᠨ ᠪᠠᠲᠤᠯᠠᠭ᠎ᠠ ᠶᠢᠨ ᠠᠵᠢᠯ ᠢ ᠰᠢᠯᠵᠢᠭᠦᠯᠦᠨ ᠲᠤᠰᠢᠶᠠᠬᠤ ᠶᠢ ᠵᠤᠬᠢᠶᠠᠨ ᠪᠠᠶᠢᠭᠤᠯᠤᠨ ᠵᠤᠬᠢᠴᠠᠭᠤᠯᠤᠨ ᠨᠠᠶᠢᠳᠠᠪᠤᠷᠢᠵᠢᠭᠤᠯᠬᠤ ᠪᠠ ᠴᠡᠷᠢᠭ ᠤᠨ ᠠᠯᠪᠠᠨ ᠠᠴᠠ ᠪᠠᠭᠤᠭᠰᠠᠳ ᠤᠨ ᠡᠮ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠬᠠᠷᠠᠭᠠᠯᠵᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠵᠠᠭᠤᠴᠢ ᠦᠢᠯᠡᠴᠢᠯᠡᠭᠡᠨ ᠤ ᠠᠵᠢᠯ ᠢ ᠵᠢᠯᠤᠭᠤᠳᠤᠨ ᠦᠷᠨᠢᠭᠦᠯᠦᠨ᠎ᠡ᠃ ᠲᠠᠪᠤ᠂ ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠪᠠ ᠠᠰᠠᠷᠠᠮᠵᠢ ᠶᠢᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠴᠡᠷᠢᠭ  ᠤᠨ ᠠᠯᠪᠠᠨ ᠠᠴᠠ ᠪᠠᠭᠤᠭᠰᠠᠳ ᠤᠨ ᠬᠠᠮᠢᠶ᠎ᠠ ᠪᠦᠬᠦᠢ ᠡᠮ ᠡᠮᠨᠡᠯᠭᠡ᠂ ᠰᠤᠪᠢᠯᠠᠯᠲᠠ᠂ ᠨᠠᠰᠤᠵᠢᠯ ᠵᠡᠷᠭᠡ ᠪᠠᠶᠢᠭᠤᠯᠤᠮᠵᠢ ᠶᠢᠨ ᠲᠦᠯᠦᠪᠵᠢᠭᠦᠯᠭᠡ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠷᠭᠦᠯᠵᠢᠯᠡᠨ ᠠᠯᠪᠠ ᠬᠠᠭᠠᠵᠤ ᠲᠡᠶᠢᠯᠬᠦ ᠦᠭᠡᠢ ᠰᠢᠷᠬᠠᠲᠤᠵᠤ ᠡᠪᠡᠳᠴᠢᠯᠡᠭᠰᠡᠨ ᠵᠡᠮᠳᠡᠭ ᠴᠡᠷᠢᠭ ᠤᠨ ᠬᠤᠯᠪᠤᠭᠳᠠᠯ ᠪᠦᠬᠦᠢ ᠠᠵᠢᠯ ᠢ ᠡᠭᠦᠷᠭᠡᠯᠡᠵᠦ᠂ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠵᠢᠷᠭᠤᠭ᠎ᠠ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠣᠳᠤ ᠠᠯᠪᠠ ᠬᠠᠭᠠᠵᠤ ᠪᠠᠶᠢᠭ᠎ᠠ ᠴᠡᠷᠢᠭ᠂ ᠴᠡᠷᠢᠭ ᠤᠨ ᠠᠯᠪᠠᠨ ᠠᠴᠠ ᠪᠠᠭᠤᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠠ ᠴᠡᠷᠢᠭ ᠤᠨ ᠬᠡᠷ ᠪᠦᠯᠢ ᠶᠢ ᠬᠠᠷᠠᠭᠠᠯᠠᠵᠠᠬᠤ᠂ ᠠᠰᠠᠷᠠᠮᠵᠢ ᠵᠡᠷᠭᠡ ᠠᠵᠢᠯ ᠢ ᠬᠠᠷᠢᠭᠤᠴᠠᠨ᠎ᠠ᠃ ᠳᠤᠯᠤᠭ᠎ᠠ᠂ ᠨᠦᠭᠴᠢᠭᠰᠡᠨ ᠪᠠᠭᠠᠲᠤᠷᠴᠤᠳ ᠵᠢᠴᠢ ᠴᠡᠷᠢᠭ ᠤᠨ ᠠᠯᠪᠠᠨ ᠠᠴᠠ ᠪᠠᠭᠤᠭᠰᠠᠳ ᠤᠨ ᠢᠷᠠᠭᠤ ᠠᠯᠳᠠᠷ ᠤᠨ ᠬᠦᠬᠢᠭᠦᠯᠦᠯ ᠶᠢᠨ ᠠᠵᠢᠯ ᠢ ᠬᠠᠷᠢᠭᠤᠴᠠᠨ᠎ᠠ᠃ ᠨᠦᠭᠴᠢᠭᠰᠡᠨ ᠪᠠᠭᠠᠲᠤᠷᠴᠤᠳ ᠢ ᠬᠠᠮᠠᠭᠠᠯᠠᠬᠤ ᠬᠤᠯᠪᠤᠭᠳᠠᠯ ᠪᠦᠬᠦᠢ ᠠᠵᠢᠯ ᠢ ᠬᠠᠥᠯᠢ ᠶᠤᠰᠤᠭᠠᠷ ᠡᠭᠦᠷᠭᠡᠯᠡᠨ᠎ᠡ᠃ ᠪᠦᠬᠦ ᠤᠯᠤᠰ᠂ ᠪᠦᠬᠦ ᠤᠷᠤᠨ᠂ ᠪᠦᠬᠦ ᠬᠤᠳᠠ᠂ ᠪᠦᠬᠦ ᠬᠤᠰᠢᠭᠤᠨ ᠤ ᠴᠢᠬᠤᠯᠠ ᠬᠠᠮᠠᠭᠠᠯᠠᠬᠤ ᠨᠢᠭᠡᠴᠡ ᠶᠢᠨ ᠨᠦᠭᠴᠢᠭᠰᠡᠨ ᠪᠠᠭᠠᠲᠤᠷᠴᠤᠳ ᠤᠨ ᠲᠤᠷᠠᠰᠬᠠᠯ ᠤᠨ ᠪᠠᠷᠢᠯᠭ᠎ᠠ ᠶᠢᠨ ᠠᠯᠳᠠᠷᠲᠠᠨ ᠤ ᠴᠠᠳᠢᠭ ᠲᠤ ᠬᠢᠨᠠᠨ ᠬᠠᠷᠭᠤᠭᠤᠯᠵᠤ ᠤᠷᠤᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠤᠨ ᠨᠢᠭᠡᠴᠡ ᠪᠠ ᠬᠤᠪᠢ ᠬᠦᠮᠦᠨ ᠤ ᠨᠡᠶᠢᠲᠡᠯᠢᠭ ᠬᠡᠷᠡᠭ ᠢ ᠳ᠋ᠦᠩᠨᠡᠨ ᠱᠠᠩᠨᠠᠵᠤ ᠤᠬᠠᠭᠤᠯᠤᠨ᠎ᠠ᠃ ᠨᠠᠢᠮᠠ᠂ ᠴᠡᠷᠢᠭ ᠤᠨ ᠠᠯᠪᠠᠨ ᠠᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠤᠨ ᠬᠤᠯᠪᠤᠭᠳᠠᠯ ᠪᠦᠬᠦᠢ ᠬᠠᠥᠯᠢ ᠴᠠᠭᠠᠵᠠ ᠬᠠᠥᠯᠢ ᠳᠦᠷᠢᠮ ᠪᠠ ᠲᠦᠷᠦ ᠶᠢᠨ ᠪᠤᠳᠤᠯᠭ᠎ᠠ ᠶᠢᠨ ᠠᠷᠭ᠎ᠠ ᠠᠪᠴᠠᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠯᠤᠭᠤᠳᠤᠨ ᠬᠢᠨᠠᠯᠲᠠ ᠲᠠᠯᠪᠢᠵᠤ᠂ ᠴᠡᠷᠢᠭ ᠤᠨ ᠠᠯᠪᠠᠨ ᠠᠴᠠ ᠪᠠᠭᠤᠭᠰᠠᠳ ᠤᠨ ᠡᠷᠬᠡ ᠠᠰᠢᠭ ᠢ ᠬᠠᠮᠠᠭᠠᠯᠠᠬᠤ ᠪᠠ ᠬᠠᠮᠢᠶ᠎ᠠ ᠪᠦᠬᠦᠢ ᠬᠦᠮᠦᠰ ᠤᠨ ᠬᠠᠪᠰᠤᠷᠤᠨ ᠲᠡᠳᠭᠦᠭᠦ ᠲᠤᠰᠠᠯᠠᠮᠵᠢ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠶᠢᠰᠦ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号