ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ
ᠨᠡᠶᠢᠲᠡᠯᠡᠭᠰᠡᠨ ᠴᠠᠭ᠄
2022/4/23
ᠭᠤᠣᠯ ᠡᠭᠦᠷᠭᠡ ᠬᠠᠷᠢᠭᠤᠴᠠᠯᠭ᠎ᠠ᠄ 1᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠤᠬᠠᠶ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠤᠳᠤᠯᠭᠠᠨ ᠢ ᠥᠷᠨᠢᠭᠦᠯᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ 2᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ 3᠂ ᠰᠢᠶᠠᠩ ᠪᠠᠯᠭᠠᠰᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠵᠢᠯᠣᠭᠤᠳᠴᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ 4᠂ ᠪᠥᠬᠦ ᠬᠤᠰᠢᠭᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠩᠰᠠ ᠡᠪᠬᠡᠮᠡᠯ ᠪᠠᠶᠢᠭᠤᠯᠤᠨ ᠺᠠᠷᠳ᠋ᠯᠠᠨ ᠳᠠᠩᠰᠠᠯᠠᠬᠤ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ 5. ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠲᠠᠯᠪᠢᠵᠤ ᠪᠠᠶᠢᠴᠠᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠰᠠᠶᠢᠲᠤᠷ ᠬᠢᠨ᠎ᠠ᠃ 6. ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠨᠡᠶᠢᠭᠡᠮ  ᠤᠨ ᠡᠯ᠎ᠡ ᠡᠲᠡᠭᠡᠳ ᠤᠨ ᠬᠢᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠬᠢ ᠰᠣᠯᠢᠯᠴᠠᠭ᠎ᠠ ᠪᠠ ᠬᠤᠷᠰᠢᠯᠴᠠᠭ᠎ᠠ  ᠶᠢ ᠵᠣᠬᠢᠴᠠᠭᠤᠯᠤᠨ ᠥᠷᠨᠢᠭᠦᠯᠬᠦ ᠶᠢ ᠬᠠᠷᠢᠭᠤᠴᠠᠨ᠎ᠠ᠃ 7. ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢ ᠬᠠᠷᠢᠭᠤᠴᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠥᠪ ᠤᠨ ᠲᠥᠷᠥ ᠶᠢᠨ ᠪᠠᠶᠢᠭᠤᠯᠤᠯᠭ᠎ᠠ ᠶᠢᠨ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠭ᠎ᠠ ᠨᠢᠭᠡᠴᠡ᠂ ᠬᠤᠲᠠ ᠶᠢᠨ ᠱᠠᠲᠤ᠂ ᠬᠤᠰᠢᠭᠤᠨ ᠤ ᠱᠠᠲᠤᠨ ᠤ ᠪᠠᠶᠢᠭᠤᠯᠤᠯᠭ᠎ᠠ ᠨᠢᠭᠡᠴᠡ ᠶᠢᠨ ᠵᠣᠬᠢᠴᠠᠭᠤᠯᠤᠨ ᠬᠠᠷᠢᠯᠴᠠᠵᠤ ᠦᠢᠯᠡᠴᠢᠯᠡᠬᠦ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃ 8. ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠶᠢ ᠰᠢᠮᠳᠠᠭᠤᠯᠤᠨ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠨ᠎ᠠ᠃ 9᠂ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠡᠭᠦᠷᠭᠡᠯᠡᠨ᠎ᠡ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ 10᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠥᠬᠡᠶ ᠦᠢᠯᠡᠳᠪᠦᠷᠢᠯᠡᠯ᠂ ᠠᠮᠢ ᠠᠬᠤᠶ ᠶᠢᠨ ᠣᠷᠴᠢᠨ ᠲᠣᠭᠤᠷᠢᠨ᠂ ᠢᠳᠡᠭᠡᠨ ᠤ ᠠᠮᠤᠷ ᠲᠦᠪᠰᠢᠨ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ 11᠂ ᠬᠤᠰᠢᠭᠤᠨ ᠤ ᠨᠠᠮ ᠤᠨ ᠬᠤᠷᠢᠶ᠎ᠠ ᠪᠣᠯᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ 12᠂ ᠬᠤᠰᠢᠭᠤᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号