ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
ᠨᠡᠶᠢᠲᠡᠯᠡᠭᠰᠡᠨ ᠴᠠᠭ᠄
2022/4/25
   ᠭᠤᠤᠯ ᠡᠬᠦᠷᠭᠡ ᠬᠠᠷᠢᠭᠤᠴᠠᠯᠭ᠎ᠠ    ︵ᠨᠢᠭᠡ︶  ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ ᠬᠤᠳᠠ ᠶᠢᠨ ᠠᠵᠢᠯ ᠤᠨ ᠪᠠᠶᠢᠳᠠᠯ ᠢ ᠤᠢᠢᠯᠠᠭᠠᠨ ᠡᠵᠡᠮᠰᠢᠭᠦᠯᠦᠨ᠎ᠡ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠪᠦᠬᠦ ᠬᠤᠰᠢᠭᠤᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ  ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠨᠢᠬᠡᠴᠡ ᠶᠢᠨ ᠬᠤᠭᠤᠷᠣᠨᠳᠣᠬᠢ ᠮᠠᠷᠭᠤᠯᠳᠤᠭᠠᠨ ᠲᠠᠢ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠵᠤ ᠨᠢᠭᠡᠳᠦᠯᠲᠡᠶ ᠲᠥᠯᠥᠪᠯᠡᠨ ᠵᠤᠬᠢᠴᠠᠭᠤᠯᠤᠨ᠎ᠠ᠃ ︵ᠬᠤᠶᠠᠷ︶  ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠬᠠᠮᠵᠢᠨ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠭᠤᠭᠤᠯᠤᠨ᠎ᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ ᠵᠢᠴᠢ ᠪᠤᠰᠤᠳ ᠡᠬᠡ ᠨᠤᠤᠷᠠᠭ ᠢ ᠵᠣᠬᠢᠶᠠᠨ ᠪᠠᠶᠢᠭᠤᠯᠵᠤ ᠲᠤᠭᠤᠷᠪᠢᠨ ᠪᠢᠴᠢᠨ᠎ᠠ᠃ ︵ᠭᠤᠷᠪᠠ︶ ᠬᠤᠰᠢᠭᠤᠨ ᠤ ᠵᠠᠰᠠᠭ ᠤᠨ ᠣᠷᠳᠣᠨ ᠪᠠ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠲᠥᠷᠥᠯ ᠤᠨ ᠬᠤᠷᠠᠯ ᠤᠨ ᠵᠣᠬᠢᠶᠠᠨ ᠪᠠᠶᠢᠭᠤᠯᠬᠤ ᠪᠡᠯᠡᠳᠬᠡᠯ ᠠᠵᠢᠯ ᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠬᠤᠷᠠᠯ ᠢᠶᠠᠷ ᠲᠣᠭᠲᠠᠭᠠᠭᠰᠠᠨ ᠵᠦᠢᠯᠡᠰ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠳᠥᠷᠪᠡ︶ ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ  ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠳᠣᠲᠣᠭᠠᠳᠤ ᠭᠠᠳᠠᠭᠠᠳᠤ ᠶᠠᠪᠤᠳᠠᠯ ᠤᠨ ᠴᠢᠬᠤᠯᠠ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃ ︵ᠲᠠᠪᠤ︶ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠰᠢᠭᠤᠨ ᠤ ᠵᠠᠰᠠᠭ ᠤᠨ ᠣᠷᠳᠣᠨ ᠠᠴᠠ ᠵᠢᠭᠠᠪᠤᠷᠢ ᠠᠪᠬᠤ ᠤᠴᠢᠷ ᠶᠠᠪᠤᠳᠠᠯ ᠢ ᠬᠠᠷᠢᠭᠤᠴᠠᠨ ᠬᠢᠨᠠᠨ ᠬᠠᠷᠭᠤᠭᠤᠯᠵᠤ᠂ ᠰᠢᠢᠳᠪᠦᠷᠢᠯᠡᠬᠦ ᠰᠠᠨᠠᠯ ᠢᠶᠠᠨ ᠳᠤᠷᠠᠳᠴᠤ᠂ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠲᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ ︵ᠵᠢᠷᠭᠤᠭ᠎ᠠ︶ ᠬᠤᠰᠢᠭᠤᠨ ᠤ ᠵᠠᠰᠠᠭ ᠤᠨ ᠣᠷᠳᠣᠨ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢ ᠬᠦᠢᠴᠡᠳᠬᠡᠬᠦ ᠠᠵᠢᠯ ᠢ ᠬᠠᠷᠢᠭᠤᠴᠠᠵᠤ᠂  ᠬᠤᠰᠢᠭᠤᠨ ᠤ ᠵᠠᠰᠠᠭ ᠤᠨ ᠣᠷᠳᠣᠨ ᠪᠣᠯᠤᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠵᠣᠬᠢᠶᠠᠵᠤ ᠲᠠᠷᠬᠠᠭᠠᠬᠤ ᠲᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠨ᠎ᠠ᠃ ︵ᠳᠣᠯᠤᠭ᠎ᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ ᠪᠠ ᠬᠤᠰᠢᠭᠤᠨ ᠤ ᠵᠠᠰᠠᠭ ᠤᠨ ᠣᠷᠳᠣᠨ ᠤ ᠴᠢᠬᠤᠯᠠ ᠶᠡᠭᠡ ᠠᠵᠢᠯ ᠤᠨ ᠪᠠᠶᠢᠷᠢᠯᠠᠭᠤᠯᠤᠯᠲᠠ᠂ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠵᠢᠴᠢ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠴᠠᠭ ᠲᠤᠬᠠᠶ ᠳᠤᠨᠢ ᠮᠡᠳᠡᠭᠦᠯᠬᠦ ᠶᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠵᠣᠬᠢᠴᠠᠭᠤᠯᠤᠨ ᠰᠢᠢᠳᠪᠦᠷᠢᠯᠡᠬᠦ ᠪᠠ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ︵ᠨᠠᠢᠮᠠ︶ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠶᠡᠷᠦᠩᠬᠡᠶ ᠵᠢᠵᠢᠭᠦᠷ ᠤᠨ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠬᠠᠮᠢᠶ᠎ᠠ ᠪᠥᠬᠦᠶ ᠵᠦᠢᠯᠡᠰ ᠢ ᠬᠠᠮᠵᠢᠨ ᠰᠢᠢᠳᠪᠦᠷᠢᠯᠡᠨ᠎ᠡ᠃ ︵ᠶᠢᠰᠦ︶ ᠠᠵᠤ ᠠᠬᠤᠶ ᠶᠢᠨ ᠲᠤᠬᠳᠠᠯᠴᠠᠭ᠎ᠠ ᠪᠠ ᠠᠮᠢ ᠠᠬᠤᠶ ᠶᠢᠨ ᠪᠣᠯᠪᠠᠰᠤᠨ ᠤ ᠲᠤᠬᠳᠠᠯᠴᠠᠭ᠎ᠠ ᠶᠢᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃ ︵ᠠᠷᠪᠠ︶ ᠬᠤᠰᠢᠭᠤᠨ ᠤ ᠭᠠᠳᠠᠷ ᠭᠠᠵᠠᠷ ᠲᠤ ᠰᠠᠭᠤᠭ᠎ᠠ ᠪᠠᠶᠢᠭᠤᠯᠤᠮᠵᠢ ᠵᠢᠴᠢ ᠬᠠᠷᠢᠶ᠎ᠠ ᠠᠵᠢᠯ ᠦᠢᠯᠡᠰ  ᠤᠨ ᠨᠢᠭᠡᠴᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠨᠢᠭᠡ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠲᠠ ᠶᠢᠨ ᠤᠳᠤᠷᠢᠳᠤᠯᠭ᠎ᠠ ᠳᠤ ᠬᠠᠮᠵᠢᠨ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠠᠶᠢᠷᠢᠯᠠᠭᠤᠯᠬᠤ᠂ ᠪᠠᠶᠢᠴᠠᠭᠠᠬᠤ ᠪᠠ ᠵᠢᠯᠣᠭᠤᠳᠴᠤ᠂ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠢ ᠰᠢᠢᠳᠪᠦᠷᠢᠯᠡᠨ᠂ ᠣᠯᠠᠨ ᠲᠦᠮᠡᠨ ᠤ ᠰᠤᠷᠪᠤᠯᠵᠢᠯᠠᠭ᠎ᠠ ᠶᠢ ᠭᠥᠯᠢᠶᠡᠨ ᠠᠪᠴᠤ᠂ ᠨᠠᠮ ᠤᠨ ᠭᠤᠤᠯ ᠠᠵᠢᠯ ᠳᠤ ᠦᠢᠯᠡᠴᠢᠯᠡᠵᠦ᠂ ᠨᠡᠶᠢᠭᠡᠮ ᠤᠨ ᠲᠣᠭᠲᠠᠭᠤᠨ ᠳᠤ ᠦᠢᠯᠡᠴᠢᠯᠡᠨ᠎ᠡ᠃ ︵ᠠᠷᠪᠠᠨ ᠬᠤᠶᠠᠷ︶ ᠪᠥᠬᠦ ᠬᠤᠰᠢᠭᠤᠨ ᠤ ᠰᠢᠭᠤᠳ ᠳᠡᠭᠡᠭᠰᠢ ᠰᠤᠷᠪᠤᠯᠵᠢᠯᠠᠬᠤ ᠵᠢᠴᠢ ᠳᠡᠭᠡᠭᠰᠢ ᠰᠤᠷᠪᠤᠯᠵᠢᠯᠠᠬᠤ ᠶᠢ ᠰᠢᠯᠵᠢᠭᠦᠯᠦᠨ ᠰᠢᠢᠳᠪᠦᠷᠢᠯᠡᠬᠦᠯᠦᠭᠰᠡᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠬᠠᠷᠢᠭᠤᠴᠠᠨ ᠭᠥᠯᠢᠶᠡᠨ ᠠᠪᠴᠤ ᠰᠢᠢᠳᠪᠦᠷᠢᠯᠡᠨ᠎ᠡ᠃ ᠳᠠᠭᠠᠭᠠᠨ ᠠᠪᠴᠤ ᠰᠢᠢᠳᠪᠦᠷᠢᠯᠡᠭᠰᠡᠨ᠂ ᠬᠢᠨᠠᠨ ᠬᠠᠷᠭᠤᠭᠤᠯᠤᠭᠰᠠᠨ ᠢᠶᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠳᠥᠷᠪᠡᠨ ᠱᠠᠲᠤᠨ ᠳᠤ ᠮᠡᠳᠡᠭᠦᠯᠦᠨ ᠬᠡᠷᠡᠭ ᠪᠣᠯᠭᠠᠨ ᠳᠠᠩᠰᠠᠯᠠᠵᠤ ᠲᠤᠰᠢᠶᠠᠨ ᠰᠢᠢᠳᠪᠦᠷᠢᠯᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ︽ᠳᠤᠭᠤᠶᠢᠯᠠᠩ ᠬᠤᠪᠢᠶᠠᠨ ᠬᠠᠷᠢᠭᠤᠴᠠᠵᠤ᠂ ᠰᠢᠰᠲ᠋ᠧᠮᠵᠢᠭᠦᠯᠦᠨ ᠰᠢᠢᠳᠪᠦᠷᠢᠯᠡᠬᠦ︾ ᠵᠠᠷᠴᠢᠮ ᠶᠣᠰᠣᠭᠠᠷ᠂ ᠰᠤᠮᠤ ᠪᠠᠯᠭᠠᠰᠤ ᠵᠡᠭᠡᠯᠢ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠯᠵᠢᠭᠦᠯᠦᠨ ᠰᠢᠢᠳᠪᠦᠷᠢᠯᠡᠬᠦᠯᠬᠦ ᠪᠠ ᠲᠤᠰᠢᠶᠠᠨ ᠥᠭᠴᠦ ᠰᠢᠢᠳᠪᠦᠷᠢᠯᠡᠬᠦᠯᠬᠦ ᠶᠢᠨ ᠬᠠᠮᠲᠤ ᠬᠠᠷᠢᠭᠤᠴᠠᠨ ᠱᠠᠯᠠᠪᠳᠠᠭᠤᠯᠤᠨ ᠰᠢᠢᠳᠪᠦᠷᠢᠯᠡᠬᠦᠯᠦᠨ᠎ᠡ᠃ ᠬᠤᠰᠢᠭᠤᠨ ᠤ ᠤᠳᠤᠷᠢᠳᠤᠯᠭ᠎ᠠ ᠶᠢᠨ ᠴᠣᠬᠤᠯᠠᠪᠤᠷᠢ ᠰᠠᠨᠠᠯ ᠢ ᠦᠨᠳᠦᠰᠦᠯᠡᠨ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠠᠮᠵᠢᠨ ᠰᠢᠢᠳᠪᠦᠷᠢᠯᠡᠵᠦ᠂ ᠬᠠᠮᠲᠤᠷᠠᠨ ᠰᠢᠢᠳᠪᠦᠷᠢᠯᠡᠨ᠎ᠡ᠃ ︵ᠠᠷᠪᠠᠨ ᠭᠤᠷᠪᠠ︶ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠡᠵᠡᠮᠰᠢᠵᠦ᠂ ᠴᠢᠬᠤᠯᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠲᠤ ᠰᠠᠨᠠᠭᠤᠯᠭ᠎ᠠ ᠪᠠ ᠰᠢᠢᠳᠪᠦᠷᠢᠯᠡᠬᠦ ᠰᠠᠨᠠᠯ ᠳᠤᠷᠠᠳᠤᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠲᠤᠭᠤᠰᠢᠯᠠᠭᠤᠯᠤᠨ ᠬᠡᠷᠡᠭᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢ ᠶᠡᠷᠦᠩᠬᠡᠶᠢᠯᠡᠨ ᠵᠠᠳᠠᠯᠤᠨ ᠰᠤᠳᠤᠯᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠳᠤ ᠳᠤᠷᠠᠳᠤᠭᠰᠠᠨ ᠴᠢᠬᠤᠯᠠ ᠰᠠᠨᠠᠭᠤᠯᠭ᠎ᠠ᠂ ᠰᠠᠨᠠᠯ ᠪᠠ ᠠᠰᠠᠭᠤᠳᠠᠯ ᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠴᠠᠭ ᠲᠤᠬᠠᠶ ᠳᠤᠨᠢ᠂ ᠵᠥᠪ ᠣᠨᠣᠪᠴᠢᠲᠠᠶ ᠪᠠᠷ ᠲᠤᠰᠬᠠᠵᠤ᠂ ᠤᠳᠤᠷᠢᠳᠤᠯᠭ᠎ᠠ ᠶᠢᠨ ᠰᠢᠢᠳᠪᠦᠷᠢᠳᠤ ᠪᠤᠳᠤᠯᠭ᠎ᠠ ᠲᠣᠭᠲᠠᠭᠠᠬᠤ ᠳᠤ ᠦᠢᠯᠡᠴᠢᠯᠡᠨ᠎ᠡ᠃ ︵ᠠᠷᠪᠠᠨ ᠳᠥᠷᠪᠡ︶ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠶᠢᠨ ᠤᠬᠠᠭᠤᠯᠭ᠎ᠠ ᠶᠢ ᠴᠢᠩᠭᠠᠳᠬᠠᠵᠤ᠂ ᠳᠡᠭᠡᠭᠰᠢ ᠰᠤᠷᠪᠤᠯᠵᠢᠯᠠᠬᠤ ᠬᠥᠮᠦᠰ ᠲᠤ ᠵᠥᠪᠯᠡᠯᠭᠡ ᠥᠭᠬᠦ ᠦᠢᠯᠡᠴᠢᠯᠡᠭᠡ ᠬᠠᠩᠭᠠᠨ᠎ᠠ᠃ ᠡᠯ᠎ᠡ ᠰᠤᠮᠤ ᠪᠠᠯᠭᠠᠰᠤ ᠵᠡᠭᠡᠯᠢ ᠪᠠ ᠬᠤᠰᠢᠭᠤᠨ ᠤ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠢᠯᠣᠭᠤᠳᠤᠨ ᠵᠣᠬᠢᠴᠠᠭᠤᠯᠵᠤ ᠱᠠᠯᠠᠪᠳᠠᠭᠤᠯᠤᠨ ᠪᠠᠶᠢᠴᠠᠭᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠤᠨᠤᠯ ᠤᠨ ᠰᠤᠳᠤᠯᠭᠠᠨ ᠪᠠ ᠵᠠᠬᠢᠳᠠᠯ ᠰᠤᠷᠪᠤᠯᠵᠢᠯᠠᠭ᠎ᠠ ᠶᠢᠨ ᠤᠬᠠᠭᠤᠯᠭ᠎ᠠ ᠶᠢᠨ ᠠᠵᠢᠯ ᠢ ᠦᠷᠨᠢᠬᠦᠯᠦᠨ᠎ᠡ᠃ ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠠᠴᠠ ᠲᠠᠭᠠᠭᠠᠯᠭᠠᠬᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号