ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠶᠢᠩ ᠬᠤᠲᠠ ᠪᠠᠯᠭᠠᠰᠤᠨ ᠤ ᠤᠰᠤᠲᠤᠯ ᠢ ᠠᠷᠢᠯᠭᠠᠨ ᠠᠶᠤᠯ ᠠᠴᠠ ᠠᠪᠤᠷᠠᠬᠤ᠂ ᠰᠠᠭᠤᠭᠠᠯᠢ ᠠᠷᠠᠳ ᠢ ᠲᠥᠪᠬᠢᠨᠡᠭᠦᠯᠬᠦ᠂ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/6
 6 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠶ ᠢᠩ ᠪᠠᠶᠠᠨᠬᠤᠰᠢᠭᠤ ᠪᠠᠯᠭᠠᠰᠤᠨ ᠤ ᠲᠦᠰᠢᠶᠡᠳᠦ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠮᠠᠨᠳᠤᠯ᠎ᠠ ᠨᠡᠶᠢᠭᠡᠮ ᠲᠣᠭᠤᠷᠢᠭ᠂ ᠪᠣᠬᠢᠷ ᠤᠰᠤ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ᠂ ᠲᠤᠬᠠᠶ ᠶᠢᠨ ᠲᠠᠯᠠᠪᠠᠶ ᠳᠤ ᠦᠶᠡᠷ ᠤᠰᠤᠲᠤᠯ ᠢ ᠵᠠᠯᠠᠨ ᠠᠶᠤᠯ ᠠᠴᠠ ᠠᠪᠤᠷᠠᠬᠤ᠂ ᠰᠠᠭᠤᠭᠠᠯᠢ ᠠᠷᠠᠳ ᠢ ᠲᠥᠪᠬᠢᠨᠡᠭᠦᠯᠬᠦ᠂ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠪᠠ᠃    
               ᠸᠠᠩ ᠬᠠᠢ ᠶᠢᠩ᠂ ᠬᠠᠮᠤᠭ ᠤᠨ ᠲᠦᠷᠭᠡᠨ ᠬᠤᠷᠳᠤᠴᠠ ᠪᠠᠷ᠂ ᠬᠠᠮᠤᠭ ᠤᠨ ᠶᠡᠭᠡ ᠴᠢᠳᠠᠯ ᠢᠶᠠᠷ ᠢᠶᠠᠨ ᠤᠰᠤ ᠤᠰᠤᠲᠤᠯ ᠢ ᠵᠠᠯᠠᠬᠤ ᠪᠠ ᠦᠷᠭᠦᠯᠵᠢᠯᠡᠨ ᠲᠥᠪᠬᠢᠨᠡᠭᠦᠯᠬᠦ ᠠᠵᠢᠯ ᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠠᠷᠠᠳ ᠤᠯᠠᠨ ᠤ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠬᠡᠷᠡᠭᠲᠡᠢ᠃ ᠴᠠᠭ ᠨᠡᠮᠡᠵᠦ ᠠᠵᠢᠯᠯᠠᠨ ᠡᠬᠢ ᠪᠠᠶᠠᠯᠢᠭ ᠢ ᠲᠣᠬᠢᠷᠠᠭᠤᠯᠵᠤ᠂ ᠴᠠᠭ ᠢ ᠠᠮᠵᠢᠨ᠂ ᠠᠬᠢᠴᠠ ᠶᠢ ᠲᠦᠷᠭᠡᠳᠬᠡᠨ᠂ ᠬᠤᠷᠠᠭᠰᠠᠨ ᠤᠰᠤ ᠶᠢ ᠱᠠᠯᠠᠪᠳᠠᠨ ᠲᠠᠲᠠᠵᠤ ᠭᠠᠳᠠᠭᠰᠢᠯᠠᠭᠤᠯᠵᠤ᠂ ᠤᠰᠤᠲᠤᠯ ᠤᠨ ᠪᠠᠯᠭᠠᠰᠤᠨ ᠤ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠬᠤ ᠪᠠ ᠠᠯᠤᠰ ᠢ ᠪᠣᠳᠣᠯᠬᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠰᠤᠲᠤᠯ ᠢ ᠰᠡᠷᠭᠡᠶᠢᠯᠡᠬᠦ ᠭᠤᠤ ᠰᠤᠪᠠᠭ᠂ ᠬᠤᠭᠤᠯᠠᠶ ᠭᠤᠯᠢᠷ᠂ ᠬᠥᠭᠡᠷᠭᠡ ᠶᠢᠨ ᠦᠷᠳᠡᠭᠡ ᠵᠡᠷᠭᠡ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠ ᠶᠢᠨ ᠤᠰᠤᠲᠤᠯ ᠤᠨ ᠠᠰᠠᠭᠤᠳᠠᠯ ᠢ ᠦᠨᠳᠦᠰᠦ ᠰᠤᠷᠪᠤᠯᠵᠢ ᠠᠴᠠ ᠨᠢ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号