ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠦᠩᠭᠡ ᠬᠠᠨ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠡᠬᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/7/9
   ︵ᠨᠢᠭᠡ︶ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠪᠣᠯᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠬᠦ ᠳᠤ ᠣᠷᠣᠯᠴᠠᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠲᠥᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠣᠷᠴᠢᠨ ᠠᠬᠤᠶ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ᠂ ᠪᠠᠶᠢᠭᠠᠯᠢ ᠶᠢᠨ ᠣᠷᠴᠢᠨ ᠲᠣᠭᠤᠷᠢᠨ᠂ ᠬᠠᠮᠠᠭᠠᠯᠠᠯᠲᠠ ᠶᠢᠨ ᠪᠡᠯᠡᠳᠬᠡᠮᠵᠢ ᠶᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠵᠡᠷᠭᠡ ᠬᠠᠮᠢᠶ᠎ᠠ ᠪᠥᠬᠦᠶ ᠠᠵᠢᠯ ᠢ ᠪᠠᠶᠢᠴᠠᠭᠠᠨ ᠰᠢᠢᠳᠪᠦᠷᠢᠯᠡᠨ᠎ᠡ᠃    ︵ᠭᠤᠷᠪᠠ︶ ᠬᠠᠮᠠᠭᠠᠯᠠᠯᠲᠠ ᠶᠢᠨ ᠣᠷᠣᠨ ᠤ ᠳᠣᠲᠣᠷᠠᠬᠢ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠬᠤ᠂ ᠠᠮᠢ ᠠᠬᠤᠶ ᠶᠢᠨ ᠣᠷᠴᠢᠨ ᠨᠥᠬᠦᠴᠡᠯ ᠢ ᠬᠢᠨᠠᠨ ᠬᠡᠮᠵᠢᠬᠦ ᠵᠡᠷᠭᠡ ᠠᠵᠢᠯ ᠢ ᠥᠷᠨᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠬᠤ ᠪᠠ ᠵᠣᠬᠢᠴᠠᠭᠤᠯᠵᠤ ᠪᠠᠶᠢᠭᠠᠳ ᠬᠠᠮᠠᠭᠠᠯᠠᠯᠲᠠ ᠶᠢᠨ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠤᠬᠠᠭᠤᠯᠭ᠎ᠠ ᠪᠠ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ᠳᠥᠷᠪᠡ︶ ᠬᠠᠮᠠᠭᠠᠯᠠᠯᠲᠠ ᠶᠢᠨ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ᠂ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠪᠠ ᠬᠡᠭᠡᠷ᠎ᠡ ᠶᠢᠨ ᠠᠮᠢᠲᠠᠨ ᠤ ᠬᠢᠵᠢᠭ ᠤᠨ ᠢᠷᠡᠯᠲᠡ ᠶᠢᠨ ᠬᠢᠵᠢᠭ ᠡᠪᠡᠳᠴᠢᠨ ᠢ ᠬᠢᠨᠠᠨ ᠬᠡᠮᠵᠢᠬᠦ ᠵᠡᠷᠭᠡ ᠠᠵᠢᠯ ᠢ ᠡᠭᠦᠷᠭᠡᠯᠡᠨ᠎ᠡ᠃    ︵ᠲᠠᠪᠤ︶ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢ ᠰᠡᠷᠭᠦᠭᠡᠬᠦ᠂ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠵᠡᠷᠭᠡ ᠠᠵᠢᠯ ᠢ ᠡᠭᠦᠷᠭᠡᠯᠡᠨ᠎ᠡ᠃    ︵ᠵᠢᠷᠭᠤᠭ᠎ᠠ︶ ᠬᠠᠮᠠᠭᠠᠯᠠᠯᠲᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ᠂ ᠠᠮᠢ ᠠᠬᠤᠶ ᠶᠢᠨ ᠨᠥᠬᠦᠪᠥᠷᠢ ᠥᠭᠬᠦ ᠠᠵᠢᠯ ᠢ ᠳᠠᠭᠠᠭᠠᠨ ᠡᠭᠦᠷᠭᠡᠯᠡᠵᠦ᠂ ᠬᠠᠮᠠᠭᠠᠯᠠᠯᠲᠠ ᠶᠢᠨ ᠣᠷᠣᠨ ᠤ ᠬᠠᠮᠢᠶ᠎ᠠ ᠪᠥᠬᠦᠶ ᠪᠥᠲᠥᠭᠡᠨ ᠪᠠᠶᠢᠭᠤᠯᠤᠯᠲᠠ᠂ ᠲᠣᠭᠤᠷᠢᠨ ᠦᠵᠡᠬᠦ᠂ ᠵᠢᠭᠤᠯᠴᠢᠯᠠᠬᠤ ᠵᠡᠷᠭᠡ ᠠᠵᠤ ᠠᠬᠤᠶ ᠶᠢᠨ ᠠᠵᠢᠯᠯᠠᠭ᠎ᠠ ᠪᠠ ᠲᠥᠷᠥᠯ ᠵᠦᠢᠯ ᠢ ᠵᠢᠷᠤᠮᠵᠢᠭᠤᠯᠤᠨ᠂ ᠨᠡᠶᠢᠭᠡᠮ ᠤᠨ ᠬᠢᠨ ᠢ ᠵᠣᠬᠢᠶᠠᠨ ᠪᠠᠶᠢᠭᠤᠯᠤᠨ ᠬᠥᠲᠥᠯᠦᠨ ᠵᠢᠯᠣᠭᠤᠳᠴᠤ ᠪᠠᠶᠢᠭᠠᠳ ᠬᠠᠮᠲᠤᠪᠠᠷ ᠪᠠᠶᠢᠭᠤᠯᠵᠤ ᠬᠠᠮᠲᠤᠪᠠᠷ ᠬᠠᠮᠢᠶᠠᠷᠬᠤ ᠳᠤ ᠣᠷᠣᠯᠴᠠᠭᠤᠯᠤᠨ᠎ᠠ᠃    ︵ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号