ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭ ᠠᠭᠤᠷ ᠤᠨ ᠲᠣᠪᠴᠢᠶᠠᠨ ᠤ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/7/9
   ︵ᠨᠢᠭᠡ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠴᠠᠭ ᠠᠭᠤᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠵᠢᠴᠢ ᠴᠠᠭ ᠠᠭᠤᠷ ᠤᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠴᠠᠭ ᠠᠭᠤᠷ ᠤᠨ ᠠᠵᠢᠯᠯᠠᠭ᠎ᠠ ᠶᠢ ᠵᠢᠯᠣᠭᠤᠳᠴᠤ᠂ ᠬᠢᠨᠠᠵᠤ᠂ ᠠᠵᠢᠯ ᠲᠦᠷᠦᠯ ᠢ ᠨᠢ ᠬᠠᠮᠢᠶᠠᠷᠤᠨ᠎ᠠ᠃    ︵ᠬᠤᠶᠠᠷ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ︔ ᠲᠤᠰ ᠵᠠᠰᠠᠭ ᠵᠠᠬᠢᠷᠭᠠᠨ ᠤ ᠣᠷᠣᠨ ᠤ ᠪᠠᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠦᠨ᠎ᠡ︔ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠲᠣᠰ ᠵᠠᠰᠠᠭ ᠵᠠᠬᠢᠷᠭᠠᠨ ᠤ ᠣᠷᠣᠨ ᠤ ᠪᠠᠨ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠬᠠᠮᠢᠶᠠᠷᠴᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠵᠢᠯᠣᠭᠤᠳᠬᠤ ᠪᠠ ᠵᠣᠬᠢᠶᠠᠨ ᠪᠠᠶᠢᠭᠤᠯᠤᠨ᠎ᠠ︔ ᠬᠤᠳᠠ ᠬᠥᠳᠡᠭᠡ ᠶᠢᠨ ᠴᠠᠭ ᠠᠭᠤᠷ ᠤᠨ ᠠᠵᠢᠯ ᠢ ᠵᠢᠯᠣᠭᠤᠳᠴᠤ᠂ ᠬᠥᠳᠡᠭᠡ ᠲᠣᠰᠬᠤᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠪᠣᠯᠤᠨ ᠲᠠᠷᠢᠶᠠᠯᠠᠩ ᠤᠨ ᠴᠠᠭ ᠠᠭᠤᠷ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠵᠤ᠂ ᠰᠢᠶᠠᠩ ᠪᠠᠯᠭᠠᠰᠤ ︵ᠰᠤᠮᠤ᠂ ᠵᠡᠭᠡᠯᠢ ᠭᠤᠳᠤᠮᠵᠢ︶ ᠶᠢᠨ ᠴᠠᠭ ᠠᠭᠤᠷ ᠤᠨ ᠠᠵᠢᠯ ᠤᠨ ᠦᠷᠳᠡᠭᠡ ᠪᠣᠯᠤᠨ ᠴᠠᠭ ᠠᠭᠤᠷ ᠤᠨ ᠲᠤᠰᠠᠯᠠᠭᠴᠢ᠂ ᠮᠡᠳᠡᠭᠡ ᠵᠠᠩᠭᠢᠴᠢ ᠶᠢᠨ ᠡᠩᠨᠡᠭᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠭᠤᠷᠪᠠ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠵᠣᠬᠢᠶᠠᠨ ᠪᠠᠶᠢᠭᠤᠯᠤᠨ ᠬᠠᠮᠢᠶᠠᠷᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠠᠭᠠᠷᠢᠯᠲᠠ ᠳᠤ ᠤᠴᠠᠷᠠᠵᠤ ᠮᠡᠳᠡᠬᠦ ᠪᠠᠷᠢᠯᠭ᠎ᠠ᠂ ᠪᠠᠷᠢᠯᠭ᠎ᠠ ᠶᠢᠨ ᠵᠦᠢᠯ ᠪᠠ ᠪᠤᠰᠤᠳ ᠲᠥᠬᠦᠭᠡᠷᠦᠮᠵᠢ ᠳᠤ ᠤᠭᠰᠠᠷᠠᠭᠰᠠᠨ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠲᠣᠨᠣᠭᠯᠠᠯ ᠢ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠤᠨ᠎ᠠ︔ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠶᠤᠩᠭ᠎ᠠ ᠴᠠᠬᠢᠯᠭᠠᠨ ᠤ ᠭᠠᠮᠰᠢᠭ ᠠᠴᠠ ᠰᠡᠷᠭᠡᠶᠢᠯᠡᠬᠦ ᠲᠣᠨᠣᠭᠯᠠᠯ ᠤᠨ ᠵᠢᠷᠤᠭ ᠲᠥᠯᠥᠪᠯᠡᠭᠡ ᠶᠢ ᠬᠢᠨᠠᠨ ᠬᠠᠷᠭᠤᠭᠤᠯᠬᠤ ᠪᠠ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠬᠠᠷᠢᠭᠤᠴᠠᠨ᠎ᠠ︔ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠡᠢ ᠪᠥᠮᠪᠦᠭᠡ ᠲᠠᠯᠪᠢᠬᠤ ᠠᠵᠢᠯᠯᠠᠭ᠎ᠠ ᠶᠢ ᠬᠠᠷᠢᠭᠤᠴᠠᠨ ᠬᠠᠮᠢᠶᠠᠷᠤᠨ᠎ᠠ᠃    ︵ᠳᠥᠷᠪᠡ︶ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠠᠭᠤᠷ ᠠᠮᠢᠰᠬᠤᠯ ᠤᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠪᠠᠶᠢᠴᠠᠭᠠᠯᠲᠠ᠂ ᠣᠷᠣᠨ ᠬᠤᠪᠢᠶᠠᠷᠢᠯᠠᠯ ᠢ ᠵᠣᠬᠢᠶᠠᠨ ᠪᠠᠶᠢᠭᠤᠯᠵᠤ᠂ ᠠᠭᠤᠷ ᠠᠮᠢᠰᠬᠤᠯ ᠤᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠪᠠ ᠬᠠᠮᠠᠭᠠᠯᠠᠯᠲᠠ ᠶᠢ ᠵᠢᠯᠣᠭᠤᠳᠴᠤ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ᠂ ᠴᠢᠬᠤᠯᠠ ᠶᠡᠭᠡ ᠣᠷᠣᠨ ᠪᠦᠰᠡ ᠶᠢᠨ ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠲᠥᠷᠥᠯ ᠵᠦᠶ᠋ᠯ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ ᠪᠠ ᠴᠠᠭ ᠠᠭᠤᠷ ᠤᠨ ᠭᠠᠶ ᠭᠠᠮᠰᠢᠭ ᠤᠨ ᠲᠦᠭᠰᠢᠭᠦᠷᠢ ᠶᠢᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠬᠤ ᠶᠢᠨ ᠬᠠᠮᠲᠤ ᠬᠢᠨᠠᠨ ᠪᠠᠶᠢᠴᠠᠭᠠᠨ᠎ᠠ᠃    ︵ᠲᠠᠪᠤ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠴᠠᠭ ᠠᠭᠤᠷ ᠤᠨ ᠬᠤᠷᠢ᠊ ᠡᠶ᠎ᠡ ᠤᠢᠷᠳᠡᠭᠡ ᠪᠣᠯᠤᠨ ᠴᠠᠭ ᠠᠭᠤᠷ ᠤᠨ ᠲᠥᠬᠦᠭᠡᠷᠦᠮᠵᠢ ᠶᠢ ᠵᠣᠬᠢᠶᠠᠨ ᠪᠠᠶᠢᠭᠤᠯᠵᠤ ᠪᠦᠳᠦᠭᠡᠠ ᠪᠠᠶᠢᠭᠤᠯᠬᠤ ᠪᠠ ᠬᠠᠮᠠᠭᠠᠯᠠᠨ ᠬᠠᠮᠢᠶᠠᠷᠬᠤ ᠶᠢ ᠬᠠᠷᠢᠭᠤᠴᠠᠨ᠎ᠠ︔ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠴᠠᠭ ᠠᠭᠤᠷ ᠤᠨ ᠬᠠᠶᠢᠨ ᠬᠡᠮᠵᠢᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ ᠳᠠᠮᠵᠢᠭᠤᠯᠬᠤ ᠪᠠ ᠬᠤᠷᠢᠶᠠᠩᠭᠤᠶᠢᠯᠠᠨ ᠲᠤᠰᠢᠶᠠᠬᠤ ᠶᠢ ᠵᠣᠬᠢᠶᠠᠨ ᠪᠠᠶᠢᠭᠤᠯᠵᠤ ᠬᠠᠮᠢᠶᠠᠷᠤᠨ᠎ᠠ︔ ᠴᠠᠭ ᠠᠭᠤᠷ ᠤᠨ ᠲᠥᠬᠦᠭᠡᠷᠦᠮᠵᠢ ᠪᠠ ᠬᠠᠶᠢᠨ ᠬᠡᠮᠵᠢᠬᠦ ᠣᠷᠴᠢᠨ ᠲᠣᠭᠤᠷᠢᠨ ᠢ ᠬᠠᠤᠯᠢ ᠶᠣᠰᠣᠭᠠᠷ ᠬᠠᠮᠠᠭᠠᠯᠠᠨ᠎ᠠ︔ ᠪᠦᠳᠦᠭᠡᠠ ᠪᠠᠶᠢᠭᠤᠯᠤᠯᠲᠠ ᠶᠢᠨ ᠵᠦᠢᠯᠡᠰ ᠤᠨ ᠠᠭᠠᠷ ᠮᠠᠨᠳᠠᠯ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠳᠤ ᠬᠡᠷᠡᠭᠯᠡᠭᠰᠡᠨ ᠴᠠᠭ ᠠᠭᠤᠷ ᠤᠨ ᠮᠠᠲ᠋ᠧᠷᠢᠶᠠᠯ ᠢ ᠬᠢᠨᠠᠨ ᠪᠠᠶᠢᠴᠠᠭᠠᠬᠤ ᠠᠵᠢᠯ ᠢ    ︵ᠵᠢᠷᠭᠤᠭ᠎ᠠ︶ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ᠂ ᠤᠯᠡᠠ ᠨᠡᠶᠢᠲᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠴᠠᠭ ᠠᠭᠤᠷ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠤᠯᠠᠮᠵᠢᠯᠠᠨ ᠲᠠᠷᠬᠠᠭᠠᠬᠤ ᠠᠵᠢᠯ ᠢ ᠵᠣᠬᠢᠶᠠᠨ ᠪᠠᠶᠢᠭᠤᠯᠵᠤ ᠬᠠᠮᠢᠶᠠᠷᠤᠨ᠎ᠠ︔ ᠴᠢᠬᠤᠯᠠ ᠶᠡᠭᠡ ᠠᠵᠢᠯᠯᠠᠭ᠎ᠠ᠂ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠬᠡᠷᠡᠭ ᠤᠨ ᠴᠠᠭ ᠠᠭᠤᠷ ᠤᠨ ᠪᠠᠲᠤᠯᠠᠭ᠎ᠠ ᠶᠢᠨ ᠠᠵᠢᠯ ᠢ ᠵᠣᠬᠢᠶᠠᠨ ᠪᠠᠶᠢᠭᠤᠯᠤᠨ᠎ᠠ︔ ᠭᠡᠨᠡᠳᠲᠡ ᠡᠭᠦᠰᠦᠭᠰᠡᠨ ᠴᠢᠬᠤᠯᠠ ᠶᠡᠭᠡ ᠣᠯᠠᠨ ᠨᠡᠶᠢᠲᠡ ᠶᠢᠨ ᠬᠡᠷᠡᠭ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠰᠢᠰᠲ᠋ᠧᠮ ᠤᠨ ᠪᠠᠶᠢᠭᠤᠯᠤᠯᠲᠠ ᠵᠢᠴᠢ ᠠᠵᠢᠯᠯᠠᠭᠠᠨ ᠤ ᠬᠠᠮᠠᠭᠠᠯᠠᠯᠲᠠ ᠶᠢ ᠡᠭᠦᠷᠭᠡᠯᠡᠨ᠎ᠡ᠃    ︵ᠲᠤᠯᠤᠭ᠎ᠠ︶ ᠴᠠᠭ ᠠᠭᠤᠷ ᠤᠨ ᠬᠠᠤᠯᠢ ᠲᠦᠷᠢᠮ ᠤᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭ ᠠᠭᠤᠷ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠰᠢᠳᠬᠡᠵᠦ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠠᠷᠭᠤ ᠶᠢ ᠡᠭᠦᠷᠭᠡᠯᠡᠨ᠎ᠡ︔ ᠴᠠᠭ ᠠᠭᠤᠷ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃    ︵ᠨᠠᠢᠮᠠ︶ ᠲᠤᠰ ᠱᠠᠲᠤᠨ ᠤ ᠪᠠᠨ ᠴᠠᠭ ᠠᠭᠤᠷ ᠤᠨ ᠰᠠᠯᠠᠭ᠎ᠠ ᠮᠥᠴᠢᠷ ᠤᠨ ᠳᠣᠲᠣᠭᠠᠳᠤ ᠶᠢᠨ ᠲᠥᠯᠥᠪᠯᠡᠭᠡᠲᠦ ᠡᠳ᠋ ᠤᠨ ᠶᠠᠪᠤᠳᠠᠯ᠂ ᠠᠵᠢᠯᠳᠡᠠ ᠤ ᠶᠠᠪᠤᠳᠠᠯ ᠬᠥᠳᠡᠯᠮᠦᠷᠢ᠂ ᠡᠩᠨᠡᠭᠡᠨ ᠤ ᠪᠠᠶᠢᠭᠤᠯᠤᠯᠲᠠ᠂ ᠬᠥᠮᠦᠵᠢᠯ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠪᠠᠶᠢᠭᠤᠯᠤᠯᠲᠠ ᠶᠢ ᠬᠠᠮᠢᠶᠠᠷᠤᠨ᠎ᠠ︔ ᠴᠠᠭ ᠠᠭᠤᠷ ᠤᠨ ᠰᠠᠯᠠᠭ᠎ᠠ ᠮᠥᠴᠢᠷ ᠤᠨ ᠳᠠᠪᠬᠤᠷ ᠲᠥᠯᠥᠪᠯᠡᠭᠡᠲᠦ ᠡᠳ᠋ ᠤᠨ ᠶᠠᠪᠤᠳᠠᠯ ᠤᠨ ᠪᠠᠶᠢᠭᠤᠯᠤᠯ ᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ︔ ᠨᠠᠮ ᠤᠨ ᠪᠠᠶᠢᠭᠤᠯᠤᠯᠲᠠ᠂ ᠤᠶᠦᠠ ᠤ ᠪᠣᠯᠪᠠᠰᠤᠨ ᠪᠠ ᠴᠠᠭ ᠠᠭᠤᠷ ᠤᠨ ᠰᠣᠶᠣᠯ ᠤᠨ ᠪᠠᠶᠢᠭᠤᠯᠤᠯᠲᠠ ᠶᠢ ᠬᠠᠷᠢᠭᠤᠴᠠᠨ᠎ᠠ᠃    ︵ᠶᠢᠰᠦ︶ ᠳᠡᠭᠡᠳᠦ ᠱᠠᠲᠤᠨ ᠤ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠪᠣᠯᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠶᠠᠪᠤᠳᠠᠯ ᠤᠳ ᠢ ᠡᠭᠦᠷᠭᠡᠯᠡᠨ᠎ᠡ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号