ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠦᠩ ᠳ᠋ᠠ ᠪᠠᠶᠠᠯᠢᠭ ᠬᠤᠲᠠ ᠬᠥᠳᠡᠭᠡ ᠶᠢᠨ ᠨᠢᠭᠡᠳᠦᠯᠲᠡᠶ ᠲᠥᠯᠥᠪᠯᠡᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2022/7/9
   ᠨᠢᠭᠡ᠂ ᠭᠤᠤᠯ ᠡᠭᠦᠷᠭᠡ ᠬᠠᠷᠢᠭᠤᠴᠠᠯᠭ᠎ᠠ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠠᠮᠢᠶᠠᠷᠤᠯᠲᠠ ᠶᠢᠨ ᠡᠭᠦᠷᠭᠡ ᠬᠦᠷᠢᠶᠡᠯᠡᠩ ᠲᠣᠭᠤᠷᠢᠭ ᠤᠨ ᠤᠷᠲᠤᠪᠲᠤᠷ ᠪᠠ ᠣᠷᠳᠣ ᠬᠤᠭᠤᠴᠠᠭᠠᠨ ᠤ ᠲᠥᠯᠥᠪᠵᠢᠭᠦᠯᠭᠡ᠂ ᠣᠨ ᠤ ᠬᠥᠭᠵᠢᠯᠲᠡ ᠶᠢᠨ ᠲᠥᠯᠥᠪᠯᠡᠭᠡ ᠵᠢᠴᠢ ᠠᠵᠤ ᠦᠶ᠋ᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠮᠡᠳᠡᠭᠦᠯᠦᠨ ᠵᠥᠪᠰᠢᠶᠡᠷᠡᠭᠦᠯᠬᠦ ᠲᠠᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠦᠷᠢᠶᠡᠯᠡᠩ ᠲᠣᠭᠤᠷᠢᠭ ᠤᠨ ᠳᠣᠲᠣᠷᠠᠬᠢ ᠭᠠᠵᠠᠷ ᠰᠢᠷᠣᠶ ᠵᠡᠷᠭᠡ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠳᠣᠭᠢᠷᠠᠭᠤᠯᠬᠤ ᠰᠠᠨᠠᠯ ᠪᠠ ᠲᠥᠯᠥᠪᠵᠢᠭᠦᠯᠭᠡ ᠶᠢ ᠳᠤᠷᠠᠳᠬᠤ ᠪᠤᠶᠤ ᠵᠢᠭᠠᠨ ᠭᠠᠷᠭᠠᠵᠤ᠂ ᠬᠠᠮᠢᠶ᠎ᠠ ᠪᠥᠬᠦᠶ ᠮᠡᠳᠡᠭᠦᠯᠦᠨ ᠵᠥᠪᠰᠢᠶᠡᠷᠡᠭᠦᠯᠬᠦ ᠭᠠᠷᠳᠠᠮ ᠢ ᠭᠦᠢᠴᠡᠳᠬᠡᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠦᠢᠯᠡᠰ ᠤᠨ ᠠᠵᠤ ᠠᠬᠤᠶ ᠶᠢᠨ ᠬᠥᠭᠵᠢᠯᠲᠡ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠲᠦᠷᠢᠮ ᠪᠠ ᠬᠦᠷᠢᠶᠡᠯᠡᠩ ᠲᠣᠭᠤᠷᠢᠭ ᠤᠨ ᠳᠣᠲᠣᠷᠠᠬᠢ ᠵᠠᠰᠠᠭ ᠵᠠᠬᠢᠷᠭ᠎ᠠ᠂ ᠠᠵᠤ ᠠᠬᠤᠶ ᠶᠢᠨ ᠬᠠᠮᠢᠶᠠᠷᠤᠯᠲᠠ ᠶᠢᠨ ᠲᠣᠭᠲᠠᠭᠠᠯ ᠵᠢᠴᠢ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ︔ ᠬᠤᠰᠢᠭᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ ᠬᠦᠷᠢᠶᠡᠯᠡᠩ ᠲᠣᠭᠤᠷᠢᠭ ᠤᠨ ᠳᠣᠲᠣᠷᠠᠬᠢ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠣᠷᠣᠵᠤ ᠰᠠᠭᠤᠬᠤ ᠲᠥᠷᠥᠯ ᠵᠦᠢᠯ ᠤᠨ ᠬᠠᠶ᠋ᠢᠭ ᠰᠣᠩᠭᠤᠬᠤ᠂ ᠳᠡᠩᠰᠡᠯᠡᠵᠦ ᠬᠢᠨᠠᠨ ᠬᠠᠷᠭᠤᠭᠤᠯᠬᠤ᠂ ᠲᠥᠯᠥᠪᠵᠢᠭᠦᠯᠦᠨ ᠪᠥᠲᠥᠭᠡᠨ ᠪᠠᠶᠢᠭᠤᠯᠬᠤ᠂ ᠭᠠᠵᠠᠷ ᠰᠢᠷᠣᠶ ᠬᠡᠷᠡᠭᠯᠡᠬᠦ ᠵᠡᠷᠭᠡ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠤᠨ ᠳᠣᠲᠣᠷᠠᠬᠢ ᠡᠯ᠎ᠡ ᠵᠦᠢᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠦᠷᠢᠶᠡᠯᠡᠩ ᠲᠣᠭᠤᠷᠢᠭ ᠲᠠᠬᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠲᠣᠭᠲᠠᠭᠠᠵᠤ ᠬᠢᠨᠠᠯᠲᠠ ᠲᠠᠯᠪᠢᠨ ᠬᠡᠷᠡᠭᠵᠢᠭᠦᠯᠵᠦ᠂ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠶᠣᠰᠣᠭᠠᠷ ᠴᠡᠴᠡᠷᠯᠢᠭ ᠲᠤ ᠣᠷᠣᠬᠤ ᠠᠵᠤ ᠠᠬᠤᠶᠢᠯᠠᠯ ᠪᠤᠶᠤ ᠲᠥᠷᠥᠯ ᠵᠦᠢᠯ ᠢ ᠬᠢᠨᠠᠨ ᠵᠥᠪᠰᠢᠶᠡᠷᠡᠨ᠎ᠡ︔ ᠬᠦᠷᠢᠶᠡᠯᠡᠩ ᠲᠣᠭᠤᠷᠢᠭ ᠤᠨ ᠳᠣᠲᠣᠷᠠᠬᠢ ᠡᠯ᠎ᠡ ᠲᠥᠷᠥᠯ ᠤᠨ ᠠᠵᠢᠯᠴᠢᠨ ᠬᠡᠷᠡᠭᠯᠡᠬᠦ ᠳᠤ ᠬᠥᠳᠡᠯᠮᠦᠷᠢ ᠶᠢᠨ ᠲᠠᠯ᠎ᠠ ᠪᠠᠷ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠨ᠎ᠠ︔ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠡᠭᠴᠡ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠬᠢ ᠲᠣᠮᠢᠯᠠᠭᠰᠠᠨ ᠪᠠᠶᠢᠭᠤᠯᠤᠮᠵᠢ ᠶᠢᠨ ᠠᠵᠢᠯ ᠢ ᠵᠣᠬᠢᠴᠠᠭᠤᠯᠬᠤ ᠶᠢ ᠬᠠᠷᠢᠭᠤᠴᠠᠨ᠎ᠠ︔ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃    ᠬᠤᠶᠠᠷ᠂ ᠳᠣᠲᠣᠭᠠᠳᠤ ᠪᠠᠶᠢᠭᠤᠯᠤᠮᠵᠢ ᠳᠣᠲᠣᠭᠠᠳᠤ ᠳᠠᠭᠠᠨ ᠶᠡᠷᠦᠩᠬᠡᠶᠢᠯᠡᠭᠰᠡᠨ ᠠᠯᠪᠠᠨ ᠬᠡᠷ ᠲᠠᠢ᠂ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠲᠠᠰᠤᠭ᠂ ᠡᠳ᠋ ᠤᠨ ᠶᠠᠪᠤᠳᠠᠯ ᠤᠨ ᠲᠠᠰᠤᠭ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠰᠤᠭ ᠵᠡᠷᠭᠡ 4 ᠲᠠᠰᠤᠭ ᠲᠠᠢ᠃    ︵ᠨᠢᠭᠡ︶ ᠶᠡᠷᠦᠩᠬᠡᠶᠢᠯᠡᠭᠰᠡᠨ ᠠᠯᠪᠠᠨ ᠬᠡᠷ᠃ ᠵᠠᠰᠠᠭ ᠵᠠᠬᠢᠷᠭᠠᠨ᠂ ᠨᠠᠮ ᠤᠨ ᠠᠵᠢᠯ᠂ ᠠᠯᠪᠠᠨ ᠪᠢᠴᠢᠭ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠣᠯᠠᠨ ᠲᠦᠮᠡᠨ ᠤ ᠪᠦᠯᠬᠦᠮ᠂ ᠠᠷᠤ ᠲᠠᠯ᠎ᠠ ᠶᠢᠨ ᠦᠶ᠋ᠯᠡᠴᠢᠯᠡᠭᠡᠨ ᠤ ᠪᠠᠲᠤᠯᠠᠭ᠎ᠠ᠂ ᠲᠡᠷᠭᠡ ᠬᠥᠰᠬᠡ ᠶᠢᠨ ᠬᠠᠮᠢᠶᠠᠷᠤᠯᠲᠠ᠂ ᠪᠠᠶᠢᠭᠤᠯᠭ᠎ᠠ ᠶᠢᠨ ᠠᠵᠢᠯ ᠳᠤ ᠭᠠᠷᠬᠤ ᠶᠢ ᠰᠢᠯᠭᠠᠬᠤ᠂ ᠡᠳᠦᠷ ᠲᠤᠲᠤᠮ ᠤᠨ ᠬᠢᠨᠠᠨ ᠰᠢᠯᠭᠠᠬᠤ᠂ ᠭᠠᠳᠠᠭᠠᠳᠤ ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠬᠠᠮᠢᠶᠠᠷᠤᠯᠲᠠ ᠶᠢᠨ ᠵᠥᠪᠯᠡᠯ ᠤᠨ ᠲᠠᠩᠰᠠ ᠡᠪᠬᠡᠮᠡᠯ ᠤᠨ ᠬᠠᠮᠢᠶᠠᠷᠤᠯᠲᠠ᠂ ᠪᠠᠶᠢᠴᠠᠭᠠᠨ ᠦᠵᠡᠬᠦ ᠵᠢᠴᠢ ᠲᠠᠩᠰᠠ ᠡᠪᠬᠡᠮᠡᠯ ᠤᠨ ᠲᠠᠰᠤᠭ ᠢ ᠪᠠᠷᠢᠮᠵᠢᠶ᠎ᠠ ᠳᠤ ᠬᠦᠷᠦᠭᠦᠯᠦᠨ ᠲᠠᠰ ᠳᠡᠪᠰᠢᠭᠦᠯᠬᠦ ᠪᠥᠲᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠪᠠ ᠬᠠᠮᠢᠶᠠᠷᠤᠯᠲᠠ ᠶᠢᠨ ᠵᠥᠪᠯᠡᠯ ᠤᠨ ᠪᠢᠴᠢᠭ ᠮᠠᠲ᠋ᠧᠷᠢᠶᠠᠯ ᠲᠠᠩᠰᠠ ᠡᠪᠬᠡᠮᠡᠯ ᠢ ᠭᠥᠯᠢᠶᠡᠨ ᠠᠪᠴᠤ ᠲᠠᠩᠰᠠ ᠡᠪᠬᠡᠮᠡᠯ ᠳᠤ ᠣᠷᠣᠭᠤᠯᠬᠤ ᠪᠠ ᠰᠢᠯᠵᠢᠭᠦᠯᠦᠨ ᠲᠤᠰᠢᠶᠠᠬᠤ ᠠᠵᠢᠯ ᠵᠢᠴᠢ ᠡᠯ᠎ᠡ ᠲᠥᠷᠥᠯ ᠤᠨ ᠵᠢᠷᠤᠭ᠂ ᠲᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠢᠴᠢ ᠱᠠᠩᠨᠠᠯ ᠤᠨ ᠪᠢᠴᠢᠭ᠂ ᠬᠡᠮᠡᠷᠯᠢᠭ ᠲᠤᠭ᠂ ᠱᠠᠩᠨᠠᠯ ᠤᠨ ᠬᠤᠨᠳᠠᠭ᠎ᠠ᠂ ᠦᠨᠡᠮᠯᠡᠯ ᠵᠡᠷᠭᠡ ᠡᠳ᠋ ᠪᠣᠳᠠᠰ ᠢ ᠬᠠᠳᠠᠭᠠᠯᠠᠬᠤ᠂ ᠲᠠᠩᠰᠠ ᠡᠪᠬᠡᠮᠡᠯ ᠳᠤ ᠣᠷᠣᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃    ︵ᠬᠤᠶᠠᠷ︶ ᠪᠦᠳᠦᠭᠡᠠ ᠪᠠᠶᠢᠭᠤᠯᠤᠯᠲᠠ ᠶᠢᠨ ᠳᠠᠰᠤᠭ᠃ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠨᠣᠭᠤᠭᠠᠷᠠᠭᠤᠯᠤᠯᠲᠠ᠂ ᠭᠠᠵᠠᠷ ᠰᠢᠷᠣᠶ ᠶᠢ ᠲᠡᠭᠰᠢᠯᠡᠬᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠬᠠᠷᠢᠭᠤᠴᠠᠨ᠎ᠠ︔ ᠬᠦᠷᠢᠶᠡᠯᠡᠩ ᠲᠣᠭᠤᠷᠢᠭ ᠤᠨ ᠤᠰᠤ᠂ ᠴᠠᠬᠢᠯᠭᠠᠨ ᠂ ᠵᠠᠮ᠂ ᠢᠯᠴᠢ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠠᠵᠢᠯ ᠢ ᠬᠠᠷᠢᠭᠤᠴᠠᠨ᠎ᠠ︔ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠵᠡᠷᠭᠡ ᠠᠵᠢᠯ᠃    ︵ᠭᠤᠷᠪᠠ︶ ᠡᠳ᠋ ᠤᠨ ᠶᠠᠪᠤᠳᠠᠯ ᠤᠨ ᠳᠠᠰᠤᠭ᠃ ᠬᠠᠮᠢᠶᠠᠷᠤᠯᠲᠠ ᠶᠢᠨ ᠭᠠᠵᠠᠷ ᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠵᠤ᠂ ᠡᠳ᠋ ᠤᠨ ᠶᠠᠪᠤᠳᠠᠯ ᠤᠨ ᠣᠷᠣᠯᠭ᠎ᠠ ᠬᠦᠷᠢᠶᠡᠯᠡᠩ ᠲᠣᠭᠤᠷᠢᠭ ᠤᠨ ᠡᠳ᠋ ᠤᠨ ᠶᠠᠪᠤᠳᠠᠯ ᠪᠣᠯᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠣᠯᠤᠨ ᠳᠡᠭᠡᠳᠦ ᠱᠠᠲᠤᠨ ᠠᠴᠠ ᠰᠠᠯᠭᠠᠨ ᠥᠭᠭᠦᠭᠰᠡᠨ ᠲᠤᠰᠬᠠᠶ ᠵᠦᠢᠯ ᠤᠨ ᠵᠠᠷᠤᠳᠠᠯ ᠪᠣᠯᠤᠨ ᠪᠤᠰᠤᠳ ᠪᠠᠯᠠ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠬᠤ ᠵᠢᠴᠢ ᠡᠳᠦᠷ ᠲᠤᠲᠤᠮ ᠤᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠭᠴᠢ ᠶᠢᠨ ᠠᠵᠢᠯ ᠪᠣᠯᠤᠨ ᠨᠢᠭᠲᠠᠯᠠᠨ ᠪᠤᠳᠤᠭᠴᠢ ᠶᠢᠨ ᠬᠠᠮᠢᠶᠠᠷᠤᠯᠲᠠ ᠵᠢᠴᠢ ᠬᠢᠨᠠᠨ ᠪᠤᠳᠤᠬᠤ ᠠᠵᠢᠯ ᠶᠠᠪᠤᠳᠠᠯ ᠤᠨ ᠠᠵᠢᠯ ᠢ ᠬᠠᠷᠢᠭᠤᠴᠠᠨ᠎ᠠ᠃    ︵ᠲᠦᠷᠪᠡ︶ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠳᠠᠰᠤᠭ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠠᠷᠢᠭᠤᠴᠠᠨ ᠭᠦᠢᠴᠡᠳᠬᠡᠵᠦ᠂ ᠲᠥᠷᠥᠯ ᠵᠦᠢᠯ ᠢ ᠭᠤᠶᠤᠴᠢᠯᠠᠨ ᠮᠡᠳᠡᠭᠦᠯᠦᠨ᠎ᠡ︔ ᠢᠨᠵᠧᠨᠧᠷᠢᠩ ᠤᠨ ᠮᠡᠳᠡᠭᠡ ᠵᠠᠩᠭᠢ ᠶᠢᠨ ᠪᠦᠷᠢᠳᠬᠡᠯ ᠵᠢᠴᠢ ᠳᠡᠭᠡᠭᠰᠢ ᠮᠡᠳᠡᠭᠦᠯᠬᠦ ᠠᠵᠢᠯ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号