ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠤᠯᠭ᠎ᠠ ︽8 · 1︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2022/8/1
    ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠤᠯᠭ᠎ᠠ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠶᠡᠷᠦᠩᠬᠡᠶᠢᠯᠡᠭᠰᠡᠨ ᠪᠣᠯᠪᠠᠰᠤᠷᠠᠯ ᠤᠨ ᠲᠠᠯᠠᠪᠠᠢ ᠳᠤ ᠬᠦᠷᠴᠦ᠂ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ · ᠤᠮᠠᠷᠠᠲᠤ ᠬᠢᠯᠢ ᠶᠢ ᠰᠠᠬᠢᠨ ᠬᠠᠮᠠᠭᠠᠯᠠᠶ᠎ᠠ︾ ᠭᠡᠬᠦ ᠪᠦᠬᠦ ᠣᠷᠣᠨ ᠤ ᠴᠡᠷᠢᠭ ᠠᠩᠬᠢ ᠪᠠ ᠣᠷᠣᠨ ᠨᠤᠲᠤᠭ ᠤᠨ ᠪᠠᠴᠢᠮ ᠪᠠᠶᠢᠳᠠᠯ ᠢ ᠠᠷᠭᠠᠴᠠᠭᠠᠬᠤ ᠬᠦᠴᠦᠨ ᠢ ᠠᠭᠤᠰᠤᠯᠴᠠᠭᠤᠯᠬᠤ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠦᠵᠡᠭᠦᠯᠭᠡ ᠵᠢᠴᠢ ︽8 · 1︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠰᠦᠨ ᠱᠤᠤ ᠴᠧᠩ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠸᠠᠩ ᠯᠢ ᠰᠢᠶᠠ ᠣᠷᠣᠯᠴᠠᠵᠠᠶ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号