ᠰᠦᠨ ᠱᠤᠤ ᠴᠧᠩ ᠪᠠᠷᠠᠭᠤᠨ ᠪᠡᠶ᠎ᠠ ᠶᠢᠨ ᠭᠤᠷᠪᠠᠨ ᠠᠶᠢᠮᠠᠭ ᠬᠤᠳᠠ ᠶᠢᠨ ᠬᠢᠯᠢ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠢᠯᠢ ᠶᠢᠨ ᠪᠣᠭᠤᠮᠲᠠ ᠪᠠᠷ ᠲᠤᠭᠤᠷᠢᠨ ᠪᠠᠶᠢᠴᠠᠭᠠᠪᠠ
ᠨᠡᠶᠢᠲᠡᠯᠡᠭᠰᠡᠨ ᠴᠠᠭ᠄
2022/8/11
    8 ᠰᠠᠷ᠎ᠠ ᠶᠢᠨ 4 ᠠᠴᠠ 9 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠠᠯᠠᠱᠠ ᠠᠶᠢᠮᠠᠭ᠂ ᠪᠠᠶᠠᠨᠨᠠᠭᠤᠷ ᠬᠤᠲᠠ ᠪᠣᠯᠤᠨ ᠪᠤᠭᠤᠲᠤ ᠬᠤᠲᠠ ᠶᠢᠨ ᠬᠢᠯᠢ ᠶᠢᠨ ᠨᠢᠬᠡᠳᠦᠬᠡᠷ ᠹᠷᠣᠨᠲ ᠲᠤ ᠭᠦᠨᠵᠡᠭᠡᠶᠢᠷᠡᠵᠦ᠂ ᠬᠢᠯᠢ ᠶᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠠᠵᠢᠯ ᠢ ᠰᠢᠨᠵᠢᠯᠡᠨ ᠪᠠᠶᠢᠴᠠᠭᠠᠪᠠ᠃ ᠰᠦᠨ ᠱᠤᠤ ᠴᠧᠩ ᠶᠡᠷᠦᠩᠬᠡᠢ ᠱᠦᠵᠢ ᠰᠢ ᠶᠢᠨ ᠫᠢᠩ ᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠮᠠᠰᠢ ᠴᠢᠬᠤᠯᠠᠴᠢᠯᠡᠵᠤ᠂ 6 ᠡᠳᠦᠷ ᠤᠨ ᠴᠠᠭ ᠭᠠᠷᠭᠠᠵᠤ ᠪᠠᠶᠢᠭᠠᠳ ᠬᠢᠯᠢ ᠶᠢᠨ ᠪᠣᠭᠤᠮᠲᠠ ᠪᠠᠷ ᠲᠤᠭᠤᠷᠢᠨ ᠪᠠᠶᠢᠴᠠᠭᠠᠵᠤ᠂ ᠬᠢᠯᠢ ᠶᠢᠨ ᠬᠠᠮᠠᠭᠠᠯᠠᠯᠲᠠ ᠶᠢᠨ ᠨᠢᠭᠡᠨ ᠰᠤᠮᠤᠨ ᠤ ︽ᠪᠠᠷᠠᠭᠤᠨ ᠪᠡᠶ᠎ᠠ ᠶᠢᠨ ᠨᠢᠭᠡᠳᠦᠭᠡᠷ ᠬᠠᠷᠠᠭᠤᠯ︾ ᠪᠣᠯᠬᠤ ᠴᠢᠩ ᠾᠧ ᠺᠸᠦ ᠬᠠᠷᠠᠭᠤᠯ ᠤᠨ ᠭᠠᠵᠠᠷ ᠠᠴᠠ ᠡᠬᠢᠯᠡᠨ᠂ ᠬᠢᠯᠢ ᠶᠢᠨ ᠴᠠᠭᠳᠠᠨ ᠪᠠᠶᠢᠴᠠᠭᠠᠬᠤ ᠵᠠᠰᠠᠮᠠᠯ ᠵᠠᠮ ᠢᠶᠠᠷ ᠵᠡᠭᠦᠨᠰᠢ ᠠᠶᠠᠯᠠᠵᠤ᠂ ᠠᠭᠠᠭᠢᠮ᠎ᠠ ᠬᠠᠯᠠᠭᠤᠨ ᠳᠤ᠂ ᠠᠶᠠᠨ ᠵᠠᠮ ᠤᠨ ᠠᠯᠵᠢᠶᠠᠯ ᠵᠦᠳᠡᠷᠡᠯ ᠢ ᠬᠠᠶᠢᠬᠤᠷᠤᠯ ᠦᠭᠡᠢ ᠪᠠᠷ 1800 ᠭᠠᠷᠤᠢ ᠺᠢᠯᠣᠮᠧᠳ᠋ᠷ ᠠᠶᠠᠯᠠᠵᠤ᠂ ᠵᠠᠯᠭᠠᠭ᠎ᠠ ᠪᠠᠷ 7 ᠰᠤᠮᠤ᠂ 3 ᠬᠠᠷᠠᠭᠤᠯ ᠤᠨ ᠭᠠᠵᠠᠷ᠂ 1 ᠬᠢᠯᠢ ᠶᠢᠨ ᠲᠣᠮᠢᠯᠠᠭᠰᠠᠨ ᠰᠠᠯᠪᠤᠷᠢ᠂ 1 ᠪᠠᠯᠭᠠᠰᠤ᠂ 5 ᠭᠠᠴᠠᠭ᠎ᠠ ᠪᠣᠯᠤᠨ 3 ᠬᠢᠯᠢ ᠶᠢᠨ ᠬᠠᠮᠠᠭᠠᠯᠠᠭᠴᠢ ᠶᠢ ᠪᠠᠶᠢᠴᠠᠭᠠᠨ ᠦᠵᠡᠵᠤ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢ᠂ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠪᠣᠯᠤᠨ ᠬᠢᠯᠢ ᠶᠢᠨ ᠬᠠᠮᠠᠭᠠᠯᠠᠯᠲᠠ ᠬᠢᠵᠦ ᠪᠠᠶᠢᠭ᠎ᠠ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠪᠠ᠃
 
ᠢᠷᠡᠯᠲᠡ᠄ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号