ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠤᠮᠳᠠᠳᠤ ᠤᠯᠤᠰ ᠤᠨ ᠠᠷᠠᠳ ᠤᠨ ᠲᠠᠭᠠᠳᠬᠠᠯ ᠤᠨ ᠪᠦᠯᠦᠭᠯᠡᠯ ᠪᠤᠯᠤᠨ ᠹᠦᠳᠠᠨ ᠶᠡᠭᠡ ᠰᠤᠷᠭᠠᠭᠤᠯᠢ  ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤᠬᠢᠷᠠᠯᠴᠠᠪᠠ ᠸᠠᠩ ᠯᠢ ᠰᠢᠶᠠ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ
ᠨᠡᠶᠢᠲᠡᠯᠡᠭᠰᠡᠨ ᠴᠠᠭ᠄
2022/9/20
    9 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠥᠬᠡᠬᠤᠲᠠ ᠳᠤ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠪᠦᠯᠦᠭᠯᠡᠯ᠂ ᠹᠦᠳᠠᠨ ᠶᠡᠭᠡ ᠰᠤᠷᠭᠠᠭᠤᠯᠢ ᠯᠤᠭ᠎ᠠ ᠲᠤᠰ ᠲᠤᠰ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤᠬᠢᠷᠠᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠭᠠᠷ ᠤᠨ ᠦᠰᠦᠭ ᠵᠢᠷᠤᠬᠤ ᠶᠢ ᠭᠡᠷᠡᠴᠢᠯᠡᠵᠡᠢ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠲᠤᠰ ᠲᠤᠰ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢ ᠲᠥᠯᠥᠭᠡᠯᠡᠨ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠪᠦᠯᠦᠭᠯᠡᠯ᠂ ᠹᠦᠳᠠᠨ ᠶᠡᠭᠡ ᠰᠤᠷᠭᠠᠭᠤᠯᠢ ᠲᠠᠢ ᠬᠡᠯᠡᠯᠴᠡᠬᠡᠷ ᠲᠡᠭᠡᠷ᠎ᠡ ᠭᠠᠷ ᠤᠨ ᠦᠰᠦᠭ ᠵᠢᠷᠤᠪᠠ᠃ ᠬᠡᠯᠡᠯᠴᠡᠬᠡᠷ ᠢ ᠦᠨᠳᠦᠰᠦᠯᠡᠪᠡᠯ᠂ ᠳᠤᠮᠳᠠᠳᠤ ᠤᠯᠤᠰ ᠤᠨ ᠠᠷᠠᠳ ᠤᠨ ᠳᠠᠭᠠᠳᠬᠠᠯ ᠤᠨ ᠪᠦᠯᠦᠭᠯᠡᠯ᠂ ᠹᠦᠳᠠᠨ ᠶᠡᠭᠡ ᠰᠤᠷᠭᠠᠭᠤᠯᠢ ᠥᠪᠥᠷ ᠮᠣᠩᠭᠤᠯ ᠤᠨ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾ ᠪᠠ ︽ᠨᠢᠭᠡ ᠪᠠᠬᠢᠯᠡᠯᠲᠡ︾ ᠶᠢᠨ ᠪᠥᠲᠥᠭᠡᠨ ᠪᠠᠶᠢᠭᠤᠯᠤᠯᠲᠠ ᠳᠤ ᠳᠠᠭᠠᠳᠬᠠᠯ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠦᠶ᠋ᠯᠡᠴᠢᠯᠡᠭᠡ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号