9 ᠰᠠᠷ᠎ᠠ ᠶᠢᠨ 25 ᠠᠴᠠ 26 ᠤ ᠡᠳᠦᠷ ᠪᠣᠯᠲᠠᠯ᠎ᠠ᠂ ᠰᠦᠨ ᠱᠤᠤ ᠴᠧᠩ ᠪᠤᠭᠤᠲᠤ ᠬᠤᠳᠠ ᠳᠤ | ᠭᠦᠨᠵᠡᠭᠡᠶᠢᠷᠡᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠰᠦᠨ | ᠱᠤᠤ ᠴᠧᠩ ᠡᠩ ᠲᠡᠷᠢᠭᠦᠨ ᠳᠤ ᠬᠠᠳᠤᠨ ᠭᠤᠣᠯ ᠤᠨ ᠰᠢᠶᠤᠤ ᠪᠠᠢ ᠾᠧ ᠭᠤᠣᠯ ᠤᠨ ᠬᠡᠰᠡᠭ ᠲᠤ ᠬᠦᠷᠴᠦ᠂ | ᠦᠶᠡᠷ ᠢ ᠬᠠᠰᠢᠵᠦ ᠦᠶᠡᠷ ᠤᠨ ᠤᠰᠤ ᠶᠢ ᠬᠠᠳᠠᠭᠠᠯᠠᠬᠤ ᠣᠷᠣᠨ ᠤ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠠᠮᠳᠤ ᠶᠠᠪᠤᠭ᠎ᠠ ᠬᠥᠮᠦᠰ ᠲᠠᠢ ᠬᠠᠳᠤᠨ | ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠤᠰᠤ ᠠᠷᠪᠢᠯᠠᠬᠤ ᠠᠵᠢᠯ ᠢ ᠭᠦᠨᠵᠡᠭᠡᠢ ᠶᠠᠷᠢᠯᠴᠠᠪᠠ᠃ ᠲᠡᠷᠡ᠂ | ᠥᠪᠥᠷ ᠮᠣᠩᠭᠤᠯ ᠳᠤ ᠴᠢᠳᠠᠪᠤᠷᠢᠲᠠᠨ ᠳᠤᠲᠠᠭᠳᠠᠵᠤ ᠪᠠᠶᠢᠬᠤ ᠠᠴᠠ ᠭᠠᠳᠠᠨ᠎ᠠ ᠤᠰᠤ ᠬᠠᠮᠤᠭ ᠠᠴᠠ ᠳᠤᠲᠠᠭᠳᠠᠵᠤ ᠪᠤᠢ | ᠂ ︽ᠡᠬᠢ ᠰᠤᠷᠪᠤᠯᠵᠢ ᠶᠢ ᠨᠡᠭᠡᠭᠡᠬᠦ︾ ᠪᠠ ︽ᠤᠰᠤ ᠠᠷᠪᠢᠯᠠᠬᠤ︾ ᠠᠵᠢᠯ ᠢ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠬᠢᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ | ᠲᠣᠭᠲᠠᠴᠠ ᠶᠢᠨ ᠰᠢᠨ᠎ᠡ ᠶᠢ ᠡᠭᠦᠳᠴᠦ ᠤᠰᠤ ᠶᠢ ᠠᠷᠪᠢᠯᠠᠨ ᠬᠡᠷᠡᠭᠯᠡᠬᠦ ᠶᠢ ᠠᠬᠢᠭᠤᠯᠵᠤ᠂ ᠤᠰᠤᠨ ᠤ ᠡᠬᠢ | ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠬᠡᠯᠡᠪᠡ᠃ |