ᠠᠷᠭᠠᠢ ᠨᠠᠭᠠᠳᠤᠮ ᠤᠨ ᠤᠯᠠᠮᠵᠢᠯᠠᠯ ᠪᠠ ᠬᠦᠭᠵᠢᠬᠦᠯᠤᠯ
ᠨᠡᠶᠢᠲᠡᠯᠡᠭᠰᠡᠨ ᠴᠠᠭ᠄
2023/1/17
   ︽ᠠᠷᠭᠠᠢ︾ ᠬᠡᠵᠦ ᠠᠷᠢᠯᠭᠠᠵᠦ ᠵᠠᠰᠠᠬᠰᠠᠨ ᠦᠬᠡᠷ ᠤᠨ ᠱᠠᠭ᠎ᠠ ᠶᠢ ᠬᠡᠯᠡᠳᠡᠭ᠃ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤ ᠨᠢ ᠠᠷᠪᠠᠨ ᠰᠤᠮᠤᠨ ᠤ ᠬᠤᠷᠢᠮ ᠤᠨ ᠶᠤᠰᠤᠯᠠᠯ᠂ ᠮᠤᠩᠭᠤᠯ ᠥᠨᠳᠤᠰᠤᠳᠠᠨ ᠤ ᠬᠠᠭᠠᠨ ᠤᠷᠳᠤᠨ ᠤ ᠬᠥᠭᠵᠢᠮ᠂ ᠬᠠᠰᠠᠬ ᠲᠡᠷᠭᠡ ᠥᠢᠯᠡᠳᠭᠦ ᠭᠠᠷ ᠤᠷᠠᠯᠠᠯ ᠁ ᠵᠡᠷᠭᠡ ᠥᠪᠡᠷᠮᠢᠴᠡ ᠲᠡᠤᠭᠡ ᠰᠤᠶᠤᠯ ᠠᠴᠠ ᠭᠠᠲᠠᠨ᠎ᠠ᠂ ᠠᠷᠭᠠᠢ ᠨᠠᠭᠠᠲᠤᠮ ᠤᠨ ᠰᠤᠶᠤᠯ ᠢᠶᠠᠷ ᠢᠶᠠᠨ ᠬᠤᠯᠠ ᠥᠢᠷ᠎ᠠ ᠳᠠᠭᠠᠨ ᠠᠯᠲᠠᠷᠰᠢᠬᠰᠠᠨ ᠪᠠᠶᠢᠳᠠᠬ᠃ ᠤᠢᠢᠷ᠎ᠠ ᠶᠢᠨ ᠵᠢᠯ ᠳᠤ᠂ ᠠᠷᠤ ᠬᠤᠷᠴᠢᠨᠴᠤᠳ ᠠᠷᠭᠠᠢ ᠨᠠᠭᠠᠲᠤᠮ ᠤᠨ ᠲᠡᠦᠭᠡ ᠰᠤᠶᠤᠯ ᠢᠶᠠᠨ ᠤᠯᠠᠮ ᠴᠠᠭᠠᠰᠢᠲᠠ ᠠᠭᠤᠲᠠᠯᠵᠦ᠂ ᠪᠦᠲᠦᠮᠵᠢᠳᠡᠢ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠦ᠂ ᠥᠪ ᠰᠤᠶᠤᠯ ᠤᠨ ᠦᠨᠡᠲᠦ ᠡᠷᠳᠡᠨᠢ ᠪᠤᠯᠤᠬᠰᠠᠨ ᠠᠷᠭᠠᠢ ᠨᠠᠭᠠᠳᠤᠮ ᠢᠶᠠᠨ ᠠᠪᠤᠷᠠᠨ ᠬᠠᠮᠠᠭᠠᠯᠠᠵᠦ᠂ ᠤᠯᠠᠮᠵᠢᠯᠠᠨ ᠬᠦᠭᠵᠢᠬᠦᠯᠬᠦ ᠶᠢᠨ ᠲᠦᠯᠦ᠋ᠬᠡ ᠬᠦᠴᠦ ᠨᠢᠬᠡᠲᠦᠨ ᠴᠢᠷᠮᠠᠶᠢᠵᠠᠭᠠᠵᠦ ᠪᠤᠢ᠃   ᠬᠤᠯᠪᠤᠬᠳᠠᠯ ᠪᠥᠬᠦᠢ ᠲᠡᠤᠭᠡ ᠶᠢᠨ ᠪᠢᠴᠢᠭ ᠮᠠᠲ᠋ᠧᠷᠢᠶᠠᠯ ᠳᠤ ᠲᠡᠮᠳᠡᠭᠯᠡᠭᠰᠡᠨ ᠢ ᠦᠨᠳᠦᠰᠦᠯᠡᠪᠡᠯ᠂ ᠪᠠᠭ᠎ᠠ ᠨᠠᠰᠤᠨ ᠤ ᠲᠡᠮᠦᠵᠢᠨ ᠪᠣᠯᠤᠨ ᠵᠠᠮᠤᠬ᠎ᠠ ᠬᠤᠶᠠᠭᠤᠯᠠ ᠮᠥᠰᠥᠨ ᠳᠡᠭᠡᠷ᠎ᠡ ᠱᠠᠭ᠎ᠠ ᠶᠢᠨ ᠲᠣᠭᠯᠠᠭᠠᠮ ᠢ ᠨᠠᠭᠠᠳᠴᠤ ᠪᠠᠶᠢᠬᠰᠠᠨ᠂ ᠮᠠᠨᠳᠤᠬᠠᠢ ᠰᠡᠴᠡᠨ ᠥᠨᠡᠨᠪᠤᠯᠤᠳ ᠬᠤᠶᠠᠭᠤᠯᠠ ᠠᠷᠭᠠᠢ ᠨᠠᠭᠠᠳᠤᠮ ᠤᠨ ᠲᠠᠯᠠᠪᠠᠢ ᠳᠤ ᠲᠠᠨᠢᠯᠴᠠᠭᠰᠠᠨ ᠬᠡᠯᠴᠡᠳᠡᠭ᠃ ᠲᠡᠦᠬᠡᠨ ᠮᠠᠲ᠋ᠧᠷᠢᠶᠠᠯ᠂ ᠪᠢᠴᠢᠭ ᠰᠤᠲᠤᠷ ᠲᠤ ᠮᠥᠰᠥᠨ ᠳᠡᠭᠡᠷᠡᠬᠢ ᠠᠷᠭᠠᠢ ᠨᠠᠭᠠᠳᠤᠮ ᠪᠣᠯ ᠮᠣᠩᠭᠤᠯᠴᠤᠳ ᠤᠨ ᠦᠨᠢ ᠤᠳᠠᠭᠠᠨ ᠲᠡᠤᠭᠡ ᠲᠠᠢ ᠪᠡᠶ᠎ᠠ ᠶᠢᠨ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠤᠨ ᠨᠢᠭᠡ ᠨᠢ ᠪᠣᠯᠤᠨ᠎ᠠ ᠬᠡᠵᠥ ᠲᠡᠮᠳᠡᠭᠯᠡᠵᠥ ᠪᠠᠶᠢᠳᠠᠬ᠃   ︽ᠠᠷᠭᠠᠢ ᠨᠠᠭᠠᠳᠤᠮ ᠤᠳᠤᠬᠠᠨ ᠳᠤ ᠠᠷᠤ ᠬᠤᠷᠴᠢᠨ ᠬᠤᠰᠢᠭᠤᠨ ᠤ ᠬᠠᠨᠰᠦᠮ᠎ᠠ ᠰᠤᠮᠤᠨ ᠤ ᠠᠮᠠᠰᠠᠷ ᠪᠣᠯᠤᠨ ᠪᠣᠷᠣᠬᠤᠲᠠ ᠬᠤᠶᠠᠷ ᠭᠠᠴᠠᠭᠠᠨ ᠤ ᠮᠠᠯᠴᠢᠳ ᠤᠨ ᠳᠤᠮᠳᠠ ᠤᠯᠠᠮᠵᠢᠯᠠᠬᠳᠠᠵᠥ ᠪᠤᠢ︾ ᠭᠡᠵᠦ ᠠᠷᠤ ᠬᠤᠷᠴᠢᠨ ᠬᠤᠰᠢᠭᠤ ᠶᠢᠨ ᠰᠤᠶᠤᠯ ᠪᠡᠶ᠎ᠠ ᠶᠢᠨ ᠲᠠᠮᠢᠷ ᠷᠠᠳᠢᠣ᠋ ᠲᠧᠯᠸᠢᠰ ᠲᠤᠪᠴᠢᠶ᠎ᠠ ᠶᠢᠨ ᠬᠠᠷᠢᠭᠤᠴᠠᠯᠭᠠᠳᠠᠨ ᠪᠥᠬᠡᠪᠠᠭᠠᠳᠤᠷ ᠲᠠᠨᠢᠯᠴᠠᠭᠤᠯᠤᠬᠰᠠᠨ ᠪᠠᠶᠢᠨ᠎ᠠ᠃ ᠲᠡᠬᠦᠨ ᠤ ᠬᠠᠨᠭ᠍ᠭᠠᠬᠰᠠᠨ ᠮᠡᠲ᠋ᠧᠷᠢᠶᠠᠯ ᠢ ᠥᠨᠳᠤᠰᠤᠯᠠᠪᠠᠯ᠂ ᠲᠡᠦᠬᠡᠨ ᠳᠡᠭᠡᠷᠡᠬᠢ ᠠᠷᠤ ᠬᠤᠷᠴᠢᠨᠴᠤᠳ ᠪᠣᠯ ᠴᠢᠩᠭᠢᠰ ᠬᠠᠭᠠᠨ ᠤ ᠲᠥᠷᠥᠭᠰᠡᠨ ᠳᠡᠭᠦᠦ ᠬᠠᠪᠤᠲᠦ ᠬᠠᠰᠠᠷ ᠤᠨ ᠥᠷ᠎ᠠ ᠬᠤᠶᠢᠴᠢᠰ ᠪᠣᠯᠤᠨ᠎ᠠ᠃ 1546 ᠣᠨ ᠳᠤ᠂ ᠬᠠᠰᠠᠷ ᠤᠨ ᠥᠷ᠎ᠠ ᠬᠤᠶᠢᠴᠢᠰ ᠬᠥᠯᠥ᠋ᠨ ᠪᠤᠶᠢᠷ ᠤᠨ ᠴᠢᠭᠤᠯᠭᠠᠨ ᠤ ᠬᠠᠶᠢᠯᠠᠷ ᠭᠤᠣᠯ ᠣᠷᠴᠢᠮ ᠤᠨ ᠠᠷᠤ ᠬᠤᠷᠴᠢᠨ ᠠᠶᠢᠮᠠᠭ ᠲᠤ ᠰᠠᠭᠤᠷᠢᠰᠢᠵᠤ᠂ ᠠᠬᠠᠯᠠᠬᠴᠢ ᠬᠥᠨᠳᠡᠯᠡᠨ ᠲᠠᠶᠢᠴᠢᠩ ᠤᠨ ᠳᠠᠭᠠᠭᠤᠯᠭ᠎ᠠ ᠳᠣᠣᠷ᠎ᠠ ᠡᠮᠦᠨᠡᠰᠢ ᠨᠡᠬᠦᠳᠡᠯᠯᠡᠵᠥ ᠣᠳᠣ ᠶᠢᠨ ᠡᠨᠡ ᠨᠤᠲᠤᠭ ᠲᠤ ᠢᠷᠡᠵᠦ ᠨᠤᠲᠤᠭᠯᠠᠵᠠᠢ᠃ ︽ᠴᠢᠩ ᠤᠯᠤᠰ ᠤᠨ ᠦᠶ᠎ᠡ ᠳᠤ ᠠᠷᠤ ᠬᠤᠷᠴᠢᠨ ᠬᠤᠰᠢᠭᠤ ᠶᠢ ᠪᠠᠶᠢᠭᠤᠯᠵᠤ᠂ ᠵᠣᠣ ᠤᠳᠠ ᠠᠶᠢᠮᠠᠭ ᠲᠤ ᠬᠠᠷᠢᠶᠠᠯᠠᠭᠳᠠᠭᠤᠯᠪᠠ︾ ᠬᠡᠵᠥ ᠲᠤᠳᠤᠷᠬᠠᠶᠢᠯᠠᠵᠥ ᠪᠠᠶᠢᠯ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号