ᠬᠦᠬᠡᠬᠤᠳᠠ ᠶᠢᠨ ᠬᠤᠨ ᠭᠠᠯᠠᠭᠤ ᠪᠢᠴᠢᠭ ᠤᠨ ᠥᠷᠥᠭᠡ ᠨᠡᠭᠡᠭᠡᠯᠲᠡ ᠪᠠᠨ ᠰᠡᠷᠭᠦᠭᠡᠵᠠᠢ
ᠨᠡᠶᠢᠲᠡᠯᠡᠭᠰᠡᠨ ᠴᠠᠭ᠄
2023/1/9
   ᠲᠦᠷᠦᠭᠦᠬᠡᠨ᠂ ᠰᠤᠷᠪᠤᠯᠵᠢᠯᠠᠭᠴᠢ ᠬᠥᠬᠡᠬᠤᠲᠠ ᠶᠢᠨ ᠨᠣᠮ ᠤᠨ ᠰᠠᠩ ᠠᠴᠠ ᠣᠶᠢᠯᠠᠭᠠᠭᠰᠠᠨ ᠢᠶᠠᠷ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠳᠤ ᠬᠥᠬᠡᠬᠤᠲᠠ ᠶᠢᠨ ᠨᠣᠮ ᠤᠨ ᠰᠠᠩ ᠳᠤ ᠬᠠᠷᠢᠶᠠᠯᠠᠭᠳᠠᠬᠤ ᠬᠤᠨ ᠭᠠᠯᠠᠭᠤ ᠪᠢᠴᠢᠭ ᠤᠨ ᠥᠷᠥᠭᠡ ᠬᠡᠪ ᠤᠨ ᠪᠠᠶᠢᠳᠠᠯ ᠢᠶᠠᠷ ᠡᠭᠦᠳᠡ ᠪᠠᠨ ᠨᠡᠭᠡᠭᠡᠵᠦ᠂ ᠪᠢᠴᠢᠭ ᠤᠨ ᠥᠷᠥᠭᠡᠨ ᠳᠠᠬᠢ ᠡᠯ᠎ᠡ ᠦᠢᠯᠡᠴᠢᠯᠡᠭᠡᠨ ᠤ ᠴᠢᠳᠠᠮᠵᠢ ᠶᠢ ᠬᠡᠪ ᠤᠨ ᠪᠠᠶᠢᠳᠠᠯ ᠢᠶᠠᠷ ᠠᠵᠢᠯᠯᠠᠭᠤᠯᠵᠤ᠂ ᠤᠩᠰᠢᠭᠴᠢᠳ ᠪᠢᠴᠢᠭ ᠤᠨ ᠦᠷᠦᠭᠡᠨ ᠳᠤ ᠣᠷᠣᠬᠤ ᠳᠤ ᠡᠯ᠎ᠡ ᠵᠦᠢᠯ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦ᠋ᠨ᠂ ᠠᠮᠠᠪᠴᠢ ᠵᠡᠭᠦᠵᠦ᠂ ᠡᠷᠡᠭᠦᠯ ᠮᠡᠨᠳᠦ ᠶᠢᠨ ᠺᠣᠳ᠋ ᠢᠶᠠᠨ ᠭᠠᠷᠭᠠᠨ ᠦᠵᠡᠭᠦᠯᠬᠦ ᠶᠢᠨ ᠬᠠᠮᠲᠤ ᠠᠮᠤᠷ ᠲᠦᠪᠰᠢᠨ ᠤ ᠵᠠᠶ ᠶᠢ ᠪᠠᠲᠤᠯᠠᠬᠤ ᠶᠢ ᠱᠠᠭᠠᠷᠳᠠᠵᠤ ᠪᠠᠶᠢᠳᠠᠭ᠃   ᠬᠤᠨ ᠭᠠᠯᠠᠭᠤ ᠪᠠᠶᠠᠰᠬᠤᠯᠠᠩᠲᠤ ᠤᠩᠰᠢᠯᠭ᠎ᠠ ᠶᠢᠨ ᠲᠥᠯᠥ᠋ᠪᠯᠡᠭᠡ ᠶᠢ 2017 ᠣᠨ ᠤ 11 ᠰᠠᠷ᠎ᠠ ᠶᠢᠨ 23 ᠤ ᠡᠳᠦᠷ ᠡᠬᠢᠯᠡᠭᠦᠯᠦ᠋ᠭᠰᠡᠨ ᠠᠴᠠ ᠨᠠᠭᠠᠰᠢ᠂ ᠳᠥᠷᠪᠡᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠰᠦᠯᠵᠢᠶᠡᠨ ᠤ ᠰᠢᠰᠲ᠋ᠧᠮ ᠢ ᠪᠠᠶᠢᠭᠤᠯᠵᠤ᠂ ᠣᠯᠠᠨ ᠨᠡᠶᠢᠲᠡ ᠶᠢᠨ ᠨᠣᠮ ᠪᠢᠴᠢᠭ ᠤᠨ ᠭᠦᠢᠯᠭᠡᠭᠡᠨ ᠤ ᠨᠣᠷᠮ᠎ᠠ ᠶᠡᠭᠡ ᠪᠠᠷ ᠨᠡᠮᠡᠭᠳᠡᠨ᠂ ᠬᠤᠲᠠ ᠬᠥᠳᠡᠭᠡ ᠬᠤᠯᠪᠣᠭᠠᠯᠠᠨ ᠬᠥᠳᠡᠯᠦ᠋ᠯᠴᠡᠭᠰᠡᠨ ᠢᠶᠠᠷ ᠳᠠᠮᠵᠢᠨ᠂ ᠨᠡᠶᠢᠲᠡ 30 ᠭᠠᠷᠤᠶ ᠲᠦᠮᠡᠨ ᠬᠤᠲᠠ ᠶᠢᠨ ᠠᠷᠠᠳ ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠠᠰᠢᠭ ᠬᠦᠷᠲᠡᠭᠡᠭᠰᠡᠨ ᠪᠠᠶᠢᠨ᠎ᠠ᠃ ᠬᠤᠨ ᠭᠠᠯᠠᠭᠤ ᠪᠠᠶᠠᠰᠬᠤᠯᠠᠩᠲᠤ ᠤᠩᠰᠢᠯᠭ᠎ᠠ ᠶᠢᠨ ᠲᠥᠯᠥ᠋ᠪᠯᠡᠭᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠬᠤᠨ ᠭᠠᠯᠠᠭᠤ ᠪᠢᠴᠢᠭ ᠤᠨ ᠥᠷᠥᠭᠡ ᠨᠢ ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠠᠳᠠᠯᠢ ᠲᠡᠭᠰᠢ ᠪᠠᠶᠢᠯᠭᠠᠬᠤ ᠶᠢ ᠤᠯᠠᠮ ᠨᠢᠭᠡ ᠠᠯᠬᠤᠮ ᠠᠬᠢᠭᠤᠯᠤᠨ᠂ ᠠᠷᠠᠳ ᠤᠯᠠᠨ ᠤ ᠨᠣᠮ ᠤᠩᠰᠢᠬᠤ ᠳᠤ ᠨᠠᠩ ᠲᠥᠬᠦᠮ ᠪᠣᠯᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号