ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠰᠦᠨ ᠱᠣᠣ ᠴᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2023/1/9
   ᠲᠥᠪ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 1 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠨᠢᠭᠡ ᠡᠳᠦᠷ ᠤᠨ ᠴᠠᠭ ᠢ ᠬᠡᠷᠡᠭᠰᠡᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠬᠤᠷᠠᠯᠳᠤᠭᠤᠯᠵᠤ᠂ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠪᠣᠳᠠᠲᠠᠢ ᠲᠠᠢ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠬᠤᠷᠠᠯ ᠢ ᠡᠷᠬᠢᠯᠡᠪᠡ᠃ ᠲᠥᠪ ᠤᠨ ᠱᠠᠯᠠᠪᠳᠠᠭᠤᠯᠤᠨ ᠵᠢᠯᠤᠭᠤᠳᠬᠤ ᠶᠢᠰᠦᠳᠦᠭᠡᠷ ᠳᠤᠭᠤᠶᠢᠯᠠᠩ ᠤᠨ ᠳᠠᠷᠤᠭ᠎ᠠ ᠱᠧᠨ ᠶᠤᠸᠠᠨ ᠰᠢᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠶᠢᠰᠦᠳᠦᠭᠡᠷ ᠬᠢᠨᠠᠨ ᠪᠠᠶᠢᠴᠠᠭᠠᠬᠤ ᠲᠠᠰᠤᠭ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号