︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠶᠡᠬᠡᠪᠡᠷ ᠵᠢᠭᠰᠠᠭᠠᠨ ᠪᠠᠶᠢᠴᠠᠭᠠᠵᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/10/20
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ᠮᠠᠨ ᠤ ᠬᠤᠰᠢᠭᠤᠨ ᠤ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠬᠦ ᠪᠠᠷ ᠳᠠᠮᠵᠢᠨ᠂ ᠡᠳᠦᠭᠡ ︽ᠰᠢᠲᠠᠮᠠᠬᠠᠢ ᠬᠡᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                2023 ᠣᠨ ᠤ 7 ᠰᠠᠷ᠎ᠠ ᠶᠢᠨ 11᠎ ᠤ ᠡᠳᠦᠷ   

ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ

ᠶᠡᠭᠡ ᠪᠠᠶᠢᠴᠠᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ

   

   ᠣᠶᠢᠷ᠎ᠠ ᠶᠢᠨ ᠬᠤᠭᠤᠴᠠᠭᠠᠨ ᠳᠤ᠂ ᠪᠦᠬᠦ ᠤᠯᠤᠰ ᠤᠨ ᠡᠯ᠎ᠡ ᠭᠠᠵᠠᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ

ᠠᠳᠠᠯ ᠪᠠᠶᠢᠨ ᠳᠠᠬᠢᠨ ᠡᠭᠦᠰᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠬᠦᠨᠳᠦ ᠨᠣᠴᠢᠲᠠᠢ

ᠨᠥᠯᠥᠭᠡᠯᠡᠵᠦ᠂ ᠰᠢᠲᠠᠮᠠᠬᠠᠢ ᠭᠡᠢ ᠬᠡᠷᠡᠭᠯᠡᠬᠦ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠳᠤ ᠣᠷᠣᠰᠢᠵᠤ

ᠪᠠᠶᠢᠭ᠎ᠠ ᠮᠠᠰᠢ ᠣᠯᠠᠨ ᠠᠰᠠᠭᠤᠳᠠᠯ ᠪᠠ ᠳᠤᠲᠠᠭᠤᠳᠠᠯ ᠢ ᠲᠤᠰᠬᠠᠵᠤ ᠪᠠᠶᠢᠨ᠎ᠠ᠃ ᠠᠳᠠᠯ ᠤᠨ ᠬᠠᠷᠠᠰᠠᠯᠲᠤ

ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠮᠠᠨ ᠤ ᠬᠤᠰᠢᠭᠤᠨ ᠤ ᠰᠢᠲᠠᠮᠠᠬᠠᠢ ᠬᠡᠢ ᠶᠢᠨ ᠠᠶᠤᠯᠭᠦᠢ

ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠶᠢᠨ ᠠᠮᠤᠷ

ᠲᠦᠪᠰᠢᠨ ᠤ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ ᠮᠠᠨ ᠤ ᠬᠤᠰᠢᠭᠤᠨ ᠤ

ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃

    ᠨᠢᠭᠡ᠂ ᠶᠡᠷᠦᠩᠬᠡᠢ ᠱᠠᠭᠠᠷᠳᠠᠯᠭ᠎ᠠ

    ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠶᠢᠨ ᠢᠷᠭᠠᠢ ᠬᠤᠲᠠ ᠶᠢᠨ ᠰᠢᠲᠠᠮᠠᠬᠠᠢ ᠬᠡᠢ ᠶᠢᠨ

ᠳᠡᠯᠪᠡᠷᠡᠯᠲᠡ ᠶᠢᠨ ᠠᠳᠠᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ

ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠷᠠᠳ

ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ ᠢᠮᠠᠭᠲᠠ ᠰᠡᠳᠬᠢᠯ ᠠᠮᠤᠷ ᠦᠭᠡᠢ

ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠷᠢᠯᠢᠭ

ᠠᠳᠬᠤᠵᠤ᠂ ᠴᠤᠬᠤᠶᠢᠯᠲᠠ ᠶᠢᠨ ᠭᠡᠮ ᠰᠣᠭᠤᠭ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ

ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠠᠳᠠᠯ

ᠭᠠᠷᠬᠤ ᠶᠢ ᠪᠦᠲᠦᠮᠵᠢᠲᠡᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ

ᠦᠨᠡᠨᠬᠦ ᠪᠠᠲᠤᠯᠠᠬᠤ ᠬᠡᠷᠡᠭᠲᠡᠢ᠃

    ᠬᠤᠶᠠᠷ᠂ ᠴᠡᠭᠴᠡᠯᠡᠨ ᠵᠠᠰᠠᠬᠤ ᠠᠭᠤᠯᠭ᠎ᠠ

    ︵ᠨᠢᠭᠡ︶ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠮᠤᠷ ᠲᠦᠪᠰᠢᠨ ᠤ ᠲᠦᠭᠰᠢᠭᠦᠷᠢ ᠪᠠ ᠬᠦᠨᠳᠦ ᠶᠡᠭᠡ

ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠪᠦᠬᠦ ᠬᠤᠰᠢᠭᠤᠨ ᠤ ᠰᠢᠩᠭᠡᠨᠵᠢᠮᠡᠯ

ᠬᠡᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂

ᠠᠵᠤ ᠠᠬᠤᠶᠢᠯᠠᠯ ᠤᠨ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠬᠡᠢ ᠪᠠᠶᠢᠴᠠᠭᠠᠬᠤ ᠲᠦᠩᠰᠡ ᠶᠢ ᠰᠠᠪᠠᠯᠠᠬᠤ ᠪᠠ

ᠪᠣᠷᠣᠯᠠᠭᠤᠯᠬᠤ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠮᠢᠶ᠎ᠠ ᠪᠦᠬᠦᠢ ᠬᠢᠷᠢ ᠭᠡᠮ

ᠣᠯᠤᠭᠰᠠᠨ ᠦᠭᠡᠢ ᠨᠢᠭᠡᠴᠡ ᠪᠤᠶᠤ ᠬᠤᠪᠢ ᠬᠥᠮᠦᠨ ᠳᠤ ᠰᠠᠪᠠᠯᠠᠵᠤ ᠥᠭᠭᠦᠨ᠎ᠡ᠂ ᠠᠵᠢᠯᠯᠠᠭᠠᠨ ᠢ ᠬᠠᠮᠠᠭᠠᠯᠠᠬᠤ ᠪᠠ

ᠵᠠᠪᠳᠤᠨ ᠵᠠᠰᠠᠬᠤ ᠠᠵᠢᠯᠲᠠᠨ ᠲᠣᠬᠢᠷᠠᠭᠤᠯᠤᠭᠰᠠᠨ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ᠠᠮᠤᠷ ᠲᠦᠪᠰᠢᠨ ᠢ

ᠪᠠᠶᠢᠴᠠᠭᠠᠨ ᠰᠢᠯᠭᠠᠬᠤ ᠲᠥᠬᠦᠭᠡᠷᠦᠮᠵᠢ ᠬᠦᠷᠦᠯᠴᠡᠬᠦ ᠦᠭᠡᠢ ᠪᠤᠶᠤ ᠬᠦᠴᠦᠨ ᠦᠭᠡᠢ ᠪᠣᠯᠬᠤ᠂ ᠬᠦᠨᠳᠦ ᠶᠡᠭᠡ

ᠠᠶᠤᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠬᠦᠷᠦᠯᠴᠡᠬᠦ ᠦᠭᠡᠢ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ

ᠲᠥᠰᠦᠯ ᠪᠠ ᠰᠣᠷᠢᠯᠲᠠ ᠨᠢ ᠬᠡᠯᠪᠡᠷᠢ ᠶᠢᠨ ᠲᠡᠳᠦᠢ ᠪᠠᠶᠢᠬᠤ ᠵᠡᠷᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ

ᠲᠠᠯ᠎ᠠ ᠪᠠᠷ ᠴᠡᠭᠴᠡᠯᠡᠵᠦ᠂ ᠣᠷᠣᠨ ᠪᠦᠰᠡ ᠠᠯᠤᠰᠯᠠᠨ ᠡᠵᠡᠩᠨᠡᠬᠦ ᠳᠤ ᠴᠢᠩᠭ᠎ᠠ ᠴᠣᠬᠢᠯᠲᠠ ᠥᠭᠴᠦ᠂ ᠨᠥᠬᠦᠴᠡᠯ ᠳᠤ

ᠨᠡᠶᠢᠴᠡᠬᠦ ᠦᠭᠡᠢ ᠰᠢᠲᠠᠮᠠᠬᠠᠢ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠢ ᠰᠢᠲᠠᠮᠠᠬᠠᠢ ᠬᠡᠢ ᠡᠵᠡᠩᠨᠡᠬᠦ ᠵᠥᠪᠰᠢᠶᠡᠷᠡᠯ᠂

ᠰᠠᠪᠠᠯᠠᠵᠤ ᠤᠭᠰᠠᠷᠠᠬᠤ ᠵᠥᠪᠰᠢᠶᠡᠷᠡᠯ ᠵᠡᠷᠭᠡ ᠬᠢᠷᠢ ᠭᠡᠮ ᠤᠨ ᠭᠡᠷᠡᠴᠢ ᠦᠨᠡᠮᠯᠡᠯ ᠢ ᠬᠠᠤᠯᠢ ᠶᠣᠰᠣᠭᠠᠷ ᠬᠦᠴᠦᠨ

ᠦᠭᠡᠢ ᠪᠣᠯᠭᠠᠬᠤ ᠪᠤᠶᠤ ᠬᠦᠴᠦᠨ ᠦᠭᠡᠢ ᠪᠣᠯᠭᠠᠨ᠎ᠠ᠃

    ︵ᠬᠤᠶᠠᠷ︶ ᠰᠢᠲᠠᠮᠠᠬᠠᠢ ᠬᠡᠢ ᠲᠡᠭᠡᠭᠡᠪᠦᠷᠢᠯᠡᠨ ᠬᠦᠷᠭᠡᠵᠦ ᠲᠣᠬᠢᠷᠠᠭᠤᠯᠤᠨ ᠬᠦᠷᠭᠡᠬᠦ ᠠᠮᠤᠷ ᠲᠦᠪᠰᠢᠨ ᠤ ᠳᠠᠯᠳᠠ

ᠭᠡᠮ ᠢ ᠴᠡᠭᠴᠡᠯᠡᠨ ᠵᠠᠰᠠᠨ᠎ᠠ᠃ ᠠᠶᠤᠯᠲᠠᠢ ᠪᠠᠷᠠᠭ᠎ᠠ ᠶᠢᠨ ᠵᠠᠮ ᠲᠡᠭᠡᠭᠡᠪᠦᠷᠢ ᠶᠢᠨ ᠵᠥᠪᠰᠢᠶᠡᠷᠡᠯ ᠤᠨ ᠲᠡᠷᠭᠡ ᠬᠥᠰᠬᠡ

ᠰᠢᠲᠠᠮᠠᠬᠠᠢ ᠬᠡᠢ ᠲᠡᠭᠡᠭᠡᠪᠦᠷᠢᠯᠡᠬᠦ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠰᠢᠲᠠᠮᠠᠬᠠᠢ ᠬᠡᠢ ᠶᠢᠨ

ᠬᠤᠭᠤᠯᠠᠢ ᠶᠢ ᠲᠣᠭᠤᠷᠢᠨ ᠴᠠᠭᠳᠠᠬᠤ ᠱᠤᠭᠤᠮ ᠪᠣᠯᠤᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ

ᠦᠭᠡᠢ᠂ ᠰᠢᠲᠠᠮᠠᠬᠠᠢ ᠬᠡᠢ ᠶᠢᠨ ᠬᠤᠭᠤᠯᠠᠢ ᠶᠢᠨ ᠭᠤᠷᠪᠠᠳᠠᠬᠢ ᠡᠲᠡᠭᠡᠳ ᠤᠨ ᠪᠠᠷᠢᠯᠭ᠎ᠠ ᠶᠢᠨ ᠬᠠᠮᠠᠭᠠᠯᠠᠯᠲᠠ ᠶᠢᠨ

ᠳᠦᠷᠢᠮ ᠢ ᠲᠣᠭᠲᠠᠭᠠᠭᠰᠠᠨ ᠦᠭᠡᠢ ᠪᠠ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠦᠢᠯᠡ ᠠᠵᠢᠯᠯᠠᠭ᠎ᠠ ᠶᠢ

ᠲᠣᠭᠲᠠᠭᠠᠯ ᠶᠣᠰᠣᠭᠠᠷ ᠵᠢᠭᠰᠠᠭᠠᠨ ᠪᠠᠶᠢᠴᠠᠭᠠᠬᠤ ᠬᠡᠷᠡᠭᠲᠡᠢ᠃

    ︵ᠭᠤᠷᠪᠠ︶ ᠢᠳᠡᠭᠡᠨ ᠤᠮᠳᠠᠭᠠᠨ᠂ ᠥᠷᠯᠥᠭᠡ ᠦᠳᠡᠰᠢ ᠶᠢᠨ ᠵᠠᠬ᠎ᠠ ᠵᠡᠷᠭᠡ ᠬᠥᠮᠦᠨ ᠣᠯᠠᠨ ᠴᠤᠭᠯᠠᠷᠠᠬᠤ

ᠭᠠᠵᠠᠷ ᠲᠠᠯᠠᠪᠤᠷ ᠤᠨ ᠬᠡᠷᠡᠭᠯᠡᠬᠦ ᠭᠤᠭᠴᠤᠭ᠎ᠠ ᠶᠢᠨ ᠳᠠᠯᠳᠠ ᠭᠡᠮ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ᠬᠢᠷᠢ

ᠲᠡᠩᠴᠡᠬᠦ ᠦᠭᠡᠢ ᠲᠡᠮᠦᠷᠯᠢᠭ ᠪᠤᠰᠤ ᠵᠠᠯᠭᠠᠯᠲᠠ ᠶᠢᠨ ᠵᠥᠭᠡᠯᠡᠨ ᠬᠤᠭᠤᠯᠠᠢ ᠶᠢ ᠵᠢᠭᠰᠠᠭᠠᠨ ᠪᠠᠶᠢᠴᠠᠭᠠᠵᠤ᠂ ᠵᠥᠭᠡᠯᠡᠨ

ᠬᠤᠭᠤᠯᠠᠢ ᠶᠢᠨ ᠤᠷᠲᠤ ᠨᠢ 2 ᠮᠧᠳ᠋ᠷ ᠢ ᠬᠡᠲᠦᠷᠡᠭᠰᠡᠨ ᠪᠤᠶᠤ ᠳᠠᠯᠳᠠᠭᠤᠷ ︽ᠭᠤᠷᠪᠠ ᠶᠢ ᠨᠡᠪᠲᠡᠷᠡᠭᠦᠯᠬᠦ︾ ᠵᠥᠭᠡᠯᠡᠨ

ᠬᠤᠭᠤᠯᠠᠢ ᠶᠢ ᠬᠠᠭᠤᠴᠢᠷᠠᠭᠤᠯᠤᠨ ᠰᠤᠯᠠᠷᠠᠭᠤᠯᠤᠨ᠎ᠠ︔ ᠵᠥᠭᠡᠯᠡᠨ ᠬᠤᠭᠤᠯᠠᠢ ᠶᠢ ᠬᠡᠷᠡᠮ᠂ ᠡᠭᠦᠳᠡ ᠴᠣᠩᠬᠤ᠂

ᠳᠡᠭᠡᠪᠦᠷ᠂ ᠭᠠᠵᠠᠷ ᠤᠨ ᠭᠠᠳᠠᠷᠭᠤ ᠶᠢ ᠨᠡᠪᠲᠡᠯᠦᠨ ᠭᠠᠷᠪᠠ᠃ ᠤᠯᠤᠰ ᠤᠨ ᠪᠠᠷᠢᠮᠵᠢᠶ᠎ᠠ ᠳᠤ ᠦᠯᠦ ᠨᠡᠶᠢᠴᠡᠬᠦ

ᠳᠠᠷᠤᠯᠲᠠᠲᠤ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠳᠠᠷᠤᠯᠲᠠ ᠲᠣᠬᠢᠷᠠᠭᠤᠯᠤᠬᠤᠷ ᠢ ᠬᠡᠷᠡᠭᠯᠡᠵᠦ ᠪᠣᠯᠤᠨ᠎ᠠ︔

ᠬᠢᠷᠢ ᠲᠡᠩᠴᠡᠬᠦ ᠦᠭᠡᠢ ᠬᠡᠢ ᠶᠢᠨ ᠲᠦᠩᠰᠡ ᠶᠢ ᠬᠡᠷᠡᠭᠯᠡᠨ᠎ᠡ︔ ᠢᠳᠡᠭᠡᠨ ᠤᠮᠳᠠᠭᠠᠨ ᠵᠡᠷᠭᠡ ᠲᠠᠯᠠᠪᠤᠷ ᠲᠤ ᠰᠢᠲᠠᠮᠠᠬᠠᠢ

ᠬᠡᠢ ᠶᠢᠨ ᠯᠡᠪᠡᠷᠡᠯᠲᠡ ᠶᠢᠨ ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠭᠰᠠᠨ ᠦᠭᠡᠢ︔ ᠲᠦᠭᠰᠢᠭᠦᠷᠢ ᠮᠡᠳᠡᠭᠡᠯᠡᠬᠦ

ᠮᠠᠰᠢᠨ ᠤ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ᠂ ᠬᠡᠷᠡᠭᠯᠡᠬᠦ ᠪᠠᠶᠢᠷᠢ ᠨᠢ ᠵᠥᠪ ᠪᠤᠰᠤ ᠪᠤᠶᠤ ᠠᠵᠢᠯ ᠤᠨ

ᠪᠠᠶᠢᠳᠠᠯ ᠳᠤ ᠨᠡᠶᠢᠴᠡᠬᠦ ᠦᠭᠡᠢ︔ ᠢᠳᠡᠭᠡᠨ ᠤᠮᠳᠠᠭᠠᠨ ᠵᠡᠷᠭᠡ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ

ᠭᠡᠷ ᠲᠤ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠲᠦᠩᠰᠡ ᠶᠢ ᠪᠠᠶᠢᠷᠢᠯᠠᠭᠤᠯᠵᠤ᠂ ᠡᠰᠡᠬᠦᠯ᠎ᠡ ᠯᠣᠩᠬᠤ ᠶᠢᠨ

ᠶᠡᠷᠦᠩᠬᠡᠢ ᠬᠦᠨᠳᠦᠴᠡ ᠶᠢ 100 ᠺᠢᠯᠣᠭ᠍ᠷᠠᠮ ᠢ ᠳᠠᠪᠠᠭᠰᠠᠨ ᠪᠣᠯᠪᠠᠴᠤ ᠲᠤᠰᠬᠠᠢ ᠬᠡᠷᠡᠭᠯᠡᠬᠦ ᠬᠡᠢ ᠶᠢᠨ ᠲᠦᠩᠰᠡ ᠶᠢ

ᠲᠣᠬᠢᠷᠠᠭᠤᠯᠤᠭᠰᠠᠨ ᠦᠭᠡᠢ︔ ᠬᠡᠢ ᠶᠢᠨ ᠲᠦᠩᠰᠡ ᠶᠢᠨ ᠲᠠᠰᠤᠯᠭ᠎ᠠ ᠳᠤ ᠰᠢᠲᠠᠮᠠᠬᠠᠢ ᠬᠡᠢ ᠶᠢᠨ ᠯᠡᠪᠡᠷᠡᠯᠲᠡ ᠶᠢᠨ

ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠭᠰᠠᠨ ᠦᠭᠡᠢ︔ ᠬᠡᠢ ᠶᠢᠨ ᠲᠦᠩᠰᠡ ᠶᠢᠨ ᠲᠠᠰᠤᠯᠭ᠎ᠠ ᠨᠢ

ᠲᠣᠭᠲᠠᠭᠠᠯ ᠠᠴᠠ ᠵᠥᠷᠢᠴᠡᠨ ᠭᠠᠵᠠᠷ ᠳᠣᠣᠷᠠᠬᠢ ᠥᠷᠥᠭᠡ ᠪᠠ ᠬᠠᠭᠠᠰ ᠭᠠᠵᠠᠷ ᠳᠣᠣᠷᠠᠬᠢ ᠭᠡᠷ ᠲᠤ ᠲᠣᠬᠢᠷᠠᠭᠤᠯᠵᠠᠢ᠃

     ︵ᠳᠥᠷᠪᠡ︶ ᠬᠠᠭᠤᠴᠢᠨ ᠵᠢᠵᠢᠭ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠢ᠂ ᠳᠠᠷᠤᠯᠲᠠ

ᠲᠣᠬᠢᠷᠠᠭᠤᠯᠬᠤ ᠥᠷᠲᠡᠭᠡ᠂ ᠰᠢᠲᠠᠮᠠᠬᠠᠢ ᠬᠡᠢ ᠶᠢ ᠬᠤᠭᠤᠯᠠᠢ ᠣᠷᠣᠭᠤᠯᠬᠤ᠂ ᠪᠣᠰᠤᠭ᠎ᠠ ᠬᠤᠭᠤᠯᠠᠢ ᠵᠢᠴᠢ

ᠬᠤᠭᠤᠯᠠᠢ ᠶᠢᠨ ᠠᠰᠠᠷ ᠤᠨ ᠬᠠᠪᠲᠠᠰᠤᠨ ᠤ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ

ᠪᠠᠶᠢᠴᠠᠭᠠᠬᠤ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠲᠣᠭᠲᠠᠭᠠᠯ ᠠᠴᠠ ᠵᠥᠷᠢᠴᠡᠨ

ᠬᠠᠤᠯᠢ ᠪᠤᠰᠤ ᠪᠠᠷ ᠬᠠᠳᠠᠭᠠᠯᠠᠵᠤ ᠰᠠᠪᠠᠯᠠᠬᠤ ᠴᠡᠭ ᠲᠣᠬᠢᠷᠠᠭᠤᠯᠵᠤ᠂ ᠰᠠᠭᠤᠭᠠᠯᠢ ᠠᠷᠠᠳ ᠤᠨ ᠬᠡᠷᠡᠭᠯᠡᠬᠦ ᠡᠷᠦᠬᠡ

ᠭᠡᠷ ᠤᠨ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠪᠠ ᠰᠢᠲᠠᠮᠠᠬᠠᠢ ᠬᠡᠢ ᠶᠢᠨ ᠬᠡᠮᠵᠢᠯᠲᠡ ᠶᠢᠨ

ᠲᠥᠬᠦᠭᠡᠷᠦᠮᠵᠢ ᠶᠢ ᠳᠤᠷ᠎ᠠ ᠪᠠᠷ ᠢᠶᠠᠨ ᠤᠭᠰᠠᠷᠠᠵᠤ᠂ ᠥᠭᠡᠷᠡᠴᠢᠯᠡᠨ ᠤᠭᠰᠠᠷᠠᠵᠤ᠂ ᠨᠤᠷᠠᠭᠠᠵᠤ᠂ ᠭᠡᠷ ᠳᠣᠲᠣᠷᠠᠬᠢ

ᠬᠤᠭᠤᠯᠠᠢ ᠨᠢ ᠬᠦᠨᠳᠦ ᠨᠣᠴᠢᠲᠠᠢ ᠵᠢᠪᠡᠷᠡᠵᠦ᠂ ᠬᠢᠷᠢ ᠲᠡᠩᠴᠡᠬᠦ ᠦᠭᠡᠢ ᠬᠡᠶ ᠶᠢᠨ ᠯᠣᠩᠬᠤ᠂ ᠵᠤᠤᠬ᠎ᠠ᠂ ᠵᠠᠯᠭᠠᠬᠤ

ᠵᠥᠭᠡᠯᠡᠨ ᠬᠤᠭᠤᠯᠠᠢ ᠪᠠ ᠳᠠᠷᠤᠯᠲᠠ ᠪᠠᠭᠤᠷᠠᠭᠤᠯᠬᠤ ᠨᠡᠭᠡᠯᠡᠬᠡᠢ ᠵᠡᠷᠭᠡ ᠲᠦᠭᠰᠢᠭᠦᠷᠢ ᠶᠢᠨ ᠳᠠᠯᠳᠠ ᠭᠡᠮ ᠢ

ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ

    ︵ᠲᠠᠪᠤ︶ ᠰᠢᠲᠠᠮᠠᠬᠠᠢ ᠬᠡᠢ ᠶᠢᠨ ᠪᠠᠭᠠᠵᠢ ᠵᠡᠷᠭᠡ ᠰᠢᠲᠠᠮᠠᠬᠠᠢ ᠬᠡᠢ ᠶᠢᠨ ᠡᠬᠢ ᠡᠭᠦᠰᠦᠯ ᠤᠨ ᠠᠮᠤᠷ ᠲᠦᠪᠰᠢᠨ ᠤ

ᠲᠦᠭᠰᠢᠭᠦᠷᠢ ᠪᠠ ᠬᠦᠨᠳᠦ ᠶᠡᠭᠡ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃

ᠣᠳᠣ ᠶᠢᠨ ᠪᠠᠶᠢᠭ᠎ᠠ ᠰᠢᠲᠠᠮᠠᠬᠠᠢ ᠬᠡᠢ ᠶᠢᠨ ᠪᠠᠭᠠᠵᠢ᠂ ᠰᠢᠲᠠᠮᠠᠬᠠᠢ ᠬᠡᠢ ᠶᠢᠨ ᠭᠤᠭᠤᠵᠢᠵᠤ ᠪᠠᠶᠢᠭ᠎ᠠ ᠲᠦᠭᠰᠢᠭᠦᠷᠢ

ᠮᠡᠳᠡᠭᠡᠯᠡᠬᠦ ᠮᠠᠰᠢᠨ ᠵᠡᠷᠭᠡ ᠦᠢᠯᠡᠳᠬᠦᠨ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠭᠦᠢᠯᠭᠡᠭᠡᠨ ᠪᠣᠷᠣᠯᠠᠭᠤᠯᠬᠤ ᠵᠠᠮ

ᠮᠥᠷ ᠤᠨ ᠴᠢᠭ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ

ᠰᠢᠲᠠᠮᠠᠬᠠᠢ ᠬᠡᠢ ᠶᠢᠨ ᠵᠠᠳᠠᠷᠠᠯᠲᠠ ᠶᠢᠨ ᠲᠦᠭᠰᠢᠭᠦᠷᠢ ᠮᠡᠳᠡᠭᠡᠯᠡᠬᠦ ᠮᠠᠰᠢᠨ ᠵᠢᠴᠢ ᠰᠡᠯᠪᠢᠭ ᠲᠣᠨᠤᠭ ᠪᠣᠯᠤᠨ

ᠦᠢᠯᠡᠳᠬᠦᠨ ᠤ ᠭᠡᠷᠡᠴᠢᠯᠡᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠶᠢ

ᠦᠢᠯᠡᠳᠪᠦᠷᠢᠯᠡᠬᠦ ᠪᠠ ᠪᠣᠷᠣᠯᠠᠭᠤᠯᠤᠨ ᠬᠤᠳᠠᠯᠳᠤᠬᠤ ᠶᠢ ᠴᠢᠩᠭ᠎ᠠ ᠴᠠᠭᠠᠵᠠᠯᠠᠵᠤ᠂ ᠠᠶᠤᠯ ᠦᠭᠡᠢ ᠶᠢᠨ ᠪᠠᠷᠢᠮᠵᠢᠶ᠎ᠠ ᠳᠤ

ᠨᠡᠶᠢᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠨᠢᠭᠡᠴᠡ ᠶᠢ ᠬᠠᠤᠯᠢ

ᠶᠣᠰᠣᠭᠠᠷ ᠴᠢᠩᠭ᠎ᠠ ᠰᠢᠳᠬᠡᠨ ᠲᠣᠷᠭᠠᠵᠤ᠂ ᠬᠢᠷᠢ ᠲᠡᠩᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠵᠡᠷᠭᠡ

ᠦᠢᠯᠡᠳᠬᠦᠨ ᠢ ᠬᠡᠷᠡᠭᠯᠡᠵᠦ ᠪᠠᠶᠢᠭ᠎ᠠ ᠵᠠᠩᠭᠢᠯᠠᠭ᠎ᠠ ᠳᠤ ᠡᠬᠢ ᠡᠭᠦᠰᠦᠯ ᠠᠴᠠ ᠨᠢ ᠪᠥᠭᠯᠡᠬᠦ ᠬᠡᠷᠡᠭᠲᠡᠢ᠃

    ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ

    ︵ᠨᠢᠭᠡ︶ ᠬᠤᠰᠢᠬᠤᠨ ᠤ ᠣᠷᠣᠨ ᠰᠠᠬᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ

ᠳᠤᠪᠴᠢᠶ᠎ᠠ᠃

    1᠂ ᠰᠢᠲᠠᠮᠠᠬᠠᠢ ᠬᠡᠢ ᠶᠢᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ

ᠬᠤᠪᠢ ᠳᠤ᠂ ᠰᠢᠲᠠᠮᠠᠬᠠᠢ ᠬᠡᠢ ᠡᠵᠡᠩᠨᠡᠬᠦ ᠵᠥᠪᠰᠢᠶᠡᠷᠡᠯ ᠤᠨ ᠭᠤᠶᠤᠴᠢᠯᠠᠯ ᠢ ᠬᠢᠨᠠᠨ ᠣᠯᠭᠤᠵᠤ ᠣᠯᠭᠤᠬᠤ ᠶᠢ

ᠬᠠᠷᠢᠭᠤᠴᠠᠵᠤ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢ ᠵᠢᠷᠤᠮᠵᠢᠭᠤᠯᠤᠨ

᠂ ᠰᠢᠲᠠᠮᠠᠬᠠᠢ ᠬᠡᠢ ᠡᠵᠡᠩᠨᠡᠬᠦ ᠪᠠ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠡᠵᠡᠩᠨᠡᠬᠦ ᠦᠢᠯᠡ

ᠠᠵᠢᠯᠯᠠᠭ᠎ᠠ ᠶᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠰᠢᠢᠳᠬᠡᠯ ᠥᠭᠴᠦ᠂ ᠬᠠᠤᠯᠢ ᠠᠴᠠ ᠵᠥᠷᠢᠴᠡᠨ

ᠰᠠᠪᠠᠯᠠᠬᠤ ᠵᠢᠴᠢ ᠣᠷᠣᠨ ᠪᠦᠰᠡ ᠠᠯᠤᠰᠯᠠᠨ ᠡᠵᠡᠩᠨᠡᠬᠦ ᠳᠤ ᠴᠢᠩᠭ᠎ᠠ ᠴᠣᠬᠢᠯᠲᠠ ᠥᠭᠭᠦᠨ᠎ᠡ᠃ ᠪᠤᠰᠤᠳ ᠡᠭᠦᠷᠭᠡ

ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ᠠᠶᠤᠯ ᠦᠭᠡᠢ ᠶᠢᠨ ᠪᠠᠶᠢᠴᠠᠭᠠᠯᠲᠠ ᠪᠠ ᠬᠠᠤᠯᠢ

ᠬᠡᠷᠡᠭᠵᠢᠭᠦᠯᠦᠭᠰᠡᠨ ᠢ ᠰᠢᠳᠬᠡᠨ ᠲᠣᠷᠭᠠᠬᠤ ᠠᠵᠢᠯ ᠢ ᠥᠷᠨᠢᠭᠦᠯᠬᠦ ᠬᠡᠷᠡᠭᠲᠡᠢ᠃

    2. ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠲᠠᠯᠠᠪᠤᠷ ᠥᠷᠲᠡᠭᠡ ᠶᠢᠨ ᠠᠶᠤᠯ ᠦᠭᠡᠢ ᠦᠢᠯᠡᠳᠪᠦᠷᠢᠯᠡᠯ

ᠵᠢᠴᠢ ᠦᠢᠯᠡᠴᠢᠯᠡᠭᠡᠨ ᠤ ᠶᠠᠰᠤ ᠴᠢᠨᠠᠷ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠵᠤ᠂

ᠰᠢᠲᠠᠮᠠᠬᠠᠢ ᠬᠡᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠬᠢᠨᠠᠯᠲᠠ

ᠪᠠᠶᠢᠴᠠᠭᠠᠯᠲᠠ ᠪᠠ ᠪᠠᠷᠢᠯᠭ᠎ᠠ ᠳᠠᠭᠤᠰᠤᠭᠰᠠᠨ ᠢ ᠪᠦᠷᠢᠳᠬᠡᠨ ᠳᠠᠩᠰᠠᠯᠠᠬᠤ ᠶᠢ ᠬᠠᠷᠢᠭᠤᠴᠠᠵᠤ᠂ ᠠᠵᠤ ᠠᠬᠤᠶᠢᠯᠠᠯ ᠤᠨ

ᠲᠠᠯᠠᠪᠤᠷ ᠥᠷᠲᠡᠭᠡ ᠶᠢᠨ ᠬᠤᠭᠤᠯᠠᠢ᠂ ᠳᠠᠷᠤᠯᠲᠠ ᠲᠣᠬᠢᠷᠠᠭᠤᠯᠬᠤ ᠠᠪᠳᠠᠷ᠎ᠠ ︵ᠬᠠᠶᠢᠷᠴᠠᠭ︶᠎ ᠶᠢᠨ ᠠᠮᠤᠷ

ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠬᠢᠨᠠᠯᠲᠠ ᠲᠠᠯᠪᠢᠨ᠎ᠠ᠃

    3. ᠰᠢᠲᠠᠮᠠᠬᠠᠢ ᠬᠡᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠳᠦᠷᠢᠮ ᠪᠣᠯᠤᠨ ᠠᠵᠤ ᠠᠬᠤᠶᠢᠯᠠᠯ ᠤᠨ

ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠩᠰᠠᠯᠠᠭᠤᠯᠤᠨ ᠬᠢᠨᠠᠨ ᠬᠠᠷᠭᠤᠭᠤᠯᠬᠤ ᠶᠢ ᠪᠦᠷᠢᠨᠰᠢᠭᠦᠯᠵᠦ᠂

ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠰᠢᠲᠠᠮᠠᠬᠠᠢ ᠬᠡᠢ ᠶᠢᠨ ᠠᠶᠤᠯ ᠦᠭᠡᠢ ᠶᠢᠨ ᠳᠠᠯᠳᠠ ᠭᠡᠮ ᠢ ᠵᠢᠭᠰᠠᠭᠠᠨ

ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ

ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠰᠢᠲᠠᠮᠠᠬᠠᠢ ᠬᠡᠢ ᠶᠢᠨ ᠠᠶᠤᠯ ᠦᠭᠡᠢ ᠶᠢᠨ ᠠᠳᠠᠯ ᠢ ᠴᠠᠭ

ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃

    4. ᠰᠢᠩᠭᠡᠨᠵᠢᠮᠡᠯ ᠴᠢᠯᠠᠭᠤᠨ ᠲᠣᠰᠣᠨ ᠤ ᠬᠡᠢ ᠡᠵᠡᠩᠨᠡᠬᠦ ᠠᠵᠤ ᠠᠬᠤᠶᠢᠯᠠᠯ ᠤᠨ ᠬᠤᠭᠤᠴᠠᠭ᠎ᠠ ᠠᠴᠠ

ᠬᠡᠲᠦᠷᠡᠭᠰᠡᠨ ᠬᠡᠢ ᠶᠢᠨ ᠯᠣᠩᠬᠤ᠂ ᠬᠤᠪᠢ ᠬᠥᠮᠦᠨ ᠪᠠ ᠨᠢᠭᠡᠴᠡ ᠶᠢᠨ ᠬᠠᠤᠯᠢ ᠶᠢ ᠵᠥᠷᠢᠴᠡᠨ ᠰᠠᠪᠠᠯᠠᠭᠰᠠᠨ᠂ ᠬᠡᠢ

ᠲᠣᠩᠭᠤᠷᠠᠭᠤᠯᠤᠭᠰᠠᠨ ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ᠂ ᠰᠢᠲᠠᠮᠠᠬᠠᠢ ᠬᠡᠢ ᠶᠢᠨ ᠠᠵᠤ

ᠠᠬᠤᠶᠢᠯᠠᠯ ᠤᠨ ᠬᠡᠢ ᠶᠢᠨ ᠲᠦᠩᠰᠡ ᠶᠢ ᠣᠷᠣᠭᠤᠯᠬᠤ᠂ ᠥᠷᠲᠡᠭᠡ ᠠᠴᠠ ᠭᠠᠷᠭᠠᠬᠤ ᠶᠠᠰᠤ ᠴᠢᠨᠠᠷ ᠤᠨ

ᠪᠠᠶᠢᠴᠠᠭᠠᠯᠲᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠰᠠᠪᠠᠯᠠᠭᠰᠠᠨ ᠳᠠᠩᠰᠠ ᠡᠪᠬᠡᠮᠡᠯ ᠢ

ᠲᠡᠭᠦᠯᠳᠡᠷᠵᠢᠭᠦᠯᠦᠨ᠂ ᠬᠡᠢ ᠶᠢᠨ ᠯᠣᠩᠬᠤ ᠶᠢ ᠮᠥᠷᠳᠡᠵᠦ ᠪᠣᠯᠬᠤ ᠶᠢ ᠪᠡᠶᠡᠯᠡᠭᠦᠯᠦᠨ᠎ᠡ᠃

    5. ᠰᠢᠲᠠᠮᠠᠬᠠᠢ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠷᠦᠬᠡ ᠳᠤ ᠬᠦᠷᠴᠦ

ᠠᠶᠤᠯ ᠦᠭᠡᠢ ᠶᠢᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠢ ᠬᠠᠩᠭᠠᠬᠤ ᠵᠢᠷᠤᠮᠵᠢᠭᠰᠠᠨ ᠭᠡᠷ᠎ᠡ

ᠲᠣᠭᠲᠠᠵᠤ᠂ ᠨᠥᠬᠦᠴᠡᠯ ᠳᠤ ᠨᠡᠶᠢᠴᠡᠬᠦ ᠦᠭᠡᠢ ᠶᠢ ᠨᠢ ᠬᠡᠷᠡᠭᠯᠡᠬᠦ ᠡᠷᠦᠬᠡ ᠶᠢ ᠢᠳᠡᠪᠬᠢᠲᠡᠢ ᠪᠠᠷ ᠵᠢᠯᠣᠭᠤᠳᠤᠨ

ᠴᠡᠭᠴᠡᠯᠡᠨ ᠥᠭᠡᠷᠡᠴᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠲᠠᠢ ᠬᠠᠮᠵᠢᠯᠴᠠᠬᠤ ᠦᠭᠡᠢ ᠪᠤᠶᠤ ᠴᠡᠭᠴᠡᠯᠡᠨ

ᠰᠠᠶᠢᠵᠢᠷᠠᠭᠤᠯᠬᠤ ᠶᠢᠨ ᠠᠷᠭ᠎ᠠ ᠦᠭᠡᠢ ᠪᠣᠯ ᠬᠡᠢ ᠬᠠᠩᠭᠠᠬᠤ ᠦᠭᠡᠢ᠃

      ︵ᠬᠤᠶᠠᠷ︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢ᠊ ᠡᠶ᠎ᠡ᠃

    1. ᠰᠢᠲᠠᠮᠠᠬᠠᠢ ᠬᠡᠢ ᠶᠢᠨ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ

ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠰᠢᠲᠠᠮᠠᠬᠠᠢ ᠬᠡᠢ ᠶᠢᠨ

ᠠᠵᠤ ᠠᠬᠤᠶᠢᠯᠠᠯ ᠤᠨ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠵᠢᠷᠤᠮᠯᠠᠵᠤ ᠪᠠᠶᠢᠭ᠎ᠠ ᠪᠠᠶᠢᠳᠠᠯ ᠳᠤ

ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ ᠥᠷᠨᠢᠭᠦᠯᠬᠦ ᠬᠡᠷᠡᠭᠲᠡᠢ᠃

    2. ᠠᠳᠠᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ

ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠠᠶᠤᠯ ᠦᠭᠡᠢ

ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃

    3. ᠰᠢᠲᠠᠮᠠᠬᠠᠢ ᠬᠡᠢ ᠶᠢᠨ ᠠᠶᠤᠯ ᠦᠭᠡᠢ ᠦᠢᠯᠡᠳᠪᠦᠷᠢᠯᠡᠯ ᠤᠨ ᠠᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠢ

ᠲᠦᠷᠦᠭᠦᠯᠡᠨ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠢᠲᠠᠮᠠᠬᠠᠢ ᠬᠡᠢ ᠶᠢ

ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃

    4. ︽ᠠᠶᠤᠯ ᠦᠭᠡᠢ ᠶᠢᠨ ᠭᠤᠷᠪᠠ ᠶᠢ ᠵᠡᠷᠭᠡ ᠳᠤᠨᠢ ᠬᠢᠬᠦ︾᠂ ᠬᠦᠨᠳᠦ ᠶᠡᠭᠡ ᠠᠶᠤᠯ ᠤᠨ ᠡᠬᠢ

ᠰᠤᠷᠪᠤᠯᠵᠢ ᠶᠢᠨ ᠬᠠᠮᠢᠶᠠᠷᠤᠯᠲᠠ᠂ ᠠᠶᠤᠯ ᠦᠭᠡᠢ ᠶᠢᠨ ᠳᠦᠷᠢᠮ ᠤᠨ ᠪᠠᠶᠢᠭᠤᠯᠤᠯᠲᠠ᠂ ᠪᠠᠴᠢᠮ ᠪᠠᠶᠢᠳᠠᠯ ᠢ

ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠶᠢᠨ ᠣᠷᠣᠭᠤᠯᠤᠯᠲᠠ᠂ ᠠᠶᠤᠯ ᠦᠭᠡᠢ ᠦᠢᠯᠡᠳᠪᠦᠷᠢᠯᠡᠯ ᠤᠨ

ᠪᠠᠷᠢᠮᠵᠢᠶᠠᠵᠢᠭᠤᠯᠤᠯᠲᠠ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠠᠵᠢᠯᠲᠠᠨ ᠤ ᠬᠢᠷᠢ ᠭᠡᠮ ᠤᠨ

ᠦᠨᠡᠮᠯᠡᠯ ᠢ ᠬᠢᠨᠠᠨ ᠣᠯᠭᠤᠬᠤ᠂ ᠠᠳᠠᠯ ᠢ ᠪᠠᠶᠢᠴᠠᠭᠠᠬᠤ ᠵᠡᠷᠭᠡ ᠶᠢ ᠬᠠᠷᠢᠭᠤᠴᠠᠨ᠎ᠠ᠃

    5. ᠰᠢᠲᠠᠮᠠᠬᠠᠢ ᠬᠡᠢ ᠦᠢᠯᠡᠳᠪᠦᠷᠢᠯᠡᠬᠦ ᠠᠶᠤᠯ ᠦᠭᠡᠢ ᠶᠢᠨ ᠠᠳᠠᠯ ᠢ ᠨᠡᠪᠲᠡᠷᠡᠭᠦᠯᠵᠦ ᠰᠢᠮᠳᠠᠭᠤᠯᠤᠨ

ᠭᠦᠢᠴᠡᠳᠬᠡᠯᠭᠡᠬᠦ ᠶᠢ ᠬᠠᠷᠢᠭᠤᠴᠠᠵᠤ᠂ ᠠᠶᠤᠯ ᠲᠠᠢ ᠬᠢᠮᠢ ᠶᠢᠨ ᠵᠦᠢᠯ ᠢ ᠦᠢᠯᠡᠳᠪᠦᠷᠢᠯᠡᠬᠦ᠂ ᠡᠵᠡᠩᠨᠡᠬᠦ ᠠᠵᠤ

ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠠᠶᠤᠯ

ᠦᠭᠡᠢ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠭᠡᠳᠦᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ

ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠡᠵᠡᠩᠨᠡᠭᠰᠡᠨ ︵ᠲᠦᠯᠡᠰᠢ ᠶᠢᠨ

ᠪᠤᠰᠤ ᠬᠡᠷᠡᠭᠴᠡᠭᠡ︶ ᠰᠢᠩᠭᠡᠵᠢᠯ ᠴᠢᠯᠠᠭᠤᠨ ᠲᠣᠰᠣᠨ ᠤ ᠬᠡᠢ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠬᠤᠪᠢ

ᠬᠥᠮᠦᠨ ᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠶᠤᠯ ᠦᠭᠡᠢ ᠶᠢ

ᠵᠢᠭᠰᠠᠭᠠᠨ ᠪᠠᠶᠢᠴᠠᠭᠠᠵᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ

ᠰᠢᠮᠳᠠᠭᠤᠯᠤᠨ ᠪᠠᠶᠢᠴᠠᠭᠠᠬᠤ ᠬᠡᠷᠡᠭᠲᠡᠢ᠃

    ︵ᠭᠤᠷᠪᠠ︶ ᠬᠤᠰᠢᠬᠤᠨ ᠤ ᠵᠠᠬ᠎ᠠ ᠳᠡᠯᠭᠡᠭᠦᠷ ᠤᠨ ᠬᠢᠨ᠋ᠠᠨ ᠬᠠᠮᠢᠶᠠᠷᠤᠯᠲᠠ ᠶᠢᠨ ᠲᠣᠪᠴᠢ᠊ ᠡᠶ᠎ᠡ᠃

    1. ᠵᠢᠵᠢᠭ ᠬᠡᠯᠪᠡᠷᠢ ᠶᠢᠨ ᠢᠳᠡᠭᠡᠨ ᠤᠮᠳᠠᠭᠠᠨ ᠵᠡᠷᠭᠡ ᠭᠤᠣᠯᠴᠢᠯᠠᠨ ᠬᠠᠮᠢᠶᠠᠷᠬᠤ ᠬᠦᠷᠢᠶᠡᠨ ᠳᠠᠬᠢ ᠰᠢᠲᠠᠮᠠᠬᠠᠢ

ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠳᠠᠷᠤᠯᠲᠠᠲᠤ

ᠬᠤᠭᠤᠯᠠᠢ᠂ ᠬᠡᠢ ᠶᠢᠨ ᠲᠦᠩᠰᠡ᠂ ᠳᠠᠷᠤᠯᠲᠠᠲᠤ ᠰᠠᠪᠠ᠂ ᠠᠶᠤᠯ ᠦᠭᠡᠢ ᠶᠢᠨ ᠨᠡᠭᠡᠯᠡᠬᠡᠢ᠂ ᠳᠠᠷᠤᠯᠲᠠ ᠶᠢᠨ ᠬᠡᠮᠵᠢᠭᠦᠷ

᠂ ᠳᠠᠷᠤᠯᠲᠠᠲᠤ ᠰᠠᠪᠠ᠂ ᠥᠨᠳᠥᠷ ᠳᠠᠷᠤᠯᠲᠠᠲᠤ ᠵᠥᠭᠡᠯᠡᠨ ᠬᠤᠭᠤᠯᠠᠢ ᠵᠡᠷᠭᠡ ᠲᠥᠬᠦᠭᠡᠷᠦᠮᠵᠢ ᠪᠡᠯᠡᠳᠬᠡᠮᠵᠢ ᠳᠤ

ᠰᠢᠯᠭᠠᠨ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ ᠦᠢᠯᠡᠳᠪᠦᠷᠢᠯᠡᠵᠦ ᠪᠣᠷᠣᠯᠠᠭᠤᠯᠬᠤ ᠵᠠᠩᠭᠢᠯᠠᠭ᠎ᠠ ᠶᠢᠨ

ᠤᠷᠤᠰᠬᠠᠯ ᠤᠨ ᠬᠡᠮᠵᠢᠭᠦᠷ᠂ ᠬᠡᠢ ᠪᠡᠶᠡᠲᠦ ᠶᠢᠨ ᠲᠦᠭᠰᠢᠭᠦᠷᠢ ᠮᠡᠳᠡᠭᠡᠯᠡᠬᠦ ᠮᠠᠰᠢᠨ᠂ ᠰᠢᠲᠠᠬᠤ ᠪᠠᠭᠠᠵᠢ ᠬᠡᠷᠡᠭᠰᠡᠯ᠂

ᠵᠠᠯᠭᠠᠬᠤ ᠵᠥᠭᠡᠯᠡᠨ ᠬᠤᠭᠤᠯᠠᠢ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠬᠠᠷᠢᠭᠤᠴᠠᠵᠤ᠂

ᠰᠢᠩᠭᠡᠨᠵᠢᠮᠡᠯ ᠴᠢᠯᠠᠭᠤᠨ ᠲᠣᠰᠣᠨ ᠤ ᠲᠦᠩᠰᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ

ᠴᠢᠩᠭᠠᠳᠬᠠᠨ᠂ ᠰᠢᠲᠠᠮᠠᠬᠠᠢ ᠬᠡᠢ ᠶᠢᠨ ᠭᠡᠷ ᠤᠨ ᠬᠡᠷᠡᠭᠯᠡᠭᠡᠨ ᠤ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ

ᠭᠡᠷᠡᠴᠢᠯᠡᠯ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃

    2. ᠰᠢᠩᠭᠡᠨᠵᠢᠮᠡᠯ ᠬᠡᠢ ᠰᠠᠪᠠᠯᠠᠬᠤ ᠵᠥᠪᠰᠢᠶᠡᠷᠡᠯ᠂ ᠣᠨᠴᠣᠭᠤᠢ ᠲᠥᠷᠥᠯ ᠤᠨ ᠲᠥᠬᠦᠭᠡᠷᠦᠮᠵᠢ ᠶᠢᠨ

ᠬᠡᠷᠡᠭᠯᠡᠯᠲᠡ ᠶᠢ ᠳᠠᠩᠰᠠᠯᠠᠨ ᠲᠡᠮᠳᠡᠭᠯᠡᠬᠦ ᠪᠠ ᠬᠡᠢ ᠠᠭᠤᠯᠬᠤ ᠰᠠᠪᠠ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ

ᠵᠥᠪᠰᠢᠶᠡᠷᠡᠯ ᠬᠠᠮᠢᠶᠠᠷᠤᠯᠲᠠ ᠶᠢ ᠬᠠᠷᠢᠭᠤᠴᠠᠨ᠎ᠠ᠃ ᠬᠡᠢ ᠶᠢᠨ ᠰᠠᠪᠠ ᠶᠢᠨ ᠲᠤᠭ᠎ᠠ᠂ ᠪᠣᠯᠣᠳ ᠬᠡᠪᠯᠡᠯ ᠤᠨ ᠲᠡᠮᠳᠡᠭ᠂

ᠬᠡᠢ ᠠᠭᠤᠯᠬᠤ ᠰᠠᠪᠠ ᠶᠢᠨ ᠰᠡᠷᠡᠮᠵᠢ ᠶᠢᠨ ᠲᠡᠮᠳᠡᠭ ᠪᠠ ᠳᠠᠩᠰᠠ ᠡᠪᠬᠡᠮᠡᠯ ᠪᠠᠶᠢᠭᠤᠯᠤᠭᠰᠠᠨ ᠪᠠᠶᠢᠳᠠᠯ᠂ ᠬᠡᠢ ᠰᠠᠪᠠ ᠶᠢ

ᠰᠠᠪᠠᠯᠠᠭᠰᠠᠨ ᠪᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠪᠠᠶᠢᠳᠠᠯ᠂ ᠰᠠᠪᠠᠯᠠᠭᠰᠠᠨ

ᠨᠢᠭᠡᠴᠡ ᠶᠢᠨ ᠬᠠᠷᠢᠭᠤᠴᠠᠯᠭᠠᠲᠠᠨ ᠪᠠ ᠰᠠᠪᠠᠯᠠᠭᠰᠠᠨ ᠬᠥᠮᠦᠰ ᠤᠨ ᠦᠨᠡᠮᠯᠡᠯ ᠲᠠᠢ ᠪᠠᠶᠢᠳᠠᠯ ᠢ ᠵᠢᠭᠰᠠᠭᠠᠨ

ᠪᠠᠶᠢᠴᠠᠭᠠᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠠᠴᠠ

ᠵᠥᠷᠢᠴᠡᠨ ᠦᠢᠯᠡᠳᠪᠦᠷᠢᠯᠡᠭᠰᠡᠨ ᠪᠠ ᠰᠠᠪᠠᠯᠠᠭᠰᠠᠨ᠂ ᠬᠤᠳᠠᠯ ᠬᠠᠭᠤᠷᠮᠠᠭ ᠴᠢᠨᠠᠷ ᠮᠠᠭᠤ ᠰᠢᠲᠠᠮᠠᠬᠠᠢ ᠬᠡᠢ

ᠪᠣᠷᠣᠯᠠᠭᠤᠯᠤᠭᠰᠠᠨ ᠪᠠ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠪᠠᠶᠢᠴᠠᠭᠠᠯᠲᠠ ᠬᠢᠭᠰᠡᠨ ᠦᠭᠡᠢ ᠵᠢᠴᠢ ᠬᠠᠶᠠᠭᠳᠠᠮᠠᠯ

ᠬᠡᠢ ᠶᠢᠨ ᠲᠦᠩᠰᠡ ᠪᠤᠶᠤ ᠢᠷᠡᠯᠲᠡ ᠨᠢ ᠲᠣᠳᠣᠷᠬᠠᠢ ᠦᠭᠡᠢ ᠬᠡᠢ ᠶᠢᠨ ᠲᠦᠩᠰᠡ ᠶᠢ ᠲᠣᠭᠲᠠᠭᠠᠯ ᠶᠣᠰᠣᠭᠠᠷ

ᠪᠠᠶᠢᠴᠠᠭᠠᠨ ᠰᠢᠢᠳᠪᠦᠷᠢᠯᠡᠭᠰᠡᠨ ᠦᠭᠡᠢ ᠪᠤᠶᠤ ᠬᠡᠢ ᠶᠢᠨ ᠲᠦᠩᠰᠡ ᠶᠢᠨ ᠳᠣᠲᠣᠷᠠᠬᠢ ᠦᠯᠡᠳᠡᠭᠳᠡᠯ ᠰᠢᠩᠭᠡᠨ ᠢ

ᠡᠭᠡᠭᠦᠯᠦᠨ ᠠᠪᠤᠭᠰᠠᠨ ᠦᠭᠡᠢ ᠪᠠᠷ ᠬᠡᠢ ᠶᠢᠨ ᠲᠦᠩᠰᠡ ᠶᠢ ᠪᠠᠶᠢᠴᠠᠭᠠᠨ ᠰᠢᠢᠳᠪᠦᠷᠢᠯᠡᠵᠦ᠂ ᠬᠡᠢ ᠶᠢᠨ ᠲᠦᠩᠰᠡ ᠶᠢ

ᠥᠭᠡᠷᠡᠴᠢᠯᠡᠨ ᠤᠭᠰᠠᠷᠠᠬᠤ ᠪᠠ ᠬᠠᠶᠠᠭᠳᠠᠮᠠᠯ ᠬᠡᠢ ᠶᠢᠨ ᠲᠦᠩᠰᠡ ᠶᠢ ᠰᠢᠨᠡᠳᠬᠡᠬᠦ ᠵᠡᠷᠭᠡ ᠬᠠᠤᠯᠢ ᠠᠴᠠ ᠵᠥᠷᠢᠴᠡᠭᠰᠡᠨ

ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃

    3. ᠰᠢᠩᠭᠡᠨᠵᠢᠮᠡᠯ ᠬᠡᠢ ᠶᠢᠨ ᠰᠠᠪᠠᠯᠠᠬᠤ ᠥᠷᠲᠡᠭᠡ ᠶᠢᠨ ᠰᠠᠪᠠᠯᠠᠬᠤ ᠦᠢᠯᠡ ᠠᠵᠢᠯᠯᠠᠭ᠎ᠠ ᠪᠠ ᠬᠡᠢ ᠶᠢᠨ ᠰᠠᠪᠠ ᠶᠢᠨ

ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠢᠩᠭᠡᠨᠵᠢᠮᠡᠯ ᠬᠡᠢ ᠶᠢᠨ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ

ᠪᠠᠶᠢᠭᠠᠳ ᠬᠠᠤᠯᠢ ᠲᠣᠭᠲᠠᠭᠠᠯ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠬᠡᠢ ᠶᠢᠨ ᠯᠣᠩᠬᠤ ᠬᠠᠩᠭᠠᠵᠤ᠂ ᠵᠠᠬ᠎ᠠ

ᠳᠡᠯᠭᠡᠭᠦᠷ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠬᠡᠶᠢᠲᠦ ᠯᠣᠩᠬᠤ ᠶᠢ ᠰᠢᠯᠭᠠᠨ ᠪᠠᠶᠢᠴᠠᠭᠠᠬᠤ

ᠪᠠᠶᠢᠭᠤᠯᠤᠮᠵᠢ ᠶᠢ ᠪᠠᠶᠢᠭᠤᠯᠵᠤ᠂ ᠬᠡᠶ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠪᠠᠶᠢᠭᠠᠳ

ᠬᠡᠢ ᠶᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠬᠢᠷᠢ ᠲᠡᠩᠴᠡᠬᠦ ᠦᠭᠡᠢ ᠬᠡᠢ ᠶᠢᠨ ᠲᠦᠩᠰᠡ ᠶᠢ ᠬᠠᠤᠯᠢ

ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠢᠩᠭᠡᠨᠵᠢᠮᠡᠯ ᠬᠡᠢ ᠶᠢᠨ ᠰᠠᠪᠠᠯᠠᠬᠤ ᠥᠷᠲᠡᠭᠡ ᠳᠤ ᠬᠡᠢ ᠶᠢᠨ ᠲᠦᠩᠰᠡ ᠶᠢ

ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠪᠠ ᠬᠡᠷᠡᠭᠯᠡᠭᠡᠨ ᠠᠴᠠ ᠭᠠᠷᠭᠠᠵᠤ ᠰᠢᠢᠳᠪᠦᠷᠢᠯᠡᠬᠦ ᠳᠤ

ᠬᠢᠨᠠᠯᠲᠠ ᠲᠠᠯᠪᠢᠬᠤ ᠬᠡᠷᠡᠭᠲᠡᠢ᠃

    4. ᠰᠢᠩᠭᠡᠨᠵᠢᠮᠡᠯ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠢ ᠲᠦᠷᠦᠭᠦᠯᠡᠨ ᠰᠢᠮᠳᠠᠭᠤᠯᠵᠤ ᠪᠠᠶᠢᠭᠠᠳ

ᠬᠡᠢ ᠶᠢᠨ ᠯᠣᠩᠬᠤᠨ ᠳᠤ ᠰᠠᠪᠠᠯᠠᠵᠤ ᠮᠥᠷᠳᠡᠬᠦ ᠺᠣᠳ᠋ ᠤᠨ ᠳᠠᠩᠰᠠ ᠡᠪᠬᠡᠮᠡᠯ ᠪᠠᠶᠢᠭᠤᠯᠬᠤ ᠪᠠ ᠰᠠᠪᠠᠯᠠᠵᠤ ᠰᠠᠪᠠᠯᠠᠬᠤ

ᠠᠦ᠋ᠲ᠋ᠣ᠋ ᠢᠯᠭᠠᠨ ᠲᠠᠨᠢᠬᠤ ᠶᠢ ᠲᠦᠷᠭᠡᠳᠬᠡᠨ ᠠᠬᠢᠭᠤᠯᠵᠤ᠂ ᠡᠯᠧᠺᠳ᠋ᠷᠣᠨ ᠱᠣᠰᠢᠭ᠎ᠠ ᠪᠤᠶᠤ ᠬᠤᠶᠠᠷ ᠬᠡᠮᠵᠢᠯᠳᠦ ᠺᠣᠳ᠋

ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠡᠢ ᠶᠢᠨ ᠯᠣᠩᠬᠤᠨ ᠳᠤ ᠮᠥᠷᠳᠡᠨ

ᠨᠡᠬᠡᠮᠵᠢᠯᠡᠬᠦ ᠬᠠᠮᠢᠶᠠᠷᠤᠯᠲᠠ ᠶᠠᠪᠤᠭᠤᠯᠬᠤ ᠬᠡᠷᠡᠭᠲᠡᠢ᠃ ᠠᠮᠤᠷ ᠲᠦᠪᠰᠢᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ

ᠨᠡᠶᠢᠴᠡᠬᠦ ᠦᠭᠡᠢ ᠵᠤᠤᠬ᠎ᠠ ᠶᠢᠨ ᠬᠡᠷᠡᠭᠰᠡᠯ ᠤᠨ ᠵᠥᠭᠡᠯᠡᠨ ᠬᠤᠭᠤᠯᠠᠢ᠂ ᠳᠠᠷᠤᠯᠲᠠ ᠲᠣᠬᠢᠷᠠᠭᠤᠯᠤᠷ ᠵᠢᠴᠢ ᠪᠤᠰᠤᠳ

ᠳᠠᠭᠠᠯᠳᠤᠭᠤᠯᠤᠯ ᠮᠠᠲ᠋ᠧᠷᠢᠶᠠᠯ ᠢ ᠲᠦᠷᠭᠡᠳᠬᠡᠨ ᠰᠢᠭᠰᠢᠭᠳᠡᠭᠦᠯᠦᠨ᠎ᠡ᠃

    5. ᠬᠠᠤᠯᠢ ᠪᠤᠰᠤ ᠪᠠᠷ ᠰᠠᠪᠠᠯᠠᠬᠤ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ

ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ᠂

ᠰᠠᠪᠠᠯᠠᠬᠤ ᠨᠢᠭᠡᠴᠢ ᠶᠢᠨ ᠬᠢᠨ ᠤ ᠬᠤᠯᠢᠯᠳᠤᠬᠤ᠂ ᠬᠠᠭᠤᠷᠮᠠᠭ ᠶᠠᠭᠤᠮ᠎ᠠ ᠬᠤᠯᠢᠬᠤ᠂ ᠵᠢᠩ ᠳᠤᠲᠠᠭᠤ ᠯᠠᠩ

ᠳᠤᠲᠠᠭᠳᠠᠬᠤ᠂ ᠲᠣᠭᠲᠠᠭᠠᠯ ᠠᠴᠠ ᠵᠥᠷᠢᠴᠡᠨ ᠰᠠᠪᠠᠯᠠᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ

ᠪᠠᠶᠢᠴᠠᠭᠠᠨ ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠡᠢ ᠶᠢᠨ ᠯᠣᠩᠬᠤ ᠶᠢ

ᠲᠥᠪᠯᠡᠷᠡᠭᠦᠯᠦᠨ ᠬᠠᠳᠠᠭᠠᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃

         ︵ᠳᠥᠷᠪᠡ︶ ᠭᠠᠯ ᠤᠨᠲᠠᠷᠠᠭᠠᠬᠤ ᠠᠪᠤᠷᠠᠨ ᠲᠤᠰᠯᠠᠬᠤ ᠠᠩᠭᠢ᠃

    ᠰᠢᠲᠠᠮᠠᠬᠠᠢ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠪᠣᠯᠤᠨ ᠬᠤᠳᠠᠯᠳᠤᠭᠠᠨ ᠤ ᠬᠡᠷᠡᠭᠯᠡᠬᠦ ᠡᠷᠦᠬᠡ ᠶᠢᠨ ᠭᠠᠯ

ᠤᠨᠲᠠᠷᠠᠭᠠᠬᠤ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠵᠢᠷᠤᠮᠯᠠᠭᠰᠠᠨ ᠪᠠᠶᠢᠳᠠᠯ ᠳᠤ ᠬᠠᠤᠯᠢ

ᠶᠣᠰᠣᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠠᠳᠠᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ

ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠲᠡᠷᠭᠡᠨ ᠵᠠᠮ᠂ ᠲᠥᠬᠦᠭᠡᠷᠦᠮᠵᠢ

ᠪᠡᠯᠡᠳᠬᠡᠮᠵᠢ᠂ ᠭᠠᠯ ᠤᠨᠲᠠᠷᠠᠭᠠᠬᠤ ᠭᠠᠳᠠᠭᠠᠳᠤ ᠳᠤ ᠭᠠᠷᠭᠠᠬᠤ ᠡᠭᠦᠳᠡ᠂ ᠰᠢᠯᠭᠠᠨ ᠠᠪᠬᠤ ᠭᠠᠷᠳᠠᠮ᠂ ᠭᠠᠯ

ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢᠨ ᠰᠡᠯᠪᠢᠨ

ᠬᠠᠮᠠᠭᠠᠯᠠᠬᠤ᠂ ᠭᠠᠯ ᠤᠨᠲᠠᠷᠠᠭᠠᠬᠤ ᠴᠠᠬᠢᠯᠭᠠᠨ ᠬᠦᠴᠦᠨ ᠤ ᠪᠠᠶᠢᠴᠠᠭᠠᠨ ᠬᠡᠮᠵᠢᠬᠦ ᠵᠡᠷᠭᠡ ᠳᠤ ᠪᠠᠶᠢᠴᠠᠭᠠᠯᠲᠠ ᠬᠢᠬᠦ ᠶᠢ

ᠬᠠᠷᠢᠭᠤᠴᠠᠬᠤ ᠬᠡᠷᠡᠭᠲᠡᠢ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠰᠢᠲᠠᠮᠠᠬᠠᠢ ᠬᠡᠢ ᠶᠢᠨ

ᠠᠳᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠤᠯᠢ ᠶᠣᠰᠣᠭᠠᠷ ᠬᠠᠷᠢᠭᠤᠴᠠᠵᠤ᠂ ᠡᠭᠦᠷᠭᠡ

ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠰᠢᠲᠠᠮᠠᠬᠠᠢ ᠭᠡᠢ ᠬᠡᠷᠡᠭᠯᠡᠬᠦ ᠢᠳᠡᠭᠡᠨ ᠤᠮᠳᠠᠭᠠᠨ ᠤ ᠭᠠᠵᠠᠷ

ᠲᠠᠯᠠᠪᠤᠷ ᠵᠡᠷᠭᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠬᠢᠨᠠᠯᠲᠠ ᠪᠠᠶᠢᠴᠠᠭᠠᠯᠲᠠ ᠶᠢ ᠬᠡᠷᠡᠭᠵᠢᠭᠦᠯᠵᠦ᠂

ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ

ᠮᠡᠳᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃

    ︵ᠲᠠᠪᠤ︶ ᠬᠤᠰᠢᠭᠤᠨ ᠤ ᠠᠵᠤ ᠦᠶ᠋ᠯᠡᠳᠪᠦᠷᠢ ᠪᠠ ᠮᠡᠳᠡᠭᠡ ᠵᠠᠩᠭᠢ ᠶᠢᠨ ᠲᠣᠪᠴᠢ᠊ ᠡᠶ᠎ᠡ᠃

    1. ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠵᠡᠷᠭᠡ ᠬᠢᠨᠠᠯᠲᠠ ᠬᠠᠮᠢᠶᠠᠷᠤᠯᠲᠠ ᠶᠢᠨ ᠬᠦᠷᠢᠶ᠎ᠡ

ᠴᠠᠷᠠᠭ᠎ᠠ ᠶᠢᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠭᠡᠢ ᠬᠡᠷᠡᠭᠯᠡᠬᠦ ᠶᠢᠨ ᠠᠮᠤᠷ ᠲᠦᠪᠰᠢᠨ ᠢ ᠥᠪᠡᠰᠦᠪᠡᠨ

ᠪᠠᠶᠢᠴᠠᠭᠠᠬᠤ ᠠᠵᠢᠯ ᠥᠷᠨᠢᠭᠦᠯᠬᠦ ᠶᠢ ᠬᠠᠷᠢᠭᠤᠴᠠᠨ ᠱᠠᠭᠠᠷᠳᠠᠨ᠎ᠠ᠃

    2. ᠡᠯ᠎ᠡ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠶᠢ ᠲᠦᠷᠦᠭᠦᠯᠡᠨ ᠵᠣᠬᠢᠶᠠᠨ ᠪᠠᠶᠢᠭᠤᠯᠵᠤ

ᠰᠢᠲᠠᠮᠠᠬᠠᠢ ᠬᠡᠢ ᠭᠤᠭᠤᠵᠢᠵᠤ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠤᠭᠰᠠᠷᠠᠭᠤᠯᠤᠨ᠂ ᠲᠣᠭᠲᠠᠭᠠᠯ ᠠᠴᠠ

ᠵᠥᠷᠢᠴᠡᠨ ᠰᠢᠩᠭᠡᠨᠵᠢᠮᠡᠯ ᠬᠡᠶ ᠶᠢᠨ ᠯᠣᠩᠬᠤ ᠶᠢ ᠬᠠᠭᠠᠰ ᠭᠠᠵᠠᠷ ᠳᠣᠣᠷᠠᠬᠢ ᠭᠡᠷ ᠪᠠ ᠭᠠᠵᠠᠷ ᠳᠣᠣᠷᠠᠬᠢ ᠲᠠᠰᠤᠭ ᠲᠤ

ᠬᠠᠳᠠᠭᠠᠯᠠᠵᠤ᠂ ᠵᠥᠭᠡᠯᠡᠨ ᠬᠤᠭᠤᠯᠠᠢ ᠶᠢ ᠬᠡᠳᠦ ᠤᠷᠲᠤ᠂ ᠬᠠᠭᠤᠴᠢᠷᠠᠭᠰᠠᠨ᠂ ᠬᠤᠪᠢ ᠪᠠᠷ ᠢᠶᠠᠨ ᠭᠤᠷᠪᠠ ᠶᠢ

ᠨᠡᠪᠲᠡᠷᠡᠭᠦᠯᠬᠦ ᠵᠡᠷᠭᠡ ᠳᠠᠯᠳᠠ ᠭᠡᠮ ᠢ ᠵᠢᠭᠰᠠᠭᠠᠨ ᠪᠠᠶᠢᠴᠠᠭᠠᠨ᠎ᠠ᠃

    3. ᠪᠤᠰᠤᠳ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠲᠣᠭᠲᠠᠭᠠᠯ ᠠᠴᠠ

ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ ᠶᠢᠨ ᠬᠠᠮᠲᠤ ᠢᠳᠡᠭᠡᠨ ᠤᠮᠳᠠᠭᠠᠨ ᠤ ᠨᠢᠭᠡᠴᠡ ᠶᠢᠨ ᠠᠮᠤᠷ

ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠠᠵᠢᠯ ᠢ

ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃

    4. ᠢᠳᠡᠭᠡᠨ ᠤᠮᠳᠠᠭᠠᠨ ᠤ ᠠᠵᠤ ᠠᠬᠤᠶᠢᠯᠠᠯ ᠬᠢᠭᠡᠳ ᠬᠡᠢ ᠬᠠᠩᠭᠠᠬᠤ ᠬᠠᠤᠯᠢ ᠶᠣᠰᠣᠨ ᠤ ᠠᠵᠤ ᠠᠬᠤᠶᠢᠯᠠᠯ ᠢ

ᠰᠢᠮᠳᠠᠭᠤᠯᠵᠤ ᠪᠠᠶᠢᠭᠠᠳ ᠬᠡᠢ ᠬᠠᠩᠭᠠᠬᠤ ᠭᠡᠷ᠎ᠡ ᠲᠣᠭᠲᠠᠬᠤ ᠶᠢᠨ ᠬᠠᠮᠲᠤ ᠢᠳᠡᠭᠡᠨ ᠤᠮᠳᠠᠭᠠᠨ ᠤ ᠠᠵᠢᠯ

ᠲᠥᠷᠥᠯ ᠤᠨ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠤᠬᠠᠭᠤᠯᠭ᠎ᠠ ᠶᠢ ᠬᠠᠷᠢᠭᠤᠴᠠᠭᠤᠯᠤᠨ᠎ᠠ᠃

    5. ᠰᠢᠯᠵᠢᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ᠂ ᠨᠢᠭᠡᠳᠦᠮᠡᠯ ᠬᠤᠯᠪᠣᠭ᠎ᠠ ᠵᠡᠷᠭᠡ ᠡᠵᠡᠩᠨᠡᠯᠲᠡ ᠶᠢᠨ

ᠬᠤᠳᠠᠯᠳᠤᠭᠠᠴᠢᠨ ᠲᠠᠢ ᠬᠠᠷᠢᠯᠴᠠᠬᠤ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠴᠢᠮᠡᠭᠡ

ᠬᠤᠯᠪᠣᠭᠠᠨ ᠤ ᠱᠤᠭᠤᠮ ᠢ ᠱᠠᠯᠠᠪᠳᠠᠨ ᠪᠠᠶᠢᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠳᠡᠭᠡᠷ᠎ᠡ ᠴᠢᠮᠡᠭᠡ

ᠬᠤᠯᠪᠣᠭᠠᠨ ᠤ ᠱᠤᠭᠤᠮ ᠢ ᠣᠷᠢᠶᠠᠬᠤ ᠪᠤᠶᠤ ᠰᠢᠲᠠᠮᠠᠬᠠᠢ ᠬᠡᠢ ᠶᠢᠨ ᠬᠤᠭᠤᠯᠠᠢ ᠶᠢ ᠠᠰᠢᠭᠯᠠᠨ ᠬᠦᠨᠳᠦ ᠲᠤᠯᠭᠠᠭᠤᠷᠢ

ᠪᠣᠯᠭᠠᠵᠤ ᠪᠣᠯᠬᠤ ᠦᠭᠡᠢ᠃

    ︵ᠵᠢᠷᠭᠤᠭ᠎ᠠ︶ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢ᠊ ᠡᠶ᠎ᠡ᠃

    ᠰᠢᠲᠠᠮᠠᠬᠠᠢ ᠬᠡᠢ ᠲᠡᠭᠡᠭᠡᠪᠦᠷᠢᠯᠡᠬᠦ ᠠᠵᠢᠯ ᠬᠢᠵᠦ ᠪᠠᠶᠢᠭ᠎ᠠ ᠠᠶᠤᠯ ᠲᠠᠢ ᠪᠠᠷᠠᠭ᠎ᠠ ᠶᠢᠨ ᠵᠠᠮ ᠲᠡᠭᠡᠭᠡᠪᠦᠷᠢ ᠶᠢᠨ ᠠᠵᠤ

ᠠᠬᠤᠶᠢᠯᠠᠯ ᠪᠣᠯᠤᠨ ᠪᠠᠷᠠᠭ᠎ᠠ ᠶᠢᠨ ᠲᠡᠷᠭᠡ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂

ᠠᠶᠤᠯ ᠲᠠᠢ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠶᠢᠨ ᠬᠢᠷᠢ ᠭᠡᠮ ᠦᠭᠡᠢ ᠰᠢᠲᠠᠮᠠᠬᠠᠢ ᠬᠡᠢ ᠲᠡᠭᠡᠭᠡᠪᠦᠷᠢᠯᠡᠬᠦ ᠦᠢᠯᠡ

ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠵᠢᠯᠣᠭᠤᠴᠢ ᠪᠠᠷ ᠳᠠᠷᠤᠨ

ᠲᠡᠭᠡᠭᠡᠪᠦᠷᠢᠯᠡᠭᠦᠯᠦᠭᠴᠢ ᠨᠢ ᠪᠣᠯᠪᠠᠰᠤᠷᠠᠭᠤᠯᠤᠯ ᠦᠭᠡᠢ ᠪᠠᠷ ᠠᠵᠢᠯ ᠤᠨ ᠪᠠᠶᠢᠷᠢ ᠳᠤ ᠭᠠᠷᠤᠭᠰᠠᠨ ᠦᠭᠡᠢ᠂ ᠠᠶᠤᠯ

ᠦᠭᠡᠢ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠪᠦᠷᠢᠨ ᠪᠤᠰᠤ ᠵᠡᠷᠭᠡ ᠬᠠᠤᠯᠢ ᠲᠣᠭᠲᠠᠭᠠᠯ ᠠᠴᠠ

ᠵᠥᠷᠢᠴᠡᠭᠰᠡᠨ ᠦᠢᠯᠡ ᠠᠵᠢᠯᠯᠠᠭ᠎ᠠ ᠳᠤ ᠵᠠᠮ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠶᠢ

ᠬᠠᠷᠢᠭᠤᠴᠠᠭᠤᠯᠵᠤ᠂ ᠬᠠᠤᠯᠢ ᠠᠴᠠ ᠵᠥᠷᠢᠴᠡᠨ ᠬᠡᠢ ᠰᠠᠷᠢᠭᠠᠯᠠᠬᠤ᠂ ᠬᠡᠢ ᠲᠡᠭᠡᠭᠡᠪᠦᠷᠢᠯᠡᠬᠦ ᠲᠡᠷᠭᠡ ᠬᠥᠰᠬᠡ ᠶᠢ

ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ᠃

    ︵ᠳᠣᠯᠤᠭ᠎ᠠ︶ ᠬᠤᠰᠢᠭᠤᠨ ᠤ ᠳᠤᠲᠤᠬᠠᠳᠤ ᠶᠢ ᠬᠠᠮᠠᠬᠠᠯᠠᠬᠤ ᠲᠣᠪᠴᠢ᠊ ᠡᠶ᠎ᠡ᠃

    ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠶᠤᠯ ᠦᠭᠡᠢ ᠶᠢᠨ ᠰᠡᠷᠭᠡᠶᠢᠯᠡᠯᠲᠡ ᠶᠢᠨ ᠠᠵᠢᠯ ᠳᠤ ᠬᠢᠨᠠᠯᠲᠠ

ᠲᠠᠯᠪᠢᠨ ᠵᠢᠯᠣᠭᠤᠳᠬᠤ ᠵᠢᠴᠢ ᠰᠢᠲᠠᠮᠠᠬᠠᠢ ᠬᠡᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠠᠶᠤᠯ ᠦᠭᠡᠢ ᠶᠢᠨ

ᠬᠠᠮᠢᠶᠠᠷᠤᠯᠲᠠ ᠶᠢ ᠬᠠᠷᠢᠭᠤᠴᠠᠵᠤ᠂ ᠬᠠᠤᠯᠢ ᠪᠤᠰᠤ ᠡᠵᠡᠩᠨᠡᠭᠴᠢ ᠳᠤ ᠲᠠᠯᠠᠪᠤᠷ ᠬᠠᠩᠭᠠᠬᠤ ᠪᠠ ᠰᠢᠲᠠᠮᠠᠬᠠᠢ ᠬᠡᠢ

ᠲᠣᠭᠲᠠᠭᠠᠯ ᠠᠴᠠ ᠵᠥᠷᠢᠴᠡᠨ ᠶᠡᠭᠡ ᠬᠡᠮᠵᠢᠶ᠎ᠡ ᠪᠠᠷ ᠬᠠᠳᠠᠭᠠᠯᠠᠬᠤ᠂ ᠰᠢᠭᠠᠷᠤ ᠶᠢᠨ ᠰᠢᠩᠭᠡᠨ ᠢ ᠴᠢᠳᠬᠤᠬᠤ᠂

ᠰᠢᠲᠠᠮᠠᠬᠠᠢ ᠬᠡᠢ ᠬᠤᠯᠠᠭᠠᠶᠢᠯᠠᠬᠤ᠂ ᠬᠡᠷᠡᠭ ᠠᠴᠠ ᠭᠠᠷᠤᠭᠰᠠᠨ ᠪᠣᠯᠣᠳ ᠲᠦᠩᠰᠡ ᠶᠢ ᠰᠠᠷᠢᠭᠠᠯᠠᠬᠤ ᠵᠡᠷᠭᠡ ᠣᠯᠠᠨ

ᠨᠡᠶᠢᠲᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠰᠦᠷᠳᠡᠭᠦᠯᠦᠯ ᠪᠣᠯᠤᠭᠰᠠᠨ ᠬᠠᠤᠯᠢ ᠠᠴᠠ ᠵᠥᠷᠢᠴᠡᠭᠰᠡᠨ

ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠣᠯᠵᠤ ᠮᠡᠳᠡᠭᠰᠡᠨ

ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ

ᠰᠢᠢᠳᠪᠦᠷᠢᠯᠡᠬᠦ ᠬᠡᠷᠡᠭᠲᠡᠢ᠃

    ︵ᠨᠠᠢᠮᠠ︶ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢ᠊

ᠡᠶ᠎ᠡ᠃

    ᠰᠢᠲᠠᠮᠠᠬᠠᠢ ᠬᠡᠢ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠬᠡᠷᠡᠭ ᠲᠤ

ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠢᠴᠢ ᠵᠣᠬᠢᠴᠠᠩᠭᠤᠢ ᠪᠦᠬᠦᠢ ᠠᠯᠪᠠᠳᠠᠯᠭ᠎ᠠ ᠪᠠᠷ ᠬᠡᠷᠡᠭᠵᠢᠭᠦᠯᠬᠦ ᠶᠢ

ᠬᠠᠷᠢᠭᠤᠴᠠᠵᠤ᠂ ᠰᠤᠷᠭᠠᠭᠤᠯᠢ᠂ ᠴᠡᠴᠡᠷᠯᠢᠭ᠂ ᠠᠭᠤᠳᠠᠮ ᠲᠠᠯᠠᠪᠠᠢ ᠶᠢᠨ ᠡᠷᠭᠢᠨ ᠲᠣᠭᠤᠷᠢᠨ ᠵᠡᠷᠭᠡ ᠬᠢᠨᠠᠨ

ᠬᠠᠮᠢᠶᠠᠷᠬᠤ ᠣᠷᠣᠨ ᠪᠦᠰᠡ ᠶᠢᠨ ᠨᠡᠭᠦᠳᠡᠯ ᠬᠤᠳᠠᠯᠳᠤᠭᠠᠴᠢᠨ ᠲᠣᠭᠲᠠᠭᠠᠯ ᠠᠴᠠ ᠵᠥᠷᠢᠴᠡᠨ ᠰᠢᠩᠭᠡᠨᠵᠢᠮᠡᠯ ᠬᠡᠢ

ᠬᠡᠷᠡᠭᠯᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠬᠤ ᠬᠡᠷᠡᠭᠲᠡᠢ᠃ ᠥᠷᠯᠥᠭᠡ ᠶᠢᠨ

ᠰᠥᠨᠢ ᠶᠢᠨ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠠᠵᠢᠯ ᠲᠥᠷᠥᠯ ᠤᠨ

ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ

ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃

    ︵ᠶᠢᠰᠦ︶ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ

ᠵᠥᠪᠯᠡᠯ᠃

    ᠲᠤᠰ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠠᠵᠢᠯ ᠲᠥᠷᠥᠯ ᠤᠨ ᠰᠢᠲᠠᠮᠠᠬᠠᠢ ᠭᠡᠢ ᠬᠡᠷᠡᠭᠯᠡᠬᠦ ᠡᠷᠦᠬᠡ ᠶᠢᠨ

ᠰᠢᠲᠠᠮᠠᠬᠠᠢ ᠭᠡᠢ ᠬᠡᠷᠡᠭᠯᠡᠬᠦ ᠶᠢᠨ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠠᠵᠢᠯ ᠥᠷᠨᠢᠭᠦᠯᠬᠦ ᠶᠢ ᠬᠠᠷᠢᠭᠤᠴᠠᠨ

ᠵᠣᠬᠢᠶᠠᠨ ᠪᠠᠶᠢᠭᠤᠯᠵᠤ᠂ ᠥᠪᠡᠰᠦᠪᠡᠨ ᠪᠠᠶᠢᠴᠠᠭᠠᠭᠰᠠᠨ ᠪᠠᠶᠢᠳᠠᠯ ᠵᠢᠴᠢ ᠳᠠᠯᠳᠠ ᠭᠡᠮ ᠢ ᠴᠡᠭᠴᠡᠯᠡᠨ

ᠰᠠᠶᠢᠵᠢᠷᠠᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠲᠡᠭᠦᠨ ᠢ ᠬᠠᠤᠯᠢ ᠶᠣᠰᠣᠭᠠᠷ ᠬᠡᠢ ᠬᠠᠩᠭᠠᠬᠤ ᠠᠵᠤ

ᠠᠬᠤᠶᠢᠯᠠᠯ ᠯᠤᠭ᠎ᠠ ᠬᠡᠢ ᠬᠠᠩᠭᠠᠬᠤ ᠭᠡᠷ᠎ᠡ ᠲᠣᠭᠲᠠᠭᠠᠬᠤ ᠶᠢ ᠬᠠᠷᠢᠭᠤᠴᠠᠭᠤᠯᠵᠤ᠂ ᠬᠠᠤᠯᠢ ᠴᠠᠭᠠᠵᠠ ᠬᠠᠤᠯᠢ

ᠲᠣᠭᠲᠠᠭᠠᠯ ᠤᠨ ᠶᠣᠰᠣᠭᠠᠷ ᠰᠢᠲᠠᠮᠠᠬᠠᠢ ᠬᠡᠢ ᠵᠠᠳᠠᠷᠠᠭᠤᠯᠤᠭᠰᠠᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠤᠭᠰᠠᠷᠠᠨ᠎ᠠ

︔ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠷᠡᠭᠯᠡᠬᠦ ᠡᠷᠦᠬᠡ ᠶᠢ ᠵᠣᠷᠢᠭᠵᠢᠭᠤᠯᠤᠨ

ᠬᠥᠲᠥᠯᠥᠨ ᠵᠢᠯᠣᠭᠤᠳᠴᠤ ᠪᠠᠶᠢᠭᠠᠳ ᠬᠤᠭᠤᠯᠠᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ᠠᠯᠬᠤᠮ ᠠᠯᠬᠤᠮ ᠢᠶᠠᠷ

ᠥᠭᠡᠷᠡᠴᠢᠯᠡᠨ ᠬᠡᠷᠡᠭᠯᠡᠭᠦᠯᠦᠨ᠎ᠡ᠃

         ︵ᠠᠷᠪᠠ︶ ᠬᠤᠰᠢᠭᠤᠨ ᠤ ᠴᠠᠭ ᠠᠭᠤᠷ ᠤᠨ ᠲᠣᠪᠴᠢᠶ᠎ᠠ᠃

    ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠩᠭ᠎ᠠ

ᠴᠠᠬᠢᠯᠭᠠᠨ ᠤ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠵᠢᠷᠤᠭ ᠲᠥᠯᠥᠪᠯᠡᠭᠡ ᠶᠢ ᠬᠢᠨᠠᠬᠤ ᠪᠠ ᠪᠠᠷᠢᠯᠭ᠎ᠠ

ᠳᠠᠭᠤᠰᠤᠭᠰᠠᠨ ᠢ ᠰᠢᠯᠭᠠᠨ ᠠᠪᠬᠤ ᠠᠵᠢᠯ ᠢ ᠬᠠᠷᠢᠭᠤᠴᠠᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ

ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠨ

ᠬᠤᠷᠢᠭᠯᠠᠬᠤ ᠬᠡᠷᠡᠭᠲᠡᠢ᠃

    ︵ᠠᠷᠪᠠᠨ ᠨᠢᠭᠡ︶ ᠡᠯ᠎ᠡ ᠰᠤᠮᠤ ᠪᠠᠯᠭᠠᠰᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠃

    ᠲᠤᠰ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠬᠡᠷᠡᠭᠯᠡᠬᠦ ᠡᠷᠦᠬᠡ ᠶᠢᠨ ᠰᠢᠲᠠᠮᠠᠬᠠᠢ ᠭᠡᠢ

ᠬᠡᠷᠡᠭᠯᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠤᠰᠤᠳ ᠬᠢᠨᠠᠯᠲᠠ ᠬᠠᠮᠢᠶᠠᠷᠤᠯᠲᠠ ᠶᠢᠨ

ᠰᠠᠯᠠᠭ᠎ᠠ ᠮᠥᠴᠢᠷ ᠲᠠᠢ ᠬᠠᠮᠲᠤᠷᠠᠨ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠳᠣᠲᠣᠷᠠᠬᠢ ᠲᠣᠭᠲᠠᠭᠠᠯ ᠠᠴᠠ

ᠵᠥᠷᠢᠴᠡᠨ ᠬᠡᠢ ᠬᠠᠳᠠᠭᠠᠯᠠᠬᠤ ᠯᠣᠩᠬᠤ ᠪᠠ ᠬᠠᠤᠯᠢ ᠠᠴᠠ ᠵᠥᠷᠢᠴᠡᠨ ᠰᠠᠪᠠᠯᠠᠭᠰᠠᠨ ᠦᠢᠯᠡ ᠠᠵᠢᠯᠯᠠᠭ᠎ᠠ ᠶᠢ

ᠵᠢᠭᠰᠠᠭᠠᠨ ᠪᠠᠶᠢᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠠᠭᠤᠭᠠᠯᠢ ᠠᠷᠠᠳ ᠤᠨ ᠡᠷᠦᠬᠡ ᠳᠤ

ᠣᠷᠣᠬᠤ ᠠᠮᠤᠷ ᠲᠦᠪᠰᠢᠨ ᠤ ᠪᠠᠶᠢᠴᠠᠭᠠᠯᠲᠠ ᠶᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ

ᠭᠡᠢ ᠬᠡᠷᠡᠭᠯᠡᠬᠦ ᠶᠢ ᠥᠷᠭᠡᠨ ᠢᠶᠠᠷ ᠤᠬᠠᠭᠤᠯᠤᠨ ᠬᠥᠲᠥᠯᠥᠨ ᠵᠢᠯᠣᠭᠤᠳᠤᠨ᠎ᠠ᠃

    ᠳᠥᠷᠪᠡ᠂ ᠠᠵᠢᠯ ᠤᠨ ᠠᠯᠬᠤᠮ ᠳᠠᠷᠠᠭ᠎ᠠ

    ᠲᠤᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠴᠠᠭ ᠨᠢ 2023 ᠣᠨ ᠤ 6 ᠰᠠᠷ᠎ᠠ ᠠᠴᠠ 2023 ᠣᠨ ᠤ

12 ᠰᠠᠷ᠎ᠠ ᠪᠣᠯᠲᠠᠯ᠎ᠠ᠃ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠨᠡᠶᠢᠲᠡ ᠳᠣᠣᠷᠠᠬᠢ ᠭᠤᠷᠪᠠᠨ ᠱᠠᠲᠤ

ᠬᠤᠪᠢᠶᠠᠨ᠎ᠠ᠄

    ︵ᠨᠢᠭᠡ᠂ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2023 ᠣᠨ ᠤ 6 ᠰᠠᠷ᠎ᠠ - 2023 ᠣᠨ ᠤ 7

ᠰᠠᠷ᠎ᠠ︶︶ ︽ᠵᠠ︾ ᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠲᠠᠮᠠᠬᠠᠢ ᠬᠡᠢ ᠶᠢᠨ ᠠᠵᠢᠯ

ᠲᠥᠷᠥᠯ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ

ᠵᠣᠬᠢᠶᠠᠵᠤ ᠳᠠᠷᠤᠮᠠᠯᠯᠠᠨ ᠲᠠᠷᠬᠠᠭᠠᠵᠤ᠂ ᠰᠠᠯᠠᠭ᠎ᠠ ᠮᠥᠴᠢᠷ ᠤᠳ ᠢᠳᠡᠪᠬᠢᠲᠡᠢ ᠪᠠᠷ ᠳᠠᠭᠠᠵᠤ ᠬᠢᠬᠦ ᠶᠢ ᠳᠡᠭᠡᠳᠦ

ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠲᠣᠭᠲᠠᠴᠠ ᠶᠢ ᠪᠠᠶᠢᠭᠤᠯᠤᠨ᠂ ᠲᠤᠰᠬᠠᠢ ᠵᠦᠢᠯ ᠢᠶᠠᠷ

ᠴᠡᠭᠴᠡᠯᠡᠨ ᠵᠠᠰᠠᠬᠤ ᠠᠭᠤᠯᠭ᠎ᠠ᠂ ᠬᠠᠷᠠᠯᠲᠠ ᠪᠠ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠡᠭᠴᠡᠯᠡᠨ

ᠵᠠᠰᠠᠬᠤ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃

    ︵ᠬᠤᠶᠠᠷ ᠲᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠱᠠᠲᠤ ᠦᠶ᠎ᠡ ︵2023 ᠣᠨ ᠤ 7

ᠰᠠᠷ᠎ᠠ ᠠᠴᠠ 2023 ᠣᠨ ᠤ 10 ᠰᠠᠷ᠎ᠠ ᠪᠣᠯᠲᠠᠯ᠎ᠠ᠃︶ ︽ᠵᠠ︾ ᠭᠡᠳ ᠡᠯ᠎ᠡ ᠰᠠᠯᠠᠭ᠎ᠠ ᠮᠥᠴᠢᠷ ᠤᠨ ᠬᠢᠨ ᠲᠤᠰ

ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠬᠤᠰᠢᠭᠤᠨ ᠤ ᠰᠢᠲᠠᠮᠠᠬᠠᠢ ᠭᠡᠢ ᠬᠡᠷᠡᠭᠯᠡᠬᠦ ᠠᠵᠢᠯ

ᠲᠥᠷᠥᠯ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠤᠨ᠂

ᠨᠢᠭᠡ ᠢᠵᠢ ᠪᠦᠷᠢᠨ ᠪᠦᠲᠦᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠪᠣᠢ ᠪᠣᠯᠭᠠᠬᠤ ᠬᠡᠷᠡᠭᠲᠡᠢ᠃

    ︵ᠭᠤᠷᠪᠠ ᠳᠤ᠂ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵2023 ᠣᠨ ᠤ 10 ᠰᠠᠷ᠎ᠠ ᠠᠴᠠ 2023

ᠣᠨ ᠤ 12 ᠰᠠᠷ᠎ᠠ ᠬᠦᠷᠲᠡᠯ᠎ᠡ︶︶ ︽ᠵᠠ︾ ᠭᠡᠳ ᠰᠢᠲᠠᠮᠠᠬᠠᠢ ᠬᠡᠢ ᠶᠢᠨ ᠠᠶᠤᠯ ᠦᠭᠡᠢ ᠦᠢᠯᠡᠳᠪᠦᠷᠢᠯᠡᠯ ᠤᠨ

ᠲᠤᠰᠬᠠᠢ ᠴᠡᠭᠴᠡᠯᠡᠨ ᠵᠠᠰᠠᠬᠤ ᠠᠵᠢᠯ ᠢ ᠡᠬᠢᠯᠡᠨ ᠪᠠᠶᠢᠩᠭᠤᠵᠢᠭᠤᠯᠤᠨ ᠥᠷᠨᠢᠭᠦᠯᠵᠦ᠂ ︽ᠡᠷᠭᠢᠨ ᠬᠠᠷᠠᠬᠤ︾ ︽

ᠪᠠᠶᠢᠩᠭᠤᠵᠢᠭᠤᠯᠬᠤ︾ ᠴᠢᠩᠭ᠎ᠠ ᠬᠠᠮᠢᠶᠠᠷᠤᠯᠲᠠ ᠶᠢᠨ ᠱᠠᠭᠠᠷᠳᠠᠯᠭ᠎ᠠ ᠪᠠᠷ ᠳᠠᠮᠵᠢᠭᠤᠯᠤᠨ᠂ ᠪᠠᠶᠢᠩᠭᠤᠵᠢᠭᠤᠯᠬᠤ

ᠲᠣᠭᠲᠠᠴᠠ ᠶᠢ ᠪᠣᠢ ᠪᠣᠯᠭᠠᠵᠤ᠂ ᠬᠦᠨᠳᠦ ᠶᠡᠭᠡ ᠳᠠᠯᠳᠠ ᠭᠡᠮ ᠤᠨ ᠲᠦᠭᠰᠢᠭᠦᠷᠢ ᠶᠢᠨ ᠡᠬᠢ ᠰᠤᠷᠪᠤᠯᠵᠢ ᠶᠢ ᠠᠷᠢᠯᠭᠠᠨ

᠂ ᠪᠠᠭ᠎ᠠ ᠳᠠᠯᠳᠠ ᠭᠡᠮ ᠤᠨ ᠨᠠᠷᠢᠨ ᠴᠤᠬᠤᠶᠢᠯᠲᠠ ᠶᠢ ᠬᠤᠷᠢᠭᠯᠠᠪᠠ᠃

    ᠲᠠᠪᠤ᠂ ᠠᠵᠢᠯ ᠤᠨ ᠱᠠᠭᠠᠷᠳᠠᠯᠭ᠎ᠠ

    ︵ᠨᠢᠭᠡ︶ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ

ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ

ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂

ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠬᠢᠨᠠᠨ

ᠵᠥᠪᠰᠢᠶᠡᠷᠡᠭᠰᠡᠨ ᠪᠣᠯ ᠲᠡᠷᠡ ᠬᠢᠨᠠᠨ ᠬᠠᠮᠢᠶᠠᠷᠤᠭᠰᠠᠨ᠂ ᠲᠡᠷᠡ ᠠᠮᠤᠷ ᠲᠦᠪᠰᠢᠨ ᠢ ᠬᠠᠷᠢᠭᠤᠴᠠᠬᠤ︾ ᠵᠠᠷᠴᠢᠮ ᠤᠨ

ᠶᠣᠰᠣᠭᠠᠷ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ

ᠬᠠᠷᠢᠭᠤᠴᠠᠯᠭ᠎ᠠ ᠶᠢ ᠦᠨᠡᠨᠬᠦ ᠭᠦᠢᠴᠡᠳᠬᠡᠬᠦ ᠬᠡᠷᠡᠭᠲᠡᠢ᠃ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠵᠢᠯ ᠤᠨ

ᠨᠡᠶᠢᠯᠡᠮᠡᠯ ᠬᠦᠴᠦᠨ ᠢ ᠪᠣᠢ ᠪᠣᠯᠭᠠᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠦᠴᠦᠨ ᠴᠢᠳᠠᠪᠤᠷᠢ ᠶᠢ

ᠭᠦᠢᠴᠡᠳ ᠪᠠᠳᠠᠷᠠᠭᠤᠯᠤᠨ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠨᠡᠩ ᠢᠯᠡᠭᠦᠦ ᠰᠦᠷᠳᠡᠭᠦᠯᠬᠦ

ᠬᠦᠴᠦᠨ ᠲᠠᠢ ᠪᠣᠯᠭᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ ᠤᠨ ᠬᠢᠨᠠᠯᠲᠠ

ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ

ᠠᠷᠭᠠᠴᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠠᠵᠢᠯ ᠤᠨ ᠭᠤᠣᠯᠳᠠᠯᠭ᠎ᠠ ᠲᠠᠢ ᠴᠡᠭᠴᠡᠯᠡᠨ ᠵᠠᠰᠠᠬᠤ

ᠠᠭᠤᠯᠭ᠎ᠠ ᠶᠢᠨ ᠲᠣᠭᠤᠷᠢᠨ ᠳᠤ᠂ ᠲᠤᠰᠬᠠᠢ ᠬᠦᠴᠦᠨ ᠢ ᠵᠣᠬᠢᠶᠠᠨ ᠪᠠᠶᠢᠭᠤᠯᠵᠤ᠂ ᠰᠢᠲᠠᠮᠠᠬᠠᠢ ᠬᠡᠢ ᠶᠢᠨ ᠠᠵᠤ

ᠠᠬᠤᠶᠢᠯᠠᠯ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠶᠢ ᠨᠢᠭᠡ ᠤᠳᠠᠭ᠎ᠠ

ᠥᠷᠨᠢᠭᠦᠯᠵᠦ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠢᠳᠡᠭᠡᠨ ᠤᠮᠳᠠᠭᠠᠨ ᠤ ᠲᠠᠯᠠᠪᠤᠷ

ᠭᠠᠵᠠᠷ ᠲᠤ ᠨᠢᠭᠡ ᠤᠳᠠᠭ᠎ᠠ ᠪᠦᠬᠦᠨ ᠢ ᠬᠠᠮᠤᠷᠤᠭᠰᠠᠨ ᠠᠮᠤᠷ ᠲᠦᠪᠰᠢᠨ ᠤ ᠪᠠᠶᠢᠴᠠᠭᠠᠯᠲᠠ ᠬᠢᠯᠭᠡᠵᠦ᠂ ᠭᠡᠷ ᠤᠨ

ᠳᠣᠲᠣᠨ᠎ᠠ ᠭᠠᠳᠠᠨᠠᠬᠢ ᠬᠤᠭᠤᠯᠠᠢ ᠶᠢᠨ ᠲᠣᠨᠤᠭ ᠲᠥᠬᠦᠭᠡᠷᠦᠮᠵᠢ᠂ ᠰᠢᠲᠠᠮᠠᠬᠠᠢ ᠬᠡᠢ ᠶᠢᠨ ᠪᠠᠭᠠᠵᠢ᠂ ᠵᠥᠭᠡᠯᠡᠨ

ᠬᠤᠭᠤᠯᠠᠢ᠂ ᠭᠡᠢ ᠬᠡᠷᠡᠭᠯᠡᠬᠦ ᠣᠷᠴᠢᠨ ᠲᠣᠭᠤᠷᠢᠨ ᠵᠡᠷᠭᠡ ᠶᠢ ᠪᠦᠬᠦ ᠲᠠᠯ᠎ᠠ ᠪᠠᠷ ᠨᠠᠷᠢᠨ ᠨᠢᠮᠪᠠᠢ ᠬᠡᠮᠵᠢᠨ ᠲᠤᠷᠰᠢᠬᠤ ᠪᠠ

ᠪᠠᠶᠢᠴᠠᠭᠠᠪᠠ᠃ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠰᠢᠲᠠᠮᠠᠬᠠᠢ

ᠬᠡᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠲᠠᠲᠠᠵᠤ᠂ ᠡᠯ᠎ᠡ ᠪᠠᠶᠢᠴᠠᠭᠠᠬᠤ ᠳᠤᠭᠤᠶᠢᠯᠠᠩ ᠳᠣᠲᠣᠷ᠎ᠠ

ᠲᠡᠭᠦᠯᠳᠡᠷᠵᠢᠭᠦᠯᠦᠨ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ ᠠᠰᠠᠭᠤᠳᠠᠯ ᠢ ᠦᠨᠡᠨ ᠬᠦ

ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠲᠤᠰ ᠤᠳᠠᠭᠠᠨ ᠤ ᠠᠵᠢᠯᠯᠠᠭ᠎ᠠ ᠶᠢ ᠪᠦᠬᠦ ᠣᠷᠣᠨ ᠤ ᠬᠤᠲᠠ

ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠲᠠᠢ

ᠣᠷᠭᠠᠨᠢᠭ ᠢᠶᠠᠷ ᠤᠶᠠᠯᠳᠤᠭᠤᠯᠵᠤ᠂ ᠨᠠᠷᠢᠯᠢᠭ ᠣᠨᠣᠴᠠᠲᠠᠢ ᠪᠠᠷ ᠴᠡᠭᠴᠡᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠢ᠃

    ︵ᠬᠤᠶᠠᠷ︶ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠵᠤ

ᠠᠬᠤᠶᠢᠯᠠᠯ ᠪᠣᠯ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠲᠣᠭᠲᠠᠭᠠᠭᠰᠠᠨ

ᠱᠠᠭᠠᠷᠳᠠᠯᠭ᠎ᠠ ᠶᠣᠰᠣᠭᠠᠷ ᠡᠷᠦᠬᠡ ᠳᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠶᠢᠨ ᠳᠦᠷᠢᠮ ᠢ ᠴᠢᠩᠭ᠎ᠠ

ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ

ᠳᠦᠷᠢᠮ ᠤᠨ ᠱᠠᠭᠠᠷᠳᠠᠯᠭ᠎ᠠ ᠶᠣᠰᠣᠭᠠᠷ᠂ ᠦᠢᠯᠡᠴᠢᠯᠡᠭᠡᠨ ᠤ ᠬᠡᠷᠡᠭᠯᠡᠭᠴᠢᠳ ᠲᠤ ᠪᠦᠬᠦ ᠲᠠᠯ᠎ᠠ ᠶᠢᠨ ᠪᠠᠶᠢᠴᠠᠭᠠᠯᠲᠠ

ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠡᠯ᠎ᠡ ᠲᠥᠷᠥᠯ ᠤᠨ ᠳᠠᠯᠳᠠ ᠭᠡᠮ ᠢ

ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠥᠭᠡᠷᠡᠴᠢᠯᠡᠬᠦ ᠶᠢ ᠴᠢᠩᠭᠠᠳᠬᠠᠨ᠂ ᠡᠯ᠎ᠡ ᠵᠦᠢᠯ ᠤᠨ ᠬᠠᠮᠢᠶᠠᠷᠤᠯᠲᠠ ᠶᠢᠨ

ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠲᠣᠬᠢᠷᠠᠭᠤᠯᠤᠨ ᠬᠦᠷᠭᠡᠬᠦ ᠬᠥᠮᠦᠰ ᠤᠨ ᠠᠶᠤᠯ ᠦᠭᠡᠢ ᠶᠢᠨ

ᠬᠠᠮᠢᠶᠠᠷᠤᠯᠲᠠ ᠶᠢᠨ ᠵᠠᠩᠭᠢᠯᠠᠭ᠎ᠠ ᠶᠢᠨ ᠴᠠᠭ ᠬᠤᠭᠤᠴᠠᠭ᠎ᠠ ᠳᠠᠬᠢ ᠠᠵᠢᠯᠲᠠᠨ ᠢ ᠨᠡᠮᠡᠵᠦ ᠲᠣᠮᠢᠯᠠᠬᠤ ᠠᠵᠢᠯ

ᠲᠥᠷᠥᠯ ᠤᠨ ᠠᠶᠤᠯ ᠦᠭᠡᠢ ᠶᠢᠨ ᠡᠯ᠎ᠡ ᠵᠦᠢᠯ ᠤᠨ ᠠᠵᠢᠯ ᠢ ᠴᠢᠩᠭᠠᠳᠬᠠᠵᠤ᠂ ᠠᠵᠢᠯ ᠤᠨ ᠡᠭᠦᠷᠭᠡ

ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠠᠮᠤᠷ

ᠲᠦᠪᠰᠢᠨ ᠤ ᠭᠡᠮ ᠰᠣᠭᠤᠭ ᠤᠨ ᠡᠬᠡ ᠳᠠᠩᠰᠠ ᠶᠢ ᠪᠠᠶᠢᠭᠤᠯᠵᠤ᠂ ᠡᠬᠡ ᠳᠠᠩᠰᠠ ᠳᠤ ᠴᠢᠭᠯᠡᠭᠦᠯᠦᠨ ᠨᠢᠭᠡᠳ

ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠬᠦ ᠬᠡᠷᠡᠭᠲᠡᠢ᠃

 

 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号