ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ | ᠮᠠᠨ ᠤ ᠬᠤᠰᠢᠭᠤᠨ ᠤ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ | ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠠᠯ ᠭᠠᠷᠬᠤ ᠶᠢ ᠪᠦᠲᠦᠮᠵᠢᠲᠡᠢ | ᠰᠡᠷᠭᠡᠶᠢᠯᠡᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠬᠦ ᠪᠠᠷ ᠳᠠᠮᠵᠢᠨ᠂ | ᠡᠳᠦᠭᠡ ︽ᠰᠢᠲᠠᠮᠠᠬᠠᠢ ᠬᠡᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠲᠤᠰᠬᠠᠢ ᠴᠡᠭᠴᠡᠯᠡᠨ ᠵᠠᠰᠠᠬᠤ | ᠠᠵᠢᠯᠯᠠᠭ᠎ᠠ ᠶᠢᠨ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | | 2023 ᠣᠨ ᠤ 7 ᠰᠠᠷ᠎ᠠ ᠶᠢᠨ 11 ᠤ ᠡᠳᠦᠷ | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ | ᠶᠡᠭᠡ ᠪᠠᠶᠢᠴᠠᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ | | ᠣᠶᠢᠷ᠎ᠠ ᠶᠢᠨ ᠬᠤᠭᠤᠴᠠᠭᠠᠨ ᠳᠤ᠂ ᠪᠦᠬᠦ ᠤᠯᠤᠰ ᠤᠨ ᠡᠯ᠎ᠡ ᠭᠠᠵᠠᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ | ᠠᠳᠠᠯ ᠪᠠᠶᠢᠨ ᠳᠠᠬᠢᠨ ᠡᠭᠦᠰᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠬᠦᠨᠳᠦ ᠨᠣᠴᠢᠲᠠᠢ | ᠨᠥᠯᠥᠭᠡᠯᠡᠵᠦ᠂ ᠰᠢᠲᠠᠮᠠᠬᠠᠢ ᠭᠡᠢ ᠬᠡᠷᠡᠭᠯᠡᠬᠦ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠳᠤ ᠣᠷᠣᠰᠢᠵᠤ | ᠪᠠᠶᠢᠭ᠎ᠠ ᠮᠠᠰᠢ ᠣᠯᠠᠨ ᠠᠰᠠᠭᠤᠳᠠᠯ ᠪᠠ ᠳᠤᠲᠠᠭᠤᠳᠠᠯ ᠢ ᠲᠤᠰᠬᠠᠵᠤ ᠪᠠᠶᠢᠨ᠎ᠠ᠃ ᠠᠳᠠᠯ ᠤᠨ ᠬᠠᠷᠠᠰᠠᠯᠲᠤ | ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠮᠠᠨ ᠤ ᠬᠤᠰᠢᠭᠤᠨ ᠤ ᠰᠢᠲᠠᠮᠠᠬᠠᠢ ᠬᠡᠢ ᠶᠢᠨ ᠠᠶᠤᠯᠭᠦᠢ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠶᠢᠨ ᠠᠮᠤᠷ | ᠲᠦᠪᠰᠢᠨ ᠤ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠶᠢᠨ ᠢᠷᠭᠠᠢ ᠬᠤᠲᠠ ᠶᠢᠨ ᠰᠢᠲᠠᠮᠠᠬᠠᠢ ᠬᠡᠢ ᠶᠢᠨ | ᠳᠡᠯᠪᠡᠷᠡᠯᠲᠡ ᠶᠢᠨ ᠠᠳᠠᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ ᠢᠮᠠᠭᠲᠠ ᠰᠡᠳᠬᠢᠯ ᠠᠮᠤᠷ ᠦᠭᠡᠢ | ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠷᠢᠯᠢᠭ | ᠠᠳᠬᠤᠵᠤ᠂ ᠴᠤᠬᠤᠶᠢᠯᠲᠠ ᠶᠢᠨ ᠭᠡᠮ ᠰᠣᠭᠤᠭ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠠᠳᠠᠯ | ᠭᠠᠷᠬᠤ ᠶᠢ ᠪᠦᠲᠦᠮᠵᠢᠲᠡᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨᠬᠦ ᠪᠠᠲᠤᠯᠠᠬᠤ ᠬᠡᠷᠡᠭᠲᠡᠢ᠃ | ᠬᠤᠶᠠᠷ᠂ ᠴᠡᠭᠴᠡᠯᠡᠨ ᠵᠠᠰᠠᠬᠤ ᠠᠭᠤᠯᠭ᠎ᠠ | ︵ᠨᠢᠭᠡ︶ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠮᠤᠷ ᠲᠦᠪᠰᠢᠨ ᠤ ᠲᠦᠭᠰᠢᠭᠦᠷᠢ ᠪᠠ ᠬᠦᠨᠳᠦ ᠶᠡᠭᠡ | ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠪᠦᠬᠦ ᠬᠤᠰᠢᠭᠤᠨ ᠤ ᠰᠢᠩᠭᠡᠨᠵᠢᠮᠡᠯ | ᠬᠡᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ | ᠠᠵᠤ ᠠᠬᠤᠶᠢᠯᠠᠯ ᠤᠨ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠬᠡᠢ ᠪᠠᠶᠢᠴᠠᠭᠠᠬᠤ ᠲᠦᠩᠰᠡ ᠶᠢ ᠰᠠᠪᠠᠯᠠᠬᠤ ᠪᠠ | ᠪᠣᠷᠣᠯᠠᠭᠤᠯᠬᠤ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠮᠢᠶ᠎ᠠ ᠪᠦᠬᠦᠢ ᠬᠢᠷᠢ ᠭᠡᠮ | ᠣᠯᠤᠭᠰᠠᠨ ᠦᠭᠡᠢ ᠨᠢᠭᠡᠴᠡ ᠪᠤᠶᠤ ᠬᠤᠪᠢ ᠬᠥᠮᠦᠨ ᠳᠤ ᠰᠠᠪᠠᠯᠠᠵᠤ ᠥᠭᠭᠦᠨ᠎ᠡ᠂ ᠠᠵᠢᠯᠯᠠᠭᠠᠨ ᠢ ᠬᠠᠮᠠᠭᠠᠯᠠᠬᠤ ᠪᠠ | ᠵᠠᠪᠳᠤᠨ ᠵᠠᠰᠠᠬᠤ ᠠᠵᠢᠯᠲᠠᠨ ᠲᠣᠬᠢᠷᠠᠭᠤᠯᠤᠭᠰᠠᠨ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ᠠᠮᠤᠷ ᠲᠦᠪᠰᠢᠨ ᠢ | ᠪᠠᠶᠢᠴᠠᠭᠠᠨ ᠰᠢᠯᠭᠠᠬᠤ ᠲᠥᠬᠦᠭᠡᠷᠦᠮᠵᠢ ᠬᠦᠷᠦᠯᠴᠡᠬᠦ ᠦᠭᠡᠢ ᠪᠤᠶᠤ ᠬᠦᠴᠦᠨ ᠦᠭᠡᠢ ᠪᠣᠯᠬᠤ᠂ ᠬᠦᠨᠳᠦ ᠶᠡᠭᠡ | ᠠᠶᠤᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠬᠦᠷᠦᠯᠴᠡᠬᠦ ᠦᠭᠡᠢ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠪᠠ ᠰᠣᠷᠢᠯᠲᠠ ᠨᠢ ᠬᠡᠯᠪᠡᠷᠢ ᠶᠢᠨ ᠲᠡᠳᠦᠢ ᠪᠠᠶᠢᠬᠤ ᠵᠡᠷᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ | ᠲᠠᠯ᠎ᠠ ᠪᠠᠷ ᠴᠡᠭᠴᠡᠯᠡᠵᠦ᠂ ᠣᠷᠣᠨ ᠪᠦᠰᠡ ᠠᠯᠤᠰᠯᠠᠨ ᠡᠵᠡᠩᠨᠡᠬᠦ ᠳᠤ ᠴᠢᠩᠭ᠎ᠠ ᠴᠣᠬᠢᠯᠲᠠ ᠥᠭᠴᠦ᠂ ᠨᠥᠬᠦᠴᠡᠯ ᠳᠤ | ᠨᠡᠶᠢᠴᠡᠬᠦ ᠦᠭᠡᠢ ᠰᠢᠲᠠᠮᠠᠬᠠᠢ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠢ ᠰᠢᠲᠠᠮᠠᠬᠠᠢ ᠬᠡᠢ ᠡᠵᠡᠩᠨᠡᠬᠦ ᠵᠥᠪᠰᠢᠶᠡᠷᠡᠯ᠂ | ᠰᠠᠪᠠᠯᠠᠵᠤ ᠤᠭᠰᠠᠷᠠᠬᠤ ᠵᠥᠪᠰᠢᠶᠡᠷᠡᠯ ᠵᠡᠷᠭᠡ ᠬᠢᠷᠢ ᠭᠡᠮ ᠤᠨ ᠭᠡᠷᠡᠴᠢ ᠦᠨᠡᠮᠯᠡᠯ ᠢ ᠬᠠᠤᠯᠢ ᠶᠣᠰᠣᠭᠠᠷ ᠬᠦᠴᠦᠨ | ᠦᠭᠡᠢ ᠪᠣᠯᠭᠠᠬᠤ ᠪᠤᠶᠤ ᠬᠦᠴᠦᠨ ᠦᠭᠡᠢ ᠪᠣᠯᠭᠠᠨ᠎ᠠ᠃ | ︵ᠬᠤᠶᠠᠷ︶ ᠰᠢᠲᠠᠮᠠᠬᠠᠢ ᠬᠡᠢ ᠲᠡᠭᠡᠭᠡᠪᠦᠷᠢᠯᠡᠨ ᠬᠦᠷᠭᠡᠵᠦ ᠲᠣᠬᠢᠷᠠᠭᠤᠯᠤᠨ ᠬᠦᠷᠭᠡᠬᠦ ᠠᠮᠤᠷ ᠲᠦᠪᠰᠢᠨ ᠤ ᠳᠠᠯᠳᠠ | ᠭᠡᠮ ᠢ ᠴᠡᠭᠴᠡᠯᠡᠨ ᠵᠠᠰᠠᠨ᠎ᠠ᠃ ᠠᠶᠤᠯᠲᠠᠢ ᠪᠠᠷᠠᠭ᠎ᠠ ᠶᠢᠨ ᠵᠠᠮ ᠲᠡᠭᠡᠭᠡᠪᠦᠷᠢ ᠶᠢᠨ ᠵᠥᠪᠰᠢᠶᠡᠷᠡᠯ ᠤᠨ ᠲᠡᠷᠭᠡ ᠬᠥᠰᠬᠡ | ᠰᠢᠲᠠᠮᠠᠬᠠᠢ ᠬᠡᠢ ᠲᠡᠭᠡᠭᠡᠪᠦᠷᠢᠯᠡᠬᠦ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠰᠢᠲᠠᠮᠠᠬᠠᠢ ᠬᠡᠢ ᠶᠢᠨ | ᠬᠤᠭᠤᠯᠠᠢ ᠶᠢ ᠲᠣᠭᠤᠷᠢᠨ ᠴᠠᠭᠳᠠᠬᠤ ᠱᠤᠭᠤᠮ ᠪᠣᠯᠤᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ | ᠦᠭᠡᠢ᠂ ᠰᠢᠲᠠᠮᠠᠬᠠᠢ ᠬᠡᠢ ᠶᠢᠨ ᠬᠤᠭᠤᠯᠠᠢ ᠶᠢᠨ ᠭᠤᠷᠪᠠᠳᠠᠬᠢ ᠡᠲᠡᠭᠡᠳ ᠤᠨ ᠪᠠᠷᠢᠯᠭ᠎ᠠ ᠶᠢᠨ ᠬᠠᠮᠠᠭᠠᠯᠠᠯᠲᠠ ᠶᠢᠨ | ᠳᠦᠷᠢᠮ ᠢ ᠲᠣᠭᠲᠠᠭᠠᠭᠰᠠᠨ ᠦᠭᠡᠢ ᠪᠠ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠦᠢᠯᠡ ᠠᠵᠢᠯᠯᠠᠭ᠎ᠠ ᠶᠢ | ᠲᠣᠭᠲᠠᠭᠠᠯ ᠶᠣᠰᠣᠭᠠᠷ ᠵᠢᠭᠰᠠᠭᠠᠨ ᠪᠠᠶᠢᠴᠠᠭᠠᠬᠤ ᠬᠡᠷᠡᠭᠲᠡᠢ᠃ | ︵ᠭᠤᠷᠪᠠ︶ ᠢᠳᠡᠭᠡᠨ ᠤᠮᠳᠠᠭᠠᠨ᠂ ᠥᠷᠯᠥᠭᠡ ᠦᠳᠡᠰᠢ ᠶᠢᠨ ᠵᠠᠬ᠎ᠠ ᠵᠡᠷᠭᠡ ᠬᠥᠮᠦᠨ ᠣᠯᠠᠨ ᠴᠤᠭᠯᠠᠷᠠᠬᠤ | ᠭᠠᠵᠠᠷ ᠲᠠᠯᠠᠪᠤᠷ ᠤᠨ ᠬᠡᠷᠡᠭᠯᠡᠬᠦ ᠭᠤᠭᠴᠤᠭ᠎ᠠ ᠶᠢᠨ ᠳᠠᠯᠳᠠ ᠭᠡᠮ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ᠬᠢᠷᠢ | ᠲᠡᠩᠴᠡᠬᠦ ᠦᠭᠡᠢ ᠲᠡᠮᠦᠷᠯᠢᠭ ᠪᠤᠰᠤ ᠵᠠᠯᠭᠠᠯᠲᠠ ᠶᠢᠨ ᠵᠥᠭᠡᠯᠡᠨ ᠬᠤᠭᠤᠯᠠᠢ ᠶᠢ ᠵᠢᠭᠰᠠᠭᠠᠨ ᠪᠠᠶᠢᠴᠠᠭᠠᠵᠤ᠂ ᠵᠥᠭᠡᠯᠡᠨ | ᠬᠤᠭᠤᠯᠠᠢ ᠶᠢᠨ ᠤᠷᠲᠤ ᠨᠢ 2 ᠮᠧᠳ᠋ᠷ ᠢ ᠬᠡᠲᠦᠷᠡᠭᠰᠡᠨ ᠪᠤᠶᠤ ᠳᠠᠯᠳᠠᠭᠤᠷ ︽ᠭᠤᠷᠪᠠ ᠶᠢ ᠨᠡᠪᠲᠡᠷᠡᠭᠦᠯᠬᠦ︾ ᠵᠥᠭᠡᠯᠡᠨ | ᠬᠤᠭᠤᠯᠠᠢ ᠶᠢ ᠬᠠᠭᠤᠴᠢᠷᠠᠭᠤᠯᠤᠨ ᠰᠤᠯᠠᠷᠠᠭᠤᠯᠤᠨ᠎ᠠ︔ ᠵᠥᠭᠡᠯᠡᠨ ᠬᠤᠭᠤᠯᠠᠢ ᠶᠢ ᠬᠡᠷᠡᠮ᠂ ᠡᠭᠦᠳᠡ ᠴᠣᠩᠬᠤ᠂ | ᠳᠡᠭᠡᠪᠦᠷ᠂ ᠭᠠᠵᠠᠷ ᠤᠨ ᠭᠠᠳᠠᠷᠭᠤ ᠶᠢ ᠨᠡᠪᠲᠡᠯᠦᠨ ᠭᠠᠷᠪᠠ᠃ ᠤᠯᠤᠰ ᠤᠨ ᠪᠠᠷᠢᠮᠵᠢᠶ᠎ᠠ ᠳᠤ ᠦᠯᠦ ᠨᠡᠶᠢᠴᠡᠬᠦ | ᠳᠠᠷᠤᠯᠲᠠᠲᠤ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠳᠠᠷᠤᠯᠲᠠ ᠲᠣᠬᠢᠷᠠᠭᠤᠯᠤᠬᠤᠷ ᠢ ᠬᠡᠷᠡᠭᠯᠡᠵᠦ ᠪᠣᠯᠤᠨ᠎ᠠ︔ | ᠬᠢᠷᠢ ᠲᠡᠩᠴᠡᠬᠦ ᠦᠭᠡᠢ ᠬᠡᠢ ᠶᠢᠨ ᠲᠦᠩᠰᠡ ᠶᠢ ᠬᠡᠷᠡᠭᠯᠡᠨ᠎ᠡ︔ ᠢᠳᠡᠭᠡᠨ ᠤᠮᠳᠠᠭᠠᠨ ᠵᠡᠷᠭᠡ ᠲᠠᠯᠠᠪᠤᠷ ᠲᠤ ᠰᠢᠲᠠᠮᠠᠬᠠᠢ | ᠬᠡᠢ ᠶᠢᠨ ᠯᠡᠪᠡᠷᠡᠯᠲᠡ ᠶᠢᠨ ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠭᠰᠠᠨ ᠦᠭᠡᠢ︔ ᠲᠦᠭᠰᠢᠭᠦᠷᠢ ᠮᠡᠳᠡᠭᠡᠯᠡᠬᠦ | ᠮᠠᠰᠢᠨ ᠤ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ᠂ ᠬᠡᠷᠡᠭᠯᠡᠬᠦ ᠪᠠᠶᠢᠷᠢ ᠨᠢ ᠵᠥᠪ ᠪᠤᠰᠤ ᠪᠤᠶᠤ ᠠᠵᠢᠯ ᠤᠨ | ᠪᠠᠶᠢᠳᠠᠯ ᠳᠤ ᠨᠡᠶᠢᠴᠡᠬᠦ ᠦᠭᠡᠢ︔ ᠢᠳᠡᠭᠡᠨ ᠤᠮᠳᠠᠭᠠᠨ ᠵᠡᠷᠭᠡ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ | ᠭᠡᠷ ᠲᠤ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠲᠦᠩᠰᠡ ᠶᠢ ᠪᠠᠶᠢᠷᠢᠯᠠᠭᠤᠯᠵᠤ᠂ ᠡᠰᠡᠬᠦᠯ᠎ᠡ ᠯᠣᠩᠬᠤ ᠶᠢᠨ | ᠶᠡᠷᠦᠩᠬᠡᠢ ᠬᠦᠨᠳᠦᠴᠡ ᠶᠢ 100 ᠺᠢᠯᠣᠭ᠍ᠷᠠᠮ ᠢ ᠳᠠᠪᠠᠭᠰᠠᠨ ᠪᠣᠯᠪᠠᠴᠤ ᠲᠤᠰᠬᠠᠢ ᠬᠡᠷᠡᠭᠯᠡᠬᠦ ᠬᠡᠢ ᠶᠢᠨ ᠲᠦᠩᠰᠡ ᠶᠢ | ᠲᠣᠬᠢᠷᠠᠭᠤᠯᠤᠭᠰᠠᠨ ᠦᠭᠡᠢ︔ ᠬᠡᠢ ᠶᠢᠨ ᠲᠦᠩᠰᠡ ᠶᠢᠨ ᠲᠠᠰᠤᠯᠭ᠎ᠠ ᠳᠤ ᠰᠢᠲᠠᠮᠠᠬᠠᠢ ᠬᠡᠢ ᠶᠢᠨ ᠯᠡᠪᠡᠷᠡᠯᠲᠡ ᠶᠢᠨ | ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠭᠰᠠᠨ ᠦᠭᠡᠢ︔ ᠬᠡᠢ ᠶᠢᠨ ᠲᠦᠩᠰᠡ ᠶᠢᠨ ᠲᠠᠰᠤᠯᠭ᠎ᠠ ᠨᠢ | ᠲᠣᠭᠲᠠᠭᠠᠯ ᠠᠴᠠ ᠵᠥᠷᠢᠴᠡᠨ ᠭᠠᠵᠠᠷ ᠳᠣᠣᠷᠠᠬᠢ ᠥᠷᠥᠭᠡ ᠪᠠ ᠬᠠᠭᠠᠰ ᠭᠠᠵᠠᠷ ᠳᠣᠣᠷᠠᠬᠢ ᠭᠡᠷ ᠲᠤ ᠲᠣᠬᠢᠷᠠᠭᠤᠯᠵᠠᠢ᠃ | | ︵ᠳᠥᠷᠪᠡ︶ ᠬᠠᠭᠤᠴᠢᠨ ᠵᠢᠵᠢᠭ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠢ᠂ ᠳᠠᠷᠤᠯᠲᠠ | ᠲᠣᠬᠢᠷᠠᠭᠤᠯᠬᠤ ᠥᠷᠲᠡᠭᠡ᠂ ᠰᠢᠲᠠᠮᠠᠬᠠᠢ ᠬᠡᠢ ᠶᠢ ᠬᠤᠭᠤᠯᠠᠢ ᠣᠷᠣᠭᠤᠯᠬᠤ᠂ ᠪᠣᠰᠤᠭ᠎ᠠ ᠬᠤᠭᠤᠯᠠᠢ ᠵᠢᠴᠢ | ᠬᠤᠭᠤᠯᠠᠢ ᠶᠢᠨ ᠠᠰᠠᠷ ᠤᠨ ᠬᠠᠪᠲᠠᠰᠤᠨ ᠤ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠲᠣᠭᠲᠠᠭᠠᠯ ᠠᠴᠠ ᠵᠥᠷᠢᠴᠡᠨ | ᠬᠠᠤᠯᠢ ᠪᠤᠰᠤ ᠪᠠᠷ ᠬᠠᠳᠠᠭᠠᠯᠠᠵᠤ ᠰᠠᠪᠠᠯᠠᠬᠤ ᠴᠡᠭ ᠲᠣᠬᠢᠷᠠᠭᠤᠯᠵᠤ᠂ ᠰᠠᠭᠤᠭᠠᠯᠢ ᠠᠷᠠᠳ ᠤᠨ ᠬᠡᠷᠡᠭᠯᠡᠬᠦ ᠡᠷᠦᠬᠡ | ᠭᠡᠷ ᠤᠨ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠪᠠ ᠰᠢᠲᠠᠮᠠᠬᠠᠢ ᠬᠡᠢ ᠶᠢᠨ ᠬᠡᠮᠵᠢᠯᠲᠡ ᠶᠢᠨ | ᠲᠥᠬᠦᠭᠡᠷᠦᠮᠵᠢ ᠶᠢ ᠳᠤᠷ᠎ᠠ ᠪᠠᠷ ᠢᠶᠠᠨ ᠤᠭᠰᠠᠷᠠᠵᠤ᠂ ᠥᠭᠡᠷᠡᠴᠢᠯᠡᠨ ᠤᠭᠰᠠᠷᠠᠵᠤ᠂ ᠨᠤᠷᠠᠭᠠᠵᠤ᠂ ᠭᠡᠷ ᠳᠣᠲᠣᠷᠠᠬᠢ | ᠬᠤᠭᠤᠯᠠᠢ ᠨᠢ ᠬᠦᠨᠳᠦ ᠨᠣᠴᠢᠲᠠᠢ ᠵᠢᠪᠡᠷᠡᠵᠦ᠂ ᠬᠢᠷᠢ ᠲᠡᠩᠴᠡᠬᠦ ᠦᠭᠡᠢ ᠬᠡᠶ ᠶᠢᠨ ᠯᠣᠩᠬᠤ᠂ ᠵᠤᠤᠬ᠎ᠠ᠂ ᠵᠠᠯᠭᠠᠬᠤ | ᠵᠥᠭᠡᠯᠡᠨ ᠬᠤᠭᠤᠯᠠᠢ ᠪᠠ ᠳᠠᠷᠤᠯᠲᠠ ᠪᠠᠭᠤᠷᠠᠭᠤᠯᠬᠤ ᠨᠡᠭᠡᠯᠡᠬᠡᠢ ᠵᠡᠷᠭᠡ ᠲᠦᠭᠰᠢᠭᠦᠷᠢ ᠶᠢᠨ ᠳᠠᠯᠳᠠ ᠭᠡᠮ ᠢ | ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ | ︵ᠲᠠᠪᠤ︶ ᠰᠢᠲᠠᠮᠠᠬᠠᠢ ᠬᠡᠢ ᠶᠢᠨ ᠪᠠᠭᠠᠵᠢ ᠵᠡᠷᠭᠡ ᠰᠢᠲᠠᠮᠠᠬᠠᠢ ᠬᠡᠢ ᠶᠢᠨ ᠡᠬᠢ ᠡᠭᠦᠰᠦᠯ ᠤᠨ ᠠᠮᠤᠷ ᠲᠦᠪᠰᠢᠨ ᠤ | ᠲᠦᠭᠰᠢᠭᠦᠷᠢ ᠪᠠ ᠬᠦᠨᠳᠦ ᠶᠡᠭᠡ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ | ᠣᠳᠣ ᠶᠢᠨ ᠪᠠᠶᠢᠭ᠎ᠠ ᠰᠢᠲᠠᠮᠠᠬᠠᠢ ᠬᠡᠢ ᠶᠢᠨ ᠪᠠᠭᠠᠵᠢ᠂ ᠰᠢᠲᠠᠮᠠᠬᠠᠢ ᠬᠡᠢ ᠶᠢᠨ ᠭᠤᠭᠤᠵᠢᠵᠤ ᠪᠠᠶᠢᠭ᠎ᠠ ᠲᠦᠭᠰᠢᠭᠦᠷᠢ | ᠮᠡᠳᠡᠭᠡᠯᠡᠬᠦ ᠮᠠᠰᠢᠨ ᠵᠡᠷᠭᠡ ᠦᠢᠯᠡᠳᠬᠦᠨ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠭᠦᠢᠯᠭᠡᠭᠡᠨ ᠪᠣᠷᠣᠯᠠᠭᠤᠯᠬᠤ ᠵᠠᠮ | ᠮᠥᠷ ᠤᠨ ᠴᠢᠭ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ | ᠰᠢᠲᠠᠮᠠᠬᠠᠢ ᠬᠡᠢ ᠶᠢᠨ ᠵᠠᠳᠠᠷᠠᠯᠲᠠ ᠶᠢᠨ ᠲᠦᠭᠰᠢᠭᠦᠷᠢ ᠮᠡᠳᠡᠭᠡᠯᠡᠬᠦ ᠮᠠᠰᠢᠨ ᠵᠢᠴᠢ ᠰᠡᠯᠪᠢᠭ ᠲᠣᠨᠤᠭ ᠪᠣᠯᠤᠨ | ᠦᠢᠯᠡᠳᠬᠦᠨ ᠤ ᠭᠡᠷᠡᠴᠢᠯᠡᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠶᠢ | ᠦᠢᠯᠡᠳᠪᠦᠷᠢᠯᠡᠬᠦ ᠪᠠ ᠪᠣᠷᠣᠯᠠᠭᠤᠯᠤᠨ ᠬᠤᠳᠠᠯᠳᠤᠬᠤ ᠶᠢ ᠴᠢᠩᠭ᠎ᠠ ᠴᠠᠭᠠᠵᠠᠯᠠᠵᠤ᠂ ᠠᠶᠤᠯ ᠦᠭᠡᠢ ᠶᠢᠨ ᠪᠠᠷᠢᠮᠵᠢᠶ᠎ᠠ ᠳᠤ | ᠨᠡᠶᠢᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠨᠢᠭᠡᠴᠡ ᠶᠢ ᠬᠠᠤᠯᠢ | ᠶᠣᠰᠣᠭᠠᠷ ᠴᠢᠩᠭ᠎ᠠ ᠰᠢᠳᠬᠡᠨ ᠲᠣᠷᠭᠠᠵᠤ᠂ ᠬᠢᠷᠢ ᠲᠡᠩᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠵᠡᠷᠭᠡ | ᠦᠢᠯᠡᠳᠬᠦᠨ ᠢ ᠬᠡᠷᠡᠭᠯᠡᠵᠦ ᠪᠠᠶᠢᠭ᠎ᠠ ᠵᠠᠩᠭᠢᠯᠠᠭ᠎ᠠ ᠳᠤ ᠡᠬᠢ ᠡᠭᠦᠰᠦᠯ ᠠᠴᠠ ᠨᠢ ᠪᠥᠭᠯᠡᠬᠦ ᠬᠡᠷᠡᠭᠲᠡᠢ᠃ | ᠭᠤᠷᠪᠠ᠂ ᠠᠵᠢᠯ ᠤᠨ ᠡᠭᠦᠷᠭᠡ ᠬᠠᠷᠢᠭᠤᠴᠠᠯᠭ᠎ᠠ | ︵ᠨᠢᠭᠡ︶ ᠬᠤᠰᠢᠬᠤᠨ ᠤ ᠣᠷᠣᠨ ᠰᠠᠬᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠳᠠ ᠶᠢᠨ | ᠳᠤᠪᠴᠢᠶ᠎ᠠ᠃ | 1᠂ ᠰᠢᠲᠠᠮᠠᠬᠠᠢ ᠬᠡᠢ ᠶᠢᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ | ᠬᠤᠪᠢ ᠳᠤ᠂ ᠰᠢᠲᠠᠮᠠᠬᠠᠢ ᠬᠡᠢ ᠡᠵᠡᠩᠨᠡᠬᠦ ᠵᠥᠪᠰᠢᠶᠡᠷᠡᠯ ᠤᠨ ᠭᠤᠶᠤᠴᠢᠯᠠᠯ ᠢ ᠬᠢᠨᠠᠨ ᠣᠯᠭᠤᠵᠤ ᠣᠯᠭᠤᠬᠤ ᠶᠢ | ᠬᠠᠷᠢᠭᠤᠴᠠᠵᠤ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢ ᠵᠢᠷᠤᠮᠵᠢᠭᠤᠯᠤᠨ | ᠂ ᠰᠢᠲᠠᠮᠠᠬᠠᠢ ᠬᠡᠢ ᠡᠵᠡᠩᠨᠡᠬᠦ ᠪᠠ ᠡᠵᠡᠩᠨᠡᠬᠦ ᠵᠥᠪᠰᠢᠶᠡᠷᠡᠯ ᠤᠨ ᠦᠨᠡᠮᠯᠡᠯ ᠦᠭᠡᠢ ᠪᠠᠷ ᠡᠵᠡᠩᠨᠡᠬᠦ ᠦᠢᠯᠡ | ᠠᠵᠢᠯᠯᠠᠭ᠎ᠠ ᠶᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠰᠢᠢᠳᠬᠡᠯ ᠥᠭᠴᠦ᠂ ᠬᠠᠤᠯᠢ ᠠᠴᠠ ᠵᠥᠷᠢᠴᠡᠨ | ᠰᠠᠪᠠᠯᠠᠬᠤ ᠵᠢᠴᠢ ᠣᠷᠣᠨ ᠪᠦᠰᠡ ᠠᠯᠤᠰᠯᠠᠨ ᠡᠵᠡᠩᠨᠡᠬᠦ ᠳᠤ ᠴᠢᠩᠭ᠎ᠠ ᠴᠣᠬᠢᠯᠲᠠ ᠥᠭᠭᠦᠨ᠎ᠡ᠃ ᠪᠤᠰᠤᠳ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ᠠᠶᠤᠯ ᠦᠭᠡᠢ ᠶᠢᠨ ᠪᠠᠶᠢᠴᠠᠭᠠᠯᠲᠠ ᠪᠠ ᠬᠠᠤᠯᠢ | ᠬᠡᠷᠡᠭᠵᠢᠭᠦᠯᠦᠭᠰᠡᠨ ᠢ ᠰᠢᠳᠬᠡᠨ ᠲᠣᠷᠭᠠᠬᠤ ᠠᠵᠢᠯ ᠢ ᠥᠷᠨᠢᠭᠦᠯᠬᠦ ᠬᠡᠷᠡᠭᠲᠡᠢ᠃ | 2. ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠲᠠᠯᠠᠪᠤᠷ ᠥᠷᠲᠡᠭᠡ ᠶᠢᠨ ᠠᠶᠤᠯ ᠦᠭᠡᠢ ᠦᠢᠯᠡᠳᠪᠦᠷᠢᠯᠡᠯ | ᠵᠢᠴᠢ ᠦᠢᠯᠡᠴᠢᠯᠡᠭᠡᠨ ᠤ ᠶᠠᠰᠤ ᠴᠢᠨᠠᠷ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠬᠤ ᠶᠢ ᠬᠠᠷᠢᠭᠤᠴᠠᠵᠤ᠂ | ᠰᠢᠲᠠᠮᠠᠬᠠᠢ ᠬᠡᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠮᠤᠷ ᠲᠦᠪᠰᠢᠨ ᠤ ᠬᠢᠨᠠᠯᠲᠠ | ᠪᠠᠶᠢᠴᠠᠭᠠᠯᠲᠠ ᠪᠠ ᠪᠠᠷᠢᠯᠭ᠎ᠠ ᠳᠠᠭᠤᠰᠤᠭᠰᠠᠨ ᠢ ᠪᠦᠷᠢᠳᠬᠡᠨ ᠳᠠᠩᠰᠠᠯᠠᠬᠤ ᠶᠢ ᠬᠠᠷᠢᠭᠤᠴᠠᠵᠤ᠂ ᠠᠵᠤ ᠠᠬᠤᠶᠢᠯᠠᠯ ᠤᠨ | ᠲᠠᠯᠠᠪᠤᠷ ᠥᠷᠲᠡᠭᠡ ᠶᠢᠨ ᠬᠤᠭᠤᠯᠠᠢ᠂ ᠳᠠᠷᠤᠯᠲᠠ ᠲᠣᠬᠢᠷᠠᠭᠤᠯᠬᠤ ᠠᠪᠳᠠᠷ᠎ᠠ ︵ᠬᠠᠶᠢᠷᠴᠠᠭ︶ ᠶᠢᠨ ᠠᠮᠤᠷ | ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠳᠤ ᠬᠢᠨᠠᠯᠲᠠ ᠲᠠᠯᠪᠢᠨ᠎ᠠ᠃ | 3. ᠰᠢᠲᠠᠮᠠᠬᠠᠢ ᠬᠡᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠳᠦᠷᠢᠮ ᠪᠣᠯᠤᠨ ᠠᠵᠤ ᠠᠬᠤᠶᠢᠯᠠᠯ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠩᠰᠠᠯᠠᠭᠤᠯᠤᠨ ᠬᠢᠨᠠᠨ ᠬᠠᠷᠭᠤᠭᠤᠯᠬᠤ ᠶᠢ ᠪᠦᠷᠢᠨᠰᠢᠭᠦᠯᠵᠦ᠂ | ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠰᠢᠲᠠᠮᠠᠬᠠᠢ ᠬᠡᠢ ᠶᠢᠨ ᠠᠶᠤᠯ ᠦᠭᠡᠢ ᠶᠢᠨ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠰᠢᠲᠠᠮᠠᠬᠠᠢ ᠬᠡᠢ ᠶᠢᠨ ᠠᠶᠤᠯ ᠦᠭᠡᠢ ᠶᠢᠨ ᠠᠳᠠᠯ ᠢ ᠴᠠᠭ | ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | 4. ᠰᠢᠩᠭᠡᠨᠵᠢᠮᠡᠯ ᠴᠢᠯᠠᠭᠤᠨ ᠲᠣᠰᠣᠨ ᠤ ᠬᠡᠢ ᠡᠵᠡᠩᠨᠡᠬᠦ ᠠᠵᠤ ᠠᠬᠤᠶᠢᠯᠠᠯ ᠤᠨ ᠬᠤᠭᠤᠴᠠᠭ᠎ᠠ ᠠᠴᠠ | ᠬᠡᠲᠦᠷᠡᠭᠰᠡᠨ ᠬᠡᠢ ᠶᠢᠨ ᠯᠣᠩᠬᠤ᠂ ᠬᠤᠪᠢ ᠬᠥᠮᠦᠨ ᠪᠠ ᠨᠢᠭᠡᠴᠡ ᠶᠢᠨ ᠬᠠᠤᠯᠢ ᠶᠢ ᠵᠥᠷᠢᠴᠡᠨ ᠰᠠᠪᠠᠯᠠᠭᠰᠠᠨ᠂ ᠬᠡᠢ | ᠲᠣᠩᠭᠤᠷᠠᠭᠤᠯᠤᠭᠰᠠᠨ ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ᠂ ᠰᠢᠲᠠᠮᠠᠬᠠᠢ ᠬᠡᠢ ᠶᠢᠨ ᠠᠵᠤ | ᠠᠬᠤᠶᠢᠯᠠᠯ ᠤᠨ ᠬᠡᠢ ᠶᠢᠨ ᠲᠦᠩᠰᠡ ᠶᠢ ᠣᠷᠣᠭᠤᠯᠬᠤ᠂ ᠥᠷᠲᠡᠭᠡ ᠠᠴᠠ ᠭᠠᠷᠭᠠᠬᠤ ᠶᠠᠰᠤ ᠴᠢᠨᠠᠷ ᠤᠨ | ᠪᠠᠶᠢᠴᠠᠭᠠᠯᠲᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠰᠠᠪᠠᠯᠠᠭᠰᠠᠨ ᠳᠠᠩᠰᠠ ᠡᠪᠬᠡᠮᠡᠯ ᠢ | ᠲᠡᠭᠦᠯᠳᠡᠷᠵᠢᠭᠦᠯᠦᠨ᠂ ᠬᠡᠢ ᠶᠢᠨ ᠯᠣᠩᠬᠤ ᠶᠢ ᠮᠥᠷᠳᠡᠵᠦ ᠪᠣᠯᠬᠤ ᠶᠢ ᠪᠡᠶᠡᠯᠡᠭᠦᠯᠦᠨ᠎ᠡ᠃ | 5. ᠰᠢᠲᠠᠮᠠᠬᠠᠢ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠷᠦᠬᠡ ᠳᠤ ᠬᠦᠷᠴᠦ | ᠠᠶᠤᠯ ᠦᠭᠡᠢ ᠶᠢᠨ ᠪᠠᠶᠢᠴᠠᠭᠠᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠬᠡᠢ ᠬᠠᠩᠭᠠᠬᠤ ᠵᠢᠷᠤᠮᠵᠢᠭᠰᠠᠨ ᠭᠡᠷ᠎ᠡ | ᠲᠣᠭᠲᠠᠵᠤ᠂ ᠨᠥᠬᠦᠴᠡᠯ ᠳᠤ ᠨᠡᠶᠢᠴᠡᠬᠦ ᠦᠭᠡᠢ ᠶᠢ ᠨᠢ ᠬᠡᠷᠡᠭᠯᠡᠬᠦ ᠡᠷᠦᠬᠡ ᠶᠢ ᠢᠳᠡᠪᠬᠢᠲᠡᠢ ᠪᠠᠷ ᠵᠢᠯᠣᠭᠤᠳᠤᠨ | ᠴᠡᠭᠴᠡᠯᠡᠨ ᠥᠭᠡᠷᠡᠴᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠲᠠᠢ ᠬᠠᠮᠵᠢᠯᠴᠠᠬᠤ ᠦᠭᠡᠢ ᠪᠤᠶᠤ ᠴᠡᠭᠴᠡᠯᠡᠨ | ᠰᠠᠶᠢᠵᠢᠷᠠᠭᠤᠯᠬᠤ ᠶᠢᠨ ᠠᠷᠭ᠎ᠠ ᠦᠭᠡᠢ ᠪᠣᠯ ᠬᠡᠢ ᠬᠠᠩᠭᠠᠬᠤ ᠦᠭᠡᠢ᠃ | ︵ᠬᠤᠶᠠᠷ︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢ᠊ ᠡᠶ᠎ᠡ᠃ | 1. ᠰᠢᠲᠠᠮᠠᠬᠠᠢ ᠬᠡᠢ ᠶᠢᠨ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠢᠯᠣᠭᠤᠳᠤᠨ ᠰᠢᠲᠠᠮᠠᠬᠠᠢ ᠬᠡᠢ ᠶᠢᠨ | ᠠᠵᠤ ᠠᠬᠤᠶᠢᠯᠠᠯ ᠤᠨ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠵᠢᠷᠤᠮᠯᠠᠵᠤ ᠪᠠᠶᠢᠭ᠎ᠠ ᠪᠠᠶᠢᠳᠠᠯ ᠳᠤ | ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ ᠥᠷᠨᠢᠭᠦᠯᠬᠦ ᠬᠡᠷᠡᠭᠲᠡᠢ᠃ | 2. ᠠᠳᠠᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠰᠢᠮᠳᠠᠭᠤᠯᠤᠨ ᠵᠢᠯᠣᠭᠤᠳᠴᠤ ᠪᠠᠶᠢᠭᠠᠳ ᠠᠶᠤᠯ ᠦᠭᠡᠢ | ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ | 3. ᠰᠢᠲᠠᠮᠠᠬᠠᠢ ᠬᠡᠢ ᠶᠢᠨ ᠠᠶᠤᠯ ᠦᠭᠡᠢ ᠦᠢᠯᠡᠳᠪᠦᠷᠢᠯᠡᠯ ᠤᠨ ᠠᠳᠠᠯ ᠢ ᠪᠠᠶᠢᠴᠠᠭᠠᠨ ᠰᠢᠢᠳᠪᠦᠷᠢᠯᠡᠬᠦ ᠠᠵᠢᠯ ᠢ | ᠲᠦᠷᠦᠭᠦᠯᠡᠨ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠢᠲᠠᠮᠠᠬᠠᠢ ᠬᠡᠢ ᠶᠢ | ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠥᠷᠨᠢᠭᠦᠯᠬᠦ ᠬᠡᠷᠡᠭᠲᠡᠢ᠃ | 4. ︽ᠠᠶᠤᠯ ᠦᠭᠡᠢ ᠶᠢᠨ ᠭᠤᠷᠪᠠ ᠶᠢ ᠵᠡᠷᠭᠡ ᠳᠤᠨᠢ ᠬᠢᠬᠦ︾᠂ ᠬᠦᠨᠳᠦ ᠶᠡᠭᠡ ᠠᠶᠤᠯ ᠤᠨ ᠡᠬᠢ | ᠰᠤᠷᠪᠤᠯᠵᠢ ᠶᠢᠨ ᠬᠠᠮᠢᠶᠠᠷᠤᠯᠲᠠ᠂ ᠠᠶᠤᠯ ᠦᠭᠡᠢ ᠶᠢᠨ ᠳᠦᠷᠢᠮ ᠤᠨ ᠪᠠᠶᠢᠭᠤᠯᠤᠯᠲᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠶᠢᠨ ᠣᠷᠣᠭᠤᠯᠤᠯᠲᠠ᠂ ᠠᠶᠤᠯ ᠦᠭᠡᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ᠂ ᠠᠵᠢᠯᠲᠠᠨ ᠤ ᠬᠢᠷᠢ ᠭᠡᠮ ᠤᠨ | ᠦᠨᠡᠮᠯᠡᠯ ᠢ ᠬᠢᠨᠠᠨ ᠣᠯᠭᠤᠬᠤ᠂ ᠠᠳᠠᠯ ᠢ ᠪᠠᠶᠢᠴᠠᠭᠠᠬᠤ ᠵᠡᠷᠭᠡ ᠶᠢ ᠬᠠᠷᠢᠭᠤᠴᠠᠨ᠎ᠠ᠃ | 5. ᠰᠢᠲᠠᠮᠠᠬᠠᠢ ᠬᠡᠢ ᠦᠢᠯᠡᠳᠪᠦᠷᠢᠯᠡᠬᠦ ᠠᠶᠤᠯ ᠦᠭᠡᠢ ᠶᠢᠨ ᠠᠳᠠᠯ ᠢ ᠨᠡᠪᠲᠡᠷᠡᠭᠦᠯᠵᠦ ᠰᠢᠮᠳᠠᠭᠤᠯᠤᠨ | ᠭᠦᠢᠴᠡᠳᠬᠡᠯᠭᠡᠬᠦ ᠶᠢ ᠬᠠᠷᠢᠭᠤᠴᠠᠵᠤ᠂ ᠠᠶᠤᠯ ᠲᠠᠢ ᠬᠢᠮᠢ ᠶᠢᠨ ᠵᠦᠢᠯ ᠢ ᠦᠢᠯᠡᠳᠪᠦᠷᠢᠯᠡᠬᠦ᠂ ᠡᠵᠡᠩᠨᠡᠬᠦ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠂ ᠠᠶᠤᠯ | ᠦᠭᠡᠢ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠭᠡᠳᠦᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠡᠵᠡᠩᠨᠡᠭᠰᠡᠨ ︵ᠲᠦᠯᠡᠰᠢ ᠶᠢᠨ | ᠪᠤᠰᠤ ᠬᠡᠷᠡᠭᠴᠡᠭᠡ︶ ᠰᠢᠩᠭᠡᠵᠢᠯ ᠴᠢᠯᠠᠭᠤᠨ ᠲᠣᠰᠣᠨ ᠤ ᠬᠡᠢ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠬᠤᠪᠢ | ᠬᠥᠮᠦᠨ ᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠶᠤᠯ ᠦᠭᠡᠢ ᠶᠢ | ᠵᠢᠭᠰᠠᠭᠠᠨ ᠪᠠᠶᠢᠴᠠᠭᠠᠵᠤ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ | ᠰᠢᠮᠳᠠᠭᠤᠯᠤᠨ ᠪᠠᠶᠢᠴᠠᠭᠠᠬᠤ ᠬᠡᠷᠡᠭᠲᠡᠢ᠃ | ︵ᠭᠤᠷᠪᠠ︶ ᠬᠤᠰᠢᠬᠤᠨ ᠤ ᠵᠠᠬ᠎ᠠ ᠳᠡᠯᠭᠡᠭᠦᠷ ᠤᠨ ᠬᠢᠨ᠋ᠠᠨ ᠬᠠᠮᠢᠶᠠᠷᠤᠯᠲᠠ ᠶᠢᠨ ᠲᠣᠪᠴᠢ᠊ ᠡᠶ᠎ᠡ᠃ | 1. ᠵᠢᠵᠢᠭ ᠬᠡᠯᠪᠡᠷᠢ ᠶᠢᠨ ᠢᠳᠡᠭᠡᠨ ᠤᠮᠳᠠᠭᠠᠨ ᠵᠡᠷᠭᠡ ᠭᠤᠣᠯᠴᠢᠯᠠᠨ ᠬᠠᠮᠢᠶᠠᠷᠬᠤ ᠬᠦᠷᠢᠶᠡᠨ ᠳᠠᠬᠢ ᠰᠢᠲᠠᠮᠠᠬᠠᠢ | ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠳᠠᠷᠤᠯᠲᠠᠲᠤ | ᠬᠤᠭᠤᠯᠠᠢ᠂ ᠬᠡᠢ ᠶᠢᠨ ᠲᠦᠩᠰᠡ᠂ ᠳᠠᠷᠤᠯᠲᠠᠲᠤ ᠰᠠᠪᠠ᠂ ᠠᠶᠤᠯ ᠦᠭᠡᠢ ᠶᠢᠨ ᠨᠡᠭᠡᠯᠡᠬᠡᠢ᠂ ᠳᠠᠷᠤᠯᠲᠠ ᠶᠢᠨ ᠬᠡᠮᠵᠢᠭᠦᠷ | ᠂ ᠳᠠᠷᠤᠯᠲᠠᠲᠤ ᠰᠠᠪᠠ᠂ ᠥᠨᠳᠥᠷ ᠳᠠᠷᠤᠯᠲᠠᠲᠤ ᠵᠥᠭᠡᠯᠡᠨ ᠬᠤᠭᠤᠯᠠᠢ ᠵᠡᠷᠭᠡ ᠲᠥᠬᠦᠭᠡᠷᠦᠮᠵᠢ ᠪᠡᠯᠡᠳᠬᠡᠮᠵᠢ ᠳᠤ | ᠰᠢᠯᠭᠠᠨ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ ᠦᠢᠯᠡᠳᠪᠦᠷᠢᠯᠡᠵᠦ ᠪᠣᠷᠣᠯᠠᠭᠤᠯᠬᠤ ᠵᠠᠩᠭᠢᠯᠠᠭ᠎ᠠ ᠶᠢᠨ | ᠤᠷᠤᠰᠬᠠᠯ ᠤᠨ ᠬᠡᠮᠵᠢᠭᠦᠷ᠂ ᠬᠡᠢ ᠪᠡᠶᠡᠲᠦ ᠶᠢᠨ ᠲᠦᠭᠰᠢᠭᠦᠷᠢ ᠮᠡᠳᠡᠭᠡᠯᠡᠬᠦ ᠮᠠᠰᠢᠨ᠂ ᠰᠢᠲᠠᠬᠤ ᠪᠠᠭᠠᠵᠢ ᠬᠡᠷᠡᠭᠰᠡᠯ᠂ | ᠵᠠᠯᠭᠠᠬᠤ ᠵᠥᠭᠡᠯᠡᠨ ᠬᠤᠭᠤᠯᠠᠢ ᠶᠢᠨ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠬᠠᠷᠢᠭᠤᠴᠠᠵᠤ᠂ | ᠰᠢᠩᠭᠡᠨᠵᠢᠮᠡᠯ ᠴᠢᠯᠠᠭᠤᠨ ᠲᠣᠰᠣᠨ ᠤ ᠲᠦᠩᠰᠡ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ | ᠴᠢᠩᠭᠠᠳᠬᠠᠨ᠂ ᠰᠢᠲᠠᠮᠠᠬᠠᠢ ᠬᠡᠢ ᠶᠢᠨ ᠭᠡᠷ ᠤᠨ ᠬᠡᠷᠡᠭᠯᠡᠭᠡᠨ ᠤ ᠠᠯᠪᠠᠳᠠᠯᠭ᠎ᠠ ᠶᠢᠨ ᠴᠢᠨᠠᠷᠲᠠᠢ ᠦᠢᠯᠡᠳᠬᠦᠨ ᠤ | ᠭᠡᠷᠡᠴᠢᠯᠡᠯ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃ | 2. ᠰᠢᠩᠭᠡᠨᠵᠢᠮᠡᠯ ᠬᠡᠢ ᠰᠠᠪᠠᠯᠠᠬᠤ ᠵᠥᠪᠰᠢᠶᠡᠷᠡᠯ᠂ ᠣᠨᠴᠣᠭᠤᠢ ᠲᠥᠷᠥᠯ ᠤᠨ ᠲᠥᠬᠦᠭᠡᠷᠦᠮᠵᠢ ᠶᠢᠨ | ᠬᠡᠷᠡᠭᠯᠡᠯᠲᠡ ᠶᠢ ᠳᠠᠩᠰᠠᠯᠠᠨ ᠲᠡᠮᠳᠡᠭᠯᠡᠬᠦ ᠪᠠ ᠬᠡᠢ ᠠᠭᠤᠯᠬᠤ ᠰᠠᠪᠠ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢᠨ | ᠵᠥᠪᠰᠢᠶᠡᠷᠡᠯ ᠬᠠᠮᠢᠶᠠᠷᠤᠯᠲᠠ ᠶᠢ ᠬᠠᠷᠢᠭᠤᠴᠠᠨ᠎ᠠ᠃ ᠬᠡᠢ ᠶᠢᠨ ᠰᠠᠪᠠ ᠶᠢᠨ ᠲᠤᠭ᠎ᠠ᠂ ᠪᠣᠯᠣᠳ ᠬᠡᠪᠯᠡᠯ ᠤᠨ ᠲᠡᠮᠳᠡᠭ᠂ | ᠬᠡᠢ ᠠᠭᠤᠯᠬᠤ ᠰᠠᠪᠠ ᠶᠢᠨ ᠰᠡᠷᠡᠮᠵᠢ ᠶᠢᠨ ᠲᠡᠮᠳᠡᠭ ᠪᠠ ᠳᠠᠩᠰᠠ ᠡᠪᠬᠡᠮᠡᠯ ᠪᠠᠶᠢᠭᠤᠯᠤᠭᠰᠠᠨ ᠪᠠᠶᠢᠳᠠᠯ᠂ ᠬᠡᠢ ᠰᠠᠪᠠ ᠶᠢ | ᠰᠠᠪᠠᠯᠠᠭᠰᠠᠨ ᠪᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠪᠠᠶᠢᠳᠠᠯ᠂ ᠰᠠᠪᠠᠯᠠᠭᠰᠠᠨ | ᠨᠢᠭᠡᠴᠡ ᠶᠢᠨ ᠬᠠᠷᠢᠭᠤᠴᠠᠯᠭᠠᠲᠠᠨ ᠪᠠ ᠰᠠᠪᠠᠯᠠᠭᠰᠠᠨ ᠬᠥᠮᠦᠰ ᠤᠨ ᠦᠨᠡᠮᠯᠡᠯ ᠲᠠᠢ ᠪᠠᠶᠢᠳᠠᠯ ᠢ ᠵᠢᠭᠰᠠᠭᠠᠨ | ᠪᠠᠶᠢᠴᠠᠭᠠᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠠᠴᠠ | ᠵᠥᠷᠢᠴᠡᠨ ᠦᠢᠯᠡᠳᠪᠦᠷᠢᠯᠡᠭᠰᠡᠨ ᠪᠠ ᠰᠠᠪᠠᠯᠠᠭᠰᠠᠨ᠂ ᠬᠤᠳᠠᠯ ᠬᠠᠭᠤᠷᠮᠠᠭ ᠴᠢᠨᠠᠷ ᠮᠠᠭᠤ ᠰᠢᠲᠠᠮᠠᠬᠠᠢ ᠬᠡᠢ | ᠪᠣᠷᠣᠯᠠᠭᠤᠯᠤᠭᠰᠠᠨ ᠪᠠ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠪᠠᠶᠢᠴᠠᠭᠠᠯᠲᠠ ᠬᠢᠭᠰᠡᠨ ᠦᠭᠡᠢ ᠵᠢᠴᠢ ᠬᠠᠶᠠᠭᠳᠠᠮᠠᠯ | ᠬᠡᠢ ᠶᠢᠨ ᠲᠦᠩᠰᠡ ᠪᠤᠶᠤ ᠢᠷᠡᠯᠲᠡ ᠨᠢ ᠲᠣᠳᠣᠷᠬᠠᠢ ᠦᠭᠡᠢ ᠬᠡᠢ ᠶᠢᠨ ᠲᠦᠩᠰᠡ ᠶᠢ ᠲᠣᠭᠲᠠᠭᠠᠯ ᠶᠣᠰᠣᠭᠠᠷ | ᠪᠠᠶᠢᠴᠠᠭᠠᠨ ᠰᠢᠢᠳᠪᠦᠷᠢᠯᠡᠭᠰᠡᠨ ᠦᠭᠡᠢ ᠪᠤᠶᠤ ᠬᠡᠢ ᠶᠢᠨ ᠲᠦᠩᠰᠡ ᠶᠢᠨ ᠳᠣᠲᠣᠷᠠᠬᠢ ᠦᠯᠡᠳᠡᠭᠳᠡᠯ ᠰᠢᠩᠭᠡᠨ ᠢ | ᠡᠭᠡᠭᠦᠯᠦᠨ ᠠᠪᠤᠭᠰᠠᠨ ᠦᠭᠡᠢ ᠪᠠᠷ ᠬᠡᠢ ᠶᠢᠨ ᠲᠦᠩᠰᠡ ᠶᠢ ᠪᠠᠶᠢᠴᠠᠭᠠᠨ ᠰᠢᠢᠳᠪᠦᠷᠢᠯᠡᠵᠦ᠂ ᠬᠡᠢ ᠶᠢᠨ ᠲᠦᠩᠰᠡ ᠶᠢ | ᠥᠭᠡᠷᠡᠴᠢᠯᠡᠨ ᠤᠭᠰᠠᠷᠠᠬᠤ ᠪᠠ ᠬᠠᠶᠠᠭᠳᠠᠮᠠᠯ ᠬᠡᠢ ᠶᠢᠨ ᠲᠦᠩᠰᠡ ᠶᠢ ᠰᠢᠨᠡᠳᠬᠡᠬᠦ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | 3. ᠰᠢᠩᠭᠡᠨᠵᠢᠮᠡᠯ ᠬᠡᠢ ᠶᠢᠨ ᠰᠠᠪᠠᠯᠠᠬᠤ ᠥᠷᠲᠡᠭᠡ ᠶᠢᠨ ᠰᠠᠪᠠᠯᠠᠬᠤ ᠦᠢᠯᠡ ᠠᠵᠢᠯᠯᠠᠭ᠎ᠠ ᠪᠠ ᠬᠡᠢ ᠶᠢᠨ ᠰᠠᠪᠠ ᠶᠢᠨ | ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠰᠢᠩᠭᠡᠨᠵᠢᠮᠡᠯ ᠬᠡᠢ ᠶᠢᠨ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠵᠤ | ᠪᠠᠶᠢᠭᠠᠳ ᠬᠠᠤᠯᠢ ᠲᠣᠭᠲᠠᠭᠠᠯ ᠪᠠ ᠮᠡᠷᠭᠡᠵᠢᠯ ᠤᠨ ᠵᠢᠷᠤᠮᠵᠢᠯ ᠳᠤ ᠨᠡᠶᠢᠴᠡᠬᠦ ᠬᠡᠢ ᠶᠢᠨ ᠯᠣᠩᠬᠤ ᠬᠠᠩᠭᠠᠵᠤ᠂ ᠵᠠᠬ᠎ᠠ | ᠳᠡᠯᠭᠡᠭᠦᠷ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠬᠡᠶᠢᠲᠦ ᠯᠣᠩᠬᠤ ᠶᠢ ᠰᠢᠯᠭᠠᠨ ᠪᠠᠶᠢᠴᠠᠭᠠᠬᠤ | ᠪᠠᠶᠢᠭᠤᠯᠤᠮᠵᠢ ᠶᠢ ᠪᠠᠶᠢᠭᠤᠯᠵᠤ᠂ ᠬᠡᠶ ᠶᠢ ᠰᠢᠯᠭᠠᠨ ᠪᠠᠶᠢᠴᠠᠭᠠᠬᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠪᠠᠶᠢᠭᠠᠳ | ᠬᠡᠢ ᠶᠢ ᠰᠢᠯᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠬᠢᠷᠢ ᠲᠡᠩᠴᠡᠬᠦ ᠦᠭᠡᠢ ᠬᠡᠢ ᠶᠢᠨ ᠲᠦᠩᠰᠡ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠰᠢᠩᠭᠡᠨᠵᠢᠮᠡᠯ ᠬᠡᠢ ᠶᠢᠨ ᠰᠠᠪᠠᠯᠠᠬᠤ ᠥᠷᠲᠡᠭᠡ ᠳᠤ ᠬᠡᠢ ᠶᠢᠨ ᠲᠦᠩᠰᠡ ᠶᠢ | ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠪᠠ ᠬᠡᠷᠡᠭᠯᠡᠭᠡᠨ ᠠᠴᠠ ᠭᠠᠷᠭᠠᠵᠤ ᠰᠢᠢᠳᠪᠦᠷᠢᠯᠡᠬᠦ ᠳᠤ | ᠬᠢᠨᠠᠯᠲᠠ ᠲᠠᠯᠪᠢᠬᠤ ᠬᠡᠷᠡᠭᠲᠡᠢ᠃ | 4. ᠰᠢᠩᠭᠡᠨᠵᠢᠮᠡᠯ ᠬᠡᠢ ᠶᠢᠨ ᠡᠵᠡᠩᠨᠡᠯᠲᠡ ᠶᠢᠨ ᠠᠵᠤ ᠠᠬᠤᠶᠢᠯᠠᠯ ᠢ ᠲᠦᠷᠦᠭᠦᠯᠡᠨ ᠰᠢᠮᠳᠠᠭᠤᠯᠵᠤ ᠪᠠᠶᠢᠭᠠᠳ | ᠬᠡᠢ ᠶᠢᠨ ᠯᠣᠩᠬᠤᠨ ᠳᠤ ᠰᠠᠪᠠᠯᠠᠵᠤ ᠮᠥᠷᠳᠡᠬᠦ ᠺᠣᠳ᠋ ᠤᠨ ᠳᠠᠩᠰᠠ ᠡᠪᠬᠡᠮᠡᠯ ᠪᠠᠶᠢᠭᠤᠯᠬᠤ ᠪᠠ ᠰᠠᠪᠠᠯᠠᠵᠤ ᠰᠠᠪᠠᠯᠠᠬᠤ | ᠠᠦ᠋ᠲ᠋ᠣ᠋ ᠢᠯᠭᠠᠨ ᠲᠠᠨᠢᠬᠤ ᠶᠢ ᠲᠦᠷᠭᠡᠳᠬᠡᠨ ᠠᠬᠢᠭᠤᠯᠵᠤ᠂ ᠡᠯᠧᠺᠳ᠋ᠷᠣᠨ ᠱᠣᠰᠢᠭ᠎ᠠ ᠪᠤᠶᠤ ᠬᠤᠶᠠᠷ ᠬᠡᠮᠵᠢᠯᠳᠦ ᠺᠣᠳ᠋ | ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢᠶᠠᠷ ᠳᠠᠮᠵᠢᠭᠤᠯᠤᠨ᠂ ᠬᠡᠢ ᠶᠢᠨ ᠯᠣᠩᠬᠤᠨ ᠳᠤ ᠮᠥᠷᠳᠡᠨ | ᠨᠡᠬᠡᠮᠵᠢᠯᠡᠬᠦ ᠬᠠᠮᠢᠶᠠᠷᠤᠯᠲᠠ ᠶᠠᠪᠤᠭᠤᠯᠬᠤ ᠬᠡᠷᠡᠭᠲᠡᠢ᠃ ᠠᠮᠤᠷ ᠲᠦᠪᠰᠢᠨ ᠤ ᠪᠠᠷᠢᠮᠵᠢᠶ᠎ᠠ ᠶᠢᠨ ᠱᠠᠭᠠᠷᠳᠠᠯᠭ᠎ᠠ ᠳᠤ | ᠨᠡᠶᠢᠴᠡᠬᠦ ᠦᠭᠡᠢ ᠵᠤᠤᠬ᠎ᠠ ᠶᠢᠨ ᠬᠡᠷᠡᠭᠰᠡᠯ ᠤᠨ ᠵᠥᠭᠡᠯᠡᠨ ᠬᠤᠭᠤᠯᠠᠢ᠂ ᠳᠠᠷᠤᠯᠲᠠ ᠲᠣᠬᠢᠷᠠᠭᠤᠯᠤᠷ ᠵᠢᠴᠢ ᠪᠤᠰᠤᠳ | ᠳᠠᠭᠠᠯᠳᠤᠭᠤᠯᠤᠯ ᠮᠠᠲ᠋ᠧᠷᠢᠶᠠᠯ ᠢ ᠲᠦᠷᠭᠡᠳᠬᠡᠨ ᠰᠢᠭᠰᠢᠭᠳᠡᠭᠦᠯᠦᠨ᠎ᠡ᠃ | 5. ᠬᠠᠤᠯᠢ ᠪᠤᠰᠤ ᠪᠠᠷ ᠰᠠᠪᠠᠯᠠᠬᠤ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ᠂ | ᠰᠠᠪᠠᠯᠠᠬᠤ ᠨᠢᠭᠡᠴᠢ ᠶᠢᠨ ᠬᠢᠨ ᠤ ᠬᠤᠯᠢᠯᠳᠤᠬᠤ᠂ ᠬᠠᠭᠤᠷᠮᠠᠭ ᠶᠠᠭᠤᠮ᠎ᠠ ᠬᠤᠯᠢᠬᠤ᠂ ᠵᠢᠩ ᠳᠤᠲᠠᠭᠤ ᠯᠠᠩ | ᠳᠤᠲᠠᠭᠳᠠᠬᠤ᠂ ᠲᠣᠭᠲᠠᠭᠠᠯ ᠠᠴᠠ ᠵᠥᠷᠢᠴᠡᠨ ᠰᠠᠪᠠᠯᠠᠬᠤ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠡᠢ ᠶᠢᠨ ᠯᠣᠩᠬᠤ ᠶᠢ | ᠲᠥᠪᠯᠡᠷᠡᠭᠦᠯᠦᠨ ᠬᠠᠳᠠᠭᠠᠯᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ | ︵ᠳᠥᠷᠪᠡ︶ ᠭᠠᠯ ᠤᠨᠲᠠᠷᠠᠭᠠᠬᠤ ᠠᠪᠤᠷᠠᠨ ᠲᠤᠰᠯᠠᠬᠤ ᠠᠩᠭᠢ᠃ | ᠰᠢᠲᠠᠮᠠᠬᠠᠢ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠪᠣᠯᠤᠨ ᠬᠤᠳᠠᠯᠳᠤᠭᠠᠨ ᠤ ᠬᠡᠷᠡᠭᠯᠡᠬᠦ ᠡᠷᠦᠬᠡ ᠶᠢᠨ ᠭᠠᠯ | ᠤᠨᠲᠠᠷᠠᠭᠠᠬᠤ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠵᠢᠷᠤᠮᠯᠠᠭᠰᠠᠨ ᠪᠠᠶᠢᠳᠠᠯ ᠳᠤ ᠬᠠᠤᠯᠢ | ᠶᠣᠰᠣᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠠᠳᠠᠯ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ | ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠲᠡᠷᠭᠡᠨ ᠵᠠᠮ᠂ ᠲᠥᠬᠦᠭᠡᠷᠦᠮᠵᠢ | ᠪᠡᠯᠡᠳᠬᠡᠮᠵᠢ᠂ ᠭᠠᠯ ᠤᠨᠲᠠᠷᠠᠭᠠᠬᠤ ᠭᠠᠳᠠᠭᠠᠳᠤ ᠳᠤ ᠭᠠᠷᠭᠠᠬᠤ ᠡᠭᠦᠳᠡ᠂ ᠰᠢᠯᠭᠠᠨ ᠠᠪᠬᠤ ᠭᠠᠷᠳᠠᠮ᠂ ᠭᠠᠯ | ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢᠨ ᠰᠡᠯᠪᠢᠨ | ᠬᠠᠮᠠᠭᠠᠯᠠᠬᠤ᠂ ᠭᠠᠯ ᠤᠨᠲᠠᠷᠠᠭᠠᠬᠤ ᠴᠠᠬᠢᠯᠭᠠᠨ ᠬᠦᠴᠦᠨ ᠤ ᠪᠠᠶᠢᠴᠠᠭᠠᠨ ᠬᠡᠮᠵᠢᠬᠦ ᠵᠡᠷᠭᠡ ᠳᠤ ᠪᠠᠶᠢᠴᠠᠭᠠᠯᠲᠠ ᠬᠢᠬᠦ ᠶᠢ | ᠬᠠᠷᠢᠭᠤᠴᠠᠬᠤ ᠬᠡᠷᠡᠭᠲᠡᠢ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠰᠢᠲᠠᠮᠠᠬᠠᠢ ᠬᠡᠢ ᠶᠢᠨ | ᠠᠳᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠤᠯᠢ ᠶᠣᠰᠣᠭᠠᠷ ᠬᠠᠷᠢᠭᠤᠴᠠᠵᠤ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠰᠢᠲᠠᠮᠠᠬᠠᠢ ᠭᠡᠢ ᠬᠡᠷᠡᠭᠯᠡᠬᠦ ᠢᠳᠡᠭᠡᠨ ᠤᠮᠳᠠᠭᠠᠨ ᠤ ᠭᠠᠵᠠᠷ | ᠲᠠᠯᠠᠪᠤᠷ ᠵᠡᠷᠭᠡ ᠳᠤ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠬᠢᠨᠠᠯᠲᠠ ᠪᠠᠶᠢᠴᠠᠭᠠᠯᠲᠠ ᠶᠢ ᠬᠡᠷᠡᠭᠵᠢᠭᠦᠯᠵᠦ᠂ | ᠭᠠᠯ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ | ᠮᠡᠳᠡᠪᠡᠯ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ︵ᠲᠠᠪᠤ︶ ᠬᠤᠰᠢᠭᠤᠨ ᠤ ᠠᠵᠤ ᠦᠶ᠋ᠯᠡᠳᠪᠦᠷᠢ ᠪᠠ ᠮᠡᠳᠡᠭᠡ ᠵᠠᠩᠭᠢ ᠶᠢᠨ ᠲᠣᠪᠴᠢ᠊ ᠡᠶ᠎ᠡ᠃ | 1. ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠵᠡᠷᠭᠡ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠶᠢᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠭᠡᠢ ᠬᠡᠷᠡᠭᠯᠡᠬᠦ ᠶᠢᠨ ᠠᠮᠤᠷ ᠲᠦᠪᠰᠢᠨ ᠢ ᠥᠪᠡᠰᠦᠪᠡᠨ | ᠪᠠᠶᠢᠴᠠᠭᠠᠬᠤ ᠠᠵᠢᠯ ᠥᠷᠨᠢᠭᠦᠯᠬᠦ ᠶᠢ ᠬᠠᠷᠢᠭᠤᠴᠠᠨ ᠱᠠᠭᠠᠷᠳᠠᠨ᠎ᠠ᠃ | 2. ᠡᠯ᠎ᠡ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠶᠢ ᠲᠦᠷᠦᠭᠦᠯᠡᠨ ᠵᠣᠬᠢᠶᠠᠨ ᠪᠠᠶᠢᠭᠤᠯᠵᠤ | ᠰᠢᠲᠠᠮᠠᠬᠠᠢ ᠬᠡᠢ ᠭᠤᠭᠤᠵᠢᠵᠤ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠤᠭᠰᠠᠷᠠᠭᠤᠯᠤᠨ᠂ ᠲᠣᠭᠲᠠᠭᠠᠯ ᠠᠴᠠ | ᠵᠥᠷᠢᠴᠡᠨ ᠰᠢᠩᠭᠡᠨᠵᠢᠮᠡᠯ ᠬᠡᠶ ᠶᠢᠨ ᠯᠣᠩᠬᠤ ᠶᠢ ᠬᠠᠭᠠᠰ ᠭᠠᠵᠠᠷ ᠳᠣᠣᠷᠠᠬᠢ ᠭᠡᠷ ᠪᠠ ᠭᠠᠵᠠᠷ ᠳᠣᠣᠷᠠᠬᠢ ᠲᠠᠰᠤᠭ ᠲᠤ | ᠬᠠᠳᠠᠭᠠᠯᠠᠵᠤ᠂ ᠵᠥᠭᠡᠯᠡᠨ ᠬᠤᠭᠤᠯᠠᠢ ᠶᠢ ᠬᠡᠳᠦ ᠤᠷᠲᠤ᠂ ᠬᠠᠭᠤᠴᠢᠷᠠᠭᠰᠠᠨ᠂ ᠬᠤᠪᠢ ᠪᠠᠷ ᠢᠶᠠᠨ ᠭᠤᠷᠪᠠ ᠶᠢ | ᠨᠡᠪᠲᠡᠷᠡᠭᠦᠯᠬᠦ ᠵᠡᠷᠭᠡ ᠳᠠᠯᠳᠠ ᠭᠡᠮ ᠢ ᠵᠢᠭᠰᠠᠭᠠᠨ ᠪᠠᠶᠢᠴᠠᠭᠠᠨ᠎ᠠ᠃ | 3. ᠪᠤᠰᠤᠳ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠬᠦ ᠶᠢᠨ ᠬᠠᠮᠲᠤ ᠢᠳᠡᠭᠡᠨ ᠤᠮᠳᠠᠭᠠᠨ ᠤ ᠨᠢᠭᠡᠴᠡ ᠶᠢᠨ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠠᠵᠢᠯ ᠢ | ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠨ᠎ᠠ᠃ | 4. ᠢᠳᠡᠭᠡᠨ ᠤᠮᠳᠠᠭᠠᠨ ᠤ ᠠᠵᠤ ᠠᠬᠤᠶᠢᠯᠠᠯ ᠬᠢᠭᠡᠳ ᠬᠡᠢ ᠬᠠᠩᠭᠠᠬᠤ ᠬᠠᠤᠯᠢ ᠶᠣᠰᠣᠨ ᠤ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠬᠡᠢ ᠬᠠᠩᠭᠠᠬᠤ ᠭᠡᠷ᠎ᠡ ᠲᠣᠭᠲᠠᠬᠤ ᠶᠢᠨ ᠬᠠᠮᠲᠤ ᠢᠳᠡᠭᠡᠨ ᠤᠮᠳᠠᠭᠠᠨ ᠤ ᠠᠵᠢᠯ | ᠲᠥᠷᠥᠯ ᠤᠨ ᠰᠢᠲᠠᠮᠠᠬᠠᠢ ᠬᠡᠢ ᠶᠢ ᠠᠮᠤᠷ ᠲᠦᠪᠰᠢᠨ ᠢᠶᠠᠷ ᠬᠡᠷᠡᠭᠯᠡᠬᠦ ᠤᠬᠠᠭᠤᠯᠭ᠎ᠠ ᠶᠢ ᠬᠠᠷᠢᠭᠤᠴᠠᠭᠤᠯᠤᠨ᠎ᠠ᠃ | 5. ᠰᠢᠯᠵᠢᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ᠂ ᠨᠢᠭᠡᠳᠦᠮᠡᠯ ᠬᠤᠯᠪᠣᠭ᠎ᠠ ᠵᠡᠷᠭᠡ ᠡᠵᠡᠩᠨᠡᠯᠲᠡ ᠶᠢᠨ | ᠬᠤᠳᠠᠯᠳᠤᠭᠠᠴᠢᠨ ᠲᠠᠢ ᠬᠠᠷᠢᠯᠴᠠᠬᠤ ᠶᠢ ᠬᠠᠷᠢᠭᠤᠴᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠴᠢᠮᠡᠭᠡ | ᠬᠤᠯᠪᠣᠭᠠᠨ ᠤ ᠱᠤᠭᠤᠮ ᠢ ᠱᠠᠯᠠᠪᠳᠠᠨ ᠪᠠᠶᠢᠭᠤᠯᠵᠤ᠂ ᠰᠢᠲᠠᠮᠠᠬᠠᠢ ᠬᠡᠢ ᠶᠢᠨ ᠬᠤᠭᠤᠯᠠᠢ ᠶᠢᠨ ᠳᠡᠭᠡᠷ᠎ᠡ ᠴᠢᠮᠡᠭᠡ | ᠬᠤᠯᠪᠣᠭᠠᠨ ᠤ ᠱᠤᠭᠤᠮ ᠢ ᠣᠷᠢᠶᠠᠬᠤ ᠪᠤᠶᠤ ᠰᠢᠲᠠᠮᠠᠬᠠᠢ ᠬᠡᠢ ᠶᠢᠨ ᠬᠤᠭᠤᠯᠠᠢ ᠶᠢ ᠠᠰᠢᠭᠯᠠᠨ ᠬᠦᠨᠳᠦ ᠲᠤᠯᠭᠠᠭᠤᠷᠢ | ᠪᠣᠯᠭᠠᠵᠤ ᠪᠣᠯᠬᠤ ᠦᠭᠡᠢ᠃ | ︵ᠵᠢᠷᠭᠤᠭ᠎ᠠ︶ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢ᠊ ᠡᠶ᠎ᠡ᠃ | ᠰᠢᠲᠠᠮᠠᠬᠠᠢ ᠬᠡᠢ ᠲᠡᠭᠡᠭᠡᠪᠦᠷᠢᠯᠡᠬᠦ ᠠᠵᠢᠯ ᠬᠢᠵᠦ ᠪᠠᠶᠢᠭ᠎ᠠ ᠠᠶᠤᠯ ᠲᠠᠢ ᠪᠠᠷᠠᠭ᠎ᠠ ᠶᠢᠨ ᠵᠠᠮ ᠲᠡᠭᠡᠭᠡᠪᠦᠷᠢ ᠶᠢᠨ ᠠᠵᠤ | ᠠᠬᠤᠶᠢᠯᠠᠯ ᠪᠣᠯᠤᠨ ᠪᠠᠷᠠᠭ᠎ᠠ ᠶᠢᠨ ᠲᠡᠷᠭᠡ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ | ᠠᠶᠤᠯ ᠲᠠᠢ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠶᠢᠨ ᠬᠢᠷᠢ ᠭᠡᠮ ᠦᠭᠡᠢ ᠰᠢᠲᠠᠮᠠᠬᠠᠢ ᠬᠡᠢ ᠲᠡᠭᠡᠭᠡᠪᠦᠷᠢᠯᠡᠬᠦ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠪᠠ ᠵᠢᠯᠣᠭᠤᠴᠢ ᠪᠠᠷ ᠳᠠᠷᠤᠨ | ᠲᠡᠭᠡᠭᠡᠪᠦᠷᠢᠯᠡᠭᠦᠯᠦᠭᠴᠢ ᠨᠢ ᠪᠣᠯᠪᠠᠰᠤᠷᠠᠭᠤᠯᠤᠯ ᠦᠭᠡᠢ ᠪᠠᠷ ᠠᠵᠢᠯ ᠤᠨ ᠪᠠᠶᠢᠷᠢ ᠳᠤ ᠭᠠᠷᠤᠭᠰᠠᠨ ᠦᠭᠡᠢ᠂ ᠠᠶᠤᠯ | ᠦᠭᠡᠢ ᠶᠢᠨ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠪᠦᠷᠢᠨ ᠪᠤᠰᠤ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠵᠠᠮ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ ᠢ ᠬᠢᠨᠠᠨ ᠣᠯᠭᠤᠬᠤ ᠶᠢ | ᠬᠠᠷᠢᠭᠤᠴᠠᠭᠤᠯᠵᠤ᠂ ᠬᠠᠤᠯᠢ ᠠᠴᠠ ᠵᠥᠷᠢᠴᠡᠨ ᠬᠡᠢ ᠰᠠᠷᠢᠭᠠᠯᠠᠬᠤ᠂ ᠬᠡᠢ ᠲᠡᠭᠡᠭᠡᠪᠦᠷᠢᠯᠡᠬᠦ ᠲᠡᠷᠭᠡ ᠬᠥᠰᠬᠡ ᠶᠢ | ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ᠃ | ︵ᠳᠣᠯᠤᠭ᠎ᠠ︶ ᠬᠤᠰᠢᠭᠤᠨ ᠤ ᠳᠤᠲᠤᠬᠠᠳᠤ ᠶᠢ ᠬᠠᠮᠠᠬᠠᠯᠠᠬᠤ ᠲᠣᠪᠴᠢ᠊ ᠡᠶ᠎ᠡ᠃ | ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠶᠤᠯ ᠦᠭᠡᠢ ᠶᠢᠨ ᠰᠡᠷᠭᠡᠶᠢᠯᠡᠯᠲᠡ ᠶᠢᠨ ᠠᠵᠢᠯ ᠳᠤ ᠬᠢᠨᠠᠯᠲᠠ | ᠲᠠᠯᠪᠢᠨ ᠵᠢᠯᠣᠭᠤᠳᠬᠤ ᠵᠢᠴᠢ ᠰᠢᠲᠠᠮᠠᠬᠠᠢ ᠬᠡᠢ ᠲᠡᠭᠡᠭᠡᠪᠦᠷᠢᠯᠡᠬᠦ ᠲᠡᠷᠭᠡ ᠬᠥᠰᠬᠡ ᠶᠢᠨ ᠠᠶᠤᠯ ᠦᠭᠡᠢ ᠶᠢᠨ | ᠬᠠᠮᠢᠶᠠᠷᠤᠯᠲᠠ ᠶᠢ ᠬᠠᠷᠢᠭᠤᠴᠠᠵᠤ᠂ ᠬᠠᠤᠯᠢ ᠪᠤᠰᠤ ᠡᠵᠡᠩᠨᠡᠭᠴᠢ ᠳᠤ ᠲᠠᠯᠠᠪᠤᠷ ᠬᠠᠩᠭᠠᠬᠤ ᠪᠠ ᠰᠢᠲᠠᠮᠠᠬᠠᠢ ᠬᠡᠢ | ᠲᠣᠭᠲᠠᠭᠠᠯ ᠠᠴᠠ ᠵᠥᠷᠢᠴᠡᠨ ᠶᠡᠭᠡ ᠬᠡᠮᠵᠢᠶ᠎ᠡ ᠪᠠᠷ ᠬᠠᠳᠠᠭᠠᠯᠠᠬᠤ᠂ ᠰᠢᠭᠠᠷᠤ ᠶᠢᠨ ᠰᠢᠩᠭᠡᠨ ᠢ ᠴᠢᠳᠬᠤᠬᠤ᠂ | ᠰᠢᠲᠠᠮᠠᠬᠠᠢ ᠬᠡᠢ ᠬᠤᠯᠠᠭᠠᠶᠢᠯᠠᠬᠤ᠂ ᠬᠡᠷᠡᠭ ᠠᠴᠠ ᠭᠠᠷᠤᠭᠰᠠᠨ ᠪᠣᠯᠣᠳ ᠲᠦᠩᠰᠡ ᠶᠢ ᠰᠠᠷᠢᠭᠠᠯᠠᠬᠤ ᠵᠡᠷᠭᠡ ᠣᠯᠠᠨ | ᠨᠡᠶᠢᠲᠡ ᠶᠢᠨ ᠠᠮᠤᠷ ᠲᠦᠪᠰᠢᠨ ᠳᠤ ᠬᠦᠨᠳᠦ ᠨᠣᠴᠢᠲᠠᠢ ᠰᠦᠷᠳᠡᠭᠦᠯᠦᠯ ᠪᠣᠯᠤᠭᠰᠠᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠵᠤ᠂ ᠣᠯᠵᠤ ᠮᠡᠳᠡᠭᠰᠡᠨ | ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠬᠡᠷᠡᠭᠲᠡᠢ᠃ | ︵ᠨᠠᠢᠮᠠ︶ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢ᠊ | ᠡᠶ᠎ᠡ᠃ | ᠰᠢᠲᠠᠮᠠᠬᠠᠢ ᠬᠡᠢ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠢᠯᠵᠢᠭᠦᠯᠦᠨ ᠬᠦᠷᠭᠡᠭᠰᠡᠨ ᠬᠡᠷᠡᠭ ᠲᠤ | ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠢᠴᠢ ᠵᠣᠬᠢᠴᠠᠩᠭᠤᠢ ᠪᠦᠬᠦᠢ ᠠᠯᠪᠠᠳᠠᠯᠭ᠎ᠠ ᠪᠠᠷ ᠬᠡᠷᠡᠭᠵᠢᠭᠦᠯᠬᠦ ᠶᠢ | ᠬᠠᠷᠢᠭᠤᠴᠠᠵᠤ᠂ ᠰᠤᠷᠭᠠᠭᠤᠯᠢ᠂ ᠴᠡᠴᠡᠷᠯᠢᠭ᠂ ᠠᠭᠤᠳᠠᠮ ᠲᠠᠯᠠᠪᠠᠢ ᠶᠢᠨ ᠡᠷᠭᠢᠨ ᠲᠣᠭᠤᠷᠢᠨ ᠵᠡᠷᠭᠡ ᠬᠢᠨᠠᠨ | ᠬᠠᠮᠢᠶᠠᠷᠬᠤ ᠣᠷᠣᠨ ᠪᠦᠰᠡ ᠶᠢᠨ ᠨᠡᠭᠦᠳᠡᠯ ᠬᠤᠳᠠᠯᠳᠤᠭᠠᠴᠢᠨ ᠲᠣᠭᠲᠠᠭᠠᠯ ᠠᠴᠠ ᠵᠥᠷᠢᠴᠡᠨ ᠰᠢᠩᠭᠡᠨᠵᠢᠮᠡᠯ ᠬᠡᠢ | ᠬᠡᠷᠡᠭᠯᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠬᠤ ᠬᠡᠷᠡᠭᠲᠡᠢ᠃ ᠥᠷᠯᠥᠭᠡ ᠶᠢᠨ | ᠰᠥᠨᠢ ᠶᠢᠨ ᠵᠠᠬ᠎ᠠ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠠᠵᠢᠯ ᠲᠥᠷᠥᠯ ᠤᠨ | ᠬᠠᠮᠢᠶᠠᠷᠤᠯᠲᠠ ᠶᠢᠨ ᠬᠡᠪᠴᠢᠶᠡᠨ ᠳᠣᠲᠣᠷᠠᠬᠢ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ | ︵ᠶᠢᠰᠦ︶ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠃ | ᠲᠤᠰ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠠᠵᠢᠯ ᠲᠥᠷᠥᠯ ᠤᠨ ᠰᠢᠲᠠᠮᠠᠬᠠᠢ ᠭᠡᠢ ᠬᠡᠷᠡᠭᠯᠡᠬᠦ ᠡᠷᠦᠬᠡ ᠶᠢᠨ | ᠰᠢᠲᠠᠮᠠᠬᠠᠢ ᠭᠡᠢ ᠬᠡᠷᠡᠭᠯᠡᠬᠦ ᠶᠢᠨ ᠠᠮᠤᠷ ᠲᠦᠪᠰᠢᠨ ᠢ ᠥᠪᠡᠰᠦᠪᠡᠨ ᠪᠠᠶᠢᠴᠠᠭᠠᠬᠤ ᠠᠵᠢᠯ ᠥᠷᠨᠢᠭᠦᠯᠬᠦ ᠶᠢ ᠬᠠᠷᠢᠭᠤᠴᠠᠨ | ᠵᠣᠬᠢᠶᠠᠨ ᠪᠠᠶᠢᠭᠤᠯᠵᠤ᠂ ᠥᠪᠡᠰᠦᠪᠡᠨ ᠪᠠᠶᠢᠴᠠᠭᠠᠭᠰᠠᠨ ᠪᠠᠶᠢᠳᠠᠯ ᠵᠢᠴᠢ ᠳᠠᠯᠳᠠ ᠭᠡᠮ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ᠲᠡᠭᠦᠨ ᠢ ᠬᠠᠤᠯᠢ ᠶᠣᠰᠣᠭᠠᠷ ᠬᠡᠢ ᠬᠠᠩᠭᠠᠬᠤ ᠠᠵᠤ | ᠠᠬᠤᠶᠢᠯᠠᠯ ᠯᠤᠭ᠎ᠠ ᠬᠡᠢ ᠬᠠᠩᠭᠠᠬᠤ ᠭᠡᠷ᠎ᠡ ᠲᠣᠭᠲᠠᠭᠠᠬᠤ ᠶᠢ ᠬᠠᠷᠢᠭᠤᠴᠠᠭᠤᠯᠵᠤ᠂ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠣᠭᠠᠷ ᠰᠢᠲᠠᠮᠠᠬᠠᠢ ᠬᠡᠢ ᠵᠠᠳᠠᠷᠠᠭᠤᠯᠤᠭᠰᠠᠨ ᠲᠦᠭᠰᠢᠭᠦᠷᠢ ᠮᠡᠳᠡᠭᠡᠯᠡᠬᠦ ᠲᠥᠬᠦᠭᠡᠷᠦᠮᠵᠢ ᠤᠭᠰᠠᠷᠠᠨ᠎ᠠ | ︔ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠴᠢᠯᠠᠭᠤᠨ ᠲᠣᠰᠣᠨ ᠤ ᠬᠡᠷᠡᠭᠯᠡᠬᠦ ᠡᠷᠦᠬᠡ ᠶᠢ ᠵᠣᠷᠢᠭᠵᠢᠭᠤᠯᠤᠨ | ᠬᠥᠲᠥᠯᠥᠨ ᠵᠢᠯᠣᠭᠤᠳᠴᠤ ᠪᠠᠶᠢᠭᠠᠳ ᠬᠤᠭᠤᠯᠠᠢ ᠶᠢᠨ ᠪᠠᠶᠢᠭᠠᠯᠢ ᠶᠢᠨ ᠰᠢᠲᠠᠮᠠᠬᠠᠢ ᠬᠡᠢ ᠶᠢ ᠠᠯᠬᠤᠮ ᠠᠯᠬᠤᠮ ᠢᠶᠠᠷ | ᠥᠭᠡᠷᠡᠴᠢᠯᠡᠨ ᠬᠡᠷᠡᠭᠯᠡᠭᠦᠯᠦᠨ᠎ᠡ᠃ | ︵ᠠᠷᠪᠠ︶ ᠬᠤᠰᠢᠭᠤᠨ ᠤ ᠴᠠᠭ ᠠᠭᠤᠷ ᠤᠨ ᠲᠣᠪᠴᠢᠶ᠎ᠠ᠃ | ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠩᠭ᠎ᠠ | ᠴᠠᠬᠢᠯᠭᠠᠨ ᠤ ᠰᠡᠷᠭᠡᠶᠢᠯᠡᠨ ᠬᠠᠮᠠᠭᠠᠯᠠᠬᠤ ᠲᠣᠨᠣᠭᠯᠠᠯ ᠤᠨ ᠵᠢᠷᠤᠭ ᠲᠥᠯᠥᠪᠯᠡᠭᠡ ᠶᠢ ᠬᠢᠨᠠᠬᠤ ᠪᠠ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠠᠵᠢᠯ ᠢ ᠬᠠᠷᠢᠭᠤᠴᠠᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠨ | ᠬᠤᠷᠢᠭᠯᠠᠬᠤ ᠬᠡᠷᠡᠭᠲᠡᠢ᠃ | ︵ᠠᠷᠪᠠᠨ ᠨᠢᠭᠡ︶ ᠡᠯ᠎ᠡ ᠰᠤᠮᠤ ᠪᠠᠯᠭᠠᠰᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠃ | ᠲᠤᠰ ᠬᠠᠷᠢᠶ᠎ᠠ ᠣᠷᠣᠨ ᠤ ᠳᠣᠲᠣᠷᠠᠬᠢ ᠰᠠᠭᠤᠭᠠᠯᠢ ᠠᠷᠠᠳ ᠤᠨ ᠬᠡᠷᠡᠭᠯᠡᠬᠦ ᠡᠷᠦᠬᠡ ᠶᠢᠨ ᠰᠢᠲᠠᠮᠠᠬᠠᠢ ᠭᠡᠢ | ᠬᠡᠷᠡᠭᠯᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠤᠰᠤᠳ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠲᠠᠢ ᠬᠠᠮᠲᠤᠷᠠᠨ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠳᠣᠲᠣᠷᠠᠬᠢ ᠲᠣᠭᠲᠠᠭᠠᠯ ᠠᠴᠠ | ᠵᠥᠷᠢᠴᠡᠨ ᠬᠡᠢ ᠬᠠᠳᠠᠭᠠᠯᠠᠬᠤ ᠯᠣᠩᠬᠤ ᠪᠠ ᠬᠠᠤᠯᠢ ᠠᠴᠠ ᠵᠥᠷᠢᠴᠡᠨ ᠰᠠᠪᠠᠯᠠᠭᠰᠠᠨ ᠦᠢᠯᠡ ᠠᠵᠢᠯᠯᠠᠭ᠎ᠠ ᠶᠢ | ᠵᠢᠭᠰᠠᠭᠠᠨ ᠪᠠᠶᠢᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠰᠠᠭᠤᠭᠠᠯᠢ ᠠᠷᠠᠳ ᠤᠨ ᠡᠷᠦᠬᠡ ᠳᠤ | ᠣᠷᠣᠬᠤ ᠠᠮᠤᠷ ᠲᠦᠪᠰᠢᠨ ᠤ ᠪᠠᠶᠢᠴᠠᠭᠠᠯᠲᠠ ᠶᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ | ᠭᠡᠢ ᠬᠡᠷᠡᠭᠯᠡᠬᠦ ᠶᠢ ᠥᠷᠭᠡᠨ ᠢᠶᠠᠷ ᠤᠬᠠᠭᠤᠯᠤᠨ ᠬᠥᠲᠥᠯᠥᠨ ᠵᠢᠯᠣᠭᠤᠳᠤᠨ᠎ᠠ᠃ | ᠳᠥᠷᠪᠡ᠂ ᠠᠵᠢᠯ ᠤᠨ ᠠᠯᠬᠤᠮ ᠳᠠᠷᠠᠭ᠎ᠠ | ᠲᠤᠰ ᠤᠳᠠᠭᠠᠨ ᠤ ᠲᠤᠰᠬᠠᠢ ᠴᠡᠭᠴᠡᠯᠡᠨ ᠵᠠᠰᠠᠬᠤ ᠴᠠᠭ ᠨᠢ 2023 ᠣᠨ ᠤ 6 ᠰᠠᠷ᠎ᠠ ᠠᠴᠠ 2023 ᠣᠨ ᠤ | 12 ᠰᠠᠷ᠎ᠠ ᠪᠣᠯᠲᠠᠯ᠎ᠠ᠃ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠨᠡᠶᠢᠲᠡ ᠳᠣᠣᠷᠠᠬᠢ ᠭᠤᠷᠪᠠᠨ ᠱᠠᠲᠤ | ᠬᠤᠪᠢᠶᠠᠨ᠎ᠠ᠄ | ︵ᠨᠢᠭᠡ᠂ ᠳᠠᠶᠢᠴᠢᠯᠠᠨ ᠪᠠᠶᠢᠷᠢᠯᠠᠭᠤᠯᠬᠤ ᠱᠠᠲᠤ ᠦᠶ᠎ᠡ ︵2023 ᠣᠨ ᠤ 6 ᠰᠠᠷ᠎ᠠ - 2023 ᠣᠨ ᠤ 7 | ᠰᠠᠷ᠎ᠠ︶︶ ︽ᠵᠠ︾ ᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠲᠠᠮᠠᠬᠠᠢ ᠬᠡᠢ ᠶᠢᠨ ᠠᠵᠢᠯ | ᠲᠥᠷᠥᠯ ᠤᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ | ᠵᠣᠬᠢᠶᠠᠵᠤ ᠳᠠᠷᠤᠮᠠᠯᠯᠠᠨ ᠲᠠᠷᠬᠠᠭᠠᠵᠤ᠂ ᠰᠠᠯᠠᠭ᠎ᠠ ᠮᠥᠴᠢᠷ ᠤᠳ ᠢᠳᠡᠪᠬᠢᠲᠡᠢ ᠪᠠᠷ ᠳᠠᠭᠠᠵᠤ ᠬᠢᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠲᠣᠭᠲᠠᠴᠠ ᠶᠢ ᠪᠠᠶᠢᠭᠤᠯᠤᠨ᠂ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠭᠤᠯᠭ᠎ᠠ᠂ ᠬᠠᠷᠠᠯᠲᠠ ᠪᠠ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠡᠭᠴᠡᠯᠡᠨ | ᠵᠠᠰᠠᠬᠤ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ | ︵ᠬᠤᠶᠠᠷ ᠲᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠱᠠᠲᠤ ᠦᠶ᠎ᠡ ︵2023 ᠣᠨ ᠤ 7 | ᠰᠠᠷ᠎ᠠ ᠠᠴᠠ 2023 ᠣᠨ ᠤ 10 ᠰᠠᠷ᠎ᠠ ᠪᠣᠯᠲᠠᠯ᠎ᠠ᠃︶ ︽ᠵᠠ︾ ᠭᠡᠳ ᠡᠯ᠎ᠡ ᠰᠠᠯᠠᠭ᠎ᠠ ᠮᠥᠴᠢᠷ ᠤᠨ ᠬᠢᠨ ᠲᠤᠰ | ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠪᠦᠬᠦ ᠬᠤᠰᠢᠭᠤᠨ ᠤ ᠰᠢᠲᠠᠮᠠᠬᠠᠢ ᠭᠡᠢ ᠬᠡᠷᠡᠭᠯᠡᠬᠦ ᠠᠵᠢᠯ | ᠲᠥᠷᠥᠯ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠪᠠᠶᠢᠭᠤᠯᠤᠨ᠂ | ᠨᠢᠭᠡ ᠢᠵᠢ ᠪᠦᠷᠢᠨ ᠪᠦᠲᠦᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠪᠣᠢ ᠪᠣᠯᠭᠠᠬᠤ ᠬᠡᠷᠡᠭᠲᠡᠢ᠃ | ︵ᠭᠤᠷᠪᠠ ᠳᠤ᠂ ᠪᠠᠬᠢᠵᠢᠭᠦᠯᠦᠨ ᠳᠡᠭᠡᠭᠰᠢᠯᠡᠭᠦᠯᠬᠦ ᠱᠠᠲᠤ ᠦᠶ᠎ᠡ ︵2023 ᠣᠨ ᠤ 10 ᠰᠠᠷ᠎ᠠ ᠠᠴᠠ 2023 | ᠣᠨ ᠤ 12 ᠰᠠᠷ᠎ᠠ ᠬᠦᠷᠲᠡᠯ᠎ᠡ︶︶ ︽ᠵᠠ︾ ᠭᠡᠳ ᠰᠢᠲᠠᠮᠠᠬᠠᠢ ᠬᠡᠢ ᠶᠢᠨ ᠠᠶᠤᠯ ᠦᠭᠡᠢ ᠦᠢᠯᠡᠳᠪᠦᠷᠢᠯᠡᠯ ᠤᠨ | ᠲᠤᠰᠬᠠᠢ ᠴᠡᠭᠴᠡᠯᠡᠨ ᠵᠠᠰᠠᠬᠤ ᠠᠵᠢᠯ ᠢ ᠡᠬᠢᠯᠡᠨ ᠪᠠᠶᠢᠩᠭᠤᠵᠢᠭᠤᠯᠤᠨ ᠥᠷᠨᠢᠭᠦᠯᠵᠦ᠂ ︽ᠡᠷᠭᠢᠨ ᠬᠠᠷᠠᠬᠤ︾ ︽ | ᠪᠠᠶᠢᠩᠭᠤᠵᠢᠭᠤᠯᠬᠤ︾ ᠴᠢᠩᠭ᠎ᠠ ᠬᠠᠮᠢᠶᠠᠷᠤᠯᠲᠠ ᠶᠢᠨ ᠱᠠᠭᠠᠷᠳᠠᠯᠭ᠎ᠠ ᠪᠠᠷ ᠳᠠᠮᠵᠢᠭᠤᠯᠤᠨ᠂ ᠪᠠᠶᠢᠩᠭᠤᠵᠢᠭᠤᠯᠬᠤ | ᠲᠣᠭᠲᠠᠴᠠ ᠶᠢ ᠪᠣᠢ ᠪᠣᠯᠭᠠᠵᠤ᠂ ᠬᠦᠨᠳᠦ ᠶᠡᠭᠡ ᠳᠠᠯᠳᠠ ᠭᠡᠮ ᠤᠨ ᠲᠦᠭᠰᠢᠭᠦᠷᠢ ᠶᠢᠨ ᠡᠬᠢ ᠰᠤᠷᠪᠤᠯᠵᠢ ᠶᠢ ᠠᠷᠢᠯᠭᠠᠨ | ᠂ ᠪᠠᠭ᠎ᠠ ᠳᠠᠯᠳᠠ ᠭᠡᠮ ᠤᠨ ᠨᠠᠷᠢᠨ ᠴᠤᠬᠤᠶᠢᠯᠲᠠ ᠶᠢ ᠬᠤᠷᠢᠭᠯᠠᠪᠠ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ | ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ | ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠪᠠ ︽ᠬᠡᠨ ᠬᠢᠨᠠᠨ | ᠵᠥᠪᠰᠢᠶᠡᠷᠡᠭᠰᠡᠨ ᠪᠣᠯ ᠲᠡᠷᠡ ᠬᠢᠨᠠᠨ ᠬᠠᠮᠢᠶᠠᠷᠤᠭᠰᠠᠨ᠂ ᠲᠡᠷᠡ ᠠᠮᠤᠷ ᠲᠦᠪᠰᠢᠨ ᠢ ᠬᠠᠷᠢᠭᠤᠴᠠᠬᠤ︾ ᠵᠠᠷᠴᠢᠮ ᠤᠨ | ᠶᠣᠰᠣᠭᠠᠷ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢ ᠦᠨᠡᠨᠬᠦ ᠭᠦᠢᠴᠡᠳᠬᠡᠬᠦ ᠬᠡᠷᠡᠭᠲᠡᠢ᠃ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠵᠢᠯ ᠤᠨ | ᠨᠡᠶᠢᠯᠡᠮᠡᠯ ᠬᠦᠴᠦᠨ ᠢ ᠪᠣᠢ ᠪᠣᠯᠭᠠᠵᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠦᠴᠦᠨ ᠴᠢᠳᠠᠪᠤᠷᠢ ᠶᠢ | ᠭᠦᠢᠴᠡᠳ ᠪᠠᠳᠠᠷᠠᠭᠤᠯᠤᠨ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠨᠡᠩ ᠢᠯᠡᠭᠦᠦ ᠰᠦᠷᠳᠡᠭᠦᠯᠬᠦ | ᠬᠦᠴᠦᠨ ᠲᠠᠢ ᠪᠣᠯᠭᠠᠨ᠎ᠠ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ | ᠠᠷᠭᠠᠴᠠᠬᠤ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠠᠵᠢᠯ ᠤᠨ ᠭᠤᠣᠯᠳᠠᠯᠭ᠎ᠠ ᠲᠠᠢ ᠴᠡᠭᠴᠡᠯᠡᠨ ᠵᠠᠰᠠᠬᠤ | ᠠᠭᠤᠯᠭ᠎ᠠ ᠶᠢᠨ ᠲᠣᠭᠤᠷᠢᠨ ᠳᠤ᠂ ᠲᠤᠰᠬᠠᠢ ᠬᠦᠴᠦᠨ ᠢ ᠵᠣᠬᠢᠶᠠᠨ ᠪᠠᠶᠢᠭᠤᠯᠵᠤ᠂ ᠰᠢᠲᠠᠮᠠᠬᠠᠢ ᠬᠡᠢ ᠶᠢᠨ ᠠᠵᠤ | ᠠᠬᠤᠶᠢᠯᠠᠯ᠂ ᠢᠳᠡᠭᠡᠨ ᠤᠮᠳᠠᠭᠠᠨ ᠤ ᠲᠠᠯᠠᠪᠤᠷ ᠭᠠᠵᠠᠷ ᠲᠤ ᠠᠮᠤᠷ ᠲᠦᠪᠰᠢᠨ ᠤ ᠪᠠᠶᠢᠴᠠᠭᠠᠯᠲᠠ ᠶᠢ ᠨᠢᠭᠡ ᠤᠳᠠᠭ᠎ᠠ | ᠥᠷᠨᠢᠭᠦᠯᠵᠦ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠢᠳᠡᠭᠡᠨ ᠤᠮᠳᠠᠭᠠᠨ ᠤ ᠲᠠᠯᠠᠪᠤᠷ | ᠭᠠᠵᠠᠷ ᠲᠤ ᠨᠢᠭᠡ ᠤᠳᠠᠭ᠎ᠠ ᠪᠦᠬᠦᠨ ᠢ ᠬᠠᠮᠤᠷᠤᠭᠰᠠᠨ ᠠᠮᠤᠷ ᠲᠦᠪᠰᠢᠨ ᠤ ᠪᠠᠶᠢᠴᠠᠭᠠᠯᠲᠠ ᠬᠢᠯᠭᠡᠵᠦ᠂ ᠭᠡᠷ ᠤᠨ | ᠳᠣᠲᠣᠨ᠎ᠠ ᠭᠠᠳᠠᠨᠠᠬᠢ ᠬᠤᠭᠤᠯᠠᠢ ᠶᠢᠨ ᠲᠣᠨᠤᠭ ᠲᠥᠬᠦᠭᠡᠷᠦᠮᠵᠢ᠂ ᠰᠢᠲᠠᠮᠠᠬᠠᠢ ᠬᠡᠢ ᠶᠢᠨ ᠪᠠᠭᠠᠵᠢ᠂ ᠵᠥᠭᠡᠯᠡᠨ | ᠬᠤᠭᠤᠯᠠᠢ᠂ ᠭᠡᠢ ᠬᠡᠷᠡᠭᠯᠡᠬᠦ ᠣᠷᠴᠢᠨ ᠲᠣᠭᠤᠷᠢᠨ ᠵᠡᠷᠭᠡ ᠶᠢ ᠪᠦᠬᠦ ᠲᠠᠯ᠎ᠠ ᠪᠠᠷ ᠨᠠᠷᠢᠨ ᠨᠢᠮᠪᠠᠢ ᠬᠡᠮᠵᠢᠨ ᠲᠤᠷᠰᠢᠬᠤ ᠪᠠ | ᠪᠠᠶᠢᠴᠠᠭᠠᠪᠠ᠃ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠰᠢᠲᠠᠮᠠᠬᠠᠢ | ᠬᠡᠢ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠲᠠᠲᠠᠵᠤ᠂ ᠡᠯ᠎ᠡ ᠪᠠᠶᠢᠴᠠᠭᠠᠬᠤ ᠳᠤᠭᠤᠶᠢᠯᠠᠩ ᠳᠣᠲᠣᠷ᠎ᠠ | ᠲᠡᠭᠦᠯᠳᠡᠷᠵᠢᠭᠦᠯᠦᠨ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ ᠠᠰᠠᠭᠤᠳᠠᠯ ᠢ ᠦᠨᠡᠨ ᠬᠦ | ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠨ᠂ ᠲᠤᠰ ᠤᠳᠠᠭᠠᠨ ᠤ ᠠᠵᠢᠯᠯᠠᠭ᠎ᠠ ᠶᠢ ᠪᠦᠬᠦ ᠣᠷᠣᠨ ᠤ ᠬᠤᠲᠠ | ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠲᠠᠢ | ᠣᠷᠭᠠᠨᠢᠭ ᠢᠶᠠᠷ ᠤᠶᠠᠯᠳᠤᠭᠤᠯᠵᠤ᠂ ᠨᠠᠷᠢᠯᠢᠭ ᠣᠨᠣᠴᠠᠲᠠᠢ ᠪᠠᠷ ᠴᠡᠭᠴᠡᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠢ᠃ | ︵ᠬᠤᠶᠠᠷ︶ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠵᠤ | ᠠᠬᠤᠶᠢᠯᠠᠯ ᠪᠣᠯ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ ᠲᠣᠭᠲᠠᠭᠠᠭᠰᠠᠨ | ᠱᠠᠭᠠᠷᠳᠠᠯᠭ᠎ᠠ ᠶᠣᠰᠣᠭᠠᠷ ᠡᠷᠦᠬᠡ ᠳᠤ ᠬᠦᠷᠴᠦ ᠠᠮᠤᠷ ᠲᠦᠪᠰᠢᠨ ᠤ ᠪᠠᠶᠢᠴᠠᠭᠠᠯᠲᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠪᠠᠷᠢᠮᠵᠢᠶ᠎ᠠ | ᠳᠦᠷᠢᠮ ᠤᠨ ᠱᠠᠭᠠᠷᠳᠠᠯᠭ᠎ᠠ ᠶᠣᠰᠣᠭᠠᠷ᠂ ᠦᠢᠯᠡᠴᠢᠯᠡᠭᠡᠨ ᠤ ᠬᠡᠷᠡᠭᠯᠡᠭᠴᠢᠳ ᠲᠤ ᠪᠦᠬᠦ ᠲᠠᠯ᠎ᠠ ᠶᠢᠨ ᠪᠠᠶᠢᠴᠠᠭᠠᠯᠲᠠ | ᠬᠢᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠡᠯ᠎ᠡ ᠲᠥᠷᠥᠯ ᠤᠨ ᠳᠠᠯᠳᠠ ᠭᠡᠮ ᠢ | ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠥᠭᠡᠷᠡᠴᠢᠯᠡᠬᠦ ᠶᠢ ᠴᠢᠩᠭᠠᠳᠬᠠᠨ᠂ ᠡᠯ᠎ᠡ ᠵᠦᠢᠯ ᠤᠨ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠲᠣᠬᠢᠷᠠᠭᠤᠯᠤᠨ ᠬᠦᠷᠭᠡᠬᠦ ᠬᠥᠮᠦᠰ ᠤᠨ ᠠᠶᠤᠯ ᠦᠭᠡᠢ ᠶᠢᠨ | ᠬᠠᠮᠢᠶᠠᠷᠤᠯᠲᠠ ᠶᠢᠨ ᠵᠠᠩᠭᠢᠯᠠᠭ᠎ᠠ ᠶᠢᠨ ᠴᠠᠭ ᠬᠤᠭᠤᠴᠠᠭ᠎ᠠ ᠳᠠᠬᠢ ᠠᠵᠢᠯᠲᠠᠨ ᠢ ᠨᠡᠮᠡᠵᠦ ᠲᠣᠮᠢᠯᠠᠬᠤ ᠠᠵᠢᠯ | ᠲᠥᠷᠥᠯ ᠤᠨ ᠠᠶᠤᠯ ᠦᠭᠡᠢ ᠶᠢᠨ ᠡᠯ᠎ᠡ ᠵᠦᠢᠯ ᠤᠨ ᠠᠵᠢᠯ ᠢ ᠴᠢᠩᠭᠠᠳᠬᠠᠵᠤ᠂ ᠠᠵᠢᠯ ᠤᠨ ᠡᠭᠦᠷᠭᠡ | ᠬᠠᠷᠢᠭᠤᠴᠠᠯᠭ᠎ᠠ ᠶᠢ ᠬᠥᠮᠦᠨ ᠳᠤᠨᠢ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠠᠮᠤᠷ | ᠲᠦᠪᠰᠢᠨ ᠤ ᠭᠡᠮ ᠰᠣᠭᠤᠭ ᠤᠨ ᠡᠬᠡ ᠳᠠᠩᠰᠠ ᠶᠢ ᠪᠠᠶᠢᠭᠤᠯᠵᠤ᠂ ᠡᠬᠡ ᠳᠠᠩᠰᠠ ᠳᠤ ᠴᠢᠭᠯᠡᠭᠦᠯᠦᠨ ᠨᠢᠭᠡᠳ | ᠨᠢᠭᠡ ᠪᠠᠷ ᠴᠡᠭᠴᠡᠯᠡᠨ ᠰᠠᠶᠢᠵᠢᠷᠠᠭᠤᠯᠵᠤ᠂ ᠪᠢᠲᠡᠭᠦᠮᠵᠢᠯᠡᠭᠰᠡᠨ ᠬᠠᠮᠢᠶᠠᠷᠤᠯᠲᠠ ᠬᠢᠬᠦ ᠬᠡᠷᠡᠭᠲᠡᠢ᠃ | |