ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ︹2020︺ 6 ᠳ᠋ᠤᠭᠠᠷ ᠲᠣᠭᠠᠲᠤ | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ | ᠡᠳᠦᠭᠡ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠵᠠᠮ | ᠲᠡᠭᠡᠭᠡᠪᠦᠷᠢ ᠶᠢᠨ ᠨᠢᠭᠡ ᠴᠣᠭᠴᠠᠵᠢᠭᠰᠠᠨ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ︾ ᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠢ᠃ | 2023 ᠣᠨ ᠤ 2 ᠰᠠᠷ᠎ᠠ ᠶᠢᠨ 21 ᠤ ᠡᠳᠦᠷ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠬᠡᠷᠡᠭᠵᠢᠭᠦᠯᠬᠦ ᠲᠥᠰᠦᠯ | | ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ | ᠰᠢᠶᠠᠨ ᠢ ᠡᠭᠦᠳᠦᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠥᠷᠨᠢᠭᠦᠯᠵᠦ᠂ ᠬᠤᠲᠠ ᠬᠥᠳᠡᠭᠡ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠬᠢᠷᠢ ᠲᠦᠪᠰᠢᠨ ᠢ | ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠨ᠎ᠡ ᠠᠬᠢᠴᠠ ᠲᠠᠢ ᠪᠣᠯᠭᠠᠬᠤ᠂ | ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠰᠢᠨ᠎ᠡ ᠠᠯᠬᠤᠮ ᠢ ᠠᠯᠬᠤᠬᠤ ᠶᠢ ᠬᠦᠴᠦᠲᠡᠢ | ᠠᠬᠢᠭᠤᠯᠬᠤ ᠶᠢᠨ ᠲᠥᠯᠥᠭᠡ᠂ ︽ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ | ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠬᠠᠮᠢᠶᠠᠷᠤᠯᠲᠠ ᠶᠢᠨ ᠠᠷᠭ᠎ᠠ︾ ᠪᠠ ︽ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠭᠤᠷᠪᠠᠳᠤᠭᠠᠷ ᠪᠦᠯᠦᠭ ᠤᠨ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ | ︾ ︵ᠵᠠᠮ ᠬᠠᠷᠢᠯᠴᠠᠭ᠎ᠠ ᠲᠡᠭᠡᠭᠡᠪᠦᠷᠢ ᠶᠢᠨ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ | ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠢ ᠮᠡᠳᠡᠭᠳᠡᠯ︾ ︵ᠵᠠᠮ ᠬᠠᠷᠢᠯᠴᠠᠭ᠎ᠠ ᠲᠡᠭᠡᠭᠡᠪᠦᠷᠢ | ᠲᠠᠷᠬᠠᠭᠠᠭᠰᠠᠨ ︹2020︺ 24 ᠳ᠋ᠤᠬᠡᠷ ᠲᠣᠭᠠᠲᠤ︶ ᠢ ᠦᠨᠳᠦᠰᠦᠯᠡᠨ᠂ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠦᠨᠳᠦᠰᠦᠨ ᠵᠠᠷᠴᠢᠮ | ︵ᠨᠢᠭᠡ︶ ᠵᠠᠰᠠᠭ ᠤᠨ ᠣᠷᠳᠣᠨ ᠤᠳᠤᠷᠢᠳᠤᠮᠵᠢ ᠶᠢᠨ ᠵᠠᠬ᠎ᠠ ᠳᠡᠯᠭᠡᠭᠦᠷ ᠲᠤ ᠠᠵᠢᠯᠯᠠᠬᠤ᠃ ᠬᠤᠰᠢᠭᠤᠨ ᠤ | ᠵᠠᠰᠠᠭ ᠤᠨ ᠣᠷᠳᠣᠨ ᠤ ᠭᠤᠣᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ | ᠠᠶᠠᠨᠴᠢᠳ ᠤᠨ ᠲᠡᠭᠡᠭᠡᠪᠦᠷᠢ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ᠂ ᠬᠤᠲᠠ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ ᠡᠳ᠋ ᠤᠨ ᠵᠠᠰᠠᠭ ᠤᠨ ᠣᠷᠣᠭᠤᠯᠤᠯᠲᠠ ᠪᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠨ᠂ | ᠨᠡᠶᠢᠭᠡᠮ ᠤᠨ ᠣᠷᠣᠯᠴᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ︵ᠬᠤᠶᠠᠷ︶ ᠬᠥᠮᠦᠨ ᠢᠶᠠᠷ ᠦᠨᠳᠦᠰᠦ ᠪᠣᠯᠭᠠᠵᠤ᠂ ᠬᠠᠩᠭᠠᠯᠭ᠎ᠠ ᠶᠢ ᠰᠢᠯᠢᠳᠡᠭᠵᠢᠭᠦᠯᠬᠦ᠃ ᠦᠨᠳᠦᠰᠦᠨ ᠵᠦᠢᠯ ᠢ | ᠪᠠᠲᠤᠯᠠᠬᠤ᠂ ᠳᠤᠲᠠᠭᠤᠳᠠᠯ ᠢ ᠨᠥᠬᠦᠪᠥᠷᠢᠯᠡᠬᠦ᠂ ᠬᠤᠷᠢᠭ᠎ᠠ ᠱᠤᠭᠤᠮ ᠢ ᠰᠠᠬᠢᠬᠤ ᠳᠤ ᠰᠠᠭᠤᠷᠢᠯᠠᠵᠤ᠂ ᠬᠥᠮᠦᠨ ᠤ | ᠶᠠᠪᠤᠬᠤ ᠳᠤ ᠳᠥᠭᠦᠮ ᠪᠠᠶᠢᠯᠭᠠᠬᠤ᠂ ᠡᠳ᠋ ᠪᠣᠳᠠᠰ ᠤᠨ ᠤᠷᠤᠰᠬᠠᠯ ᠢ ᠰᠢᠯᠤᠭᠤᠳᠬᠠᠬᠤ᠂ ᠠᠮᠤᠷ ᠲᠦᠪᠰᠢᠨ ᠢ | ᠲᠡᠷᠢᠭᠦᠨ ᠳᠤ ᠲᠠᠯᠪᠢᠬᠤ᠂ ᠦᠢᠯᠡᠴᠢᠯᠡᠭᠡᠨ ᠤ ᠴᠢᠨᠠᠷ ᠰᠠᠶᠢᠲᠠᠢ ᠪᠠᠶᠢᠬᠤ ᠪᠠᠷ ᠭᠠᠷᠳᠠᠴᠠ ᠪᠣᠯᠭᠠᠵᠤ᠂ ᠬᠤᠲᠠ | ᠬᠥᠳᠡᠭᠡ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠵᠤ᠂ ᠠᠷᠠᠳ ᠣᠯᠠᠨ ᠤ ᠬᠤᠲᠠ ᠬᠥᠳᠡᠭᠡ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠴᠡᠭᠡ ᠶᠢ ᠪᠦᠬᠦ ᠲᠠᠯ᠎ᠠ ᠪᠠᠷ ᠬᠠᠩᠭᠠᠬᠤ | ᠬᠡᠷᠡᠭᠲᠡᠢ᠃ | ︵ᠭᠤᠷᠪᠠ︶ ᠡᠬᠢ ᠪᠠᠶᠠᠯᠢᠭ ᠢ ᠨᠡᠶᠢᠯᠡᠭᠦᠯᠵᠦ᠂ ᠠᠭᠤᠰᠤᠯᠴᠠᠨ ᠬᠥᠭᠵᠢᠬᠦ᠃ ᠬᠤᠲᠠ ᠬᠥᠳᠡᠭᠡ ᠶᠢᠨ | ᠬᠤᠭᠤᠷᠣᠨᠳᠣᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠵᠣᠬᠢᠴᠠᠩᠭᠤᠢ ᠪᠠᠷ ᠬᠥᠭᠵᠢᠬᠦ ᠶᠢ ᠨᠢᠭᠡᠳᠦᠯᠲᠡᠢ ᠲᠥᠯᠥᠪᠯᠡᠨ᠂ | ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢ ᠵᠣᠯᠭᠠᠭᠤᠯᠬᠤ ᠪᠠ ᠬᠤᠲᠠ ᠬᠥᠳᠡᠭᠡ ᠶᠢᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠬᠢᠭᠡᠳ | ᠣᠨᠴᠠᠯᠢᠭᠲᠤ ᠠᠵᠤ ᠦᠢᠯᠡᠰ᠂ ᠵᠢᠭᠤᠯᠴᠢᠯᠠᠯ᠂ ᠡᠯᠧᠺᠳ᠋ᠷᠣᠨ ᠬᠤᠳᠠᠯᠳᠤᠭ᠎ᠠ᠂ ᠰᠢᠤᠳᠠᠨ᠂ ᠲᠦᠷᠭᠡᠨ ᠢᠯᠡᠭᠡᠯᠲᠡ᠂ | ᠬᠠᠩᠭᠠᠨ ᠪᠣᠷᠣᠯᠠᠭᠤᠯᠬᠤ ᠵᠡᠷᠭᠡ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠲᠦᠯᠬᠢᠨ ᠠᠬᠢᠭᠤᠯᠵᠤ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠪᠠ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠢᠭᠤᠯᠴᠢᠯᠠᠯ ᠤᠨ ᠵᠠᠮ᠂ ᠡᠬᠢ ᠪᠠᠶᠠᠯᠢᠭ ᠤᠨ ᠵᠠᠮ᠂ ᠠᠵᠤ | ᠦᠢᠯᠡᠰ ᠤᠨ ᠵᠠᠮ ᠢ ᠪᠣᠢ ᠪᠣᠯᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢ ᠬᠤᠲᠠ ᠬᠥᠳᠡᠭᠡ ᠶᠢᠨ ᠠᠵᠤ ᠠᠬᠤᠢ ᠶᠢᠨ | ᠬᠥᠭᠵᠢᠯᠲᠡ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ | ︵ᠳᠥᠷᠪᠡ︶ ᠠᠯᠬᠤᠮ ᠬᠤᠪᠢᠶᠠᠨ ᠠᠬᠢᠭᠤᠯᠵᠤ᠂ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠣᠳᠣᠬᠢ ᠪᠠᠶᠢᠳᠠᠯ ᠲᠠᠢ ᠤᠶᠠᠯᠳᠤᠭᠤᠯᠤᠨ᠂ | ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠠᠯᠬᠤᠮ ᠬᠤᠪᠢᠶᠠᠨ ᠬᠡᠷᠡᠭᠵᠢᠭᠦᠯᠵᠦ᠂ ᠡᠮᠬᠢ ᠵᠢᠷᠤᠮ ᠲᠠᠢ | ᠠᠬᠢᠭᠤᠯᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠵᠠᠭᠪᠤᠷ ᠵᠢᠴᠢ ᠬᠡᠷᠡᠭᠵᠢᠭᠦᠯᠬᠦ ᠠᠷᠭ᠎ᠠ ᠵᠠᠮ ᠢ ᠲᠦᠷᠭᠡᠳᠬᠡᠨ | ᠪᠣᠢ ᠪᠣᠯᠭᠠᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠪᠦᠬᠦ ᠬᠤᠰᠢᠭᠤᠨ ᠤ ᠬᠤᠲᠠ ᠬᠥᠳᠡᠭᠡ ᠶᠢᠨ ᠵᠠᠮ | ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ᠂ ᠡᠭᠦᠳᠦᠨ ᠪᠠᠶᠢᠭᠤᠯᠬᠤ ᠰᠠᠭᠤᠷᠢ | ︵ᠨᠢᠭᠡ︶ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ᠄ 2022 ᠣᠨ ᠳᠤ᠂ ᠪᠦᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 73.5 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠪᠦᠷᠢ ᠳᠤᠮᠳᠠᠴᠢ ᠪᠠᠷ 7.9% ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ 3.1 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 18.9% ᠨᠡᠮᠡᠭᠳᠡᠪᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 32.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ | ᠪᠦᠷᠢ ᠳᠤᠮᠳᠠᠴᠢ ᠪᠠᠷ 1.6% ᠨᠡᠮᠡᠭᠳᠡᠪᠡ᠃ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 3.1 ᠲᠦᠮᠡᠨ ᠲᠥᠭᠦᠷᠢᠭ ᠪᠠ 1.3 ᠲᠦᠮᠡᠨ | ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ ᠲᠤᠰ ᠲᠤᠰ 7.1% ᠪᠠ 10.9% ᠨᠡᠮᠡᠭᠳᠡᠪᠡ᠃ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 11 ᠳ᠋ᠦᠩᠰᠢᠭᠤᠷ ᠲᠥᠭᠦᠷᠢᠭ ᠲᠤ | ᠬᠦᠷᠴᠦ᠂ ᠵᠢᠯ ᠪᠦᠷᠢ ᠳᠤᠮᠳᠠᠴᠢ ᠪᠠᠷ 3.9% ᠨᠡᠮᠡᠭᠳᠡᠪᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠠᠰᠤ | ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ | ︵ᠬᠤᠶᠠᠷ︶ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠲᠦᠢᠮᠣ ᠪᠠᠶᠢᠳᠠᠯ᠄ 2022 | ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠬᠥᠳᠡᠭᠡ ᠲᠣᠰᠬᠤᠨ ᠤ ᠵᠠᠰᠠᠮᠠᠯ ᠵᠠᠮ ᠤᠨ ᠶᠡᠷᠦᠩᠬᠡᠢ ᠤᠷᠲᠤ ᠨᠢ 2833 ᠺᠢᠯᠤᠮᠧᠲᠷ᠂ ᠬᠥᠳᠡᠭᠡ ᠲᠣᠰᠬᠤᠨ ᠤ | ᠵᠠᠰᠠᠮᠠᠯ ᠵᠠᠮ ᠤᠨ ᠳᠡᠰ ᠤᠨ ᠵᠠᠮ ᠤᠨ ᠤᠷᠲᠤ ᠨᠢ 2811 ᠺᠢᠯᠤᠮᠧᠲᠷ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠳᠡᠰ ᠤᠨ ᠵᠠᠮ ᠤᠨ ᠨᠣᠷᠮ᠎ᠠ ᠨᠢ 99% ᠪᠣᠯᠤᠨ᠎ᠠ︔ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠵᠠᠮ ᠤᠨ | ᠲᠣᠣᠷ ᠤᠨ ᠨᠢᠭᠲᠠᠴᠠ ᠨᠢ 8.94km᠂ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠵᠠᠮ ᠤᠨ ᠲᠣᠣᠷ ᠤᠨ | ᠨᠢᠭᠲᠠᠴᠠ ᠨᠢ 8.94km᠂ ᠬᠤᠲᠠ ᠶᠢᠨ ᠪᠠᠶᠢᠭᠤᠯᠤᠭᠰᠠᠨ ᠲᠣᠭᠤᠷᠢᠭ ᠤᠨ ᠵᠠᠮ ᠤᠨ ᠲᠠᠯᠠᠪᠠᠢ ᠶᠢᠨ ᠨᠣᠷᠮ᠎ᠠ ᠨᠢ | 16.1% ᠬᠦᠷᠴᠡᠢ︔ ᠡᠳ᠋ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠡᠳ᠋ | ᠪᠠᠷᠠᠭᠠᠨ ᠤ ᠭᠦᠢᠯᠭᠡᠭᠡᠨ ᠤ ᠲᠣᠣᠷ ᠴᠡᠭ ᠨᠢ ᠨᠢᠭᠡᠨᠲᠡ ᠪᠦᠬᠦ ᠬᠤᠰᠢᠭᠤᠨ ᠤ 12 ᠰᠤᠮᠤ᠂ 173 ᠪᠠᠶᠢᠭᠤᠯᠤᠯᠳᠠᠲᠤ | ᠲᠣᠰᠬᠤᠨ ᠳᠤ ᠬᠦᠷᠴᠦ᠂ ᠪᠠᠶᠢᠭᠤᠯᠤᠯᠳᠠᠲᠤ ᠲᠣᠰᠬᠤᠨ ᠳᠤ 500 ᠮᠧᠳ᠋ᠷ ᠤᠨ ᠪᠦᠷᠬᠦᠴᠡ ᠶᠢᠨ ᠨᠣᠷᠮ᠎ᠠ ᠨᠢ | 98% ᠳᠤ ᠬᠦᠷᠴᠡᠢ᠃ ᠬᠤᠲᠠ ᠬᠥᠳᠡᠭᠡ ᠶᠢᠨ ᠠᠦ᠋ᠲ᠋ᠣ᠋ ᠵᠠᠮ ᠤᠨ ᠠᠶᠠᠨᠴᠢᠨ ᠤ ᠮᠠᠰᠢᠨ ᠤ ᠨᠡᠶᠢᠲᠡ ᠶᠢᠨ | ᠮᠠᠰᠢᠨᠴᠢᠯᠠᠯᠲᠠ ᠶᠢᠨ ᠬᠡᠮᠵᠢᠶ᠎ᠡ ᠨᠢ 65%᠃ | ︵ᠭᠤᠷᠪᠠ︶ ᠡᠭᠦᠳᠦᠨ ᠪᠠᠶᠢᠭᠤᠯᠬᠤ ᠳᠠᠪᠠᠭᠤᠯᠢᠭ᠄ ᠨᠢᠭᠡ ᠳᠤ ᠭᠠᠵᠠᠷ ᠵᠦᠢ ᠶᠢᠨ ᠪᠠᠶᠢᠷᠢᠯᠠᠯ ᠳᠠᠪᠠᠭᠤᠯᠢᠭ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯ ᠬᠢᠩᠭᠠᠨ ᠠᠶᠢᠮᠠᠭ ᠤᠨ ᠡᠮᠦᠨ᠎ᠡ ᠶᠡᠭᠡ ᠡᠭᠦᠳᠡ᠂ ᠨᠢᠭᠡᠨᠲᠡ | G5511᠂ G1015 ᠳᠡᠭᠡᠳᠦ ᠬᠤᠷᠳᠤ ᠶᠢᠨ ᠵᠠᠰᠠᠮᠠᠯ ᠵᠠᠮ ᠢ ᠶᠠᠭ ᠪᠦᠲᠦᠭᠡᠨ ᠪᠠᠶᠢᠭᠤᠯᠵᠤ ᠪᠠᠶᠢᠨ᠎ᠠ᠂ | ᠤᠯᠤᠰ ᠤᠨ ᠵᠠᠮ ᠤᠨ G111᠂ G334᠂ G207᠂ ᠮᠤᠵᠢ ᠶᠢᠨ ᠵᠠᠮ S 210 ᠱᠤᠭᠤᠮ ᠤᠨ ᠮᠠᠨ ᠤ | ᠬᠤᠰᠢᠭᠤᠨ ᠤ ᠬᠢᠯᠢ ᠬᠢᠵᠠᠭᠠᠷ ᠢ ᠳᠠᠪᠠᠵᠤ᠂ ᠮᠠᠨ ᠤ ᠬᠤᠰᠢᠭᠤᠨ ᠤ ᠮᠣᠩᠭᠤᠯ ᠬᠥᠮᠦᠨ ᠠᠮᠠ 87% ᠠᠴᠠ ᠳᠡᠭᠡᠭᠰᠢ | ᠂ ᠦᠨᠳᠦᠰᠦᠲᠡᠨ ᠤ ᠰᠣᠶᠣᠯ ᠪᠠᠶᠠᠯᠢᠭ ᠡᠯᠪᠡᠭ ᠳᠡᠯᠪᠡᠭ ᠪᠠᠶᠢᠵᠤ᠂ ᠮᠠᠨ ᠤ ᠬᠤᠰᠢᠭᠤᠨ ᠤ ᠮᠣᠩᠭᠤᠯ | ᠦᠨᠳᠦᠰᠦᠲᠡᠨ ᠤ ᠬᠥᠮᠦᠨ ᠠᠮᠠ 87% ᠠᠴᠠ ᠳᠡᠭᠡᠭᠰᠢᠬᠢ ᠶᠢ ᠡᠵᠡᠯᠡᠵᠦ᠂ ᠦᠨᠳᠦᠰᠦᠲᠡᠨ ᠤ ᠤᠯᠠᠮᠵᠢᠯᠠᠯᠲᠤ | ᠰᠢᠯᠢᠳᠡᠭ ᠰᠣᠶᠣᠯ ᠢ ᠨᠡᠯᠢᠶᠡᠳ ᠪᠦᠷᠢᠨ ᠪᠦᠲᠦᠨ ᠦᠯᠡᠳᠡᠭᠡᠪᠡ︔ ᠭᠤᠷᠪᠠ ᠳᠤ᠂ ᠵᠢᠭᠤᠯᠴᠢᠯᠠᠯ ᠤᠨ ᠡᠬᠢ ᠪᠠᠶᠠᠯᠢᠭ | ᠡᠯᠪᠡᠭ᠂ ᠬᠠᠩᠭᠠᠯ ᠨᠠᠭᠤᠷ᠂ ᠲᠦᠰᠢᠶᠡᠲᠦ ᠸᠠᠩ ᠤᠨ ᠣᠷᠳᠣᠨ᠂ ᠰᠡᠭᠦᠳᠡᠷ ᠰᠠᠭᠤᠷᠢᠨ ᠭᠠᠵᠠᠷ᠂ ᠪᠠᠲᠤᠴᠠᠭᠠᠨ ᠵᠡᠷᠭᠡ | ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠣᠯᠠᠨ ᠵᠦᠢᠯ ᠤᠨ ᠠᠵᠤ ᠦᠢᠯᠡᠰ ᠤᠨ ᠬᠠᠮᠵᠢᠯᠴᠠᠨ | ᠬᠥᠭᠵᠢᠬᠦ ᠳᠤ ᠳᠣᠭᠢᠷᠠᠨ᠎ᠠ᠃ ᠳᠥᠷᠪᠡ ᠳᠤ᠂ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠪᠦᠷᠢᠨ ᠲᠡᠭᠦᠯᠳᠡᠷ᠂ | ᠰᠠᠭᠤᠷᠢ ᠲᠥᠬᠦᠭᠡᠷᠦᠮᠵᠢ ᠰᠡᠶᠢᠨ ᠪᠣᠯᠪᠠ᠃ ᠬᠥᠳᠡᠭᠡ ᠲᠣᠰᠬᠤᠨ ᠤ ᠵᠠᠰᠠᠮᠠᠯ ᠵᠠᠮ᠂ ᠵᠢᠭᠤᠯᠴᠢᠯᠠᠯ ᠤᠨ ᠵᠠᠰᠠᠮᠠᠯ ᠵᠠᠮ | ᠵᠡᠷᠭᠡ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠭᠰᠡᠨ ᠪᠠᠶᠢᠳᠠᠯ ᠨᠡᠯᠢᠶᠡᠳ ᠰᠠᠶᠢᠨ᠂ ᠰᠠᠭᠤᠷᠢ ᠪᠡᠯᠡᠳᠬᠡᠮᠵᠢ ᠪᠦᠷᠢᠨ ᠲᠡᠭᠦᠯᠳᠡᠷ᠂ ᠳᠠᠭᠠᠯᠲᠠ ᠪᠡᠯᠡᠳᠬᠡᠮᠵᠢ | ᠪᠦᠷᠢᠨ ᠭᠦᠢᠴᠡᠳ᠂ ᠵᠢᠭᠤᠯᠴᠢᠯᠠᠯ ᠤᠨ ᠦᠵᠡᠮᠵᠢ ᠶᠢᠨ ᠭᠠᠵᠠᠷ᠂ ᠭᠤᠣᠯ ᠪᠣᠯᠬᠤ ᠬᠤᠲᠠ ᠪᠠᠯᠭᠠᠰᠤ᠂ ᠴᠢᠬᠤᠯᠠ | ᠭᠠᠴᠠᠭ᠎ᠠ ᠨᠢ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠵᠠᠮ ᠬᠠᠷᠢᠯᠴᠠᠭ᠎ᠠ ᠳᠥᠭᠦᠮ᠂ | ᠵᠤᠭᠠᠴᠠᠨ ᠨᠠᠭᠠᠳᠬᠤ ᠳᠤ ᠲᠣᠬᠢᠷᠠᠮᠵᠢᠲᠠᠢ ᠪᠠᠶᠢᠳᠠᠭ᠃ | ᠭᠤᠷᠪᠠ᠂ ᠡᠭᠦᠳᠦᠨ ᠪᠠᠶᠢᠭᠤᠯᠬᠤ ᠰᠡᠳᠬᠢᠴᠡ ᠵᠢᠴᠢ ᠬᠠᠷᠠᠯᠲᠠ | 2025 ᠣᠨ ᠤ ᠡᠴᠦᠰ ᠪᠣᠯᠬᠤ ᠳᠤ᠂ ᠪᠦᠬᠦ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠨᠢᠭᠡ ᠴᠣᠭᠴᠠᠵᠢᠭᠰᠠᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠨᠡᠶᠢᠲᠡ ᠶᠢᠨ ᠮᠠᠰᠢᠨᠴᠢᠯᠠᠯᠲᠠ ᠶᠢᠨ ᠥᠭᠡᠷᠡᠴᠢᠯᠡᠯᠲᠡ ᠶᠢ | ᠪᠡᠶᠡᠯᠡᠭᠦᠯᠦᠨ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠪᠠ ᠪᠠᠷᠠᠭ᠎ᠠ ᠰᠢᠤᠳᠠᠨ ᠤ ᠠᠭᠤᠰᠤᠯᠴᠠᠨ | ᠬᠥᠭᠵᠢᠬᠦ ᠶᠢ ᠠᠬᠢᠭᠤᠯᠵᠤ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠪᠠ ᠵᠢᠭᠤᠯᠴᠢᠯᠠᠯ ᠤᠨ | ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠥᠳᠡᠭᠡ ᠲᠣᠰᠬᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠪᠣᠳᠠᠲᠠᠢ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ | ᠠᠵᠢᠯ ᠢ ᠯᠠᠪᠳᠠᠭᠤᠨ ᠢᠶᠠᠷ ᠠᠬᠢᠭᠤᠯᠵᠤ᠂ ᠮᠠᠨ ᠤ ᠬᠤᠰᠢᠭᠤᠨ ᠤ ᠬᠤᠲᠠ ᠬᠥᠳᠡᠭᠡ ᠶᠢᠨ ᠨᠢᠭᠡ ᠴᠣᠭᠴᠠᠵᠢᠭᠰᠠᠨ | ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠨᠢᠭᠡ︶ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠵᠠᠮ | ᠱᠤᠭᠤᠮ ᠢ ᠬᠥᠳᠡᠭᠡ ᠲᠣᠰᠬᠤᠨ ᠲᠡᠶᠢᠰᠢ ᠤᠷᠲᠤᠳᠬᠠᠵᠤ᠂ ᠬᠤᠲᠠ ᠶᠢᠨ ᠲᠣᠭᠤᠷᠢᠭ ᠤᠨ ᠡᠷᠭᠢᠨ ᠲᠣᠭᠤᠷᠢᠨ ᠤ | ᠰᠤᠮᠤ ᠪᠠᠯᠭᠠᠰᠤ ᠶᠢ ᠨᠥᠯᠥᠭᠡᠯᠡᠵᠦ᠂ ᠳᠥᠭᠦᠮ ᠳᠥᠲᠡ ᠣᠶᠢᠷ᠎ᠠ ᠵᠠᠮ ᠢᠶᠠᠷ ᠶᠠᠪᠤᠵᠤ ᠰᠠᠭᠤᠪᠠ︔ ᠬᠥᠳᠡᠭᠡ | ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠨᠡᠶᠢᠲᠡ ᠶᠢᠨ ᠮᠠᠰᠢᠨᠴᠢᠯᠠᠯᠲᠠ ᠶᠢᠨ | ᠥᠭᠡᠷᠡᠴᠢᠯᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ | ᠳᠠᠪᠲᠠᠮᠵᠢ ᠶᠢ ᠨᠡᠮᠡᠭᠳᠡᠭᠦᠯᠬᠦ ᠶᠢᠨ ᠬᠠᠮᠲᠤ᠂ ᠮᠡᠳᠡᠭᠡ ᠵᠠᠩᠭᠢ ᠶᠢᠨ ᠲᠠᠪᠴᠠᠩ ᠤᠨ ᠰᠢᠰᠲ᠋ᠧᠮ ᠢ ᠠᠰᠢᠭᠯᠠᠨ ᠮᠡᠳᠡᠭᠡ | ᠵᠠᠩᠭᠢ ᠶᠢᠨ ᠡᠬᠢ ᠪᠠᠶᠠᠯᠢᠭ ᠢ ᠪᠦᠲᠦᠮᠵᠢᠲᠡᠢ ᠪᠠᠷ ᠡᠮᠬᠢᠯᠡᠨ ᠨᠡᠶᠢᠯᠡᠭᠦᠯᠵᠦ ᠬᠤᠷᠠᠮᠳᠤᠭᠤᠯᠤᠨ᠂ ᠬᠤᠲᠠ ᠶᠢᠨ | ᠬᠤᠭᠤᠷᠣᠨᠳᠣ᠂ ᠬᠤᠲᠠ ᠶᠢᠨ ᠲᠣᠭᠤᠷᠢᠭ᠂ ᠬᠤᠲᠠ ᠬᠥᠳᠡᠭᠡ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ | ᠪᠦᠬᠦ ᠬᠤᠰᠢᠭᠤᠨ ᠤ ᠠᠷᠠᠳ ᠲᠦᠮᠡᠨ ᠳᠤ ᠨᠡᠩ ᠳᠥᠭᠦᠮ ᠳᠥᠲᠡ᠂ ᠲᠠᠭᠠᠯᠠᠮᠵᠢᠲᠠᠢ᠂ ᠠᠮᠤᠷ ᠲᠦᠪᠰᠢᠨ᠂ ᠥᠨᠳᠥᠷ | ᠪᠦᠲᠦᠮᠵᠢᠲᠡᠢ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠪᠡᠶᠡᠴᠢᠯᠡᠨ ᠣᠶᠢᠯᠠᠭᠠᠬᠤ | ᠬᠡᠷᠡᠭᠲᠡᠢ᠃ | ︵ᠬᠤᠶᠠᠷ︶ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ ᠰᠢᠤᠳᠠᠨ ᠤ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ ᠶᠢ ᠠᠩᠬ᠎ᠠ ᠠᠯᠬᠤᠮ ᠪᠡᠶᠡᠯᠡᠭᠦᠯᠵᠦ᠂ | ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠮᠠᠨ ᠤ ᠬᠤᠰᠢᠭᠤᠨ ᠤ ᠠᠶᠠᠨᠴᠢᠨ᠂ | ᠪᠠᠷᠠᠭ᠎ᠠ᠂ ᠰᠢᠤᠳᠠᠨ᠂ ᠬᠤᠳᠠᠯᠳᠤᠭᠠᠨ ᠤ ᠠᠭᠤᠰᠤᠯᠴᠠᠨ ᠬᠥᠭᠵᠢᠬᠦ ᠰᠢᠨ᠎ᠡ ᠪᠠᠶᠢᠷᠢᠰᠢᠯ ᠢ ᠳᠠᠶᠢᠴᠢᠯᠠᠨ᠎ᠠ᠃ ᠠᠵᠤ | ᠦᠢᠯᠡᠰ ᠤᠨ ᠬᠠᠩᠭᠠᠯᠭ᠎ᠠ ᠶᠢᠨ ᠬᠡᠯᠬᠢᠶᠡᠰᠦ ᠲᠠᠢ ᠠᠭᠤᠰᠤᠯᠴᠠᠨ ᠬᠥᠭᠵᠢᠭᠰᠡᠨ 1 - 2 ᠣᠨᠴᠠᠯᠢᠭᠲᠤ ᠵᠢᠱᠢᠶ᠎ᠡ | ᠦᠵᠡᠭᠦᠯᠬᠦ ᠲᠥᠷᠥᠯ ᠵᠦᠢᠯ ᠢ ᠪᠠᠶᠢᠭᠤᠯᠤᠨ ᠪᠦᠲᠦᠭᠡᠨ᠎ᠡ︔ ᠳᠥᠷᠪᠡᠨ ᠰᠠᠶᠢᠨ ᠬᠥᠳᠡᠭᠡ ᠲᠣᠰᠬᠤᠨ ᠤ ᠵᠠᠮ ᠤᠨ | ᠰᠠᠭᠤᠷᠢᠨ ᠳᠡᠭᠡᠷ᠎ᠡ ᠵᠠᠮᠴᠢᠯᠠᠭᠰᠠᠨ ᠣᠷᠴᠢᠨ ᠲᠣᠭᠤᠷᠢᠨ ᠢ ᠳᠡᠭᠡᠭᠰᠢᠯᠡᠭᠦᠯᠦᠨ᠎ᠡ᠃ | ︵ᠭᠤᠷᠪᠠ︶ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠬᠢᠭᠡᠳ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠤᠨ᠎ᠠ᠃ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠵᠠᠮ ᠲᠡᠭᠡᠭᠡᠪᠦᠷᠢ ᠶᠢᠨ | ᠦᠢᠯᠡᠰ ᠬᠢᠭᠡᠳ ᠵᠢᠭᠤᠯᠴᠢᠯᠠᠯ ᠤᠨ ᠦᠢᠯᠡᠰ ᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠬᠥᠳᠡᠭᠡ ᠶᠢᠨ ᠠᠶᠠᠨᠴᠢᠳ ᠤᠨ | ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠦᠢᠯᠡᠴᠢᠯᠡᠭᠡᠨ ᠤ | ᠴᠢᠳᠠᠮᠵᠢ ᠶᠢ ᠥᠷᠭᠡᠳᠬᠡᠵᠦ᠂ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠦᠨ᠂ ᠪᠠᠶᠠᠨᠬᠤᠰᠢᠭᠤ ᠮᠠᠰᠢᠨ ᠲᠡᠷᠭᠡᠨ ᠤ ᠥᠷᠲᠡᠭᠡ ᠶᠢ ᠮᠠᠨ ᠤ ᠬᠤᠰᠢᠭᠤᠨ ᠤ | ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠦᠢᠯᠡᠴᠢᠯᠡᠭᠡᠨ ᠤ ᠴᠡᠭ ᠢ ᠠᠯᠬᠤᠮ ᠠᠯᠬᠤᠮ ᠢᠶᠠᠷ ᠪᠦᠲᠦᠭᠡᠨ | ᠪᠠᠶᠢᠭᠤᠯᠵᠤ᠂ ᠬᠤᠰᠢᠭᠤᠨ ᠤ ᠳᠣᠲᠣᠷᠠᠬᠢ ᠣᠳᠣ ᠶᠢᠨ ᠪᠠᠶᠢᠭ᠎ᠠ ᠨᠡᠶᠢᠲᠡ ᠶᠢᠨ ᠮᠠᠰᠢᠨ ᠲᠡᠷᠭᠡᠨ ᠤ ᠱᠤᠭᠤᠮ ᠤᠨ | ᠲᠣᠣᠷ ᠲᠠᠢ ᠤᠶᠠᠯᠳᠤᠭᠤᠯᠤᠨ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠬᠥᠳᠡᠭᠡ ᠲᠣᠰᠬᠤᠨ ᠤ | ᠵᠢᠭᠤᠯᠴᠢᠯᠠᠯ ᠤᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ | ︵ᠳᠥᠷᠪᠡ︶ ᠬᠥᠳᠡᠭᠡ ᠲᠣᠰᠬᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠵᠠᠮ ᠲᠡᠭᠡᠭᠡᠪᠦᠷᠢ ᠶᠢᠨ ᠰᠦᠯᠵᠢᠶᠡᠨ ᠤ | ᠲᠠᠪᠴᠠᠩ ᠢ ᠪᠠᠶᠢᠭᠤᠯᠵᠤ᠂ ᠢᠨᠲ᠋ᠧᠷ ᠰᠦᠯᠵᠢᠶᠡᠨ ᠳᠡᠭᠡᠷ᠎ᠡ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠡᠭᠡᠯᠵᠢ ᠶᠢᠨ ᠱᠤᠭᠤᠮ ᠤᠨ ᠠᠵᠢᠯᠯᠠᠭᠠᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠬᠥᠳᠡᠭᠡ | ᠲᠣᠰᠬᠤᠨ ᠤ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡ᠂ ᠰᠢᠤᠳᠠᠨ ᠤ ᠲᠦᠷᠭᠡᠨ ᠬᠦᠷᠭᠡᠯᠲᠡ ᠵᠡᠷᠭᠡ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠵᠢᠭᠤᠯᠴᠢᠯᠠᠯ ᠤᠨ ᠦᠢᠯᠡᠴᠢᠯᠡᠭᠡ᠂ ᠪᠠᠷᠠᠭᠠᠨ ᠤ | ᠭᠦᠢᠯᠭᠡᠭᠡᠨ ᠤ ᠲᠡᠭᠡᠭᠡᠪᠦᠷᠢ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢᠵᠢᠯᠲᠠ ᠶᠢᠨ ᠲᠠᠪᠴᠠᠩ ᠢ | ᠪᠠᠶᠢᠭᠤᠯᠵᠤ᠂ ᠬᠥᠳᠡᠭᠡ ᠲᠣᠰᠬᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠬᠢᠷᠢ ᠲᠦᠪᠰᠢᠨ ᠢ | ᠳᠡᠭᠡᠭᠰᠢᠯᠡᠭᠦᠯᠵᠦ᠂ ᠠᠷᠠᠳ ᠣᠯᠠᠨ ᠤ ᠶᠠᠪᠤᠵᠤ ᠰᠠᠭᠤᠬᠤ ᠳᠤ ᠳᠥᠭᠦᠮ ᠦᠵᠡᠭᠦᠯᠵᠦ᠂ ᠪᠠᠷᠠᠭᠠᠨ ᠤ ᠲᠡᠭᠡᠭᠡᠪᠦᠷᠢ ᠶᠢᠨ | ᠪᠠᠷᠠᠭᠠᠨ ᠤ ᠭᠦᠢᠯᠭᠡᠭᠡ ᠶᠢ ᠰᠠᠭᠠᠳ ᠦᠭᠡᠢ ᠨᠡᠪᠲᠡᠷᠡᠭᠦᠯᠦᠨ᠎ᠡ᠃ | ᠳᠥᠷᠪᠡ᠂ ᠡᠭᠦᠳᠦᠨ ᠪᠠᠶᠢᠭᠤᠯᠬᠤ ᠡᠭᠦᠷᠭᠡ | ︵ᠨᠢᠭᠡ︶ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠳᠡᠰ ᠳᠡᠪᠰᠢᠬᠦ ᠶᠢ | ᠲᠦᠷᠭᠡᠳᠬᠡᠨ᠎ᠡ | 1. ᠬᠥᠳᠡᠭᠡ ᠲᠣᠰᠬᠤᠨ ᠤ ᠰᠠᠭᠤᠷᠢ ᠵᠠᠮ ᠤᠨ ᠲᠣᠣᠷ ᠰᠦᠯᠵᠢᠶ᠎ᠡ ᠶᠢ ᠲᠦᠷᠭᠡᠳᠬᠡᠨ ᠳᠡᠬᠦᠯᠳᠡᠷᠵᠢᠬᠦᠯᠦᠨ᠎ᠡ᠃ | ᠭᠠᠳᠠᠭᠰᠢ ᠨᠡᠪᠲᠡᠷᠡᠵᠦ ᠳᠣᠲᠣᠭᠠᠳᠤ ᠳᠤ ᠬᠤᠯᠪᠣᠭᠰᠠᠨ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠭᠤᠣᠯᠯᠠᠭᠴᠢ | ᠵᠠᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠲᠠ ᠶᠢᠨ ᠵᠠᠮ᠂ ᠭᠤᠣᠯ ᠱᠤᠭᠤᠮ ᠤᠨ ᠵᠠᠰᠠᠮᠠᠯ ᠵᠠᠮ᠂ | ᠬᠥᠳᠡᠭᠡ ᠲᠣᠰᠬᠤᠨ ᠤ ᠵᠠᠰᠠᠮᠠᠯ ᠵᠠᠮ ᠤᠨ ᠬᠤᠭᠤᠷᠣᠨᠳᠣᠬᠢ ᠵᠣᠯᠭᠠᠯᠴᠠᠭ᠎ᠠ ᠶᠢ ᠴᠢᠩᠭᠠᠳᠬᠠᠵᠤ᠂ ᠬᠤᠲᠠ | ᠪᠠᠯᠭᠠᠰᠤᠨ ᠤ ᠪᠠᠶᠢᠷᠢᠰᠢᠭᠤᠯᠤᠯᠲᠠ᠂ ᠠᠵᠤ ᠠᠬᠤᠢ ᠪᠠ ᠬᠥᠮᠦᠨ ᠠᠮᠠ ᠶᠢᠨ ᠲᠠᠷᠬᠠᠯᠲᠠ᠂ ᠬᠤᠲᠠ | ᠪᠠᠯᠭᠠᠰᠤᠵᠢᠯᠲᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠲᠠᠢ ᠤᠶᠠᠯᠳᠤᠭᠤᠯᠤᠨ᠂ ᠰᠤᠮᠤ | ᠪᠠᠯᠭᠠᠰᠤᠨ ᠤ ᠠᠰᠠᠭᠤᠯᠲᠠ᠂ ᠭᠠᠴᠠᠭᠠᠨ ᠤ ᠬᠤᠭᠤᠷᠣᠨᠳᠣᠬᠢ ᠰᠦᠯᠵᠢᠶᠡᠵᠢᠭᠰᠡᠨ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠰᠢᠶᠠᠨ ᠰᠢᠶᠠᠩ ᠤᠨ ᠵᠠᠮ ᠪᠠ ᠵᠠᠰᠠᠭ ᠵᠠᠬᠢᠷᠭᠠᠨ ᠤ | ᠲᠣᠰᠬᠤᠨ ᠤ ᠭᠤᠣᠯ ᠪᠣᠯᠬᠤ ᠲᠣᠰᠬᠤᠨ ᠤ ᠵᠠᠮ ᠢ ᠰᠦᠯᠵᠢᠶ᠎ᠡ ᠬᠤᠯᠪᠣᠨ ᠵᠠᠯᠭᠠᠯᠳᠤᠭᠤᠯᠬᠤ ᠶᠢ ᠵᠣᠷᠢᠭᠵᠢᠭᠤᠯᠵᠤ᠂ | ᠬᠥᠳᠡᠭᠡ ᠲᠣᠰᠬᠤᠨ ᠤ ᠵᠠᠮ ᠢ ᠰᠦᠯᠵᠢᠶᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠠᠨᠴᠢᠳ ᠤᠨ ᠲᠡᠷᠭᠡ | ᠨᠡᠪᠲᠡᠷᠡᠬᠦ ᠵᠠᠮ ᠱᠤᠭᠤᠮ ᠤᠨ ᠳᠡᠰ ᠳᠡᠪᠰᠢᠬᠦ ᠶᠢ ᠲᠦᠷᠭᠡᠳᠬᠡᠵᠦ᠂ ᠵᠠᠮ ᠤᠨ ᠰᠠᠭᠤᠷᠢ ᠶᠢ ᠪᠠᠬᠢᠯᠡᠬᠦ᠂ ᠵᠠᠮ ᠤᠨ | ᠭᠠᠳᠠᠷᠭᠤ ᠶᠢ ᠬᠥᠳᠡᠭᠡ ᠲᠣᠰᠬᠤᠨ ᠤ ᠵᠠᠰᠠᠮᠠᠯ ᠵᠠᠮ ᠳᠤ ᠥᠷᠭᠡᠳᠬᠡᠨ ᠥᠭᠡᠷᠡᠴᠢᠯᠡᠬᠦ ᠪᠤᠶᠤ ᠪᠤᠷᠤᠭᠤ ᠲᠡᠷᠭᠡᠨ ᠵᠡᠮ | ᠭᠠᠷᠭᠠᠵᠤ᠂ ᠨᠥᠬᠦᠴᠡᠯ ᠪᠦᠷᠢᠳᠦᠭᠰᠡᠨ ᠨᠡᠯᠢᠶᠡᠳ ᠶᠡᠭᠡ ᠬᠥᠮᠦᠨ ᠠᠮᠠ ᠶᠢᠨ ᠬᠡᠪᠴᠢᠶ᠎ᠡ ᠲᠠᠢ ᠠᠶᠢᠯ ᠲᠣᠰᠬᠤᠨ ᠳᠤ | ᠬᠤᠣᠰ ᠲᠡᠷᠭᠡᠨ ᠵᠠᠮ ᠨᠡᠪᠲᠡᠷᠡᠭᠦᠯᠬᠦ ᠵᠠᠰᠠᠮᠠᠯ ᠵᠠᠮ ᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠵᠠᠰᠠᠮᠠᠯ ᠵᠠᠮ ᠤᠨ | ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠬᠥᠳᠡᠭᠡ | ᠲᠣᠰᠬᠤᠨ ᠤ ᠵᠠᠰᠠᠮᠠᠯ ᠵᠠᠮ ᠤᠨ ᠨᠤᠷᠠᠬᠤ ᠠᠶᠤᠯᠲᠠᠢ ᠬᠥᠭᠦᠷᠭᠡ ᠶᠢ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ | ᠵᠠᠰᠠᠮᠠᠯ ᠵᠠᠮ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | 2. ᠬᠤᠲᠠ ᠬᠥᠳᠡᠭᠡ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠦᠨ᠎ᠡ᠃ | ︽ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠤ ᠦᠢᠯᠡᠰ︾ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠬᠥᠳᠡᠭᠡ ᠲᠣᠰᠬᠤᠨ ᠤ ᠵᠠᠰᠠᠮᠠᠯ ᠵᠠᠮ ᠢ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠭᠤᠣᠯ ᠪᠣᠯᠬᠤ ᠰᠤᠮᠤ | ᠪᠠᠯᠭᠠᠰᠤ ᠰᠢᠶᠠᠨ ᠰᠢᠶᠠᠩ ᠤᠨ ᠵᠠᠰᠠᠮᠠᠯ ᠵᠠᠮ ᠳᠤ ᠨᠡᠪᠲᠡᠷᠡᠬᠦ ᠵᠠᠮ ᠢ ᠪᠦᠷᠢᠯᠳᠦᠭᠦᠯᠦᠨ᠎ᠡ᠃ ᠣᠨᠴᠠᠯᠢᠭᠲᠤ | ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠤᠨ ᠳᠣᠲᠣᠷ᠎ᠠ ᠭᠠᠳᠠᠨᠠᠬᠢ ᠬᠤᠣᠰ ᠲᠣᠭᠤᠷᠢᠯ ᠵᠠᠮ ᠢ | ᠲᠦᠷᠭᠡᠳᠬᠡᠨ ᠪᠠᠶᠢᠭᠤᠯᠤᠨ᠎ᠠ᠃ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠤᠨ ᠪᠡᠯᠡᠳᠬᠡᠮᠵᠢ ᠶᠢ ᠨᠢᠭᠡ | ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠵᠢᠭᠤᠯᠴᠢᠯᠠᠯ ᠤᠨ ᠶᠡᠭᠡ ᠵᠠᠮ ᠢ ᠪᠦᠲᠦᠭᠡᠨ ᠪᠠᠶᠢᠭᠤᠯᠵᠤ᠂ ᠵᠠᠮ ᠳᠠᠭᠠᠤ ᠶᠢᠨ | ᠦᠵᠡᠮᠵᠢ ᠶᠢᠨ ᠳᠦᠷᠰᠦ ᠪᠠᠶᠢᠳᠠᠯ ᠪᠠ ᠵᠢᠭᠤᠯᠴᠢᠯᠠᠯ ᠤᠨ ᠡᠬᠢ ᠪᠠᠶᠠᠯᠢᠭ ᠯᠤᠭ᠎ᠠ ᠤᠶᠠᠯᠳᠤᠭᠤᠯᠤᠨ᠂ ᠨᠡᠪᠲᠡᠷᠡᠭᠦᠯᠬᠦ᠂ | ᠵᠤᠭᠠᠴᠠᠨ ᠠᠮᠠᠷᠠᠬᠤ᠂ ᠪᠡᠶᠡᠴᠢᠯᠡᠨ ᠣᠶᠢᠯᠠᠭᠠᠬᠤ᠂ ᠬᠥᠳᠡᠯᠭᠡᠭᠡᠨ ᠬᠢᠬᠦ᠂ ᠪᠡᠶ᠎ᠡ ᠴᠢᠭᠢᠷᠠᠭᠵᠢᠭᠤᠯᠬᠤ᠂ ᠰᠣᠶᠣᠯ᠂ | ᠰᠤᠷᠭᠠᠨ ᠬᠥᠮᠦᠵᠢᠯ ᠵᠡᠷᠭᠡ ᠨᠡᠶᠢᠯᠡᠮᠡᠯ ᠴᠢᠳᠠᠮᠵᠢ ᠲᠠᠢ ᠭᠤᠣᠯ ᠰᠡᠳᠦᠪᠲᠦ ᠵᠠᠮ ᠱᠤᠭᠤᠮ ᠢ ᠪᠣᠢ ᠪᠣᠯᠭᠠᠬᠤ ᠶᠢᠨ | ᠬᠠᠮᠲᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠳᠤᠭᠤᠢ ᠲᠡᠷᠭᠡᠨ ᠤ ᠵᠠᠮ᠂ ᠶᠠᠪᠠᠭᠠᠨ ᠵᠠᠮ ᠵᠡᠷᠭᠡ ᠤᠳᠠᠭᠠᠨ | ᠶᠠᠪᠤᠬᠤ ᠪᠡᠯᠡᠳᠬᠡᠮᠵᠢ ᠶᠢ ᠨᠡᠮᠡᠵᠦ ᠪᠠᠶᠢᠭᠤᠯᠤᠨ᠎ᠠ᠃ ᠵᠠᠮ ᠬᠠᠷᠢᠯᠴᠠᠭ᠎ᠠ ᠶᠢᠨ ᠠᠮᠢ ᠠᠬᠤᠢ ᠶᠢᠨ ᠬᠤᠩᠭᠢᠯ ᠤᠨ ᠵᠠᠮ ᠢ | ᠨᠡᠭᠡᠭᠡᠨ ᠠᠰᠢᠭᠯᠠᠵᠤ᠂ ᠵᠠᠰᠠᠮᠠᠯ ᠵᠠᠮ ᠤᠨ ᠵᠠᠮ ᠤᠨ ᠣᠷᠴᠢᠨ ᠲᠣᠭᠤᠷᠢᠨ ᠢ ᠨᠣᠭᠤᠭᠠᠷᠠᠭᠤᠯᠤᠨ ᠭᠤᠶᠤᠵᠢᠭᠤᠯᠵᠦ᠂ | ᠢᠯᠭᠠᠬᠤ ᠲᠡᠮᠳᠡᠭ᠂ ᠵᠠᠮ ᠬᠠᠷᠢᠯᠴᠠᠭ᠎ᠠ ᠶᠢᠨ ᠵᠢᠭᠤᠯᠴᠢᠯᠠᠯ ᠤᠨ ᠥᠷᠲᠡᠭᠡ ᠵᠡᠷᠭᠡ ᠰᠠᠭᠤᠷᠢ ᠪᠡᠯᠡᠳᠬᠡᠮᠵᠢ ᠪᠠ ᠣᠯᠠᠨ | ᠨᠡᠶᠢᠲᠡ ᠶᠢᠨ ᠦᠢᠯᠡᠴᠢᠯᠡᠭᠡᠨ ᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠳᠠᠭᠠᠭᠠᠴᠠ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ︽ᠭᠠᠳᠠᠭᠰᠢ ᠭᠠᠷᠤᠮᠠᠭᠴᠠ ᠵᠢᠭᠤᠯᠴᠢᠯᠠᠬᠤ︾ ᠦᠢᠯᠡᠴᠢᠯᠡᠭᠡᠨ ᠤ ᠵᠠᠭᠪᠤᠷ ᠢ ᠪᠤᠢ | ᠪᠣᠯᠭᠠᠨ᠎ᠠ᠃ | 3. ᠵᠠᠩᠭᠢᠯᠠᠭ᠎ᠠ ᠶᠢᠨ ᠲᠠᠯᠠᠪᠤᠷ ᠥᠷᠲᠡᠭᠡ ᠶᠢᠨ ᠴᠢᠳᠠᠮᠵᠢ ᠶᠢᠨ ᠨᠡᠶᠢᠯᠡᠯ ᠢ ᠢᠳᠡᠪᠬᠢᠲᠡᠢ ᠪᠠᠷ ᠲᠦᠯᠬᠢᠨ | ᠠᠬᠢᠭᠤᠯᠤᠨ᠎ᠠ᠃ ᠭᠠᠯᠲᠤ ᠲᠡᠷᠭᠡᠨ ᠥᠷᠲᠡᠭᠡ᠂ ᠮᠠᠰᠢᠨ ᠲᠡᠷᠭᠡᠨ ᠤ ᠥᠷᠲᠡᠭᠡ᠂ ᠨᠡᠶᠢᠲᠡ ᠶᠢᠨ ᠮᠠᠰᠢᠨ ᠲᠡᠷᠭᠡᠨ ᠤ | ᠥᠷᠲᠡᠭᠡ ᠶᠢᠨ ᠵᠠᠪᠰᠠᠷ ᠦᠭᠡᠢ ᠴᠥᠷᠬᠡᠯᠡᠭᠡ ᠶᠢ ᠪᠡᠶᠡᠯᠡᠭᠦᠯᠵᠦ᠂ ᠵᠠᠩᠭᠢᠯᠠᠭ᠎ᠠ ᠶᠢᠨ ᠲᠠᠯᠠᠪᠤᠷ ᠥᠷᠲᠡᠭᠡ ᠶᠢᠨ | ᠳᠣᠲᠣᠭᠠᠳᠤ ᠭᠠᠳᠠᠭᠠᠳᠤ ᠶᠢᠨ ᠵᠠᠮ ᠬᠠᠷᠢᠯᠴᠠᠭ᠎ᠠ ᠶᠢ ᠵᠣᠯᠭᠠᠭᠤᠯᠬᠤ ᠶᠢ ᠤᠯᠠᠮ ᠨᠢᠭᠡ ᠠᠯᠬᠤᠮ ᠰᠠᠭᠠᠳ ᠦᠭᠡᠢ | ᠨᠡᠪᠲᠡᠷᠡᠭᠦᠯᠦᠨ᠎ᠡ᠃ | 4. ᠰᠤᠮᠤ ᠪᠠᠯᠭᠠᠰᠤᠨ ᠤ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠲᠦᠷᠭᠡᠳᠬᠡᠨ᠎ᠡ᠃ ᠵᠠᠰᠠᠭ ᠤᠨ ᠣᠷᠳᠣᠨ ᠠᠴᠠ ᠲᠡᠳᠬᠦᠬᠦ᠂ ᠨᠡᠶᠢᠭᠡᠮ ᠤᠨ ᠪᠡᠯᠡ ᠮᠥᠩᠭᠦ ᠶᠢᠨ | ᠣᠷᠣᠭᠤᠯᠤᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠤᠮᠤ ᠪᠠᠯᠭᠠᠰᠤᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠤᠮᠤ ᠪᠠᠯᠭᠠᠰᠤ ᠨᠢᠭᠡᠪᠦᠷᠢ ᠳᠤ | ᠴᠥᠮ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ ᠶᠢ ᠨᠢᠭᠡ | ᠴᠣᠭᠴᠠᠵᠢᠭᠤᠯᠤᠭᠰᠠᠨ ᠰᠤᠮᠤ ᠪᠠᠯᠭᠠᠰᠤᠨ ᠤ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ | ᠥᠷᠲᠡᠭᠡ ᠲᠠᠢ ᠪᠣᠯᠭᠠᠵᠤ᠂ ︽ᠣᠯᠠᠨ ᠥᠷᠲᠡᠭᠡ ᠶᠢ ᠨᠡᠶᠢᠯᠡᠭᠦᠯᠦᠨ ᠨᠢᠭᠡ ᠪᠣᠯᠭᠠᠵᠤ᠂ ᠡᠬᠢ ᠪᠠᠶᠠᠯᠢᠭ ᠢ ᠬᠠᠮᠲᠤᠪᠠᠷ | ᠭᠥᠷᠳᠡᠬᠦ︾ ᠶᠢ ᠪᠡᠶᠡᠯᠡᠭᠦᠯᠦᠨ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ | ᠲᠣᠰᠬᠤᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠡᠭ ᠢ ᠪᠦᠲᠦᠭᠡᠨ ᠪᠠᠶᠢᠭᠤᠯᠤᠨ᠎ᠠ᠃ | ︵ᠬᠤᠶᠠᠷ︶ ᠬᠤᠲᠠ ᠬᠥᠳᠡᠭᠡ ᠶᠢᠨ ᠠᠶᠠᠨᠴᠢᠨ ᠤ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ | ᠳᠡᠰ ᠳᠡᠪᠰᠢᠭᠦᠯᠬᠦ ᠶᠢ ᠠᠬᠢᠭᠤᠯᠤᠨ᠎ᠠ | ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠲᠣᠰᠬᠤᠨ ᠳᠤ ᠨᠡᠪᠲᠡᠷᠡᠬᠦ ᠠᠶᠠᠨᠴᠢᠳ ᠤᠨ ᠲᠡᠷᠭᠡ ᠶᠢᠨ ᠨᠣᠷᠮ᠎ᠠ ᠶᠢ | 100% ᠳᠤ ᠬᠦᠷᠦᠭᠦᠯᠬᠦ ᠶᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ ᠬᠤᠲᠠ ᠬᠥᠳᠡᠭᠡ ᠶᠢᠨ ᠨᠡᠶᠢᠲᠡ ᠶᠢᠨ | ᠮᠠᠰᠢᠨ ᠲᠡᠷᠭᠡᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠬᠥᠳᠡᠭᠡ ᠶᠢᠨ | ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ ᠰᠢᠯᠢᠳᠡᠭᠵᠢᠭᠦᠯᠦᠨ᠂ ᠣᠳᠣ ᠶᠢᠨ ᠪᠠᠶᠢᠭ᠎ᠠ ᠬᠥᠳᠡᠭᠡ ᠲᠣᠰᠬᠤᠨ ᠤ | ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠨ᠎ᠡ ᠪᠠᠷ ᠨᠡᠭᠡᠭᠡᠬᠦ᠂ ᠵᠠᠮ ᠱᠤᠭᠤᠮ ᠢᠶᠠᠷ ᠳᠠᠮᠵᠢᠭᠤᠯᠤᠨ | ᠤᠷᠲᠤᠳᠬᠠᠵᠤ᠂ ᠰᠣᠳᠣᠨ ᠡᠭᠡᠯᠵᠢ ᠶᠢᠨ ᠱᠤᠭᠤᠮ᠂ ᠵᠢᠭᠤᠯᠴᠢᠯᠠᠯ ᠤᠨ ᠡᠭᠡᠯᠵᠢ ᠶᠢᠨ ᠱᠤᠭᠤᠮ᠂ ᠣᠨᠴᠠᠯᠢᠭᠲᠤ | ᠡᠭᠡᠯᠵᠢ ᠶᠢᠨ ᠱᠤᠭᠤᠮ ᠢ ᠶᠡᠬᠡᠪᠡᠷ ᠬᠥᠭᠵᠢᠭᠦᠯᠦᠨ᠎ᠡ᠃ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠪᠦᠷᠬᠦᠴᠡ ᠪᠠ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠴᠢᠨᠠᠷ ᠰᠠᠶᠢᠲᠠᠢ ᠬᠤᠲᠠ ᠬᠥᠳᠡᠭᠡ ᠶᠢᠨ | ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠶᠢ ᠪᠣᠢ ᠪᠣᠯᠭᠠᠵᠤ᠂ ᠪᠥᠬᠦ ᠰᠢᠶᠠᠨ ᠤ ᠬᠥᠳᠡᠭᠡ ᠲᠣᠰᠬᠤᠨ ᠤ | ᠠᠶᠠᠨᠴᠢᠳ ᠤᠨ ᠲᠡᠭᠡᠭᠡᠪᠦᠷᠢ ᠶᠢᠨ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠲᠦᠪᠰᠢᠨ ᠪᠠ ᠶᠠᠰᠤ ᠴᠢᠨᠠᠷ ᠢ | ᠦᠨᠡᠨ ᠬᠦ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠵᠠᠮ ᠬᠠᠷᠢᠯᠴᠠᠭᠠᠨ ᠤ ᠶᠠᠪᠤᠵᠤ | ᠰᠠᠭᠤᠬᠤ ᠶᠢᠨ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ | ︵ᠭᠤᠷᠪᠠ︶ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢᠨ | ᠳᠡᠰ ᠳᠡᠪᠰᠢᠬᠦ ᠶᠢ ᠠᠬᠢᠭᠤᠯᠤᠨ᠎ᠠ | 1. ᠰᠢᠶᠠᠨ ᠰᠢᠶᠠᠩ ᠲᠣᠰᠬᠤᠨ ᠤ ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ ᠶᠢᠨ ᠴᠢᠭ ᠤᠨ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠲᠣᠰᠬᠤᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠴᠡᠭ ᠤᠨ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ ᠶᠢ ᠲᠦᠷᠭᠡᠳᠬᠡᠵᠦ᠂ ᠨᠢᠭᠡᠳᠦᠯᠲᠡᠢ ᠣᠷᠣᠭᠤᠯᠬᠤ᠂ ᠨᠢᠭᠡᠳᠦᠯᠲᠡᠢ ᠬᠦᠷᠭᠡᠬᠦ ᠶᠢ | ᠦᠷᠭᠦᠯᠵᠢᠯᠡᠨ ᠰᠠᠶᠢᠲᠤᠷ ᠬᠢᠵᠦ᠂ ᠬᠤᠰᠢᠭᠤᠨ ᠤ ᠱᠠᠲᠤᠨ ᠤ ᠪᠠᠷᠠᠭᠠᠨ ᠤ ᠭᠦᠢᠯᠭᠡᠭᠡᠨ ᠤ ᠲᠥᠪ ᠤᠨ ᠬᠦᠢᠲᠡᠨ | ᠬᠡᠯᠬᠢᠶᠡᠲᠦ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ︔ | ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠬᠠᠩᠭᠠᠬᠤ ᠶᠢ ᠪᠦᠲᠦᠮᠵᠢᠲᠡᠢ ᠪᠠᠲᠤᠯᠠᠭᠰᠠᠨ ᠰᠠᠭᠤᠷᠢᠨ ᠳᠡᠭᠡᠷ᠎ᠡ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠥᠷᠲᠡᠭᠡ ᠬᠡᠷᠡᠭᠴᠡᠭᠡ ᠪᠠᠨ ᠦᠨᠳᠦᠰᠦᠯᠡᠨ ᠰᠢᠤᠳᠠᠨ᠂ ᠲᠦᠷᠭᠡᠨ ᠬᠦᠷᠭᠡᠯᠲᠡ ᠶᠢᠨ ᠬᠠᠩᠭᠠᠨ | ᠪᠣᠷᠣᠯᠠᠭᠤᠯᠬᠤ᠂ ᠡᠯᠧᠺᠳ᠋ᠷᠣᠨ ᠬᠤᠳᠠᠯᠳᠤᠭᠠᠨ ᠤ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠤᠮᠤ | ᠪᠠᠯᠭᠠᠰᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ ᠰᠠᠭᠤᠯᠭᠠᠵᠤ᠂ ᠲᠠᠯᠠᠪᠤᠷ ᠥᠷᠲᠡᠭᠡ ᠶᠢᠨ ᠡᠬᠢ | ᠪᠠᠶᠠᠯᠢᠭ ᠪᠠ ᠪᠡᠯᠡᠳᠬᠡᠮᠵᠢ ᠶᠢ ᠬᠠᠮᠲᠤ ᠪᠠᠷ ᠭᠥᠷᠳᠡᠨ᠎ᠡ᠃ | 2. ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠠᠭᠪᠤᠷ ᠢ | ᠰᠢᠯᠢᠳᠡᠭᠵᠢᠭᠦᠯᠦᠨ᠎ᠡ᠃ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡ᠂ ᠡᠯᠧᠺᠳ᠋ᠷᠣᠨ ᠬᠤᠳᠠᠯᠳᠤᠭᠠᠨ ᠤ ᠲᠦᠷᠭᠡᠨ | ᠬᠦᠷᠭᠡᠯᠲᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ ᠵᠡᠷᠭᠡ ᠶᠢ ᠣᠷᠭᠠᠨᠢᠭ ᠢᠶᠠᠷ | ᠤᠶᠠᠯᠳᠤᠭᠤᠯᠬᠤ ᠶᠢ ᠠᠬᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠪᠦᠲᠦᠮᠵᠢᠲᠡᠢ | ᠵᠣᠯᠭᠠᠭᠤᠯᠬᠤ ᠶᠢ ᠪᠡᠶᠡᠯᠡᠭᠦᠯᠵᠦ᠂ ︽ᠲᠠᠷᠢᠶᠠᠯᠠᠩ ᠤᠨ ᠪᠦᠲᠦᠭᠡᠭᠳᠡᠬᠦᠨ ᠢ ᠬᠤᠲᠠ ᠣᠷᠣᠭᠤᠯᠬᠤ︾ ᠪᠠ ︽ᠠᠵᠤ | ᠦᠢᠯᠡᠳᠪᠦᠷᠢ ᠶᠢᠨ ᠪᠦᠲᠦᠭᠡᠭᠳᠡᠬᠦᠨ ᠢ ᠬᠥᠳᠡᠭᠡ ᠪᠠᠭᠤᠯᠭᠠᠬᠤ︾ ᠬᠤᠣᠰ ᠴᠢᠭᠯᠡᠯᠲᠦ ᠭᠦᠢᠯᠭᠡᠭᠡᠨ ᠤ ᠲᠣᠣᠷ | ᠰᠦᠯᠵᠢᠶ᠎ᠡ ᠶᠢ ᠪᠠᠶᠢᠭᠤᠯᠤᠨ᠎ᠠ᠃ ᠡᠷᠴᠢᠮᠯᠢᠭ ᠪᠥᠭᠡᠳ ᠥᠨᠳᠥᠷ ᠪᠦᠲᠦᠮᠵᠢᠲᠡᠢ ᠪᠠᠷ ᠲᠣᠬᠢᠷᠠᠭᠤᠯᠤᠨ ᠬᠦᠷᠭᠡᠬᠦ᠂ | ᠨᠢᠭᠡᠳᠦᠯᠲᠡᠢ ᠬᠥᠮᠥᠷᠭᠡ ᠶᠢ ᠨᠢᠭᠡᠳᠦᠯᠲᠡᠢ ᠲᠣᠬᠢᠷᠠᠭᠤᠯᠬᠤ ᠵᠢᠴᠢ ᠴᠠᠭ ᠲᠣᠭᠲᠠᠭᠠᠬᠤ᠂ ᠴᠢᠭ ᠲᠣᠭᠲᠠᠭᠠᠬᠤ᠂ | ᠱᠤᠭᠤᠮ ᠲᠠᠢ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ︽ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ | ᠲᠡᠷᠭᠡ︾ ᠵᠡᠷᠭᠡ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠵᠦ᠂ ᠲᠡᠭᠡᠭᠡᠪᠦᠷᠢ ᠶᠢᠨ ᠥᠪᠡᠷ ᠤᠨ | ᠥᠷᠲᠡᠭ ᠢ ᠪᠠᠭᠤᠷᠠᠭᠤᠯᠤᠨ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠶᠠᠨᠴᠢᠳ ᠪᠠ | ᠪᠠᠷᠠᠭ᠎ᠠ ᠶᠢ ᠠᠳᠠᠯᠢ ᠲᠣᠣᠷ᠂ ᠡᠬᠢ ᠪᠠᠶᠠᠯᠢᠭ ᠢ ᠬᠠᠮᠲᠤ ᠳᠠᠭᠠᠨ ᠡᠳᠯᠡᠬᠦ ᠶᠢ ᠵᠣᠷᠢᠭᠵᠢᠭᠤᠯᠵᠤ᠂ ᠬᠤᠲᠠ | ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠲᠡᠭᠡᠭᠡᠪᠦᠷᠢ ᠶᠢᠨ ᠬᠦᠴᠦᠨ ᠤ ᠡᠬᠢ | ᠪᠠᠶᠠᠯᠢᠭ ᠢ ᠭᠦᠢᠴᠡᠳ ᠠᠰᠢᠭᠯᠠᠨ᠂ ᠵᠢᠵᠢᠭ ᠵᠦᠢᠯ ᠤᠨ ᠲᠦᠷᠭᠡᠨ ᠲᠡᠭᠡᠭᠡᠪᠦᠷᠢ᠂ ᠡᠯᠧᠺᠲᠷᠣᠨ ᠬᠤᠳᠠᠯᠳᠤᠭᠠᠨ ᠤ | ᠲᠦᠷᠭᠡᠨ ᠬᠦᠷᠭᠡᠯᠲᠡ ᠵᠡᠷᠭᠡ ᠲᠡᠭᠡᠭᠡᠪᠦᠷᠢ ᠶᠢᠨ ᠦᠢᠯᠡᠴᠢᠯᠡᠭᠡᠨ ᠢ ᠥᠷᠨᠢᠭᠦᠯᠦᠨ᠎ᠡ᠃ ᠲᠦᠷᠭᠡᠨ ᠬᠦᠷᠭᠡᠬᠦ ᠠᠵᠤ | ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠬᠤᠯᠪᠣᠭ᠎ᠠ᠂ ᠪᠡᠯᠡ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠢ ᠬᠠᠮᠲᠤᠪᠠᠷ ᠳᠠᠭᠠᠭᠠᠨ ᠬᠤᠷᠢᠶᠠᠬᠤ᠂ ᠢᠯᠭᠠᠬᠤ᠂ | ᠲᠡᠭᠡᠭᠡᠪᠦᠷᠢᠯᠡᠬᠦ᠂ ᠲᠣᠮᠢᠯᠠᠨ ᠬᠦᠷᠭᠡᠬᠦ ᠶᠢ ᠥᠷᠨᠢᠭᠦᠯᠦᠨ᠎ᠡ᠃ | 3. ᠬᠥᠳᠡᠭᠡ ᠲᠣᠰᠬᠤᠨ ᠤ ᠪᠠᠷᠠᠭ᠎ᠠ ᠶᠢᠨ ᠭᠦᠢᠯᠭᠡᠭᠡᠨ ᠤ ᠦᠢᠯᠡᠴᠢᠯᠡᠭᠡᠨ ᠤ ᠨᠡᠷᠡᠲᠦ ᠲᠦᠷᠦᠯ ᠲᠡᠮᠳᠡᠭ ᠤᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠨ᠎ᠡ᠃ ᠬᠥᠲᠥᠴᠢ ᠨᠢᠷᠤᠭᠤᠪᠴᠢ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠤᠶᠢᠵᠢᠭᠤᠯᠵᠤ ᠪᠠᠶᠢᠭᠠᠳ ᠲᠣᠣᠷ ᠰᠦᠯᠵᠢᠶ᠎ᠡ ᠶᠢ ᠪᠦᠷᠢᠨ ᠪᠥᠷᠬᠦᠭᠦᠯᠦᠭᠰᠡᠨ᠂ ᠡᠬᠢ | ᠪᠠᠶᠠᠯᠢᠭ ᠢ ᠡᠮᠬᠢᠯᠡᠨ ᠨᠡᠶᠢᠯᠡᠭᠦᠯᠦᠭᠡᠳ ᠥᠨᠳᠥᠷ ᠦᠷ᠎ᠡ ᠪᠦᠲᠦᠮᠵᠢᠲᠡᠢ᠂ ᠡᠵᠡᠩᠨᠡᠯᠲᠡ ᠶᠢᠨ ᠦᠢᠯᠡᠴᠢᠯᠡᠭᠡ ᠶᠢ | ᠵᠢᠷᠤᠮᠵᠢᠭᠤᠨ ᠪᠣᠯᠭᠠᠭᠰᠠᠨ᠂ ᠠᠵᠤ ᠦᠢᠯᠡᠰ ᠢ ᠢᠯᠡᠳᠲᠡ ᠲᠤᠯᠭᠠᠭᠤᠷᠢᠯᠠᠭᠰᠠᠨ ᠬᠥᠳᠡᠭᠡ ᠲᠣᠰᠬᠤᠨ ᠤ ᠪᠠᠷᠠᠭᠠᠨ ᠤ | ᠭᠦᠢᠯᠭᠡᠭᠡᠨ ᠤ ᠦᠢᠯᠡᠴᠢᠯᠡᠭᠡᠨ ᠤ ᠨᠡᠷᠡᠲᠦ ᠲᠥᠷᠥᠯ ᠲᠡᠮᠳᠡᠭᠲᠦ ᠶᠢ ᠬᠦᠴᠦᠯᠡᠨ ᠪᠣᠢ ᠪᠣᠯᠭᠠᠬᠤ ᠬᠡᠷᠡᠭᠲᠡᠢ᠃ | ᠪᠠᠷᠢᠮᠵᠢᠶᠠᠵᠢᠭᠤᠯᠤᠭᠰᠠᠨ ᠠᠵᠢᠯᠯᠠᠭᠠᠨ ᠤ ᠬᠠᠮᠢᠶᠠᠷᠤᠯᠲᠠ ᠶᠢᠨ ᠴᠤᠪᠤᠷᠠᠯ ᠢ ᠲᠣᠭᠲᠠᠭᠠᠵᠤ᠂ ᠬᠥᠳᠡᠭᠡ ᠲᠣᠰᠬᠤᠨ ᠤ | ᠪᠠᠷᠠᠭᠠᠨ ᠤ ᠭᠦᠢᠯᠭᠡᠭᠡᠨ ᠤ ᠡᠵᠡᠩᠨᠡᠯᠲᠡ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠬᠥᠳᠡᠭᠡ | ᠲᠣᠰᠬᠤᠨ ᠤ ᠪᠠᠷᠠᠭᠠᠨ ᠤ ᠭᠦᠢᠯᠭᠡᠭᠡᠨ ᠤ ᠬᠦᠷᠭᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠵᠦ᠂ ᠬᠥᠳᠡᠭᠡ | ᠲᠣᠰᠬᠤᠨ ᠤ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | 4. ᠰᠢᠶᠠᠨ ᠰᠢᠶᠠᠩ ᠤᠨ ᠨᠡᠶᠢᠲᠡ ᠶᠢᠨ ᠮᠠᠰᠢᠨ ᠲᠡᠷᠭᠡᠨ ᠤ ᠪᠠᠷᠠᠭᠠᠨ ᠤ ᠭᠦᠢᠯᠭᠡᠭᠡᠨ ᠤ ᠲᠦᠷᠭᠡᠨ ᠬᠦᠷᠭᠡᠬᠦ | ᠵᠦᠢᠯ ᠢ ᠣᠷᠣᠯᠠᠨ ᠲᠡᠭᠡᠭᠡᠪᠦᠷᠢᠯᠡᠬᠦ ᠪᠠ ᠵᠠᠰᠠᠭ ᠵᠠᠬᠢᠷᠭᠠᠨ ᠤ ᠲᠣᠰᠬᠤᠨ ᠤ ᠠᠶᠠᠨᠴᠢᠳ ᠤᠨ ᠲᠡᠷᠭᠡ ᠨᠡᠪᠲᠡᠷᠡᠭᠦᠯᠬᠦ | ᠬᠢᠭᠡᠳ ᠰᠤᠮᠤ ᠪᠠᠯᠭᠠᠰᠤᠨ ᠤ ᠪᠠᠷᠠᠭᠠᠨ ᠤ ᠭᠦᠢᠯᠭᠡᠭᠡᠨ ᠤ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ | ᠰᠢᠤᠳᠠᠨ᠂ ᠲᠦᠷᠭᠡᠨ ᠬᠦᠷᠭᠡᠬᠦ ᠠᠵᠤ ᠠᠬᠤᠶᠢᠯᠠᠯ ᠬᠢᠭᠡᠳ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ | ᠬᠠᠮᠲᠤᠷᠠᠨ ᠬᠥᠳᠡᠭᠡ ᠲᠣᠰᠬᠤᠨ ᠤ ᠲᠦᠷᠭᠡᠨ ᠬᠦᠷᠭᠡᠬᠦ ᠵᠦᠢᠯ ᠢ ᠣᠷᠣᠯᠠᠨ ᠬᠤᠷᠢᠶᠠᠵᠤ ᠣᠷᠣᠯᠠᠨ ᠬᠦᠷᠭᠡᠬᠦ | ᠲᠤᠬᠠᠶᠢᠯᠠᠭᠰᠠᠨ ᠠᠵᠢᠯ ᠢ ᠥᠷᠨᠢᠭᠦᠯᠬᠦ ᠶᠢ ᠵᠣᠷᠢᠭᠵᠢᠭᠤᠯᠤᠨ᠎ᠠ᠃ ᠲᠦᠷᠭᠡᠨ ᠬᠦᠷᠭᠡᠬᠦ ᠠᠵᠤ ᠠᠬᠤᠶᠢᠯᠠᠯ ᠨᠢ | ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠦᠨᠳᠦᠰᠦᠯᠡᠨ᠂ ᠰᠤᠮᠤ ᠪᠠᠯᠭᠠᠰᠤ᠂ ᠭᠠᠴᠠᠭ᠎ᠠ ᠶᠢ ᠰᠣᠩᠭᠤᠵᠤ | ᠬᠡᠯᠡᠯᠴᠡᠭᠡᠷ ᠬᠠᠮᠲᠤᠷᠠᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠲᠠ ᠬᠥᠳᠡᠭᠡ ᠶᠢᠨ ᠠᠶᠠᠨᠴᠢᠳ ᠤᠨ | ᠲᠡᠭᠡᠭᠡᠪᠦᠷᠢ ᠶᠢᠨ ᠡᠭᠡᠯᠵᠢ ᠶᠢᠨ ᠱᠤᠭᠤᠮ ᠳᠤ ᠨᠠᠶᠢᠳᠠᠵᠤ ᠰᠢᠤᠳᠠᠨ ᠤ ᠵᠦᠢᠯ ᠤᠨ ᠲᠦᠷᠭᠡᠨ ᠬᠦᠷᠭᠡᠬᠦ ᠵᠦᠢᠯ ᠢ | ᠣᠷᠣᠯᠠᠨ ᠲᠡᠭᠡᠭᠡᠪᠦᠷᠢᠯᠡᠵᠦ᠂ ᠬᠠᠮᠲᠤ ᠪᠠᠷ ᠲᠣᠬᠢᠷᠠᠭᠤᠯᠤᠨ ᠬᠦᠷᠭᠡᠬᠦ᠂ ᠣᠷᠴᠢᠯᠳᠤᠭᠤᠯᠤᠨ ᠲᠣᠬᠢᠷᠠᠭᠤᠯᠤᠨ | ᠬᠦᠷᠭᠡᠬᠦ ᠶᠢ ᠪᠡᠶᠡᠯᠡᠭᠦᠯᠦᠨ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠣᠬᠢᠷᠠᠭᠤᠯᠤᠨ ᠬᠦᠷᠭᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ | ︵ᠳᠥᠷᠪᠡ︶ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡᠨ ᠤ | ᠣᠶᠤᠨᠴᠢᠯᠠᠭᠰᠠᠨ ᠳᠡᠰ ᠳᠡᠪᠰᠢᠬᠦ ᠶᠢ ᠲᠦᠷᠭᠡᠳᠬᠡᠨ᠎ᠡ | 1. ᠬᠤᠲᠠ ᠬᠥᠳᠡᠭᠡ ᠶᠢᠨ ᠲᠣᠭᠠᠴᠢᠯᠠᠭᠰᠠᠨ ᠠᠶᠠᠨᠴᠢᠳ ᠤᠨ ᠲᠡᠭᠡᠭᠡᠪᠦᠷᠢ ᠶᠢᠨ ᠶᠠᠪᠤᠵᠤ ᠰᠠᠭᠤᠬᠤ | ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠲᠡᠷᠭᠡ ᠬᠥᠰᠬᠡ ᠶᠢᠨ ᠣᠷᠣᠨ ᠪᠠᠶᠢᠷᠢ ᠶᠢ ᠴᠠᠭ ᠲᠤᠬᠠᠢ ᠳᠤᠨᠢ ᠪᠠᠶᠢᠴᠠᠭᠠᠨ | ᠯᠠᠪᠯᠠᠬᠤ᠂ ᠠᠶᠠᠨᠴᠢᠳ ᠤᠨ ᠲᠡᠭᠡᠭᠡᠪᠦᠷᠢ ᠵᠠᠬᠢᠶᠠᠯᠠᠬᠤ᠂ ᠭᠠᠷ ᠤᠲᠠᠰᠤ ᠪᠠᠷ ᠥᠭᠴᠦ ᠲᠡᠷᠭᠡᠨ ᠳᠤ ᠰᠠᠭᠤᠬᠤ᠂ | ᠰᠦᠯᠵᠢᠶ᠎ᠡ ᠪᠠᠷ ᠪᠢᠯᠧᠲ ᠬᠤᠳᠠᠯᠳᠤᠬᠤ ᠵᠡᠷᠭᠡ ᠶᠠᠪᠤᠵᠤ ᠰᠠᠭᠤᠬᠤ ᠮᠡᠳᠡᠭᠡ ᠵᠠᠩᠭᠢ ᠶᠢᠨ ᠦᠢᠯᠡᠴᠢᠯᠡᠭᠡ ᠶᠢ | ᠳᠡᠭᠡᠭᠰᠢᠯᠡᠭᠦᠯᠦᠨ᠎ᠡ᠃ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢ ᠰᠦᠯᠵᠢ᠊ ᠡᠶ᠎ᠡ ᠪᠠᠷ ᠪᠢᠯᠧᠲ ᠬᠤᠳᠠᠯᠳᠤᠬᠤ | ᠰᠢᠰᠲ᠋ᠧᠮ ᠢ ᠳᠡᠯᠭᠡᠷᠡᠭᠦᠯᠵᠦ᠂ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠯᠧᠺᠳ᠋ᠷᠤᠨ ᠠᠶᠠᠨᠴᠢᠳ ᠤᠨ | ᠪᠢᠯᠧᠲ ᠪᠠ ᠪᠡᠯᠡᠨ ᠵᠣᠭᠤᠰ ᠤᠨ ᠪᠤᠰᠤ ᠲᠣᠭᠠᠴᠠᠭ᠎ᠠ ᠬᠢᠬᠦ ᠠᠷᠭ᠎ᠠ ᠮᠠᠶ᠋ᠢᠭ ᠢ ᠢᠳᠡᠪᠬᠢᠲᠡᠢ ᠪᠠᠷ ᠬᠡᠷᠡᠭᠵᠢᠭᠦᠯᠵᠦ᠂ | ᠬᠤᠯᠪᠣᠭᠠᠯᠠᠨ ᠲᠡᠭᠡᠭᠡᠪᠦᠷᠢᠯᠡᠬᠦ ᠪᠠ ᠨᠢᠭᠡ ᠪᠢᠯᠧᠲ ᠤᠨ ᠳᠦᠷᠢᠮ ᠤᠨ ᠦᠢᠯᠡᠴᠢᠯᠡᠭᠡ ᠶᠢ ᠰᠦᠪᠡᠭᠴᠢᠯᠡᠨ ᠠᠬᠢᠭᠤᠯᠤᠨ᠎ᠠ | ᠃ ᠵᠠᠬᠢᠶᠠᠯᠠᠨ ᠬᠢᠯᠭᠡᠭᠰᠡᠨ ᠠᠶᠠᠨᠴᠢᠳ ᠤᠨ ᠲᠡᠭᠡᠭᠡᠪᠦᠷᠢ ᠶᠢᠨ ᠳᠤᠮᠳᠠᠬᠢ ᠰᠦᠯᠵᠢᠶᠡᠨ ᠤ ᠲᠠᠪᠴᠠᠩ ᠤᠨ ᠴᠤᠭᠯᠠᠭᠤᠯᠬᠤ | ᠂ ᠲᠣᠬᠢᠷᠠᠭᠤᠯᠬᠤ᠂ ᠦᠨᠡᠯᠡᠬᠦ ᠦᠢᠯᠡᠴᠢᠯᠡᠭᠡᠨ ᠤ ᠴᠢᠳᠠᠮᠵᠢ ᠶᠢ ᠭᠦᠢᠴᠡᠳ ᠪᠠᠳᠠᠷᠠᠭᠤᠯᠵᠤ᠂ ᠤᠯᠠᠮᠵᠢᠯᠠᠯᠲᠤ | ᠡᠭᠡᠯᠵᠢ ᠶᠢᠨ ᠱᠤᠭᠤᠮ ᠤᠨ ᠠᠶᠠᠨᠴᠢᠳ ᠤᠨ ᠲᠡᠭᠡᠭᠡᠪᠦᠷᠢ ᠶᠢ ᠡᠮᠬᠢ ᠵᠢᠷᠤᠮ ᠲᠠᠢ ᠠᠮᠢᠳᠤᠯᠢᠭ᠂ ᠲᠦᠷᠭᠡᠨ᠂ ᠪᠠᠭ᠎ᠠ | ᠬᠡᠮᠵᠢᠶ᠎ᠡ ᠪᠠᠷ ᠵᠠᠬᠢᠶᠠᠯᠠᠭ᠎ᠠ ᠶᠢᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡ ᠲᠡᠰᠢ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠤᠨ᠎ᠠ᠃ | 2. ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠢᠨᠲ᠋ᠧᠷ ᠰᠦᠯᠵᠢᠶᠡᠨ ᠤ ᠰᠢᠨ᠎ᠡ ᠡᠵᠡᠩᠨᠡᠯᠲᠡ ᠶᠢᠨ | ᠪᠠᠶᠢᠳᠠᠯ ᠲᠥᠯᠥᠪ ᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ | ᠣᠳᠣᠬᠢᠴᠢᠯᠠᠭᠰᠠᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠪᠠᠶᠢᠭᠤᠯᠬᠤ ᠶᠢ ᠵᠣᠷᠢᠭᠵᠢᠭᠤᠯᠵᠤ᠂ | ᠬᠠᠮᠲᠤᠷᠠᠯᠴᠠᠭᠠᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶᠢᠯᠠᠯ ᠤᠨ ᠮᠡᠳᠡᠭᠡ ᠵᠠᠩᠭᠢ ᠶᠢᠨ | ᠵᠠᠯᠭᠠᠭᠠᠰᠤ ᠶᠢ ᠨᠡᠪᠲᠡᠷᠡᠭᠦᠯᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠡᠳ᠋ ᠪᠠᠷᠠᠭ᠎ᠠ ᠶᠢᠨ ᠠᠷᠠᠯᠵᠢᠶ᠎ᠠ᠂ | ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ᠂ ᠲᠣᠬᠢᠷᠠᠭᠤᠯᠤᠨ ᠬᠦᠷᠭᠡᠬᠦ ᠵᠡᠷᠭᠡ ᠮᠡᠳᠡᠭᠡ ᠵᠠᠩᠭᠢ ᠶᠢᠨ ᠪᠦᠬᠦ ᠶᠠᠪᠤᠴᠠ ᠶᠢ | ᠮᠥᠷᠳᠡᠵᠦ ᠪᠣᠯᠬᠤ ᠶᠢ ᠪᠡᠶᠡᠯᠡᠭᠦᠯᠦᠨ᠎ᠡ᠃ | 3. ᠲᠡᠷᠢᠭᠦᠨ ᠤ ᠬᠡᠷᠡᠭᠯᠡᠭᠡᠨ ᠤ ᠮᠡᠷᠭᠡᠵᠢᠯ ᠲᠣᠨᠣᠭᠯᠠᠯ ᠢ ᠳᠡᠯᠭᠡᠷᠡᠭᠦᠯᠦᠨ᠎ᠡ᠃ ᠬᠤᠲᠠ ᠬᠥᠳᠡᠭᠡ ᠶᠢᠨ | ᠠᠶᠠᠨᠴᠢᠳ ᠤᠨ ᠲᠡᠭᠡᠭᠡᠪᠦᠷᠢ ᠶᠢᠨ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ | ᠲᠦᠷᠭᠡᠳᠬᠡᠵᠦ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠰᠢᠯᠵᠢᠮᠡᠯ | ᠲᠣᠭᠠᠴᠠᠭ᠎ᠠ ᠬᠢᠬᠦ ᠲᠥᠬᠦᠭᠡᠷᠦᠮᠵᠢ᠂ ᠠᠪᠢᠶ᠎ᠠ ᠮᠡᠳᠡᠭᠡᠯᠡᠬᠦ ᠮᠠᠰᠢᠨ᠂ ᠺᠠᠷᠲ ᠱᠦᠷᠭᠦᠭᠡᠬᠦ ᠵᠡᠷᠭᠡ ᠶᠢ ᠲᠣᠬᠢᠷᠠᠭᠤᠯᠵᠤ᠂ | ᠲᠡᠷᠭᠡᠨ ᠥᠷᠲᠡᠭᠡ ᠬᠦᠯᠢᠶᠡᠬᠦ ᠲᠢᠩᠰᠡ ᠶᠢᠨ ᠡᠯᠧᠺᠳ᠋ᠷᠣᠨ ᠥᠷᠲᠡᠭᠡ ᠶᠢᠨ ᠫᠠᠶᠢᠰᠠ ᠶᠢ ᠪᠦᠲᠦᠭᠡᠨ ᠪᠠᠶᠢᠭᠤᠯᠤᠨ᠎ᠠ᠃ | 4. ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠬᠤ ᠬᠡᠷᠡᠭᠲᠡᠢ᠃ ︽ | ᠳᠥᠷᠪᠡ ᠶᠢ ᠴᠢᠩᠭ᠎ᠠ ᠴᠠᠭᠠᠵᠠᠯᠠᠬᠤ᠂ ᠲᠦᠷᠪᠡᠨ ᠪᠦᠬᠦᠨ︾ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ | ᠭᠡᠮ ᠰᠣᠭᠤᠭ ᠢ ︽ᠥᠴᠦᠬᠡᠨ ᠴᠦ ᠠᠭᠤᠴᠢᠯᠠᠬᠤ ᠦᠭᠡᠢ︾ ᠪᠠᠶᠢᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ | ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠠᠷᠢᠯᠭᠠᠬᠤ ᠬᠡᠷᠡᠭᠲᠡᠢ᠃ ᠬᠤᠲᠠ ᠬᠥᠳᠡᠭᠡ ᠶᠢᠨ ᠠᠶᠠᠨᠴᠢᠳ ᠤᠨ | ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠠᠮᠤᠷ ᠲᠦᠪᠰᠢᠨ ᠢᠶᠠᠷ ᠨᠡᠪᠲᠡᠷᠡᠬᠦ ᠨᠥᠬᠦᠴᠡᠯ ᠢ ᠬᠠᠮᠲᠤᠷᠠᠨ ᠬᠢᠨᠠᠨ | ᠬᠠᠷᠭᠤᠭᠤᠯᠬᠤ ᠲᠣᠭᠲᠠᠴᠠ ᠶᠢ ᠪᠦᠷᠢᠨᠰᠢᠭᠦᠯᠵᠦ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠠᠮᠤᠷ | ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠂ ᠠᠰᠠᠭᠤᠳᠠᠯ ᠢ ᠮᠥᠷᠳᠡᠨ ᠴᠡᠭᠴᠡᠯᠡᠨ | ᠰᠠᠶᠢᠵᠢᠷᠠᠭᠤᠯᠬᠤ ᠶᠢ ᠴᠢᠩᠭᠠᠳᠬᠠᠬᠤ ᠬᠡᠷᠡᠭᠲᠡᠢ᠃ ᠲᠡᠭᠡᠭᠡᠪᠦᠷᠢ ᠶᠢᠨ ᠠᠵᠤ ᠠᠬᠤᠶᠢᠯᠠᠯ ᠤᠨ ᠳᠠᠯᠳᠠ ᠭᠡᠮ ᠢ | ᠵᠢᠭᠰᠠᠭᠠᠨ ᠪᠠᠶᠢᠴᠠᠭᠠᠵᠤ ᠵᠠᠰᠠᠬᠤ ᠬᠢᠭᠡᠳ ᠠᠶᠤᠯ ᠦᠭᠡᠢ ᠶᠢᠨ ᠲᠦᠭᠰᠢᠭᠦᠷᠢ ᠶᠢ ᠥᠪᠡᠷ ᠲᠡᠭᠡᠨ ᠡᠵᠡᠮᠳᠡᠵᠦ | ᠬᠠᠮᠢᠶᠠᠷᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠲᠦᠯᠬᠢᠨ ᠠᠬᠢᠭᠤᠯᠵᠤ᠂ ᠳᠠᠯᠳᠠ ᠭᠡᠮ ᠢ ᠵᠢᠭᠰᠠᠭᠠᠨ | ᠪᠠᠶᠢᠴᠠᠭᠠᠬᠤ ᠬᠢᠭᠡᠳ ᠲᠦᠭᠰᠢᠭᠦᠷᠢ ᠶᠢ ᠢᠯᠭᠠᠬᠤ ᠭᠠᠷ ᠳᠡᠪᠲᠡᠷ ᠢ ᠲᠣᠭᠲᠠᠭᠠᠨ᠂ ᠬᠢᠵᠠᠭᠠᠷᠯᠠᠬᠤ ᠠᠷᠭ᠎ᠠ ᠬᠡᠮᠵᠢᠶ᠎ᠡ | ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠥᠪᠡᠷ ᠢ ᠪᠠᠨ ᠬᠢᠵᠠᠭᠠᠷᠯᠠᠬᠤ᠂ | ᠦᠷᠭᠦᠯᠵᠢᠯᠡᠨ ᠬᠠᠯᠠᠨ ᠰᠠᠶᠢᠵᠢᠷᠠᠭᠤᠯᠬᠤ ᠳᠣᠲᠣᠭᠠᠳᠤ ᠲᠣᠭᠲᠠᠴᠠ ᠶᠢ ᠪᠣᠢ ᠪᠣᠯᠭᠠᠬᠤ ᠬᠡᠷᠡᠭᠲᠡᠢ᠃ | 5. ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠠᠮᠤᠷ ᠲᠦᠪᠰᠢᠨ ᠤ ᠲᠦᠭᠰᠢᠭᠦᠷᠢ ᠶᠢᠨ ᠰᠡᠷᠭᠡᠶᠢᠯᠡᠯᠲᠡ ᠶᠢ | ᠴᠢᠩᠳᠠᠯᠠᠵᠤ᠂ ᠰᠢᠤᠳᠠᠨ ᠤ ᠵᠦᠢᠯ ᠤᠨ ᠲᠦᠷᠭᠡᠨ ᠬᠦᠷᠭᠡᠬᠦ ᠵᠦᠢᠯ ᠤᠨ ᠬᠦᠷᠭᠡᠬᠦ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠨ᠂ ᠬᠦᠯᠢᠶᠡᠨ ᠠᠪᠴᠤ ᠢᠯᠡᠭᠡᠬᠦ ᠶᠢ ᠪᠠᠶᠢᠴᠠᠭᠠᠨ ᠦᠵᠡᠬᠦ᠂ ᠦᠨᠡᠨ ᠨᠡᠷ᠎ᠡ ᠪᠠᠷ ᠢᠶᠠᠨ | ᠬᠤᠷᠢᠶᠠᠨ ᠢᠯᠡᠭᠡᠬᠦ᠂ ᠮᠠᠰᠢᠨ ᠢᠶᠠᠷ ᠥᠩᠭᠡᠷᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ︽ᠭᠤᠷᠪᠠᠨ ᠵᠦᠢᠯ ᠤᠨ | ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠲᠠᠢ ᠴᠠᠭᠠᠵᠠ ᠠᠴᠠ ᠵᠥᠷᠢᠴᠡᠭᠰᠡᠨ ᠡᠳ᠋ ᠪᠣᠳᠠᠰ ᠤᠨ | ᠢᠯᠡᠭᠡᠨ ᠬᠦᠷᠭᠡᠬᠦ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠬᠦᠴᠦᠯᠡᠨ ᠴᠢᠩᠭᠠᠷᠠᠭᠤᠯᠤᠨ᠎ᠠ᠃ ᠰᠤᠯᠠ | ᠳᠠᠭᠠᠭᠠᠯᠲᠠ ᠶᠢᠨ ᠪᠠᠷᠠᠭ᠎ᠠ ᠶᠢᠨ ᠭᠦᠢᠯᠭᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ | ᠪᠠᠷᠠᠭ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠠᠴᠠ | ᠴᠠᠭᠠᠵᠠᠯᠠᠭᠰᠠᠨ ᠪᠤᠶᠤ ᠬᠢᠵᠠᠭᠠᠷᠯᠠᠭᠰᠠᠨ ᠪᠣᠳᠠᠰ ᠲᠡᠭᠡᠭᠡᠪᠦᠷᠢᠯᠡᠬᠦ ᠶᠢ ᠴᠢᠩᠭ᠎ᠠ ᠴᠠᠭᠠᠵᠠᠯᠠᠵᠤ᠂ ᠮᠠᠰᠢᠨ ᠲᠡᠷᠭᠡᠨ ᠤ | ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠪᠠᠷ ᠣᠷᠣᠵᠤ ᠭᠠᠷᠬᠤ ᠬᠥᠮᠦᠰ ᠪᠠ ᠪᠣᠭᠤᠳᠠᠯ ᠪᠣᠳᠠᠰ᠂ ᠲᠡᠷᠭᠡ | ᠬᠥᠰᠬᠡ ᠶᠢ ᠴᠢᠩᠭ᠎ᠠ ᠪᠠᠶᠢᠴᠠᠭᠠᠵᠤ᠂ ︽ᠭᠤᠷᠪᠠᠨ ᠥᠷᠲᠡᠭᠡᠨ ᠳᠤ ᠣᠷᠣᠬᠤ ᠦᠭᠡᠢ︾ ᠪᠠ ︽ᠵᠢᠷᠭᠤᠭᠠᠨ | ᠥᠷᠲᠡᠭᠡ ᠠᠴᠠ ᠭᠠᠷᠬᠤ ᠦᠭᠡᠢ︾ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ᠂ ᠳᠠᠶᠢᠴᠢᠯᠠᠯᠲᠠ ᠪᠠᠶᠢᠷᠢᠯᠠᠭᠤᠯᠤᠯᠲᠠ ︵2023 ᠣᠨ ᠤ 10 ᠰᠠᠷ᠎ᠠ ᠶᠢᠨ ᠰᠡᠭᠦᠯᠴᠢ ᠠᠴᠠ ᠡᠮᠦᠨ᠎ᠡ︶ | ︽ᠵᠠ︾ ᠭᠡᠳ ᠪᠦᠬᠦ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠬᠡᠷᠡᠭᠵᠢᠭᠦᠯᠬᠦ ᠲᠥᠰᠦᠯ ᠢ ᠳᠠᠷᠤᠮᠠᠯᠯᠠᠨ ᠳᠠᠷᠬᠠᠭᠠᠨ᠎ᠠ᠃ | ︵ᠬᠤᠶᠠᠷ︶ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ︵2023 ᠣᠨ ᠤ 11 ᠰᠠᠷ᠎ᠠ ᠶᠢᠨ ᠰᠡᠭᠦᠯᠴᠢ - | 2025 ᠣᠨ ᠤ 11 ᠰᠠᠷ᠎ᠠ ᠶᠢᠨ ᠰᠡᠭᠦᠯᠴᠢ︶ ︽ᠵᠠ︾ ᠭᠡᠳ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠤᠨ᠎ᠠ᠃ | | ︵ᠭᠤᠷᠪᠠ᠂ ᠳ᠋ᠦᠩᠨᠡᠯᠲᠡ ︵2025 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶ ︽ᠵᠠ︾ | ᠭᠡᠳ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠮᠠᠲ᠋ᠧᠷᠢᠶᠠᠯ ᠢ ᠡᠮᠬᠢᠳᠬᠡᠵᠦ᠂ ᠲᠤᠷᠰᠢᠯᠭ᠎ᠠ ᠪᠠᠨ ᠳ᠋ᠦᠩᠨᠡᠬᠦ ᠬᠡᠷᠡᠭᠲᠡᠢ᠃ | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠬᠤᠪᠢᠳᠠᠨ ᠬᠠᠮᠢᠶᠠᠷᠴᠤ | ᠪᠠᠶᠢᠭ᠎ᠠ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠰᠢᠭᠤᠨ ᠤ ᠵᠠᠮ ᠬᠠᠷᠢᠯᠴᠠᠭ᠎ᠠ | ᠲᠡᠭᠡᠭᠡᠪᠦᠷᠢ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ | ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ | ᠲᠠᠷᠢᠶᠠᠯᠠᠩ ᠤᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠮᠡᠳᠡᠭᠡ ᠵᠠᠩᠭᠢ᠂ ᠰᠢᠤᠳᠠᠨ᠂ ᠬᠠᠩᠭᠠᠨ ᠪᠣᠷᠣᠯᠠᠭᠤᠯᠬᠤ | ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤᠨ ᠤ | ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠭᠰᠠᠨ ᠬᠤᠰᠢᠭᠤ ᠬᠤᠲᠠ | ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠦᠬᠦ ᠬᠤᠰᠢᠭᠤᠨ ᠤ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ | ᠵᠣᠬᠢᠶᠠᠨ ᠪᠠᠶᠢᠭᠤᠯᠤᠨ ᠥᠷᠨᠢᠭᠦᠯᠪᠡ᠃ ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ | ᠭᠡᠷ ᠢ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠲᠣᠬᠢᠷᠠᠭᠤᠯᠤᠨ᠂ ᠪᠣᠳᠠᠲᠠᠢ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ᠂ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠵᠤ᠃ ᠬᠤᠲᠠ | ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠲᠥᠷᠥ ᠶᠢᠨ ᠪᠣᠳᠣᠯᠭ᠎ᠠ ᠪᠠ ᠡᠳ᠋ ᠤᠨ | ᠵᠠᠰᠠᠭ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠮᠡᠯ ᠬᠦᠴᠦᠨ᠂ ᠪᠡᠯᠡ | ᠮᠥᠩᠭᠦ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠵᠤ᠂ ᠴᠢᠬᠤᠯᠠ ᠶᠡᠭᠡ ᠪᠠᠷᠢᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ | ᠠᠬᠢᠭᠤᠯᠤᠨ᠂ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠭᠠᠵᠠᠷ ᠬᠡᠷᠡᠭᠯᠡᠬᠦ᠂ ᠮᠥᠩᠭᠦᠨ ᠭᠦᠢᠯᠭᠡᠭᠡ᠂ | ᠭᠠᠶᠢᠯᠢ ᠲᠠᠲᠠᠪᠤᠷᠢ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠵᠡᠷᠭᠡ ᠠᠰᠠᠭᠤᠳᠠᠯ ᠤᠨ ᠬᠦᠴᠢᠷᠳᠡᠯ ᠢ ᠰᠢᠢᠳᠪᠦᠷᠢᠯᠡᠬᠦ | ᠬᠡᠷᠡᠭᠲᠡᠢ᠃ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠨᠥᠬᠦᠪᠥᠷᠢ ᠥᠭᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ︔ ᠪᠡᠯᠡ ᠴᠤᠭᠯᠠᠭᠤᠯᠬᠤ ᠵᠠᠭᠪᠤᠷ ᠲᠤ ᠰᠢᠨ᠎ᠡ ᠶᠢ ᠡᠭᠦᠳᠴᠦ᠂ ᠪᠡᠯᠡ ᠴᠤᠭᠯᠠᠭᠤᠯᠬᠤ | ᠵᠠᠮ ᠮᠥᠷ ᠢ ᠥᠷᠭᠡᠳᠬᠡᠨ᠂ ᠨᠡᠶᠢᠭᠡᠮ ᠤᠨ ᠬᠥᠷᠥᠩᠭᠡ ᠶᠢᠨ ᠬᠤᠲᠠ ᠬᠥᠳᠡᠭᠡ ᠶᠢᠨ ᠲᠡᠭᠡᠭᠡᠪᠦᠷᠢ ᠶᠢᠨ ᠬᠦᠷᠢᠶ᠎ᠡ | ᠴᠠᠷᠠᠭ᠎ᠠ ᠳᠤ ᠪᠡᠯᠡ ᠴᠤᠭᠯᠠᠭᠤᠯᠬᠤ ᠶᠢ ᠵᠣᠷᠢᠭᠵᠢᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠠᠴᠠ ᠱᠠᠲᠤ | ᠬᠤᠪᠢᠶᠠᠨ ᠣᠷᠣᠭᠤᠯᠤᠯᠲᠠ ᠬᠢᠬᠦ ᠪᠠᠷ ᠭᠤᠣᠯ ᠪᠣᠯᠭᠠᠭᠰᠠᠨ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠪᠠᠷ | ᠳᠡᠳ᠋ᠯᠡᠭᠦᠯᠦᠭᠰᠡᠨ ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠦᠷᠭᠡᠳᠬᠡᠨ ᠪᠠᠶᠢᠭᠤᠯᠤᠨ᠎ᠠ | ︵ᠭᠤᠷᠪᠠ︶ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠳᠠᠯᠠᠨ᠎ᠠ᠃ ᠬᠤᠲᠠ ᠬᠥᠳᠡᠭᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠰᠢᠮᠳᠠᠭᠤᠯᠤᠨ | ᠵᠢᠯᠣᠭᠤᠳᠬᠤ ᠲᠣᠭᠲᠠᠴᠠ ᠪᠠ ᠰᠢᠯᠭᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠬᠤᠲᠠ ᠬᠥᠳᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠨᠢᠭᠡ ᠴᠣᠭᠴᠠᠵᠢᠭᠤᠯᠤᠭᠰᠠᠨ ᠵᠢᠱᠢ᠊ ᠡᠶ᠎ᠡ ᠦᠵᠡᠭᠦᠯᠦᠨ | ᠡᠭᠦᠳᠦᠨ ᠪᠠᠶᠢᠭᠤᠯᠬᠤ ᠠᠵᠢᠯ ᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠰᠢᠯᠭᠠᠨ ᠬᠢᠨᠠᠬᠤ ᠶᠢᠨ ᠴᠢᠬᠤᠯᠠ ᠭᠦᠢᠴᠡᠳᠬᠡᠯ | ᠲᠤᠭ᠎ᠠ ᠪᠣᠯᠭᠠᠨ᠎ᠠ᠃ ᠬᠤᠰᠢᠭᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ | ᠠᠯᠪᠠᠨ ᠭᠡᠷ ᠨᠢ ᠠᠵᠢᠯ ᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠵᠢᠯᠣᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠨ᠂ | ᠳᠠᠷᠤᠯᠲᠠ ᠶᠢ ᠤᠯᠠᠮ ᠨᠢᠭᠡ ᠠᠯᠬᠤᠮ ᠳᠠᠮᠵᠢᠭᠤᠯᠵᠤ᠂ ᠬᠠᠷᠢᠭᠤᠴᠠᠯᠭ᠎ᠠ ᠶᠢ ᠪᠠᠲᠤᠳᠬᠠᠬᠤ ᠬᠡᠷᠡᠭᠲᠡᠢ᠃ |