ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ︹2020︺ 8 ᠳ᠋ᠤᠭᠠᠷ ᠲᠣᠭᠠᠲᠤ | | ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ | ᠰᠠᠯᠠᠭ᠎ᠠ ᠮᠥᠴᠢᠷ ᠲᠤ᠄ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠣᠷᠣᠯᠠᠨ ᠳᠠᠷᠢᠬᠤ | ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠂ ︽ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ 2023 ᠣᠨ ᠤ ᠮᠠᠯ ᠤᠨ ᠡᠭᠦᠯᠳᠡᠷ ᠢ ᠰᠠᠶᠢᠵᠢᠷᠠᠭᠤᠯᠵᠤ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠂ ︽ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ 2023 ᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠂ ︽ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠠᠯᠴᠢᠨ | ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠂ ︽ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠠᠵᠢᠯ ᠣᠯᠭᠤᠯᠲᠠ ᠪᠠᠷ ᠲᠡᠳᠬᠦᠮᠵᠢ ᠶᠢ | ᠣᠷᠣᠯᠠᠭᠤᠯᠤᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ | ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠠᠵᠢᠯ ᠣᠯᠭᠤᠯᠲᠠ ᠪᠠᠷ | ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠲᠦᠭᠡᠢ᠃ | | 2023 ᠣᠨ ᠤ 2 ᠰᠠᠷ᠎ᠠ ᠶᠢᠨ 24 ᠤ ᠡᠳᠦᠷ | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠣᠷᠣᠯᠠᠨ ᠬᠠᠭᠠᠯᠪᠤᠷᠢᠯᠠᠬᠤ ᠣᠷᠣᠯᠠᠨ | ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ | | ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ | ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠭᠤᠶᠢᠯᠠᠩ | ᠲᠠᠷᠬᠠᠭᠠᠭᠰᠠᠨ ︹2022︺ 28 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠡᠪᠴᠢᠶᠡᠨ ᠳᠠᠬᠢ ᠪᠦᠬᠦ ᠡᠷᠦᠬᠡ ᠶᠢᠨ ᠬᠥᠳᠡᠯᠮᠦᠷᠢᠯᠡᠬᠦ | ᠴᠢᠳᠠᠪᠤᠷᠢ ᠦᠭᠡᠢ ᠮᠠᠯᠴᠢᠨ ᠲᠠᠷᠢᠶᠠᠴᠢᠨ ᠡᠷᠦᠬᠡ ︵ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ | ᠬᠡᠮᠵᠢᠬᠦ ᠡᠷᠦᠬᠡ︶ ᠶᠢᠨ ᠲᠠᠷᠢ᠊ ᠡᠶ᠎ᠡ ᠲᠠᠷᠢᠬᠤ ᠳᠤ ᠬᠦᠴᠢᠷ᠂ ᠲᠡᠵᠢᠭᠡᠨ ᠦᠷᠡᠵᠢᠭᠦᠯᠬᠦ ᠳᠤ ᠬᠦᠴᠢᠷ ᠠᠴᠠ ᠪᠣᠯᠵᠤ | ᠣᠷᠣᠯᠭ᠎ᠠ ᠪᠠᠭᠠᠲᠠᠢ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ | ᠪᠠᠶᠢᠭᠰᠠᠨ ᠠᠴᠠ ᠡᠵᠡᠩᠨᠡᠯᠲᠡ ᠶᠢᠨ ᠴᠢᠨᠠᠷᠲᠠᠢ ᠣᠷᠣᠯᠭ᠎ᠠ ᠲᠡᠰᠢ ᠬᠤᠪᠢᠷᠠᠭᠤᠯᠬᠤ ᠶᠢ ᠠᠬᠢᠭᠤᠯᠬᠤ ᠶᠢᠨ ᠲᠥᠯᠥᠭᠡ᠂ | ᠭᠡᠷ ᠪᠦᠯᠢ ᠶᠢᠨ ᠣᠷᠣᠯᠭ᠎ᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠣᠳᠣ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠭᠠᠴᠠᠭᠠᠨ ᠤ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ | ᠂ ᠬᠤᠷᠰᠢᠶ᠎ᠠ᠂ ᠴᠢᠳᠠᠪᠤᠷᠢᠲᠠᠨ ᠤ ᠲᠣᠮᠣ ᠡᠷᠦᠬᠡ ᠶᠢ ᠵᠣᠷᠢᠭᠵᠢᠭᠤᠯᠵᠤ᠂ ᠭᠠᠴᠠᠭᠠᠨ ᠤ ᠳᠣᠲᠣᠷᠠᠬᠢ ᠬᠥᠳᠡᠯᠮᠦᠷᠢᠯᠡᠬᠦ | ᠴᠢᠳᠠᠪᠤᠷᠢ ᠪᠠᠨ ᠠᠯᠳᠠᠭᠰᠠᠨ ᠠᠴᠠ ᠪᠣᠯᠵᠤ ᠭᠠᠵᠠᠷ ᠰᠢᠷᠣᠢ ᠶᠢ ᠳᠣᠣᠷ᠎ᠠ ᠦᠨ᠎ᠡ ᠪᠠᠷ ᠭᠠᠳᠠᠭᠰᠢ | ᠳᠠᠭᠠᠭᠠᠴᠢᠯᠠᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ ᠳᠤ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ | ᠦᠢᠯᠡᠴᠢᠯᠡᠭᠡ ᠬᠠᠩᠭᠠᠵᠤ᠂ ᠬᠤᠷᠰᠢᠶ᠎ᠠ᠂ ᠠᠵᠤ ᠠᠬᠤᠶᠢᠯᠠᠯ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠶᠣᠰᠣᠭᠠᠷ | ᠬᠡᠪ ᠤᠨ ᠶᠣᠰᠣᠭᠠᠷ ᠦᠢᠯᠡᠴᠢᠯᠡᠭᠡᠨ ᠤ ᠵᠠᠷᠤᠳᠠᠯ ᠬᠤᠷᠢᠶᠠᠵᠤ᠂ ᠦᠢᠯᠡᠳᠬᠦᠨ ᠤ ᠪᠣᠷᠣᠯᠠᠭᠤᠯᠭ᠎ᠠ ᠶᠢᠨ ᠠᠰᠢᠭ | ᠣᠯᠵᠠᠪᠤᠷᠢ ᠶᠢ ᠪᠦᠬᠦᠨ ᠢ ᠲᠠᠷᠢᠶᠠᠴᠢᠨ ᠡᠷᠦᠬᠡ ᠳᠤ ᠥᠮᠴᠢᠯᠡᠭᠦᠯᠬᠦ ᠪᠥᠭᠡᠳ ᠨᠡᠶᠢᠭᠡᠮᠴᠢᠯᠡᠭᠰᠡᠨ ᠦᠢᠯᠡᠴᠢᠯᠡᠭᠡ ᠳᠤ | ᠣᠷᠣᠯᠴᠠᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ᠬᠢᠭᠡᠳ ᠬᠢᠨᠠᠨ ᠬᠡᠮᠵᠢᠬᠦ ᠡᠷᠦᠬᠡ ᠳᠤ ᠨᠥᠬᠦᠪᠥᠷᠢ ᠥᠭᠬᠦ | ᠲᠥᠷᠥ ᠶᠢᠨ ᠪᠣᠳᠣᠯᠭ᠎ᠠ ᠣᠯᠭᠤᠵᠤ᠂ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠤᠨ ᠣᠷᠣᠯᠭ᠎ᠠ ᠶᠢ ᠡᠳ᠋ | ᠬᠥᠷᠥᠩᠭᠡ ᠶᠢᠨ ᠴᠢᠨᠠᠷᠲᠠᠢ ᠣᠷᠣᠯᠭ᠎ᠠ ᠠᠴᠠ ᠡᠵᠡᠩᠨᠡᠯᠲᠡ ᠶᠢᠨ ᠴᠢᠨᠠᠷᠲᠠᠢ ᠣᠷᠣᠯᠭ᠎ᠠ ᠲᠡᠰᠢ ᠬᠤᠪᠢᠷᠠᠭᠤᠯᠬᠤ ᠶᠢ | ᠠᠬᠢᠭᠤᠯᠵᠤ᠂ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢᠨ ᠬᠢᠷᠢ ᠬᠡᠮᠵᠢᠶ᠎ᠡ ᠶᠢ ᠯᠠᠪᠳᠠᠭᠤᠨ ᠢᠶᠠᠷ | ᠳᠡᠭᠡᠭᠰᠢᠯᠡᠭᠦᠯᠪᠡ᠃ ᠨᠥᠬᠦᠴᠡᠯ ᠲᠠᠢ ᠭᠠᠴᠠᠭᠠᠨ ᠤ ᠬᠡᠪᠴᠢᠶᠡᠵᠢᠭᠰᠡᠨ᠂ ᠡᠷᠴᠢᠮᠵᠢᠭᠰᠡᠨ ᠬᠥᠭᠵᠢᠯᠲᠡ ᠶᠢᠨ ᠵᠠᠭᠪᠤᠷ | ᠶᠣᠰᠣᠭᠠᠷ᠂ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠬᠦ | ᠲᠣᠰᠬᠤᠨ ᠢᠶᠠᠷ ᠨᠢ ᠠᠬᠢᠭᠤᠯᠬᠤ ᠶᠢ ᠳᠡᠮᠵᠢᠵᠦ᠂ ᠮᠠᠯᠵᠢᠬᠤ ᠲᠠᠷᠢᠶᠠᠯᠠᠬᠤ ᠡᠷᠦᠬᠡ ᠬᠢᠭᠡᠳ ᠭᠠᠴᠠᠭ᠎ᠠ ᠲᠣᠰᠬᠤᠨ ᠤ | ᠬᠠᠮᠲᠤ ᠶᠢᠨ ᠠᠵᠤ ᠠᠬᠤᠢ ᠶᠢᠨ ᠬᠤᠣᠰ ᠠᠮᠵᠢᠯᠲᠠ ᠣᠯᠬᠤ ᠬᠠᠷᠠᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ | ᠪᠡᠶᠡᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠮᠠᠯᠴᠢᠨ ᠲᠠᠷᠢᠶᠠᠴᠢᠨ ᠡᠷᠦᠬᠡ ᠰᠠᠶᠢᠨ ᠳᠤᠷ᠎ᠠ ᠠᠴᠠ ᠪᠠᠨ ᠶᠠᠳᠠᠭᠤ ᠠᠴᠠ ᠠᠩᠭᠢᠵᠢᠷᠠᠭᠰᠠᠨ ᠡᠷᠦᠬᠡ᠂ | ᠬᠢᠨᠠᠨ ᠰᠢᠯᠭᠠᠬᠤ ᠡᠷᠦᠬᠡ ᠡᠩ ᠲᠡᠷᠢᠭᠦᠨ ᠳᠤ ᠪᠠᠶᠢᠬᠤ ᠵᠠᠷᠴᠢᠮ | ᠪᠣᠳᠠᠲᠠᠢ ᠬᠡᠷᠡᠭᠵᠢᠭᠦᠯᠬᠦ ᠶᠠᠪᠤᠴᠠ ᠳᠤ᠂ ᠰᠤᠮᠤ ᠪᠠᠯᠭᠠᠰᠤ᠂ ᠭᠠᠴᠠᠭ᠎ᠠ ᠨᠢ ᠮᠠᠯᠵᠢᠬᠤ ᠲᠠᠷᠢᠶᠠᠯᠠᠬᠤ ᠡᠷᠦᠬᠡ ᠶᠢᠨ | ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠮᠠᠯᠴᠢᠨ ᠲᠠᠷᠢᠶᠠᠴᠢᠨ ᠤ ᠲᠦᠷ ᠵᠠᠭᠤᠷ᠎ᠠ ᠪᠣᠳᠣᠵᠤ ᠣᠯᠤᠭᠰᠠᠨ | ᠦᠭᠡᠢ ᠪᠣᠯ᠂ ᠲᠥᠷᠥ ᠶᠢᠨ ᠪᠣᠳᠣᠯᠭ᠎ᠠ ᠪᠠᠨ ᠲᠣᠳᠣᠷᠬᠠᠢ ᠶᠠᠷᠢᠵᠤ᠂ ᠵᠣᠷᠢᠭᠵᠢᠭᠤᠯᠤᠨ ᠬᠥᠲᠥᠯᠥᠨ ᠵᠢᠯᠣᠭᠤᠳᠴᠤ | ᠪᠣᠯᠤᠨ᠎ᠠ᠂ ᠭᠡᠪᠡᠴᠦ ᠮᠠᠯᠴᠢᠨ ᠲᠠᠷᠢᠶᠠᠴᠢᠨ ᠤ ᠬᠦᠰᠡᠯ ᠰᠠᠨᠠᠭ᠎ᠠ ᠠᠴᠠ ᠵᠥᠷᠢᠴᠡᠨ ᠣᠷᠣᠯᠠᠨ ᠲᠠᠷᠢᠬᠤ ᠪᠠ ᠣᠷᠣᠯᠠᠨ | ᠲᠠᠷᠢᠬᠤ ᠶᠢ ᠡᠷᠡᠰ ᠬᠡᠷᠡᠭᠵᠢᠭᠦᠯᠵᠦ᠂ ᠴᠢᠬᠤᠯᠠ ᠪᠤᠰᠤ ᠵᠥᠷᠢᠴᠡᠯ ᠠᠴᠠ ᠪᠣᠯᠵᠣ ᠴᠢᠬᠤᠯᠠ ᠦᠭᠡᠢ ᠵᠥᠷᠢᠴᠡᠯ ᠢ ᠪᠣᠢ | ᠪᠣᠯᠭᠠᠵᠤ ᠶᠠᠭᠠᠬᠢᠭᠰᠠᠨ ᠴᠤ ᠪᠣᠯᠬᠤ ᠥᠬᠡᠢ᠃ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ | ᠡᠷᠦᠬᠡ ᠶᠢᠨ ᠳᠣᠲᠣᠷᠠᠬᠢ ᠪᠠᠭᠤᠷᠠᠢ ᠬᠥᠳᠡᠯᠮᠦᠷᠢᠯᠡᠬᠦ ᠴᠢᠳᠠᠪᠤᠷᠢ᠂ ᠬᠥᠳᠡᠯᠮᠦᠷᠢᠯᠡᠬᠦ ᠴᠢᠳᠠᠪᠤᠷᠢ ᠦᠭᠡᠢ ᠡᠷᠦᠬᠡ ᠶᠢᠨ | ᠲᠤᠭ᠎ᠠ ᠣᠯᠠᠨ ᠪᠠᠶᠢᠵᠤ᠂ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠶᠢ | ᠬᠡᠷᠡᠭᠵᠢᠭᠦᠯᠬᠦ ᠳᠡᠭᠡᠨ᠂ ᠬᠦᠰᠡᠯ ᠡᠷᠡᠮᠡᠯᠵᠡᠯ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ | ᠡᠷᠦᠬᠡ ᠶᠢᠨ ᠦᠢᠯᠡᠴᠢᠯᠡᠭᠡ ᠬᠦᠷᠲᠡᠬᠦ ᠶᠢ ᠤᠷᠢᠳᠠᠪᠠᠷ ᠪᠠᠲᠤᠯᠠᠬᠤ ᠬᠡᠷᠡᠭᠲᠡᠢ᠃ | ︵ᠬᠤᠶᠠᠷ︶ ᠲᠠᠷᠢᠶᠠᠯᠠᠬᠤ ᠶᠢ ᠣᠷᠣᠯᠠᠨ ᠲᠠᠷᠢᠬᠤ ᠭᠤᠣᠯ ᠴᠣᠭᠴᠠ ᠪᠠᠷ ᠭᠤᠣᠯ ᠪᠣᠯᠭᠠᠬᠤ᠂ ᠵᠠᠰᠠᠭ ᠤᠨ | ᠣᠷᠳᠣᠨ ᠠᠴᠠ ᠨᠥᠬᠦᠪᠥᠷᠢᠯᠡᠬᠦ ᠪᠠᠷ ᠬᠠᠪᠰᠤᠷᠤᠮᠵᠢ ᠪᠣᠯᠭᠠᠬᠤ ᠵᠠᠷᠴᠢᠮ | ᠡᠯ᠎ᠡ ᠭᠠᠵᠠᠷ ᠤᠨ ᠬᠢᠨ ᠣᠷᠣᠯᠠᠨ ᠲᠠᠷᠢᠶᠠᠯᠠᠵᠤ ᠣᠷᠣᠯᠠᠨ ᠲᠠᠷᠢᠬᠤ ᠡᠵᠡᠩᠨᠡᠯᠲᠡ ᠶᠢᠨ ᠭᠤᠣᠯ ᠴᠣᠭᠴᠠ ᠶᠢ | ᠰᠣᠩᠭᠤᠬᠤ ᠳᠠᠭᠠᠨ᠂ ᠡᠷᠬᠡᠪᠰᠢ ᠪᠣᠳᠠᠲᠤ ᠬᠦᠴᠦᠨ ᠢᠶᠠᠷ ᠨᠡᠯᠢᠶᠡᠳ ᠴᠢᠩᠭ᠎ᠠ᠂ ᠡᠵᠡᠩᠨᠡᠯᠲᠡ ᠨᠢ ᠬᠡᠪ ᠤᠨ ᠪᠠᠶᠢᠬᠤ᠂ | ᠢᠲᠡᠭᠡᠯ ᠬᠦᠨᠳᠦ ᠪᠠᠷ ᠨᠡᠯᠢᠶᠡᠳ ᠰᠠᠶᠢᠨ ᠭᠤᠣᠯ ᠴᠣᠭᠴᠠ ᠶᠢ ᠰᠣᠩᠭᠤᠨ ᠬᠠᠮᠲᠤᠷᠠᠯᠴᠠᠬᠤ ᠡᠲᠡᠭᠡᠳ ᠪᠣᠯᠭᠠᠬᠤ | ᠬᠡᠷᠡᠭᠲᠡᠢ᠃ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ ᠪᠠᠶᠢᠭᠠᠳ ᠡᠷᠦᠬᠡ ᠳᠤ | ᠰᠢᠭᠤᠳ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ ᠬᠥᠳᠡᠯᠮᠦᠷᠢ ᠬᠦᠴᠦᠨ ᠦᠭᠡᠢ ᠪᠣᠯᠤᠭᠰᠠᠨ ᠡᠷᠦᠬᠡ ᠵᠢᠴᠢ ᠬᠢᠨᠠᠨ | ᠬᠡᠮᠵᠢᠬᠦ ᠡᠷᠦᠬᠡ ᠳᠤ ᠣᠷᠣᠯᠠᠨ ᠲᠠᠷᠢᠶᠠᠯᠠᠬᠤ ᠶᠢᠨ ᠨᠥᠬᠦᠪᠥᠷᠢ ᠬᠠᠩᠭᠠᠨ᠎ᠠ᠃ | ᠭᠤᠷᠪᠠ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯ ᠲᠥᠷᠥᠯ ᠵᠦᠢᠯ ᠢ | ᠬᠡᠷᠡᠭᠵᠢᠭᠦᠯᠬᠦ ᠭᠤᠣᠯ ᠴᠣᠭᠴᠠ ᠮᠥᠨ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠪᠣᠯ ᠬᠠᠮᠵᠢᠯᠴᠠᠬᠤ | ᠨᠢᠭᠡᠴᠡ ᠮᠥᠨ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠲᠥᠷᠥᠯ ᠵᠦᠢᠯ | ᠭᠤᠶᠤᠴᠢᠯᠠᠬᠤ ᠭᠠᠷᠳᠠᠮ ᠢ ᠭᠦᠢᠴᠡᠳᠬᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠰᠤᠮᠤ ᠪᠠᠯᠭᠠᠰᠤᠨ ᠤ ᠲᠥᠷᠥᠯ ᠵᠦᠢᠯ ᠤᠨ ᠪᠣᠳᠠᠲᠠᠢ ᠠᠵᠢᠯ᠂ ᠵᠠᠯᠭᠠᠮᠵᠢ ᠬᠢᠨᠠᠯᠲᠠ ᠬᠠᠮᠢᠶᠠᠷᠤᠯᠲᠠ | ᠵᠢᠴᠢ ᠪᠡᠯᠡ ᠮᠥᠩᠭᠦ ᠰᠠᠯᠭᠠᠨ ᠥᠭᠬᠦ ᠶᠢ ᠪᠦᠬᠦ ᠶᠠᠪᠤᠴᠠ ᠪᠠᠷ ᠵᠢᠯᠣᠭᠤᠳᠤᠨ᠎ᠠ᠃ | ᠳᠥᠷᠪᠡ᠂ ᠲᠥᠷᠥᠯ ᠵᠦᠢᠯ ᠢ ᠬᠡᠷᠡᠭᠵᠢᠭᠦᠯᠬᠦ ᠠᠭᠤᠯᠭ᠎ᠠ | ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 | ᠣᠨ ᠤ ᠣᠷᠣᠯᠠᠨ ᠳᠠᠷᠢᠬᠤ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠷᠥᠯ ᠵᠦᠢᠯ᠃ | ︵ᠬᠤᠶᠠᠷ︶ ᠲᠥᠷᠥᠯ ᠵᠦᠢᠯ ᠤᠨ ᠲᠥᠷᠥᠯ ᠢᠯᠭᠠᠯ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ | ᠲᠥᠷᠥᠯ ᠵᠦᠢᠯ ᠪᠣᠯ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ | ᠨᠥᠬᠦᠪᠥᠷᠢ ᠶᠢᠨ ᠲᠥᠷᠥᠯ ᠵᠦᠢᠯ ᠪᠣᠯᠤᠨ᠎ᠠ᠃ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠭᠠᠵᠠᠷ᠄ ᠲᠥᠷᠥᠯ ᠵᠦᠢᠯ ᠨᠢ ᠪᠦᠬᠦ ᠬᠤᠰᠢᠭᠤᠨ ᠤ 12 ᠰᠤᠮᠤ | ᠪᠠᠯᠭᠠᠰᠤ ᠶᠢ ᠬᠠᠮᠤᠷᠪᠠ᠃ | ︵ᠲᠦᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠲᠥᠷᠥᠯ ᠵᠦᠢᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠬᠠᠷᠢᠭᠤᠴᠠᠵᠤ᠂ ᠡᠯ᠎ᠡ ᠬᠠᠮᠢᠶ᠎ᠠ ᠪᠦᠬᠦᠢ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠭᠠᠴᠠᠭᠠᠨ ᠤ ᠨᠠᠶᠢᠳᠠᠪᠤᠷᠢᠵᠢᠭᠤᠯᠬᠤ | ᠲᠥᠷᠥᠯ ᠵᠦᠢᠯ ᠢ ᠠᠬᠢᠭᠤᠯᠤᠨ ᠵᠢᠯᠣᠭᠤᠳᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ᠲᠥᠷᠥᠯ ᠵᠦᠢᠯ ᠢ ᠬᠥᠮᠥᠷᠭᠡ ᠳᠤ ᠣᠷᠣᠭᠤᠯᠬᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠲᠥᠷᠥᠯ ᠵᠦᠢᠯ | ᠲᠣᠭᠲᠠᠭᠠᠬᠤ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠦ᠂ ᠰᠤᠮᠤ ᠪᠠᠯᠭᠠᠰᠤ᠂ ᠭᠠᠴᠠᠭᠠᠨ ᠤ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠵᠠᠯᠭᠠᠮᠵᠢ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ | ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ ᠲᠥᠷᠥᠯ | ᠵᠦᠢᠯ ᠢ ᠰᠢᠯᠭᠠᠨ ᠠᠪᠬᠤ ᠵᠡᠷᠭᠡ ᠠᠵᠢᠯ ᠢ ᠵᠣᠬᠢᠶᠠᠨ ᠪᠠᠶᠢᠭᠤᠯᠪᠠ᠃ | ︵ᠲᠠᠪᠤ︶ ᠠᠬᠢᠴᠠ ᠶᠢᠨ ᠲᠤᠬᠢᠷᠠᠭᠤᠯᠭ᠎ᠠ | 1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 2 ᠰᠠᠷ᠎ᠠ ᠳᠤ ᠲᠥᠷᠥᠯ ᠵᠦᠢᠯ ᠤᠨ | ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠵᠢᠴᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ | ᠪᠡᠶᠡᠯᠡᠭᠦᠯᠦᠨ᠎ᠡ᠃ | 2. ᠲᠥᠷᠥᠯ ᠵᠦᠢᠯ ᠢ ᠭᠡᠷᠡᠭᠵᠢᠬᠦᠯᠬᠦ᠄ 2023 ᠣᠨ ᠤ 3 ᠰᠠᠷ᠎ᠠ ᠠᠴᠠ 7 ᠰᠠᠷ᠎ᠠ ᠪᠣᠯᠲᠠᠯ᠎ᠠ ᠲᠥᠷᠥᠯ | ᠵᠦᠢᠯ ᠢ ᠬᠡᠷᠡᠭᠵᠢᠭᠦᠯᠬᠦ ᠱᠠᠲᠤ ᠪᠣᠯᠤᠨ᠎ᠠ᠃ | 3. ᠲᠥᠷᠥᠯ ᠵᠦᠢᠯ ᠢ ᠰᠢᠯᠭᠠᠨ ᠠᠪᠬᠤ᠄ 2023 ᠣᠨ ᠤ 9 ᠰᠠᠷ᠎ᠠ ᠳᠤ ᠲᠥᠷᠥᠯ ᠵᠦᠢᠯ ᠢ ᠰᠢᠯᠭᠠᠨ ᠠᠪᠬᠤ | ᠵᠢᠴᠢ ᠪᠡᠯᠡ ᠮᠥᠩᠭᠦ ᠥᠭᠬᠦ ᠶᠢ ᠪᠡᠶᠡᠯᠡᠭᠦᠯᠦᠨ᠎ᠡ᠃ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠭᠦᠷᠭᠡ᠄ ᠮᠠᠨ ᠤ ᠬᠤᠰᠢᠭᠤᠨ ᠤ ᠭᠤᠣᠯᠯᠠᠬᠤ ᠠᠵᠤ | ᠦᠢᠯᠡᠰ ᠤᠨ ᠰᠠᠭᠤᠷᠢ ᠪᠠ ᠨᠤᠲᠤᠭ ᠤᠨ ᠣᠨᠴᠠᠯᠢᠭ ᠲᠠᠢ ᠤᠶᠠᠯᠳᠤᠭᠤᠯᠤᠨ᠂ ᠡᠷᠳᠡᠨᠢ ᠰᠢᠰᠢ᠂ ᠤᠰᠤᠨ ᠲᠤᠲᠤᠷᠭ᠎ᠠ᠂ | ᠡᠯᠳᠡᠪ ᠠᠮᠤ ᠪᠤᠷᠴᠠᠭ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠣᠭᠤᠷᠢᠨ ᠳᠤ᠂ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠠᠩᠭᠢᠯᠠᠭ᠎ᠠ ᠶᠢᠨ | ᠭᠤᠭᠴᠤᠭ᠎ᠠ ᠪᠠ ᠪᠠᠭᠤᠷᠠᠢ ᠭᠤᠭᠴᠤᠭ᠎ᠠ ᠶᠢ ᠳᠡᠮᠵᠢᠵᠦ᠂ ᠠᠵᠤ ᠠᠬᠤᠶᠢᠯᠠᠯ᠂ ᠬᠤᠷᠰᠢᠶᠠᠵᠢᠯ᠂ ᠴᠢᠳᠠᠪᠤᠷᠢᠲᠠᠨ ᠤ | ᠲᠣᠮᠣ ᠡᠷᠦᠬᠡ ᠵᠡᠷᠭᠡ ᠳᠤ ᠲᠦᠰᠢᠭᠯᠡᠨ ᠣᠷᠣᠯᠠᠨ ᠬᠠᠭᠠᠯᠪᠤᠷᠢᠯᠠᠵᠤ ᠣᠷᠣᠯᠠᠨ ᠲᠠᠷᠢᠬᠤ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠵᠦ᠂ ᠡᠭᠦᠨ ᠳᠤ ᠣᠷᠣᠯᠠᠨ ᠬᠠᠭᠠᠯᠪᠤᠷᠢᠯᠠᠵᠤ ᠣᠷᠣᠯᠠᠨ ᠲᠠᠷᠢᠬᠤ ᠶᠢ | ᠬᠡᠷᠡᠭᠵᠢᠭᠦᠯᠵᠦ ᠪᠠᠶᠢᠭ᠎ᠠ ᠬᠥᠳᠡᠯᠮᠦᠷᠢ ᠬᠦᠴᠦᠨ ᠦᠭᠡᠢ ᠡᠷᠦᠬᠡ ᠪᠠ ᠬᠢᠨᠠᠨ ᠬᠡᠮᠵᠢᠬᠦ ᠡᠷᠦᠬᠡ ᠳᠤ ᠣᠷᠣᠯᠠᠨ | ᠲᠠᠷᠢᠶᠠᠯᠠᠵᠤ ᠣᠷᠣᠯᠠᠨ ᠲᠠᠷᠢᠬᠤ ᠨᠥᠬᠦᠪᠥᠷᠢ ᠣᠯᠭᠤᠵᠤ᠂ ᠶᠡᠷᠦᠩᠬᠡᠢ ᠬᠡᠪᠴᠢᠶ᠎ᠡ ᠨᠢ 4.4 ᠲᠦᠮᠡᠨ ᠮᠦ ᠪᠠᠶᠢᠵᠤ᠂ | ᠪᠦᠬᠦ ᠬᠤᠰᠢᠭᠤᠨ ᠤ 12 ᠰᠤᠮᠤ ᠪᠠᠯᠭᠠᠰᠤ ᠶᠢᠨ 154 ᠭᠠᠴᠠᠭ᠎ᠠ ᠶᠢ ᠬᠠᠮᠤᠷᠴᠤ᠂ ᠠᠰᠢᠭ ᠬᠦᠷᠲᠡᠵᠦ | ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠬᠦ ᠡᠷᠦᠬᠡ 1937 ᠡᠷᠦᠬᠡ ᠪᠤᠢ᠃ | ︵ᠳᠣᠯᠤᠭ᠎ᠠ︶ ᠪᠡᠯᠡ ᠮᠥᠩᠭᠦ ᠶᠢᠨ ᠣᠷᠣᠭᠤᠯᠤᠯᠲᠠ ᠵᠢᠴᠢ ᠨᠥᠬᠦᠪᠥᠷᠢ ᠶᠢᠨ ᠪᠠᠷᠢᠮᠵᠢᠶ᠎ᠠ᠄ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ 244 ᠲᠦᠮᠡᠨ ᠲᠥᠭᠦᠷᠢᠭ᠂ ᠶᠠᠳᠠᠭᠤ ᠠᠴᠠ ᠠᠩᠭᠢᠵᠢᠷᠠᠭᠰᠠᠨ ᠡᠷᠦᠬᠡ | ᠵᠢᠴᠢ ᠬᠢᠨᠠᠨ ᠬᠡᠮᠵᠢᠭᠰᠡᠨ ᠡᠷᠦᠬᠡ ᠠᠮᠠ ᠶᠢᠨ ᠠᠮᠤ ᠪᠤᠳᠠᠭᠠᠨ ᠤ ᠲᠠᠷᠢᠶᠠᠨ ᠭᠠᠵᠠᠷ ᠢᠶᠠᠷ ᠰᠠᠭᠤᠷᠢ ᠲᠤᠭ᠎ᠠ ᠪᠣᠯᠭᠠᠵᠤ᠂ | ᠮᠦ ᠪᠦᠷᠢ ᠳᠤ 42 - 70 ᠲᠥᠭᠦᠷᠢᠭ ᠤᠨ ᠨᠥᠬᠦᠪᠥᠷᠢ ᠥᠭᠭᠦᠨ᠎ᠡ᠃ ︵ᠨᠥᠬᠦᠪᠥᠷᠢ ᠶᠢᠨ ᠨᠠᠷᠢᠨ ᠬᠦᠰᠦᠨᠦᠭᠲᠦ︶ | ︵ᠨᠠᠢᠮᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠪᠡᠯᠡ ᠮᠥᠩᠭᠦ ᠶᠢ ᠵᠣᠯᠭᠠᠭᠤᠯᠬᠤ | ᠪᠡᠯᠡ ᠮᠥᠩᠭᠦ ᠵᠢᠴᠢ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠨ᠎ᠡ᠃ | | ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ | 1. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠥᠷᠥᠯ ᠵᠦᠢᠯ ᠤᠨ ᠬᠡᠷᠡᠭᠵᠢᠭᠦᠯᠬᠦ | ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠵᠤ᠂ ᠰᠤᠮᠤ ᠪᠠᠯᠭᠠᠰᠤ᠂ ᠭᠠᠴᠠᠭ᠎ᠠ ᠲᠥᠰᠦᠯ ᠤᠨ | ᠱᠠᠭᠠᠷᠳᠠᠯᠭ᠎ᠠ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | 2. ᠡᠯ᠎ᠡ ᠰᠤᠮᠤ ᠪᠠᠯᠭᠠᠰᠤ᠂ ᠭᠠᠴᠠᠭ᠎ᠠ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠭᠤᠣᠯ ᠴᠣᠭᠴᠠ ᠶᠢ | ᠰᠣᠩᠭᠤᠬᠤ ᠳᠠᠭᠠᠨ ᠰᠠᠶᠢᠨ ᠰᠠᠶᠢᠬᠠᠨ ᠡᠵᠡᠩᠨᠡᠯᠲᠡ ᠶᠢᠨ ᠴᠢᠳᠠᠪᠤᠷᠢ ᠲᠠᠢ ᠪᠣᠯᠭᠠᠵᠤ᠂ ᠢᠲᠡᠭᠡᠯ ᠬᠦᠨᠳᠦ ᠲᠠᠢ ᠠᠵᠤ | ᠠᠬᠤᠶᠢᠯᠠᠯ᠂ ᠬᠤᠷᠰᠢ᠊ ᠡᠶ᠎ᠡ ᠶᠢ ᠰᠣᠩᠭᠤᠨ ᠡᠵᠡᠩᠨᠡᠯᠲᠡ ᠶᠢᠨ ᠦᠨᠡᠮᠯᠡᠯ ᠲᠠᠢ ᠪᠥᠭᠡᠳ ᠬᠡᠪ ᠤᠨ ᠡᠵᠡᠩᠨᠡᠯᠲᠡ ᠶᠢᠨ | ᠪᠠᠶᠢᠳᠠᠯ ᠳᠤ ᠪᠠᠶᠢᠯᠭᠠᠵᠤ᠂ ᠡᠵᠡᠩᠨᠡᠯᠲᠡ ᠶᠢᠨ ᠭᠤᠣᠯ ᠴᠣᠭᠴᠠ ᠳᠤ ᠬᠡᠷᠡᠭ ᠤᠨ ᠡᠮᠦᠨᠡᠬᠢ ᠪᠠᠶᠢᠴᠠᠭᠠᠯᠲᠠ ᠬᠢᠵᠦ᠂ | ᠳᠠᠯᠳᠠ ᠭᠡᠮ ᠣᠷᠣᠰᠢᠵᠤ ᠪᠠᠶᠢᠭ᠎ᠠ ᠠᠵᠤ ᠠᠬᠤᠶᠢᠯᠠᠯ᠂ ᠬᠤᠷᠰᠢᠶ᠎ᠠ᠂ ᠲᠣᠮᠣ ᠡᠷᠦᠬᠡ ᠶᠢ ᠣᠷᠣᠭᠤᠯᠵᠤ ᠪᠣᠯᠬᠤ ᠦᠭᠡᠢ | ᠃ | 3. ᠡᠯ᠎ᠡ ᠰᠤᠮᠤ ᠪᠠᠯᠭᠠᠰᠤ᠂ ᠭᠠᠴᠠᠭ᠎ᠠ ᠣᠯᠠᠨ ᠲᠦᠮᠡᠨ ᠢ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠲᠤᠰ | ᠬᠠᠷᠢᠶ᠎ᠠ ᠣᠷᠣᠨ ᠤ ᠪᠠᠨ ᠬᠥᠳᠡᠯᠮᠦᠷᠢ ᠬᠦᠴᠦᠨ ᠤ ᠡᠷᠦᠬᠡ ᠶᠢᠨ ᠮᠡᠳᠡᠭᠡ ᠵᠠᠩᠭᠢ᠂ ᠲᠠᠷᠢᠶᠠᠯᠠᠬᠤ ᠨᠥᠬᠦᠴᠡᠯ ᠵᠢᠴᠢ | ᠣᠷᠣᠯᠠᠨ ᠲᠠᠷᠢᠶᠠᠯᠠᠵᠤ ᠣᠷᠣᠯᠠᠨ ᠳᠠᠷᠢᠬᠤ ᠭᠤᠣᠯ ᠴᠣᠭᠴᠠ ᠶᠢ ᠤᠷᠢᠳᠴᠢᠯᠠᠨ ᠰᠠᠶᠢᠲᠤᠷ ᠴᠤᠭᠯᠠᠭᠤᠯᠬᠤ ᠬᠡᠷᠡᠭᠲᠡᠢ᠃ | | 4. ᠡᠯ᠎ᠡ ᠰᠤᠮᠤ ᠪᠠᠯᠭᠠᠰᠤ ᠲᠥᠷᠥᠯ ᠵᠦᠢᠯ ᠤᠨ ᠡᠷᠦᠬᠡ ᠶᠢᠨ ᠬᠦᠰᠡᠯ ᠰᠠᠨᠠᠭ᠎ᠠ ᠶᠢ ᠴᠤᠭᠯᠠᠭᠤᠯᠬᠤ ᠦᠶ᠎ᠡ ᠳᠤ | ᠲᠠᠷᠢᠶᠠᠯᠠᠩ ᠤᠨ ᠠᠵᠤ ᠠᠬᠤᠢ ᠶᠢᠨ ᠰᠠᠯᠠᠭ᠎ᠠ ᠮᠥᠴᠢᠷ ᠲᠠᠢ ᠰᠠᠶᠢᠲᠤᠷ ᠵᠣᠯᠭᠠᠭᠤᠯᠵᠤ᠂ ᠲᠥᠷᠥᠯ ᠵᠦᠢᠯ ᠤᠨ ᠠᠰᠢᠭ | ᠬᠦᠷᠲᠡᠬᠦ ᠡᠷᠦᠬᠡ ᠬᠢᠭᠡᠳ ᠲᠠᠷᠢᠶᠠᠯᠠᠩ ᠤᠨ ᠠᠵᠤ ᠠᠬᠤᠢ ᠶᠢᠨ ᠰᠠᠯᠠᠭ᠎ᠠ ᠮᠥᠴᠢᠷ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠠᠰᠢᠭ ᠬᠦᠷᠲᠡᠬᠦ ᠡᠷᠦᠬᠡ ᠶᠢᠨ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ ᠬᠦᠷᠲᠡᠬᠦ ᠦᠭᠡᠢ | ᠪᠠᠶᠢᠬᠤ ᠶᠢ ᠦᠨᠡᠨᠬᠦ ᠪᠠᠲᠤᠯᠠᠨ᠎ᠠ᠃ | 5. ᠡᠯ᠎ᠡ ᠰᠤᠮᠤ ᠪᠠᠯᠭᠠᠰᠤᠨ ᠤ ᠬᠢᠨᠠᠨ ᠵᠢᠯᠣᠭᠤᠳᠬᠤ ᠭᠠᠴᠠᠭ᠎ᠠ ᠨᠢ ᠣᠷᠣᠯᠠᠨ ᠳᠠᠷᠢᠬᠤ ᠨᠡᠶᠢᠭᠡᠮᠴᠢᠯᠡᠭᠰᠡᠨ | ᠦᠢᠯᠡᠴᠢᠯᠡᠭᠡᠨ ᠤ ᠲᠥᠷᠥᠯ ᠵᠦᠢᠯ ᠤᠨ ᠬᠠᠷᠠᠯᠲᠠᠲᠤ ᠡᠭᠦᠷᠭᠡ ᠶᠢᠨ ᠶᠣᠰᠣᠭᠠᠷ᠂ ᠣᠷᠣᠯᠠᠨ ᠳᠠᠷᠢᠬᠤ ᠭᠤᠣᠯ | ᠴᠣᠭᠴᠠ ᠯᠤᠭ᠎ᠠ ᠭᠡᠷ᠎ᠡ ᠶᠢᠨ ᠬᠡᠯᠡᠯᠴᠡᠭᠡᠷ ᠲᠣᠭᠲᠠᠵᠤ᠂ ᠣᠷᠣᠯᠠᠨ ᠳᠠᠷᠢᠬᠤ ᠣᠷᠣᠯᠠᠨ ᠲᠠᠷᠢᠬᠤ ᠡᠷᠦᠬᠡ᠂ ᠲᠠᠯᠠᠪᠠᠢ᠂ | ᠬᠤᠭᠤᠴᠠᠭ᠎ᠠ ᠬᠢᠵᠠᠭᠠᠷ ᠵᠢᠴᠢ ᠦᠢᠯᠡᠴᠢᠯᠡᠬᠦ ᠴᠠᠭ ᠤᠨ ᠵᠠᠩᠭᠢᠶᠠᠰᠤ᠂ ᠲᠠᠷᠢᠮᠠᠯ ᠤᠨ ᠡᠭᠦᠯᠳᠡᠷ᠂ ᠦᠢᠯᠡᠴᠢᠯᠡᠭᠡᠨ ᠤ | ᠠᠭᠤᠯᠭ᠎ᠠ ︵ᠣᠷᠣᠯᠠᠨ ᠲᠠᠷᠢᠬᠤ᠂ ᠣᠷᠣᠯᠠᠨ ᠲᠠᠷᠢᠬᠤ᠂ ᠣᠷᠣᠯᠠᠨ ᠬᠤᠷᠢᠶᠠᠬᠤ᠂ ᠣᠷᠣᠯᠠᠨ ᠪᠣᠷᠣᠯᠠᠭᠤᠯᠬᠤ︶ | ᠵᠡᠷᠭᠡ ᠶᠢ ᠪᠠᠭᠲᠠᠭᠠᠵᠤ᠂ ᠡᠯ᠎ᠡ ᠲᠠᠯ᠎ᠠ ᠶᠢᠨ ᠡᠷᠬᠡ ᠠᠰᠢᠭ ᠬᠢᠭᠡᠳ ᠡᠭᠦᠷᠭᠡ ᠶᠢ ᠲᠣᠳᠣᠷᠬᠠᠶᠢᠯᠠᠵᠤ᠂ ᠲᠠᠷᠢᠶᠠᠯᠠᠩ ᠲᠠᠢ | ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠴᠢᠩᠭᠠᠷᠠᠭᠤᠯᠤᠨ᠎ᠠ᠃ | 6᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠯ᠎ᠡ ᠰᠤᠮᠤ ᠪᠠᠯᠭᠠᠰᠤ᠂ ᠭᠠᠴᠠᠭᠠᠨ ᠤ | ᠬᠠᠷᠠᠯᠲᠠ ᠡᠭᠦᠷᠭᠡ ᠶᠢ ᠦᠨᠳᠦᠰᠦᠯᠡᠨ᠂ ᠨᠥᠬᠦᠪᠥᠷᠢ ᠪᠡᠯᠡ ᠮᠥᠩᠭᠦ ᠶᠢ ᠡᠯ᠎ᠡ ᠰᠤᠮᠤ ᠪᠠᠯᠭᠠᠰᠤᠨ ᠤ ᠡᠳ᠋ ᠤᠨ | ᠵᠠᠰᠠᠭ ᠤᠨ ᠭᠠᠵᠠᠷ ᠲᠤ ᠤᠷᠢᠳᠴᠢᠯᠠᠨ ᠥᠭᠴᠦ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠥᠷᠥᠯ | ᠵᠦᠢᠯ ᠤᠨ ᠰᠢᠯᠭᠠᠨ ᠠᠪᠤᠭᠰᠠᠨ ᠪᠠᠶᠢᠳᠠᠯ ᠤᠨ ᠶᠣᠰᠣᠭᠠᠷ ᠪᠦᠷᠢᠨ ᠴᠢᠳᠠᠮᠵᠢᠲᠤ ᠺᠠᠷᠲ ᠢᠶᠠᠷ ᠨᠥᠬᠦᠪᠥᠷᠢ ᠪᠡᠯᠡ | ᠮᠥᠩᠭᠦ ᠣᠯᠭᠤᠨ᠎ᠠ᠃ | 7. ᠭᠠᠴᠠᠭ᠎ᠠ ᠨᠢ ᠲᠥᠷᠥᠯ ᠵᠦᠢᠯ ᠤᠨ ᠴᠠᠭ ᠤᠨ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠵᠢᠴᠢ ᠬᠡᠷᠡᠭᠵᠢᠭᠦᠯᠬᠦ | ᠠᠬᠢᠴᠠ ᠶᠢ ᠦᠨᠳᠦᠰᠦᠯᠡᠨ᠂ 2023 ᠣᠨ ᠤ 9 ᠰᠠᠷ᠎ᠠ ᠠᠴᠠ ᠡᠮᠦᠨ᠎ᠡ ᠰᠤᠮᠤ ᠪᠠᠯᠭᠠᠰᠤ ᠲᠠᠢ ᠰᠢᠯᠭᠠᠨ ᠠᠪᠬᠤ | ᠠᠵᠢᠯ ᠢ ᠪᠡᠶᠡᠯᠡᠭᠦᠯᠬᠦ ᠶᠢᠨ ᠬᠠᠮᠲᠤ᠂ ᠰᠤᠮᠤ ᠪᠠᠯᠭᠠᠰᠤ᠂ ᠭᠠᠴᠠᠭ᠎ᠠ ᠠᠴᠠ ᠪᠡᠯᠡ ᠮᠥᠩᠭᠦ ᠰᠢᠯᠵᠢᠭᠦᠯᠦᠨ ᠥᠭᠬᠦ ᠪᠠ | ᠠᠰᠢᠭ ᠬᠦᠷᠲᠡᠬᠦ ᠡᠷᠦᠬᠡ ᠶᠢ ᠵᠠᠷᠯᠠᠨ ᠨᠡᠶᠢᠲᠡᠯᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠪᠡᠯ ᠰᠠᠶ᠋ᠢ ᠪᠡᠯᠡ | ᠮᠥᠩᠭᠦ ᠶᠢ ᠡᠷᠦᠬᠡ ᠳᠤ ᠰᠠᠯᠭᠠᠨ ᠥᠭᠴᠦ ᠪᠣᠯᠤᠨ᠎ᠠ᠃ | 8. ᠣᠷᠣᠯᠠᠨ ᠬᠠᠭᠠᠯᠪᠤᠷᠢᠯᠠᠵᠤ ᠣᠷᠣᠯᠠᠨ ᠲᠠᠷᠢᠬᠤ ᠭᠤᠣᠯ ᠴᠣᠭᠴᠠ ᠨᠢ ᠡᠷᠬᠡᠪᠰᠢ ᠲᠠᠷᠢᠶᠠᠯᠠᠩ ᠲᠠᠢ | ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠵᠢᠱᠢᠭᠰᠡᠨ ᠦᠷ᠎ᠡ ᠠᠰᠢᠭ ᠢ ᠪᠡᠶᠡᠯᠡᠭᠦᠯᠵᠦ᠂ ᠲᠥᠷᠥᠯ ᠵᠦᠢᠯ ᠨᠢ | ᠢᠯᠠᠭᠳᠠᠵᠤ᠂ ᠦᠷ᠎ᠡ ᠠᠰᠢᠭ ᠦᠭᠡᠢ ᠶᠢ ᠨᠢ ᠰᠢᠯᠭᠠᠨ ᠠᠪᠬᠤ ᠦᠭᠡᠢ᠂ ᠨᠥᠬᠦᠪᠥᠷᠢ ᠥᠭᠬᠦ ᠦᠭᠡᠢ᠃ | 9. ᠬᠥᠳᠡᠯᠮᠦᠷᠢ ᠬᠦᠴᠦᠨ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠢᠨᠠᠨ ᠰᠢᠯᠭᠠᠬᠤ ᠡᠷᠦᠬᠡ ᠳᠤ | ᠣᠷᠣᠯᠠᠨ ᠲᠠᠷᠢᠵᠤ ᠣᠷᠣᠯᠠᠨ ᠲᠠᠷᠢᠬᠤ ᠨᠥᠬᠦᠪᠥᠷᠢ ᠣᠯᠭᠤᠬᠤ ᠶᠢ ᠴᠢᠩᠭ᠎ᠠ ᠴᠠᠭᠠᠵᠠᠯᠠᠨ᠎ᠠ᠃ | 10. ᠰᠤᠮᠤ ᠪᠠᠯᠭᠠᠰᠤ᠂ ᠭᠠᠴᠠᠭ᠎ᠠ ᠨᠢ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ ᠦᠢᠯᠡᠴᠢᠯᠡᠭᠡᠨ ᠤ | ᠠᠭᠤᠯᠭ᠎ᠠ ᠶᠢ ᠡᠷᠦᠬᠡ ᠳᠠᠷᠠᠭᠠᠯᠠᠨ ᠬᠢᠨᠠᠨ ᠬᠠᠷᠭᠤᠭᠤᠯᠵᠤ᠂ ᠭᠡᠷ᠎ᠡ ᠳᠤ ᠪᠣᠯᠵᠣᠨ ᠲᠣᠭᠲᠠᠭᠰᠠᠨ ᠠᠭᠤᠯᠭ᠎ᠠ ᠪᠠ | ᠨᠥᠬᠦᠪᠥᠷᠢ ᠶᠢᠨ ᠪᠠᠷᠢᠮᠵᠢᠶ᠎ᠠ ᠶᠢ ᠦᠨᠳᠦᠰᠦᠯᠡᠨ ᠨᠥᠬᠦᠪᠥᠷᠢ ᠥᠭᠬᠦ ᠵᠣᠭᠤᠰ ᠤᠨ ᠲᠤᠭ᠎ᠠ ᠶᠢ ᠨᠠᠷᠢᠨ ᠨᠢᠮᠪᠠᠢ | ᠲᠣᠭᠲᠠᠭᠠᠵᠤ᠂ ᠨᠥᠬᠦᠪᠥᠷᠢ ᠥᠭᠬᠦ ᠬᠡᠪᠴᠢᠶ᠎ᠡ ᠪᠠ ᠪᠠᠷᠢᠮᠵᠢᠶ᠎ᠠ ᠶᠢ ᠳᠤᠷ᠎ᠠ ᠪᠠᠷ ᠢᠶᠠᠨ ᠥᠷᠭᠡᠳᠬᠡᠬᠦ ᠶᠢ ᠴᠢᠩᠭ᠎ᠠ | ᠴᠠᠭᠠᠵᠠᠯᠠᠨ᠎ᠠ᠃ | ︵ᠠᠷᠪᠠ︶ ᠠᠰᠢᠭ ᠬᠦᠷᠲᠡᠬᠦ ᠡᠲᠡᠭᠡᠳ᠄ ᠣᠷᠣᠯᠠᠨ ᠲᠠᠷᠢᠶᠠᠯᠠᠵᠤ ᠣᠷᠣᠯᠠᠨ ᠲᠠᠷᠢᠬᠤ | ᠨᠡᠶᠢᠭᠡᠮᠴᠢᠯᠡᠭᠰᠡᠨ ᠦᠢᠯᠡᠴᠢᠯᠡᠭᠡᠨ ᠢ ᠰᠣᠩᠭᠤᠨ᠎ᠠ᠃ | ︵ᠠᠷᠪᠠᠨ ᠨᠢᠭᠡ︶ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠦᠷ᠎ᠡ ᠠᠰᠢᠭ ᠤᠨ ᠵᠠᠳᠠᠯᠤᠯᠲᠠ᠄ | 1. ᠠᠵᠤ ᠠᠬᠤᠢ ᠶᠢᠨ ᠦᠷ᠎ᠡ ᠠᠰᠢᠭ᠃ ᠲᠥᠷᠥᠯ ᠵᠦᠢᠯ ᠢ ᠬᠡᠷᠡᠭᠵᠢᠭᠦᠯᠬᠦ ᠳᠡᠭᠡᠨ ᠬᠥᠳᠡᠯᠮᠦᠷᠢᠯᠡᠬᠦ ᠴᠢᠳᠠᠪᠤᠷᠢ | ᠦᠭᠡᠢ ᠲᠠᠷᠢᠶᠠᠯᠠᠬᠤ ᠮᠠᠯᠵᠢᠬᠤ ᠡᠷᠦᠬᠡ ᠶᠢᠨ ᠭᠠᠵᠠᠷ ᠰᠢᠷᠣᠢ᠂ ᠡᠵᠡᠩᠨᠡᠬᠦ ᠠᠷᠭ᠎ᠠ ᠮᠠᠶ᠋ᠢᠭ ᠢ ᠰᠢᠭᠤᠳ | ᠬᠤᠪᠢᠷᠠᠭᠤᠯᠤᠭᠠᠳ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠪᠠᠶᠢᠭᠰᠠᠨ ᠠᠴᠠ ᠨᠢ ᠡᠵᠡᠩᠨᠡᠯᠲᠡ ᠶᠢᠨ ᠴᠢᠨᠠᠷᠲᠠᠢ | ᠣᠷᠣᠯᠭ᠎ᠠ ᠪᠣᠯᠭᠠᠨ ᠬᠤᠪᠢᠷᠠᠭᠤᠯᠵᠤ᠂ ᠲᠠᠷᠢᠶᠠᠯᠠᠬᠤ ᠮᠠᠯᠵᠢᠬᠤ ᠡᠷᠦᠬᠡ ᠶᠢᠨ ᠠᠵᠤ ᠠᠬᠤᠢ ᠶᠢᠨ ᠣᠷᠣᠯᠭ᠎ᠠ ᠶᠢ | ᠶᠡᠬᠡᠪᠡᠷ ᠳᠡᠭᠡᠭᠰᠢᠯᠡᠭᠦᠯᠦᠨ᠂ ᠮᠦ ᠪᠦᠷᠢ ᠶᠢᠨ ᠣᠷᠣᠯᠭ᠎ᠠ ᠶᠢ ᠨᠢ 200 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠎ᠡ᠃ | 2. ᠠᠮᠢ ᠠᠬᠤᠢ ᠶᠢᠨ ᠦᠷ᠎ᠡ ᠠᠰᠢᠭ᠃ ᠲᠠᠷᠢᠶᠠᠴᠢᠨ ᠡᠷᠦᠬᠡ ᠶᠢ ᠬᠤᠷᠰᠢᠶ᠎ᠠ᠂ ᠠᠵᠤ ᠠᠬᠤᠶᠢᠯᠠᠯ ᠠᠴᠠ | ᠲᠥᠪᠯᠡᠷᠡᠭᠦᠯᠦᠨ ᠣᠷᠣᠯᠠᠨ ᠲᠠᠷᠢᠵᠤ᠂ ᠲᠠᠷᠢᠮᠠᠯ ᠤᠨ ᠪᠠᠷᠢᠮᠵᠢᠶᠠᠵᠢᠭᠤᠯᠤᠯᠲᠠ᠂ ᠬᠡᠪᠴᠢᠶᠡᠵᠢᠯ ᠢ ᠳᠡᠭᠡᠭᠰᠢᠯᠡᠭᠦᠯᠬᠦ ᠨᠢ | ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠬᠡᠷᠡᠭᠯᠡᠯᠲᠡ ᠶᠢ ᠨᠡᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠢ | ᠪᠣᠯᠭᠠᠵᠤ᠂ ᠦᠷᠭᠦᠯᠵᠢᠯᠡᠬᠦ ᠲᠠᠷᠢᠶᠠᠯᠠᠩ᠂ ᠪᠣᠬᠢᠷᠲᠤᠯ ᠦᠭᠡᠢ ᠲᠠᠷᠢᠶᠠᠯᠠᠩ ᠢ ᠬᠥᠭᠵᠢᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | 3. ᠨᠡᠶᠢᠭᠡᠮ ᠤᠨ ᠦᠷ᠎ᠡ ᠠᠰᠢᠭ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠭᠡᠨ ᠢᠶᠠᠷ | ᠳᠡᠯᠭᠡᠷᠡᠭᠦᠯᠵᠦ᠂ ︽ᠲᠠᠷᠢᠶᠠᠯᠠᠬᠤ᠂ ᠲᠠᠷᠢᠬᠤ᠂ ᠬᠤᠷᠢᠶᠠᠬᠤ︾ ᠪᠦᠬᠦ ᠶᠠᠪᠤᠴᠠ ᠶᠢᠨ ᠮᠠᠰᠢᠨᠴᠢᠯᠠᠯᠲᠠ ᠶᠢᠨ | ᠦᠢᠯᠡᠴᠢᠯᠡᠭᠡ ᠪᠠᠷ ᠳᠠᠮᠵᠢᠭᠤᠯᠤᠨ᠂ ᠲᠠᠷᠢᠶᠠᠴᠢᠨ ᠡᠷᠦᠬᠡ ᠪᠠ ᠠᠵᠤ ᠠᠬᠤᠶᠢᠯᠠᠯ᠂ ᠬᠤᠷᠰᠢ᠊ ᠡᠶ᠎ᠡ ᠶᠢᠨ ᠬᠤᠣᠰ | ᠠᠮᠵᠢᠯᠲᠠ ᠶᠢ ᠪᠡᠶᠡᠯᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠮᠤ ᠪᠤᠳᠠᠭ᠎ᠠ ᠶᠢ | ᠬᠡᠪᠴᠢᠶᠡᠵᠢᠭᠦᠯᠦᠨ ᠲᠠᠷᠢᠬᠤ᠂ ᠴᠢᠨᠠᠷ ᠰᠠᠶᠢᠲᠠᠢ ᠦᠢᠯᠡᠳᠪᠦᠷᠢᠯᠡᠯ ᠵᠢᠴᠢ ᠲᠠᠷᠢᠶᠠᠴᠢᠨ ᠡᠷᠦᠬᠡ ᠶᠢᠨ ᠡᠯᠪᠡᠭ | ᠬᠤᠷᠢᠶᠠᠯᠲᠠ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ︵ᠠᠷᠪᠠᠨ ᠬᠤᠶᠠᠷ︶ ᠣᠯᠠᠨ ᠲᠦᠮᠡᠨ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ | ᠳᠠᠶᠢᠴᠢᠯᠠᠬᠤ ᠲᠣᠭᠲᠠᠴᠠ᠄ ᠲᠥᠷᠥᠯ ᠵᠦᠢᠯ ᠳᠤ ᠪᠣᠳᠠᠲᠠᠢ ᠠᠴᠠ ᠡᠭᠦᠰᠴᠦ᠂ ᠨᠤᠲᠤᠭ ᠤᠨ ᠣᠨᠴᠠᠯᠢᠭ ᠢ | ᠲᠣᠪᠤᠶᠢᠯᠭᠠᠵᠤ᠂ ᠣᠨᠴᠠᠯᠢᠬᠵᠢᠭᠰᠠᠨ᠂ ᠵᠥᠷᠢᠶᠡᠴᠢᠯᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠬᠠᠷᠢᠶ᠎ᠠ | ᠣᠷᠣᠨ ᠳᠠᠬᠢ ᠬᠥᠳᠡᠯᠮᠦᠷᠢᠯᠡᠬᠦ ᠴᠢᠳᠠᠪᠤᠷᠢ ᠥᠬᠡᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠤᠨ ᠬᠢᠨᠠᠨ ᠰᠢᠨᠵᠢᠬᠦ | ᠡᠷᠦᠬᠡ ᠶᠢ ᠤᠷᠢᠳᠠᠪᠠᠷ ᠬᠠᠮᠤᠷᠴᠤ᠂ ᠣᠷᠣᠯᠠᠨ ᠲᠠᠷᠢᠵᠤ ᠣᠷᠣᠯᠠᠨ ᠲᠠᠷᠢᠭᠰᠠᠨ ᠬᠥᠳᠡᠯᠮᠦᠷᠢᠯᠡᠬᠦ ᠴᠢᠳᠠᠪᠤᠷᠢ ᠥᠬᠡᠢ | ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠤᠨ ᠬᠢᠨᠠᠨ ᠰᠢᠨᠵᠢᠬᠦ ᠡᠷᠦᠬᠡ ᠳᠤ ᠨᠥᠬᠦᠪᠥᠷᠢ ᠣᠯᠭᠤᠨ᠎ᠠ᠃ | ︵ᠠᠷᠪᠠᠨ ᠭᠤᠷᠪᠠ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠄ ᠭᠤᠣᠯᠳᠠᠭᠤ ᠠᠵᠤ | ᠠᠬᠤᠶᠢᠯᠠᠯ᠂ ᠬᠤᠷᠰᠢᠶ᠎ᠠ᠂ ᠴᠢᠳᠠᠪᠤᠷᠢᠲᠠᠨ ᠤ ᠲᠣᠮᠣ ᠡᠷᠦᠬᠡ ᠳᠤ ᠲᠦᠰᠢᠭᠯᠡᠨ ᠣᠷᠣᠯᠠᠨ ᠬᠠᠭᠠᠯᠪᠤᠷᠢᠯᠠᠵᠤ ᠣᠷᠣᠯᠠᠨ | ᠳᠠᠷᠢᠵᠤ᠂ ᠲᠠᠷᠢᠶᠠᠴᠢᠨ ᠡᠷᠦᠬᠡ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠵᠤ᠂ | ᠠᠰᠢᠭ ᠣᠯᠵᠠᠪᠤᠷᠢ ᠶᠢ ᠲᠠᠷᠢᠶᠠᠴᠢᠨ ᠡᠷᠦᠬᠡ ᠳᠤ ᠥᠮᠴᠢᠯᠡᠭᠦᠯᠦᠨ᠎ᠡ᠃ | ︵ᠠᠷᠪᠠᠨ ᠳᠥᠷᠪᠡᠳᠦᠭᠡᠷ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠨ᠎ᠡ᠄ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠶᠢᠨ | ᠪᠣᠳᠠᠲᠠᠶᠢᠵᠢᠭᠤᠯᠤᠭᠰᠠᠨ ᠪᠠᠶᠢᠳᠠᠯ ᠢ ᠦᠨᠳᠦᠰᠦᠯᠡᠨ ᠡᠯ᠎ᠡ ᠰᠤᠮᠤ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠲᠤ | ᠰᠢᠯᠵᠢᠭᠦᠯᠦᠨ ᠥᠭᠴᠦ᠂ ᠡᠯ᠎ᠡ ᠰᠤᠮᠤ ᠪᠠᠯᠭᠠᠰᠤ ᠨᠢ ᠲᠥᠷᠥᠯ ᠵᠦᠢᠯ ᠤᠨ ᠪᠡᠯᠡ ᠮᠥᠩᠭᠦ ᠶᠢ ᠰᠢᠯᠭᠠᠨ ᠠᠪᠤᠭᠰᠠᠨ | ᠪᠠᠶᠢᠳᠠᠯ ᠢ ᠦᠨᠳᠦᠰᠦᠯᠡᠨ ᠲᠥᠷᠥᠯ ᠵᠦᠢᠯ ᠤᠨ ᠪᠡᠯᠡ ᠮᠥᠩᠭᠦ ᠶᠢ ᠰᠢᠯᠵᠢᠭᠦᠯᠦᠨ ᠥᠭᠭᠦᠨ᠎ᠡ᠃ ᠡᠯ᠎ᠡ ᠰᠤᠮᠤ ᠪᠠᠯᠭᠠᠰᠤ | ᠪᠦᠲᠦᠮᠵᠢᠲᠡᠢ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠷᠥᠯ | ᠵᠦᠢᠯ ᠢ ᠠᠬᠢᠭᠤᠯᠬᠤ ᠶᠢᠨ ᠠᠷᠭ᠎ᠠ ᠦᠭᠡᠢ᠂ ᠣᠯᠠᠨ ᠲᠦᠮᠡᠨ ᠤ ᠰᠠᠨᠠᠯ ᠶᠡᠭᠡ᠂ ᠬᠠᠷᠢᠭᠤ ᠲᠤᠰᠬᠠᠭᠰᠠᠨ ᠠᠰᠠᠭᠤᠳᠠᠯ | ᠠᠷᠪᠢᠨ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠵᠦ᠂ ᠲᠥᠷᠥᠯ | ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ᠂ ᠦᠷ᠎ᠡ ᠠᠰᠢᠭ ᠢ ᠪᠠᠳᠠᠷᠠᠭᠤᠯᠬᠤ ᠶᠢ ᠦᠨᠡᠨᠬᠦ ᠪᠠᠳᠤᠯᠠᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠡᠯ᠎ᠡ ᠰᠤᠮᠤ ᠪᠠᠯᠭᠠᠰᠤ ᠨᠢ ᠲᠤᠰᠬᠠᠢ ᠬᠥᠮᠦᠨ | ᠲᠣᠬᠢᠷᠠᠭᠤᠯᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠬᠠᠮᠢᠶᠠᠷᠤᠭᠤᠯᠵᠤ᠂ ᠡᠯ᠎ᠡ | ᠭᠠᠴᠠᠭᠠᠨ ᠤ ᠮᠠᠯᠴᠢᠨ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ᠣᠷᠣᠯᠠᠨ ᠬᠠᠭᠠᠯᠪᠤᠷᠢᠯᠠᠵᠤ ᠲᠠᠷᠢᠬᠤ ᠲᠥᠷᠥᠯ | ᠵᠦᠢᠯ ᠳᠤ ᠣᠷᠣᠯᠴᠠᠭᠤᠯᠵᠤ᠂ ᠣᠷᠣᠯᠠᠨ ᠲᠠᠷᠢᠵᠤ ᠲᠠᠷᠢᠬᠤ ᠭᠤᠣᠯ ᠴᠣᠭᠴᠠ ᠨᠢ ᠠᠰᠢᠭ ᠬᠦᠷᠲᠡᠭᠰᠡᠨ ᠲᠠᠷᠢᠶᠠᠴᠢᠨ | ᠡᠷᠦᠬᠡ ᠲᠠᠢ ᠬᠡᠯᠡᠯᠴᠡᠭᠡᠷ ᠲᠣᠭᠲᠠᠵᠤ᠂ ᠬᠢᠨᠠᠯᠲᠠ ᠲᠠᠯᠪᠢᠵᠤ ᠣᠷᠣᠯᠠᠨ ᠳᠠᠷᠢᠬᠤ ᠭᠤᠣᠯ ᠴᠣᠭᠴᠠ ᠶᠢᠨ ᠡᠭᠦᠷᠭᠡ | ᠬᠠᠷᠢᠭᠤᠴᠠᠯᠭ᠎ᠠ ᠪᠠᠨ ᠭᠦᠶ᠋ᠴᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ | ᠰᠠᠷ᠎ᠠ ᠶᠢᠨ ᠲᠣᠬᠢᠷᠠᠭᠤᠯᠤᠯᠲᠠ ᠶᠢᠨ ᠬᠡᠯᠪᠡᠷᠢ ᠪᠠᠷ ᠲᠣᠬᠢᠷᠠᠭᠤᠯᠤᠨ ᠰᠢᠮᠳᠠᠭᠤᠯᠤᠨ ᠪᠠᠶᠢᠴᠠᠭᠠᠵᠤ᠂ ᠠᠵᠢᠯ ᠢ | ᠠᠬᠢᠭᠤᠯᠤᠭᠰᠠᠨ ᠪᠠᠶᠢᠳᠠᠯ ᠢ ᠪᠠᠶᠢᠴᠠᠭᠠᠬᠤ ᠬᠡᠷᠡᠭᠲᠡᠢ᠃ ᠡᠯ᠎ᠡ ᠰᠤᠮᠤ ᠪᠠᠯᠭᠠᠰᠤ ᠶᠢᠨ ᠭᠤᠣᠯ ᠤᠳᠤᠷᠢᠳᠤᠯᠭ᠎ᠠ ᠨᠢ | ᠲᠤᠰ ᠲᠤᠰ ᠤᠨ ᠬᠠᠷᠢᠶ᠎ᠠ ᠣᠷᠣᠨ ᠤ ᠪᠠᠨ ᠲᠥᠷᠥᠯ ᠵᠦᠢᠯ ᠢ ᠠᠬᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ | ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠣᠷᠣᠯᠠᠨ ᠬᠠᠭᠠᠯᠪᠤᠷᠢᠯᠠᠬᠤ ᠣᠷᠣᠯᠠᠨ ᠳᠠᠷᠢᠬᠤ | ᠭᠤᠣᠯ ᠴᠣᠭᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠠᠬᠢᠭᠤᠯᠬᠤ ᠠᠵᠢᠯ ᠤᠨ ᠲᠣᠭᠲᠠᠴᠠ ᠶᠢ ᠲᠣᠭᠲᠠᠭᠠᠬᠤ | ᠬᠡᠷᠡᠭᠲᠡᠢ᠃ ᠡᠭᠦᠨ ᠤ ᠬᠠᠮᠲᠤ ᠭᠠᠴᠠᠭ᠎ᠠ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠠᠵᠤ ᠦᠢᠯᠡᠰ ᠤᠨ | ᠵᠢᠭᠠᠨ ᠵᠢᠯᠣᠭᠤᠳᠣᠭᠴᠢ ᠵᠢᠴᠢ ᠨᠡᠶᠢᠭᠡᠮ ᠤᠨ ᠬᠦᠴᠦᠨ ᠢ ᠵᠢᠯᠣᠭᠤᠳᠤᠨ ᠡᠨᠡᠬᠦ ᠠᠵᠢᠯ ᠳᠤ ᠬᠠᠮᠲᠤᠪᠠᠷ | ᠣᠷᠣᠯᠴᠠᠭᠤᠯᠤᠨ᠎ᠠ᠃ | ︵ᠬᠤᠶᠠᠷ︶ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠃ ᠡᠯ᠎ᠡ ᠰᠤᠮᠤ ᠪᠠᠯᠭᠠᠰᠤ᠂ ᠭᠠᠴᠠᠭ᠎ᠠ | ᠲᠣᠰᠬᠤᠨ ᠲᠤᠰ ᠭᠠᠵᠠᠷ ᠣᠷᠣᠨ ᠤ ᠬᠥᠭᠵᠢᠯᠲᠡ ᠳᠤ ᠲᠣᠬᠢᠷᠠᠬᠤ ᠲᠠᠷᠢᠮᠠᠯ ᠲᠠᠷᠢᠵᠤ᠂ ᠲᠠᠷᠢᠬᠤ ᠲᠥᠷᠥᠯ ᠵᠦᠢᠯ ᠤᠨ | ᠰᠣᠩᠭᠤᠯᠲᠠ ᠶᠢᠨ ᠪᠤᠷᠤᠭᠤ ᠠᠴᠠ ᠪᠣᠯᠵᠤ ᠨᠠᠵᠠᠭᠠᠢ ᠨᠥᠯᠥᠭᠡ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ | ︵ᠭᠤᠷᠪᠠ︶ ᠬᠠᠤᠯᠢ ᠴᠠᠭᠠᠵᠠ ᠶᠢᠨ ᠳᠡᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠭᠠᠷ ᠤᠨ ᠦᠰᠦᠭ | ᠵᠢᠷᠤᠭᠰᠠᠨ ᠡᠯ᠎ᠡ ᠵᠦᠢᠯ ᠤᠨ ᠵᠥᠪᠯᠡᠯᠴᠡᠬᠡᠷ᠂ ᠭᠡᠷ᠎ᠡ ᠶᠢ ᠬᠠᠤᠯᠢ ᠴᠠᠭᠠᠵᠠ᠂ ᠬᠠᠤᠯᠢᠴᠢ ᠵᠡᠷᠭᠡ ᠲᠤᠰᠬᠠᠢ | ᠮᠡᠷᠭᠡᠵᠢᠯ ᠤᠨ ᠠᠵᠢᠯᠲᠠᠨ ᠢᠶᠠᠷ ᠬᠠᠷᠢᠭᠤᠴᠠᠭᠤᠯᠵᠤ᠂ ᠨᠥᠬᠦᠴᠡᠯ ᠪᠦᠬᠦᠢ ᠠᠯᠪᠠᠨ ᠭᠡᠷᠡᠴᠢᠯᠡᠭᠡ ᠶᠢᠨ ᠭᠠᠵᠠᠷ ᠠᠯᠪᠠᠨ | ᠭᠡᠷᠡᠴᠢᠯᠡᠭᠡ ᠬᠢᠯᠭᠡᠨ᠎ᠡ᠃ | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2023 ᠣᠨ ᠳᠤ ᠬᠦᠷᠢᠶ᠎ᠡ ᠬᠠᠰᠢᠶᠠᠨ ᠤ ᠠᠵᠤ ᠠᠬᠤᠢ ᠶᠢ | ᠴᠢᠨᠠᠷ ᠰᠠᠶᠢᠲᠠᠢ ᠬᠥᠭᠵᠢᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ | | | ᠥᠷᠭᠡᠨ ᠣᠯᠠᠨ ᠮᠠᠯᠴᠢᠨ ᠲᠠᠷᠢᠶᠠᠴᠢᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠰᠠᠭᠤᠷᠢ ᠶᠢ | ᠲᠠᠰᠤᠷᠠᠯᠲᠠ ᠥᠬᠡᠶ ᠪᠠᠬᠢᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠦᠷᠭᠦᠯᠵᠢᠯᠡᠨ ᠥᠷᠭᠡᠳᠬᠡᠵᠦ᠂ ᠮᠠᠯᠴᠢᠨ ᠲᠠᠷᠢᠶᠠᠴᠢᠨ ᠤ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠂ ᠬᠡᠪᠴᠢᠶᠡᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠶᠢ ᠲᠤᠬᠠᠢ ᠶᠢᠨ | ᠭᠠᠵᠠᠷ ᠤᠨ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠯᠭᠠᠬᠤ ᠶᠢ | ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠮᠠᠯᠴᠢᠨ ᠲᠠᠷᠢᠶᠠᠴᠢᠨ ᠤ ᠣᠷᠣᠯᠭ᠎ᠠ ᠶᠢᠨ | ᠨᠡᠮᠡᠭᠳᠡᠯ ᠤᠨ ᠬᠤᠷᠳᠤᠴᠠ ᠶᠢ ᠪᠦᠬᠦ ᠤᠯᠤᠰ ᠤᠨ ᠪᠠᠷᠢᠮᠵᠢᠶ᠎ᠠ ᠠᠴᠠ ᠥᠨᠳᠥᠷ ᠪᠣᠯᠭᠠᠵᠤ᠂ ᠬᠦᠷᠢᠶ᠎ᠡ ᠬᠠᠰᠢᠶᠠᠨ ᠤ | ᠠᠵᠤ ᠠᠬᠤᠢ ᠶᠢ ᠬᠡᠪᠴᠢᠶᠡᠵᠢᠭᠦᠯᠬᠦ᠂ ᠣᠨᠴᠠᠯᠢᠬᠵᠢᠭᠤᠯᠬᠤ᠂ ᠨᠠᠷᠠᠲᠤ ᠲᠡᠮᠳᠡᠭᠵᠢᠭᠦᠯᠬᠦ ᠴᠢᠭᠯᠡᠯ ᠲᠡᠰᠢ | ᠬᠥᠭᠵᠢᠭᠦᠯᠬᠦ ᠶᠢ ᠠᠬᠢᠭᠤᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠠᠷᠢᠮᠠᠯ ᠢ ᠬᠠᠮᠤᠭ ᠤᠨ ᠶᠡᠭᠡ ᠪᠣᠯᠭᠠᠵᠤ᠂ | ︽ᠵᠢᠵᠢᠭ ᠬᠦᠷᠢᠶ᠎ᠡ ᠬᠠᠰᠢᠶ᠎ᠠ︾ ᠶᠢ ︽ᠲᠤᠮᠦ ᠠᠵᠤ ᠦᠢᠯᠡᠰ︾ ᠪᠣᠯᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠠᠬᠢᠨ ᠶᠠᠳᠠᠭᠤᠷᠠᠬᠤ ᠦᠭᠡᠢ ᠪᠠᠶᠢᠬᠤ ᠶᠢ | ᠪᠡᠶᠡᠯᠡᠭᠦᠯᠬᠦ ᠶᠢᠨ ᠲᠥᠯᠥᠭᠡ᠂ ᠣᠨᠴᠠᠭᠠᠶᠢᠯᠠᠨ ᠳᠣᠣᠷᠠᠬᠢ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠡᠷᠦᠩᠬᠡᠢ | ᠴᠢᠭᠯᠡᠯᠲᠡ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠬᠡᠮᠵᠢᠬᠦ ᠡᠲᠡᠭᠡᠳ ᠢᠶᠠᠷ | ᠭᠤᠣᠯᠳᠠᠯᠭ᠎ᠠ ᠪᠣᠯᠭᠠᠵᠤ᠂ ︽ᠬᠤᠶᠠᠷ ᠢ ᠥᠨᠳᠥᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ | ᠴᠢᠨᠠᠷ ᠰᠠᠶᠢᠲᠠᠢ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠪᠠᠷ ᠳᠠᠮᠵᠢᠭᠤᠯᠵᠤ᠂ ᠡᠵᠡᠩᠨᠡᠯᠲᠡ ᠶᠢᠨ ᠴᠢᠨᠠᠷᠲᠠᠢ | ᠣᠷᠣᠯᠭ᠎ᠠ ᠶᠢᠨ ᠨᠡᠮᠡᠭᠳᠡᠯ ᠤᠨ ᠳᠠᠯᠳᠠ ᠬᠦᠴᠦᠨ ᠢ ᠬᠦᠴᠦᠯᠡᠨ ᠠᠭᠤᠳᠠᠯᠵᠤ᠂ ᠡᠵᠡᠩᠨᠡᠯᠲᠡ ᠶᠢᠨ ᠴᠢᠨᠠᠷᠲᠠᠢ | ᠣᠷᠣᠯᠭ᠎ᠠ ᠶᠢᠨ ᠨᠡᠮᠡᠭᠳᠡᠯ ᠤᠨ ᠬᠠᠨᠳᠤᠰᠢ ᠶᠢ ᠲᠣᠭᠲᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠦᠷᠭᠦᠯᠵᠢᠯᠡᠨ | ᠨᠡᠯᠢᠶᠡᠳ ᠲᠦᠷᠭᠡᠨ ᠨᠡᠮᠡᠭᠳᠡᠬᠦ ᠶᠢ ᠪᠠᠲᠤᠯᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠲᠦᠷᠭᠡᠳᠬᠡᠨ ᠪᠡᠶᠡᠯᠡᠭᠦᠯᠦᠨ᠎ᠡ᠃ | ᠬᠤᠶᠠᠷ᠂ ᠠᠵᠢᠯ ᠤᠨ ᠵᠠᠷᠴᠢᠮ | ᠬᠠᠤᠯᠢ ᠲᠣᠭᠲᠠᠭᠠᠯ ᠶᠣᠰᠣᠭᠠᠷ᠂ ᠲᠥᠷᠥ ᠶᠢᠨ ᠪᠣᠳᠣᠯᠭ᠎ᠠ ᠳᠤ ᠨᠡᠶᠢᠴᠡᠭᠦᠯᠬᠦ ᠶᠢ ᠪᠠᠷᠢᠮᠲᠠᠯᠠᠬᠤ ᠬᠡᠷᠡᠭᠲᠡᠢ᠃ | ᠭᠠᠵᠠᠷ ᠰᠢᠷᠣᠢ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠤᠯᠤᠰ ᠤᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ᠂ ᠬᠠᠤᠯᠢ | ᠲᠣᠭᠲᠠᠭᠠᠯ ᠳᠤ ᠨᠡᠶᠢᠴᠡᠭᠦᠯᠦᠨ ᠦᠢᠯᠡᠳᠪᠦᠷᠢᠯᠡᠵᠦ ᠡᠵᠡᠩᠨᠡᠬᠦ ᠶᠢ ᠪᠠᠷᠢᠮᠲᠠᠯᠠᠨ᠂ ᠲᠠᠷᠢᠶᠠᠨ ᠭᠠᠵᠠᠷ ᠢ ᠳᠤᠷ᠎ᠠ ᠪᠠᠷ ᠢᠶᠠᠨ | ᠡᠵᠡᠯᠡᠬᠦ᠂ ᠲᠣᠭᠲᠠᠭᠠᠯ ᠠᠴᠠ ᠵᠥᠷᠢᠴᠡᠨ ᠪᠠᠶᠢᠭᠤᠯᠬᠤ᠂ ᠶᠠᠰᠤ ᠴᠢᠨᠠᠷ ᠤᠨ ᠠᠶᠤᠯ ᠦᠭᠡᠢ ᠪᠠᠶᠢᠬᠤ ᠵᠡᠷᠭᠡ ᠠᠰᠠᠭᠤᠳᠠᠯ | ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ | ᠨᠡᠶᠢᠴᠡᠬᠦ ᠦᠭᠡᠢ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠢ ᠳᠡᠮᠵᠢᠬᠦ ᠦᠭᠡᠢ᠃ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠲᠥᠷᠥᠯ ᠬᠤᠪᠢᠶᠠᠨ ᠵᠢᠯᠣᠭᠤᠳᠬᠤ ᠶᠢ ᠪᠠᠷᠢᠮᠲᠠᠯᠠᠵᠤ᠃ | ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠰᠠᠭᠤᠷᠢ ᠪᠠ ᠨᠥᠬᠦᠴᠡᠯ ᠢ ᠰᠢᠨᠵᠢᠯᠡᠬᠦ ᠤᠬᠠᠭᠠᠨᠴᠢ ᠪᠠᠷ | ᠡᠵᠡᠮᠳᠡᠵᠦ᠂ ᠬᠦᠷᠢᠶ᠎ᠡ ᠬᠠᠰᠢᠶᠠᠨ ᠤ ᠴᠢᠨᠠᠷ ᠰᠠᠶᠢᠲᠠᠢ ᠠᠵᠤ ᠠᠬᠤᠢ ᠶᠢᠨ ᠲᠥᠷᠥᠯ ᠵᠦᠢᠯ ᠢ ᠬᠡᠷᠡᠭᠵᠢᠭᠦᠯᠬᠦ ᠶᠢ | ᠠᠬᠢᠭᠤᠯᠤᠨ᠎ᠠ᠃ ᠪᠣᠳᠠᠲᠠᠢ ᠠᠴᠠ ᠡᠭᠦᠰᠴᠦ᠂ ᠨᠤᠲᠤᠭ ᠤᠨ ᠣᠨᠴᠠᠯᠢᠭ ᠢ ᠳᠣᠪᠤᠶᠢᠯᠭᠠᠨ᠂ ᠣᠨᠴᠠᠯᠢᠬᠵᠢᠭᠰᠠᠨ᠂ | ᠵᠥᠷᠢᠶᠡᠴᠢᠯᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠲᠠᠷᠢᠬᠤ ᠳᠤ ᠳᠣᠭᠢᠷᠠᠪᠠᠯ ᠲᠠᠷᠢᠵᠤ᠂ ᠲᠡᠵᠢᠭᠡᠬᠦ ᠳᠤ | ᠳᠣᠭᠢᠷᠠᠪᠠᠯ ᠲᠡᠵᠢᠭᠡᠵᠦ᠂ ᠡᠳ᠋ᠰᠢᠭᠦᠯᠬᠦ ᠳᠤ ᠳᠣᠭᠢᠷᠠᠪᠠᠯ ᠨᠡᠮᠡᠵᠦ᠂ ᠬᠤᠳᠠᠯᠳᠤᠭ᠎ᠠ ᠡᠷᠬᠢᠯᠡᠬᠦ ᠳᠤ ᠳᠣᠭᠢᠷᠠᠪᠠᠯ | ᠬᠤᠳᠠᠯᠳᠤᠭ᠎ᠠ ᠡᠷᠬᠢᠯᠡᠵᠦ᠂ ᠣᠯᠠᠨ ᠲᠥᠷᠥᠯ ᠤᠨ ᠬᠦᠷᠢᠶᠡᠨ ᠤ ᠠᠵᠤ ᠠᠬᠤᠢ ᠶᠢ ᠰᠦᠪᠡᠭᠴᠢᠯᠡᠨ ᠬᠥᠭᠵᠢᠭᠦᠯᠦᠨ᠎ᠡ᠃ | ᠯᠠᠪᠳᠠᠭᠤᠨ ᠪᠠᠲᠤᠲᠠᠢ ᠬᠢᠬᠦ᠂ ᠡᠮᠬᠢ ᠵᠢᠷᠤᠮ ᠲᠠᠢ ᠠᠬᠢᠭᠤᠯᠬᠤ ᠶᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨᠴᠢ ᠪᠠᠷ | ᠨᠤᠲᠠᠯᠠᠬᠤ ᠶᠢ ᠴᠢᠩᠭᠠᠷᠠᠭᠤᠯᠵᠤ᠂ ᠨᠡᠶᠢᠲᠡᠯᠢᠭ ᠵᠢᠱᠢ᠊ ᠡᠶ᠎ᠡ ᠪᠠᠷ ᠵᠠᠮ ᠳᠠᠭᠠᠭᠤᠯᠬᠤ ᠶᠢ ᠴᠢᠬᠤᠯᠠᠴᠢᠯᠠᠨ᠂ | ᠬᠥᠭᠵᠢᠯᠲᠡ ᠶᠢᠨ ᠵᠠᠭᠪᠤᠷ ᠪᠠ ᠬᠠᠷᠠᠯᠲᠠ ᠶᠢ ᠵᠦᠢ ᠵᠣᠬᠢᠰᠲᠠᠢ ᠲᠣᠭᠲᠠᠭᠠᠨ᠎ᠠ᠃ ᠠᠵᠢᠯ ᠤᠨ ᠪᠦᠲᠦᠮᠵᠢ ᠶᠢᠨ ᠲᠤᠬᠠᠢ | ᠵᠥᠪ ᠦᠵᠡᠯᠲᠡ ᠶᠢ ᠪᠣᠢ ᠪᠣᠯᠭᠠᠵᠤ᠂ ᠰᠠᠯᠬᠢ ᠰᠥᠷᠴᠦ ᠬᠥᠳᠡᠯᠭᠡᠭᠡᠨ ᠬᠢᠬᠦ ᠶᠢ ᠡᠷᠡᠰ ᠬᠤᠷᠢᠭᠯᠠᠨ᠂ ᠪᠣᠳᠠᠲᠤ | ᠪᠠᠶᠢᠳᠠᠯ ᠢ ᠦᠯᠦ ᠬᠠᠶᠢᠬᠤᠷᠤᠨ ᠨᠢᠭᠡ ᠨᠢ ᠳᠦᠷᠭᠢᠯᠳᠦᠨ ᠣᠷᠣᠬᠤ ᠶᠢ ᠰᠡᠷᠭᠡᠶᠢᠯᠡᠬᠦ ᠬᠡᠷᠡᠭᠲᠡᠢ᠃ ᠨᠢᠭᠡ ᠯᠡ ᠠᠳᠠᠯᠢ | ᠪᠠᠶᠢᠯᠭᠠᠬᠤ ᠦᠭᠡᠢ᠂ ᠬᠡᠯᠪᠡᠷᠢ ᠶᠢᠨ ᠦᠵᠡᠯ ᠢ ᠬᠢᠬᠦ ᠦᠭᠡᠢ᠂ ᠤᠳᠠᠭᠠᠨ ᠳᠠᠭᠠᠭᠠᠮᠠᠭᠠᠢ ᠴᠢᠷᠮᠠᠶᠢᠵᠤ᠂ ᠯᠠᠪᠳᠠᠭᠤᠨ | ᠪᠠᠲᠤᠲᠠᠢ ᠠᠬᠢᠭᠤᠯᠤᠨ᠎ᠠ᠃ | ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ᠂ ᠠᠭᠤᠰᠤᠯᠴᠠᠭᠤᠯᠤᠨ ᠬᠥᠭᠵᠢᠭᠦᠯᠬᠦ ᠶᠢ | ᠪᠠᠷᠢᠮᠲᠠᠯᠠᠨ᠎ᠠ᠃ ᠡᠬᠢ ᠪᠠᠶᠠᠯᠢᠭ ᠤᠨ ᠨᠥᠬᠦᠴᠡᠯ ᠪᠠ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠨ᠂ ᠠᠵᠤ | ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠶᠢ ᠳᠠᠭᠠᠵᠤ᠂ ᠡᠵᠡᠩᠨᠡᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ | ᠡᠭᠦᠳᠴᠦ᠂ ᠬᠦᠷᠢᠶ᠎ᠡ ᠬᠠᠰᠢᠶᠠᠨ ᠤ ᠠᠵᠤ ᠠᠬᠤᠢ ᠶᠢᠨ ᠡᠵᠡᠩᠨᠡᠯᠲᠡ ᠶᠢᠨ ᠡᠷᠦᠬᠡ ᠬᠢᠭᠡᠳ ᠬᠥᠲᠥᠴᠢ ᠠᠵᠤ | ᠠᠬᠤᠶᠢᠯᠠᠯ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢ᠊ ᠡᠶ᠎ᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ | ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠵᠢᠯ ᠬᠤᠪᠢᠶᠠᠷᠢᠯᠠᠨ ᠬᠠᠮᠵᠢᠯᠴᠠᠬᠤ ᠪᠠ ᠠᠰᠢᠭ | ᠲᠤᠰᠠ ᠶᠢᠨ ᠬᠤᠯᠪᠣᠭᠠᠯᠠᠯ ᠢ ᠴᠢᠩᠭᠠᠷᠠᠭᠤᠯᠤᠨ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠎ᠠ᠃ | ᠬᠦᠷᠢᠶᠡᠨ ᠤ ᠠᠵᠤ ᠠᠬᠤᠢ ᠶᠢᠨ ᠬᠥᠭᠵᠢᠯᠲᠡ ᠬᠢᠭᠡᠳ ᠪᠠᠶᠢᠭᠠᠯᠢ ᠶᠢᠨ ᠣᠷᠴᠢᠨ ᠲᠣᠭᠤᠷᠢᠨ ᠢ ᠠᠭᠤᠰᠤᠯᠴᠠᠭᠤᠯᠬᠤ᠂ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠵᠠᠰᠠᠯᠲᠠ ᠲᠠᠢ ᠤᠶᠠᠯᠳᠤᠭᠤᠯᠬᠤ ᠶᠢ | ᠴᠢᠩᠭᠠᠳᠬᠠᠵᠤ᠂ ᠠᠵᠤ ᠠᠬᠤᠢ ᠶᠢᠨ ᠦᠷ᠎ᠡ ᠠᠰᠢᠭ ᠬᠢᠭᠡᠳ ᠠᠮᠢ ᠠᠬᠤᠢ ᠶᠢᠨ ᠦᠷ᠎ᠡ ᠠᠰᠢᠭ᠂ ᠨᠡᠶᠢᠭᠡᠮ ᠤᠨ | ᠦᠷ᠎ᠡ ᠠᠰᠢᠭ ᠢ ᠬᠠᠷᠢᠯᠴᠠᠨ ᠨᠢᠭᠡᠳᠬᠡᠬᠦ᠂ ᠬᠦᠷᠢᠶ᠎ᠡ ᠬᠠᠰᠢᠶ᠎ᠠ ᠶᠢ ᠨᠣᠭᠤᠭᠠᠷᠠᠭᠤᠯᠤᠨ ᠭᠤᠶᠤᠵᠢᠭᠤᠯᠬᠤ᠂ ᠬᠥᠳᠡᠭᠡ | ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠡᠬᠢ ᠪᠠᠶᠠᠯᠢᠭ ᠤᠨ ᠠᠰᠢᠭᠯᠠᠯᠲᠠ ᠶᠢ | ᠨᠡᠩ ᠥᠨᠳᠥᠷ ᠪᠦᠲᠦᠮᠵᠢᠲᠡᠢ᠂ ᠬᠦᠷᠢᠶ᠎ᠡ ᠬᠠᠰᠢᠶᠠᠨ ᠤ ᠣᠷᠴᠢᠨ ᠲᠣᠭᠤᠷᠢᠨ ᠢ ᠨᠠᠩ ᠦᠵᠡᠰᠬᠦᠯᠡᠩᠲᠦ ᠰᠠᠶᠢᠬᠠᠨ | ᠪᠣᠯᠭᠠᠬᠤ ᠶᠢ ᠪᠡᠶᠡᠯᠡᠭᠦᠯᠦᠨ᠎ᠡ᠃ | ᠭᠤᠷᠪᠠ᠂ ᠭᠤᠣᠯ ᠬᠠᠷᠠᠯᠲᠠ | 2023 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠷᠢᠶ᠎ᠡ ᠬᠠᠰᠢᠶᠠᠨ ᠤ ᠠᠵᠤ | ᠠᠬᠤᠢ ᠶᠢᠨ ᠠᠵᠤ ᠦᠢᠯᠡᠰ ᠤᠨ ᠬᠡᠪᠴᠢᠶ᠎ᠡ ᠲᠠᠰᠤᠷᠠᠯᠲᠠ ᠥᠬᠡᠶ ᠥᠷᠭᠡᠳᠴᠦ᠂ ᠠᠵᠤ ᠦᠢᠯᠡᠰ ᠤᠨ ᠲᠥᠷᠥᠯ | ᠬᠡᠯᠪᠡᠷᠢ ᠨᠠᠩ ᠪᠠᠶᠠᠯᠢᠭᠵᠢᠵᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠨᠠᠩ ᠰᠢᠯᠤᠭᠤᠳᠬᠠᠵᠤ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠷᠠᠭᠤᠯᠵᠤ᠂ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠪᠡ᠃ ᠮᠠᠯᠵᠢᠬᠤ ᠲᠠᠷᠢᠶᠠᠯᠠᠬᠤ ᠡᠷᠦᠬᠡ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ | ᠪᠣᠯᠤᠨ ᠬᠢᠨᠠᠨ ᠬᠡᠮᠵᠢᠬᠦ ᠡᠲᠡᠭᠡᠳ ᠬᠦᠷᠢᠶᠡᠨ ᠤ ᠠᠵᠤ ᠠᠬᠤᠢ ᠶᠢ ᠬᠥᠭᠵᠢᠭᠦᠯᠬᠦ ᠳᠤ ᠢᠯᠡᠳᠲᠡ ᠦᠷ᠎ᠡ ᠪᠦᠲᠦᠮᠵᠢ | ᠣᠯᠵᠤ᠂ ᠳᠣᠲᠣᠭᠠᠳᠤ ᠬᠥᠳᠡᠯᠭᠡᠬᠦ ᠬᠦᠴᠦᠨ ᠤᠯᠠᠮ ᠨᠢᠭᠡ ᠠᠯᠬᠤᠮ ᠬᠥᠭᠵᠢᠭᠡᠨ᠂ ᠥᠪᠡᠷ ᠢ ᠪᠠᠨ ᠬᠥᠭᠵᠢᠭᠦᠯᠬᠦ | ᠴᠢᠳᠠᠪᠤᠷᠢ ᠲᠠᠰᠤᠷᠠᠯᠲᠠ ᠥᠬᠡᠶ ᠴᠢᠩᠭᠠᠷᠠᠵᠤ᠂ ᠬᠦᠷᠢᠶᠡᠨ ᠤ ᠠᠵᠤ ᠠᠬᠤᠢ ᠪᠠᠷ ᠳᠠᠮᠵᠢᠭᠤᠯᠤᠨ ᠣᠯᠤᠭᠰᠠᠨ | ᠣᠷᠣᠯᠭ᠎ᠠ ᠦᠷᠭᠦᠯᠵᠢᠯᠡᠨ ᠨᠡᠮᠡᠭᠳᠡᠪᠡ᠃ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠬᠡᠮᠵᠢᠬᠦ | ᠡᠲᠡᠭᠡᠳ ᠤᠨ ᠬᠦᠷᠢᠶᠡᠨ ᠤ ᠠᠵᠤ ᠠᠬᠤᠢ ᠶᠢ ᠪᠦᠷᠢᠨ ᠪᠦᠷᠬᠦᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ | ᠳᠥᠷᠪᠡ᠂ ᠬᠥᠭᠵᠢᠯᠲᠡ ᠶᠢᠨ ᠭᠤᠣᠯᠳᠠᠯᠭ᠎ᠠ | ︵ᠨᠢᠭᠡ︶ ᠬᠦᠷᠢᠶ᠎ᠡ ᠬᠠᠰᠢᠶᠠᠨ ᠤ ᠣᠨᠴᠠᠯᠢᠭᠲᠤ ᠲᠠᠷᠢᠮᠠᠯ ᠢ ᠬᠥᠭᠵᠢᠭᠦᠯᠦᠨ᠎ᠡ᠃ ᠵᠠᠬ᠎ᠠ ᠳᠡᠯᠭᠡᠭᠦᠷ ᠤᠨ | ᠬᠡᠳᠦ ᠶᠢᠨ ᠲᠥᠯᠥᠪ ᠢᠶᠠᠷ ᠰᠠᠶᠢᠨ᠂ ᠨᠡᠮᠡᠯᠲᠡ ᠥᠷᠲᠡᠭ ᠢᠶᠠᠷ ᠥᠨᠳᠥᠷ ᠲᠠᠷᠢᠮᠠᠯ ᠤᠨ ᠲᠥᠷᠥᠯ ᠵᠦᠢᠯ ᠢ ᠰᠢᠯᠢᠨ | ᠰᠣᠩᠭᠤᠵᠤ᠂ ᠢᠳᠡᠰᠢᠨ ᠨᠣᠭᠤᠭ᠎ᠠ᠂ ᠣᠢ ᠵᠢᠮᠢᠰ᠂ ᠬᠢᠲᠠᠳ ᠡᠪᠡᠰᠦᠨ ᠡᠮ᠂ ᠮᠥᠭᠦ ᠶᠢᠨ ᠲᠥᠷᠥᠯ᠂ ᠡᠯᠳᠡᠪ ᠠᠮᠤ | ᠡᠯᠳᠡᠪ ᠪᠤᠷᠴᠠᠭ᠂ ᠤᠰᠤᠨ ᠲᠤᠲᠤᠷᠭ᠎ᠠ ᠵᠡᠷᠭᠡ ᠣᠨᠴᠠᠯᠢᠭᠲᠤ ᠲᠠᠷᠢᠮᠠᠯ ᠢ ᠭᠤᠣᠯᠳᠠᠯᠭ᠎ᠠ ᠲᠠᠢ ᠬᠥᠭᠵᠢᠭᠦᠯᠵᠦ᠂ ᠰᠢᠨ᠎ᠡ | ᠲᠥᠷᠥᠯ ᠵᠦᠢᠯ᠂ ᠰᠢᠨ᠎ᠡ ᠮᠡᠷᠭᠡᠵᠢᠯ ᠤᠨ ᠲᠤᠷᠰᠢᠯᠲᠠ ᠶᠢ ᠳᠡᠯᠭᠡᠷᠡᠭᠦᠯᠬᠦ ᠪᠠᠨ ᠴᠢᠩᠭᠠᠷᠠᠭᠤᠯᠤᠨ᠂ ᠲᠣᠮᠣ ᠲᠠᠷᠢᠶᠠᠨ | ᠭᠠᠵᠠᠷ ᠯᠤᠭ᠎ᠠ ᠵᠥᠷᠢᠶᠡᠴᠢᠯᠡᠭᠰᠡᠨ᠂ ᠬᠠᠷᠢᠯᠴᠠᠨ ᠨᠥᠬᠦᠪᠥᠷᠢᠯᠡᠬᠦ ᠴᠢᠨᠠᠷᠲᠠᠢ ᠬᠥᠭᠵᠢᠯᠲᠡ ᠶᠢ ᠪᠣᠢ ᠪᠣᠯᠭᠠᠵᠤ᠂ ᠵᠠᠬ᠎ᠠ | ᠳᠡᠯᠭᠡᠭᠦᠷ ᠤᠨ ᠬᠤᠭᠤᠰᠣᠨ ᠳᠤᠲᠠᠭᠤ ᠶᠢ ᠨᠥᠬᠦᠪᠥᠷᠢᠯᠡᠵᠦ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠬᠦᠷᠢᠶ᠎ᠡ ᠬᠠᠰᠢᠶᠠᠨ ᠤ ᠳᠦᠬᠦᠭᠡᠷᠦᠮᠵᠢᠳᠦ ᠲᠠᠷᠢᠶᠠᠯᠠᠩ ᠢ ᠬᠥᠭᠵᠢᠭᠦᠯᠵᠦ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠵᠢᠮᠢᠰ᠂ ᠤᠯᠠᠷᠢᠯ ᠰᠥᠷᠬᠦ ᠢᠳᠡᠰᠢᠨ ᠨᠣᠭᠤᠭ᠎ᠠ ᠵᠡᠷᠭᠡ ᠨᠡᠮᠡᠯᠲᠡ ᠥᠷᠲᠡᠭ ᠢᠶᠠᠷ | ᠥᠨᠳᠥᠷ ᠣᠨᠴᠠᠯᠢᠭᠲᠤ ᠠᠵᠤ ᠠᠬᠤᠢ ᠶᠢᠨ ᠲᠠᠷᠢᠮᠠᠯ ᠢ ᠳᠡᠷᠢᠨᠠ᠃ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠬᠤ | ᠂ ᠨᠢᠭᠡᠳᠦᠯᠲᠡᠢ ᠮᠡᠷᠭᠡᠵᠢᠯ ᠤᠨ ᠪᠠᠷᠢᠮᠵᠢᠶ᠎ᠠ᠂ ᠨᠢᠭᠡᠳᠦᠯᠲᠡᠢ ᠬᠤᠳᠠᠯᠳᠤᠨ ᠠᠪᠴᠤ ᠪᠣᠷᠣᠯᠠᠭᠤᠯᠤᠨ ᠬᠤᠳᠠᠯᠳᠤᠬᠤ᠂ | ᠡᠷᠦᠬᠡ ᠬᠤᠪᠢᠶᠠᠨ ᠡᠵᠡᠩᠨᠡᠨ ᠲᠠᠷᠢᠬᠤ ᠬᠥᠭᠵᠢᠯᠲᠡ ᠶᠢᠨ ᠬᠡᠪ ᠵᠠᠭᠪᠤᠷ ᠢ ᠰᠦᠪᠡᠭᠴᠢᠯᠡᠨ ᠬᠡᠷᠡᠭᠵᠢᠭᠦᠯᠬᠦ ᠶᠢ | ᠵᠣᠷᠢᠭᠵᠢᠭᠤᠯᠬᠤ ᠬᠡᠷᠡᠭᠲᠡᠢ᠃ ᠡᠭᠦᠨ ᠤ ᠬᠠᠮᠲᠤ ᠵᠠᠬᠢᠶᠠᠯᠠᠭ᠎ᠠ ᠶᠢᠨ ᠲᠥᠷᠥᠯ ᠤᠨ ᠲᠠᠷᠢᠮᠠᠯ ᠢ ᠬᠥᠭᠵᠢᠭᠦᠯᠬᠦ ᠶᠢ | ᠵᠣᠷᠢᠭᠵᠢᠭᠤᠯᠵᠤ᠂ ᠲᠤᠬᠠᠢ ᠶᠢᠨ ᠭᠠᠵᠠᠷ ᠤᠨ ᠬᠤᠷᠰᠢᠶ᠎ᠠ᠂ ᠠᠵᠤ ᠠᠬᠤᠶᠢᠯᠠᠯ ᠲᠠᠢ ᠵᠠᠬᠢᠶᠠᠯᠠᠭ᠎ᠠ ᠶᠢᠨ ᠬᠡᠯᠪᠡᠷᠢ ᠪᠠᠷ | ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠠᠷᠢᠮᠠᠯ ᠢ ᠳᠠᠶᠢᠴᠢᠯᠠᠨ ᠬᠥᠭᠵᠢᠭᠦᠯᠵᠦ᠂ ᠠᠵᠤ ᠦᠢᠯᠡᠰ ᠤᠨ | ᠦᠷᠭᠦᠯᠵᠢᠯᠡᠬᠦ ᠴᠢᠨᠠᠷᠲᠠᠢ ᠬᠥᠭᠵᠢᠯᠲᠡ ᠶᠢ ᠦᠨᠡᠨ ᠬᠦ ᠪᠠᠲᠤᠯᠠᠨ᠎ᠠ᠃ | ︵ᠬᠤᠶᠠᠷ︶ ᠬᠦᠷᠢᠶ᠎ᠡ ᠬᠠᠰᠢᠶᠠᠨ ᠤ ᠣᠨᠴᠠᠯᠢᠭᠲᠤ ᠲᠡᠵᠢᠭᠡᠨ ᠦᠷᠡᠵᠢᠭᠦᠯᠬᠦ ᠶᠢ ᠬᠥᠭᠵᠢᠭᠦᠯᠦᠨ᠎ᠡ᠃ ᠬᠦᠷᠢᠶ᠎ᠡ | ᠬᠠᠰᠢᠶ᠎ᠠ ᠶᠢᠨ ᠲᠡᠵᠢᠭᠡᠨ ᠦᠷᠡᠵᠢᠭᠦᠯᠬᠦ ᠳᠤ ᠲᠣᠬᠢᠷᠠᠬᠤ ᠣᠨᠴᠠᠯᠢᠭ ᠲᠠᠢ ᠰᠢᠯᠢᠳᠡᠭ ᠡᠭᠦᠯᠳᠡᠷ ᠢ ᠢᠳᠡᠪᠬᠢᠲᠡᠢ | ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠭᠦᠯᠦᠨ᠂ ᠲᠡᠵᠢᠭᠡᠨ ᠦᠷᠡᠵᠢᠭᠦᠯᠬᠦ ᠰᠢᠨ᠎ᠡ | ᠮᠡᠷᠭᠡᠵᠢᠯ᠂ ᠰᠢᠨ᠎ᠡ ᠵᠠᠭᠪᠤᠷ ᠢ ᠬᠡᠷᠡᠭᠯᠡᠨ᠎ᠡ᠃ ᠨᠢᠭᠡ ᠳᠤ ᠦᠬᠡᠷ ᠤᠨ ᠠᠵᠤ ᠦᠢᠯᠡᠰ ᠢ ᠬᠥᠭᠵᠢᠭᠦᠯᠵᠦ᠂ ᠪᠣᠷᠳᠣᠵᠤ | ᠲᠠᠷᠭᠤᠯᠠᠭᠤᠯᠬᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠬᠤ ᠶᠢᠨ ᠬᠠᠮᠲᠤ ᠲᠡᠵᠢᠭᠡᠨ | ᠦᠷᠡᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠯ ᠤᠨ ᠡᠭᠦᠯᠳᠡᠷ ᠤᠨ | ᠪᠦᠲᠦᠴᠡ ᠶᠢ ᠰᠠᠶᠢᠵᠢᠷᠠᠭᠤᠯᠵᠤ᠂ ᠰᠠᠶᠢᠨ ᠡᠭᠦᠯᠳᠡᠷ ᠤᠨ ᠦᠬᠡᠷ ᠤᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠎ᠡ︔ ᠬᠤᠶᠠᠷ ᠲᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢ ᠦᠨᠳᠦᠰᠦᠯᠡᠨ ᠬᠦᠷᠢᠶ᠎ᠡ | ᠬᠠᠰᠢᠶ᠎ᠠ ᠶᠢᠨ ᠠᠮᠢᠳᠤᠷᠠᠯ ᠤᠨ ᠣᠷᠣᠨ ᠬᠢᠭᠡᠳ ᠲᠡᠵᠢᠭᠡᠨ ᠦᠷᠡᠵᠢᠭᠦᠯᠬᠦ ᠣᠷᠣᠨ ᠢ ᠵᠦᠢ ᠵᠣᠬᠢᠰᠲᠠᠢ | ᠲᠥᠯᠥᠪᠵᠢᠭᠦᠯᠵᠦ᠂ ᠬᠥᠮᠦᠨ ᠮᠠᠯ ᠢ ᠰᠠᠯᠭᠠᠬᠤ᠂ ᠴᠡᠪᠡᠷ ᠲᠡᠭᠰᠢ ᠪᠠᠶᠢᠯᠭᠠᠬᠤ ᠶᠢ ᠪᠡᠶᠡᠯᠡᠭᠦᠯᠦᠨ᠎ᠡ᠃ ᠬᠦᠷᠢᠶ᠎ᠡ | ᠬᠠᠰᠢᠶ᠎ᠠ ᠶᠢᠨ ᠲᠡᠵᠢᠭᠡᠨ ᠦᠷᠡᠵᠢᠭᠦᠯᠬᠦ ᠨᠥᠬᠦᠴᠡᠯ ᠢ ᠰᠠᠶᠢᠵᠢᠷᠠᠭᠤᠯᠵᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠂ ᠬᠦᠷᠢᠶ᠎ᠡ ᠬᠠᠰᠢᠶ᠎ᠠ ᠶᠢᠨ ᠲᠡᠵᠢᠭᠡᠨ ᠦᠷᠡᠵᠢᠭᠦᠯᠬᠦ ᠶᠢ ᠲᠤᠬᠠᠢ ᠶᠢᠨ ᠭᠠᠵᠠᠷ ᠤᠨ | ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠦᠢᠯᠡᠰ ᠤᠨ ᠦᠢᠯᠡᠳᠪᠦᠷᠢᠯᠡᠯ ᠤᠨ ᠰᠢᠰᠲ᠋ᠧᠮ ᠳᠤ | ᠠᠭᠤᠰᠤᠯᠴᠠᠭᠤᠯᠬᠤ ᠶᠢ ᠠᠬᠢᠭᠤᠯᠤᠨ᠎ᠠ᠃ | ︵ᠭᠤᠷᠪᠠ︶ ᠬᠦᠷᠢᠶ᠎ᠡ ᠬᠠᠰᠢᠶᠠᠨ ᠤ ᠣᠨᠴᠠᠯᠢᠭᠲᠤ ᠭᠠᠷ ᠤᠷᠠᠯᠠᠯ ᠢ ᠬᠥᠭᠵᠢᠭᠦᠯᠦᠨ᠎ᠡ᠃ ᠬᠥᠳᠡᠭᠡ ᠲᠣᠰᠬᠤᠨ ᠤ | ᠣᠨᠴᠠᠯᠢᠭᠲᠤ ᠡᠬᠢ ᠪᠠᠶᠠᠯᠢᠭ ᠲᠤ ᠰᠠᠭᠤᠷᠢᠯᠠᠨ᠂ ᠢᠯᠡ ᠲᠣᠳᠣ ᠣᠷᠣᠨ ᠪᠦᠰᠡ ᠶᠢᠨ ᠣᠨᠴᠠᠯᠢᠭ᠂ ᠦᠨᠳᠦᠰᠦᠲᠡᠨ ᠤ | ᠣᠨᠴᠠᠯᠢᠭ᠂ ᠨᠤᠲᠤᠭ ᠤᠨ ᠣᠨᠴᠠᠯᠢᠭ ᠪᠦᠬᠦᠢ ᠣᠨᠴᠠᠯᠢᠭᠲᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠵᠠᠬ᠎ᠠ | ᠳᠡᠯᠭᠡᠭᠦᠷ ᠤᠨ ᠣᠯᠠᠨ ᠶᠠᠩᠵᠤᠴᠢᠯᠠᠬᠤ᠂ ᠣᠨᠴᠠᠯᠢᠬᠵᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠴᠢᠭ ᠢ ᠪᠤᠶᠢᠵᠢᠭᠤᠯᠤᠨ᠎ᠠ᠃ ᠠᠵᠢᠯ | ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠲᠤ ᠲᠦᠰᠢᠭᠯᠡᠨ᠂ ᠨᠢᠭᠡ ᠪᠦᠯᠦᠭ | ᠣᠨᠴᠠᠯᠢᠭ ᠢᠶᠠᠷ ᠢᠯᠡ ᠲᠣᠳᠣ᠂ ᠳᠠᠶᠢᠴᠢᠯᠠᠬᠤ ᠦᠢᠯᠡᠳᠦᠯ ᠢᠶᠠᠷ ᠢᠯᠡᠷᠬᠡᠢ ᠪᠠᠶᠢᠪᠠᠯ᠂ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠭᠤᠣᠯ ᠴᠣᠭᠴᠠ᠂ ᠠᠷᠠᠳ ᠤᠨ ᠭᠠᠷ ᠤᠷᠠᠯᠠᠯ ᠵᠡᠷᠭᠡ ᠶᠢ ᠬᠥᠲᠥᠯᠥᠨ ᠵᠢᠯᠣᠭᠤᠳᠴᠤ ᠪᠠᠶᠢᠭᠠᠳ | ᠨᠢᠭᠡ ᠪᠦᠯᠦᠭ ᠭᠡᠷ ᠪᠦᠯᠢ ᠶᠢᠨ ᠦᠢᠯᠡᠳᠪᠦᠷᠢ᠂ ᠭᠠᠷ ᠦᠢᠯᠡᠳᠬᠡᠯ ᠤᠨ ᠭᠠᠵᠠᠷ ᠢ ᠳᠠᠭᠠᠭᠤᠯᠤᠨ ᠡᠷᠬᠢᠯᠡᠬᠦ ᠪᠤᠶᠤ | ᠡᠭᠦᠳᠦᠨ ᠪᠠᠶᠢᠭᠤᠯᠤᠨ᠎ᠠ᠃ ᠰᠤᠯᠠ ᠪᠠᠶᠢᠭ᠎ᠠ ᠬᠦᠷᠢᠶ᠎ᠡ ᠬᠠᠰᠢᠶ᠎ᠠ ᠶᠢ ᠠᠰᠢᠭᠯᠠᠨ ᠬᠠᠪᠰᠤᠷᠤᠨ ᠲᠡᠳᠬᠦᠬᠦ | ᠦᠢᠯᠡᠳᠪᠦᠷᠢ ᠶᠢᠨ ᠲᠠᠰᠤᠭ ᠪᠠᠶᠢᠭᠤᠯᠬᠤ ᠶᠢ ᠵᠢᠯᠣᠭᠤᠳᠴᠤ᠂ ᠬᠦᠷᠢᠶ᠎ᠡ ᠬᠠᠰᠢᠶᠠᠨ ᠤ ᠪᠡᠭᠡᠯᠡᠢ ᠵᠢᠴᠢ ᠬᠤᠪᠴᠠᠰᠤ | ᠬᠤᠨᠠᠷ ᠡᠳ᠋ᠰᠢᠭᠦᠯᠬᠦ ᠵᠡᠷᠭᠡ ᠶᠢ ᠳᠠᠶᠢᠴᠢᠯᠠᠨ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠬᠦᠯᠦᠨ᠎ᠡ᠃ | ︵ᠲᠦᠷᠪᠡ︶ ᠬᠦᠷᠢᠶ᠎ᠡ ᠬᠠᠰᠢᠶᠠᠨ ᠤ ᠣᠨᠴᠠᠯᠢᠭᠲᠤ ᠰᠡᠯᠡᠭᠦᠴᠡᠯ ᠵᠢᠭᠤᠯᠴᠢᠯᠠᠯ ᠢ ᠬᠥᠭᠵᠢᠭᠦᠯᠦᠨ᠎ᠡ᠃ | ᠬᠦᠷᠢᠶ᠎ᠡ ᠬᠠᠰᠢᠶᠠᠨ ᠤ ᠠᠵᠤ ᠠᠬᠤᠢ ᠬᠢᠭᠡᠳ ᠰᠡᠯᠡᠭᠦᠴᠡᠯ ᠤᠨ ᠲᠠᠷᠢᠶᠠᠯᠠᠩ᠂ ᠠᠷᠠᠳ ᠤᠨ ᠣᠷᠣᠨ ᠰᠠᠭᠤᠴᠠ ᠶᠢᠨ | ᠵᠢᠭᠤᠯᠴᠢᠯᠠᠯ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠦᠷᠢᠶ᠎ᠡ ᠬᠠᠰᠢᠶᠠᠨ ᠤ ᠣᠯᠠᠨ ᠳᠠᠪᠬᠤᠷ | ᠴᠢᠳᠠᠮᠵᠢ ᠶᠢ ᠥᠷᠭᠡᠳᠬᠡᠨ᠎ᠡ᠃ ᠲᠠᠷᠢᠶᠠᠴᠢᠨ ᠡᠷᠦᠬᠡ ᠶᠢ ᠵᠢᠯᠣᠭᠤᠳᠤᠨ ᠲᠤᠬᠠᠢ ᠶᠢᠨ ᠭᠠᠵᠠᠷ ᠤᠨ ᠰᠣᠶᠣᠯ | ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠥᠪᠡᠷ ᠤᠨ ᠬᠦᠷᠢᠶ᠎ᠡ ᠬᠠᠰᠢᠶ᠎ᠠ ᠪᠠᠨ ᠠᠰᠢᠭᠯᠠᠨ ᠣᠨᠴᠠᠯᠢᠭᠲᠤ | ᠠᠷᠠᠳ ᠤᠨ ᠣᠷᠣᠨ ᠰᠠᠭᠤᠴᠠ᠂ ᠭᠡᠷ ᠪᠦᠯᠢ ᠶᠢᠨ ᠪᠠᠭᠤᠳᠠᠯ᠂ ᠰᠡᠯᠡᠭᠦᠴᠡᠯ ᠤᠨ ᠲᠠᠷᠢᠶᠠᠯᠠᠩ ᠤᠨ ᠲᠠᠯᠠᠪᠠᠢ᠂ | ᠲᠠᠷᠢᠶᠠᠴᠢᠨ ᠠᠶᠢᠯ ᠤᠨ ᠵᠢᠭᠤᠯᠴᠢᠯᠠᠯ᠂ ᠵᠢᠵᠢᠭ ᠬᠡᠯᠪᠡᠷᠢ ᠶᠢᠨ ᠲᠡᠭᠦᠬᠦ ᠬᠦᠷᠢᠶᠡᠯᠡᠩ ᠵᠡᠷᠭᠡ ᠶᠢ ᠬᠥᠭᠵᠢᠭᠦᠯᠵᠦ᠂ | ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠨᠢᠭᠡ ᠪᠦᠯᠦᠭ ᠰᠣᠳᠣᠨ ᠲᠠᠷᠢᠶᠠᠨ ᠭᠠᠵᠠᠷ | ᠪᠠ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠪᠠᠨ ᠪᠠᠶᠢᠭᠤᠯᠤᠨ᠎ᠠ᠃ ᠬᠤᠲᠠ ᠪᠠᠯᠭᠠᠰᠤ ᠶᠢᠨ ᠰᠠᠭᠤᠭᠠᠯᠢ | ᠠᠷᠠᠳ ᠢ ᠢᠳᠡᠪᠬᠢᠲᠡᠢ ᠪᠠᠷ ᠬᠥᠲᠥᠯᠥᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠤ ᠬᠡᠷᠡᠭᠯᠡᠭᠡᠨ ᠳᠤ | ᠣᠷᠣᠯᠴᠠᠭᠤᠯᠵᠤ᠂ ᠬᠥᠳᠡᠭᠡ ᠲᠣᠰᠬᠤᠨ ᠤ ᠬᠦᠷᠢᠶ᠎ᠡ ᠬᠠᠰᠢᠶ᠎ᠠ ᠶᠢ ᠬᠤᠲᠠ ᠶᠢᠨ ᠰᠠᠭᠤᠭᠠᠯᠢ ᠠᠷᠠᠳ ᠤᠨ ᠵᠢᠵᠢᠭ | ᠨᠣᠭᠤᠭ᠎ᠠ ᠶᠢᠨ ᠬᠦᠷᠢᠶᠡᠯᠡᠩ᠂ ᠠᠷᠤ ᠴᠡᠴᠡᠷᠯᠢᠭ᠂ ᠪᠢᠴᠢᠯ ᠲᠠᠷᠢᠶᠠᠯᠠᠩ ᠤᠨ ᠲᠠᠯᠠᠪᠠᠢ ᠪᠣᠯᠭᠠᠨ ᠬᠤᠪᠢᠷᠠᠭᠤᠯᠵᠤ᠂ | ᠵᠠᠬᠢᠶᠠᠯᠠᠨ ᠦᠢᠯᠡᠳᠬᠦ᠂ ᠥᠪᠡᠷᠮᠢᠴᠡ᠂ ᠵᠥᠷᠢᠶᠡᠴᠢᠯᠡᠭᠰᠡᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠬᠥᠳᠡᠭᠡ | ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠳᠠᠪᠠᠭᠤᠯᠢᠭ ᠢ ᠠᠵᠤ ᠦᠢᠯᠡᠰ ᠤᠨ ᠬᠥᠭᠵᠢᠯᠲᠡ ᠶᠢᠨ | ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ | ︵ᠲᠠᠪᠤ︶ ᠬᠦᠷᠢᠶ᠎ᠡ ᠬᠠᠰᠢᠶᠠᠨ ᠤ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡᠨ ᠢ ᠬᠥᠭᠵᠢᠭᠦᠯᠦᠨ᠎ᠡ᠃ | ᠬᠥᠲᠥᠴᠢ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢ᠊ ᠡᠶ᠎ᠡ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ ᠪᠠ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ | ᠵᠣᠷᠢᠭᠵᠢᠭᠤᠯᠤᠨ ᠪᠦᠬᠦᠯᠢ ᠲᠣᠰᠬᠤᠨ ᠢᠶᠠᠷ ᠨᠢ ᠳᠠᠭᠠᠭᠤᠯᠤᠨ ᠡᠷᠬᠢᠯᠡᠬᠦ᠂ ᠬᠠᠮᠲᠤᠷᠠᠨ ᠡᠵᠡᠩᠨᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠨ ᠡᠷᠦᠬᠡ ᠶᠢ ᠳᠠᠶᠢᠴᠢᠯᠠᠨ ᠣᠳᠣ ᠶᠢᠨ ᠪᠠᠶᠢᠭ᠎ᠠ ᠬᠦᠷᠢᠶ᠎ᠡ ᠬᠠᠰᠢᠶ᠎ᠠ ᠶᠢ | ᠣᠷᠣᠯᠠᠨ ᠬᠤᠷᠢᠶᠠᠵᠤ ᠣᠷᠣᠯᠠᠨ ᠬᠠᠳᠠᠭᠠᠯᠠᠬᠤ᠂ ᠪᠦᠲᠦᠭᠡᠭᠳᠡᠬᠦᠨ ᠢ ᠣᠷᠣᠯᠠᠨ ᠪᠣᠷᠣᠯᠠᠭᠤᠯᠬᠤ᠂ ᠲᠦᠭᠦᠬᠡᠢ | ᠮᠠᠲ᠋ᠧᠷᠢᠶᠠᠯ ᠢ ᠪᠣᠯᠪᠠᠰᠤᠷᠠᠭᠤᠯᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠤᠨ ᠬᠦᠷᠭᠡᠬᠦ᠂ | ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡ ᠥᠷᠨᠢᠭᠦᠯᠦᠨ᠎ᠡ᠃ | ᠲᠠᠷᠢᠶᠠᠴᠢᠨ ᠡᠷᠦᠬᠡ ᠶᠢ ᠵᠢᠯᠣᠭᠤᠳᠤᠨ ᠥᠪᠡᠷ ᠤᠨ ᠬᠦᠷᠢᠶ᠎ᠡ ᠬᠠᠰᠢᠶ᠎ᠠ ᠪᠠᠨ ᠠᠰᠢᠭᠯᠠᠨ ᠡᠯᠧᠺᠳ᠋ᠷᠣᠨ ᠬᠤᠳᠠᠯᠳᠤᠭᠠᠨ ᠤ | ᠪᠣᠷᠣᠯᠠᠭᠤᠯᠬᠤ ᠴᠡᠭ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠴᠡᠭ᠂ ᠲᠦᠷᠭᠡᠨ ᠬᠦᠷᠭᠡᠯᠲᠡ ᠶᠢᠨ | ᠣᠷᠣᠯᠠᠨ ᠭᠦᠢᠴᠡᠳᠬᠡᠬᠦ ᠴᠡᠭ ᠵᠡᠷᠭᠡ ᠶᠢ ᠪᠠᠶᠢᠭᠤᠯᠵᠤ᠂ ᠵᠢᠵᠢᠭ ᠬᠡᠲᠦ ᠳᠡᠯᠭᠡᠭᠦᠷ᠂ ᠵᠢᠵᠢᠭ ᠢᠳᠡᠭᠡᠨ ᠤᠮᠳᠠᠭᠠᠨ᠂ | ᠦᠰᠦ ᠵᠠᠰᠠᠬᠤ ᠭᠠᠵᠠᠷ᠂ ᠰᠡᠯᠪᠢᠨ ᠵᠠᠰᠠᠬᠤ ᠭᠠᠵᠠᠷ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ | ᠡᠷᠬᠢᠯᠡᠵᠦ᠂ ᠲᠣᠰᠬᠤᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠬᠠᠩᠭᠠᠵᠤ᠂ ᠲᠠᠷᠢᠶᠠᠴᠢᠨ ᠡᠷᠦᠬᠡ ᠶᠢᠨ | ᠡᠵᠡᠩᠨᠡᠯᠲᠡ ᠶᠢᠨ ᠣᠷᠣᠯᠭ᠎ᠠ ᠶᠢ ᠨᠡᠮᠡᠭᠳᠡᠭᠦᠯᠦᠨ᠎ᠡ᠃ | ᠲᠠᠪᠤ᠂ ᠲᠥᠷᠥᠯ ᠵᠦᠢᠯ ᠤᠨ ᠲᠣᠬᠢᠷᠠᠭᠤᠯᠤᠯᠲᠠ | ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2023 | ᠣᠨ ᠤ ᠬᠤᠭᠤᠴᠠᠭᠠᠨ ᠳᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠢ ᠴᠢᠨᠠᠷ ᠰᠠᠶᠢᠲᠠᠢ | ᠬᠥᠭᠵᠢᠭᠦᠯᠪᠡ᠃ | ︵ᠬᠤᠶᠠᠷ︶ ᠲᠥᠷᠥᠯ ᠵᠦᠢᠯ ᠤᠨ ᠲᠥᠷᠥᠯ ᠵᠦᠢᠯ ᠬᠢᠭᠡᠳ ᠪᠦᠲᠦᠭᠡᠨ ᠪᠠᠶᠢᠭᠤᠯᠬᠤ ᠰᠢᠨᠵᠢ ᠴᠢᠨᠠᠷ᠄ ᠲᠥᠷᠥᠯ | ᠵᠦᠢᠯ ᠢ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ ᠬᠦᠷᠭᠡᠬᠦ ᠲᠥᠷᠥᠯ ᠵᠦᠢᠯ ᠳᠤ ᠱᠠᠩᠨᠠᠵᠤ ᠨᠥᠬᠦᠪᠥᠷᠢᠯᠡᠬᠦ | ᠬᠡᠯᠪᠡᠷᠢ ᠪᠠᠷ ᠬᠡᠷᠡᠭᠵᠢᠭᠦᠯᠦᠭᠰᠡᠨ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ ᠰᠢᠨ᠎ᠡ ᠪᠠᠷ ᠪᠠᠶᠢᠭᠤᠯᠬᠤ | ᠲᠥᠷᠥᠯ ᠵᠦᠢᠯ ᠪᠣᠯᠤᠨ᠎ᠠ᠃ | ︵ᠭᠤᠷᠪᠠ︶ ᠪᠦᠲᠦᠭᠡᠨ ᠪᠠᠶᠢᠭᠤᠯᠬᠤ ᠭᠠᠵᠠᠷ᠄ ᠲᠥᠷᠥᠯ ᠵᠦᠢᠯ ᠨᠢ ᠪᠦᠬᠦ ᠬᠤᠰᠢᠭᠤᠨ ᠤ 12 ᠰᠤᠮᠤ | ᠪᠠᠯᠭᠠᠰᠤᠨ ᠤ ᠶᠠᠳᠠᠭᠤ ᠠᠴᠠ ᠠᠩᠭᠢᠵᠢᠷᠠᠭᠰᠠᠨ 173 ᠭᠠᠴᠠᠭ᠎ᠠ ᠲᠣᠰᠬᠤᠨ ᠢ ᠬᠠᠮᠤᠷᠪᠠ᠃ | ︵ᠲᠦᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠲᠥᠷᠥᠯ ᠵᠦᠢᠯ ᠢ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠬᠢᠨᠠᠨ ᠵᠢᠯᠣᠭᠤᠳᠬᠤ ᠶᠢ ᠬᠠᠷᠢᠭᠤᠴᠠᠵᠤ᠂ ᠡᠯ᠎ᠡ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠬᠡᠷᠡᠭᠵᠢᠭᠦᠯᠬᠦ ᠭᠤᠣᠯ ᠴᠣᠭᠴᠠ ᠶᠢᠨ ᠬᠤᠪᠢ ᠪᠠᠷ ᠡᠯ᠎ᠡ | ᠭᠠᠴᠠᠭᠠᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠬᠢᠨᠠᠨ | ᠵᠢᠯᠣᠭᠤᠳᠤᠨ᠎ᠠ᠃ | ︵ᠲᠠᠪᠤ︶ ᠠᠬᠢᠴᠠ ᠶᠢᠨ ᠲᠤᠬᠢᠷᠠᠭᠤᠯᠭ᠎ᠠ | 1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 2 ᠰᠠᠷ᠎ᠠ ᠳᠤ ᠰᠤᠮᠤ ᠪᠠᠯᠭᠠᠰᠤ ᠪᠠᠷ ᠨᠢᠭᠡᠴᠢ | ᠪᠣᠯᠭᠠᠭᠰᠠᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠵᠢᠴᠢ ᠲᠠᠷᠢᠶᠠᠴᠢᠨ ᠡᠷᠦᠬᠡ ᠶᠢᠨ ᠬᠦᠰᠡᠯ ᠰᠠᠨᠠᠭ᠎ᠠ ᠶᠢ | ᠴᠤᠭᠯᠠᠭᠤᠯᠵᠤ᠂ ᠲᠠᠷᠢᠶᠠᠴᠢᠨ ᠡᠷᠦᠬᠡ ᠶᠢ ᠬᠠᠮᠤᠷᠤᠭᠰᠠᠨ᠂ ᠪᠦᠲᠦᠭᠡᠨ ᠪᠠᠶᠢᠭᠤᠯᠤᠭᠰᠠᠨ ᠠᠭᠤᠯᠭ᠎ᠠ᠂ ᠲᠤᠭ᠎ᠠ | ᠬᠡᠮᠵᠢᠶ᠎ᠡ ᠵᠡᠷᠭᠡ ᠶᠢ ᠪᠠᠭᠲᠠᠭᠠᠨ᠎ᠠ᠃ | 2. ᠲᠥᠷᠥᠯ ᠵᠦᠢᠯ ᠢ ᠬᠡᠷᠡᠭᠵᠢᠭᠦᠯᠦᠨ᠎ᠡ᠄ 2023 ᠣᠨ ᠤ 3 ᠰᠠᠷ᠎ᠠ ᠠᠴᠠ 8 ᠰᠠᠷ᠎ᠠ ᠪᠣᠯᠲᠠᠯ᠎ᠠ ᠲᠥᠷᠥᠯ | ᠵᠦᠢᠯ ᠢ ᠬᠡᠷᠡᠭᠵᠢᠭᠦᠯᠬᠦ ᠱᠠᠲᠤ ᠦᠶ᠎ᠡ ᠪᠣᠯᠤᠨ᠎ᠠ᠂ ᠡᠭᠦᠨ ᠳᠤ ᠲᠠᠷᠢᠮᠠᠯ ᠤᠨ ᠲᠥᠷᠥᠯ ᠤᠨ ᠲᠥᠷᠥᠯ ᠵᠦᠢᠯ ᠢ 7 | ᠰᠠᠷ᠎ᠠ ᠠᠴᠠ ᠡᠮᠦᠨ᠎ᠡ ᠪᠡᠶᠡᠯᠡᠭᠦᠯᠦᠨ᠎ᠡ᠃ | 3. ᠰᠢᠯᠭᠠᠨ ᠠᠪᠬᠤ ᠪᠠ ᠰᠢᠯᠵᠢᠭᠦᠯᠦᠨ ᠲᠤᠰᠢᠶᠠᠬᠤ᠄ 2023 ᠣᠨ ᠤ 10 ᠰᠠᠷ᠎ᠠ ᠳᠤ ᠲᠥᠷᠥᠯ ᠵᠦᠢᠯ ᠢ | ᠰᠢᠯᠭᠠᠨ ᠠᠪᠬᠤ ᠶᠢ ᠪᠡᠶᠡᠯᠡᠭᠦᠯᠵᠦ᠂ ᠵᠡᠷᠭᠡ ᠪᠠᠷ ᠰᠢᠯᠵᠢᠭᠦᠯᠦᠨ ᠲᠤᠰᠢᠶᠠᠨ᠎ᠠ᠃ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠭᠦᠷᠭᠡ᠄ ︽ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠬᠦᠷᠢᠶ᠎ᠡ ᠬᠠᠰᠢᠶᠠᠨ ᠤ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠶᠢ | ᠵᠣᠷᠢᠭᠵᠢᠭᠤᠯᠬᠤ ᠪᠠ ᠬᠥᠲᠥᠯᠥᠨ ᠵᠢᠯᠣᠭᠤᠳᠬᠤ ᠲᠤᠬᠠᠢ ᠵᠢᠯᠣᠭᠤᠳᠬᠤ ᠰᠠᠨᠠᠯ︾ ᠤᠨ ᠬᠠᠮᠢᠶ᠎ᠠ ᠪᠦᠬᠦᠢ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠭᠤᠣᠯᠯᠠᠬᠤ ᠠᠵᠤ ᠦᠢᠯᠡᠰ ᠤᠨ | ᠰᠠᠭᠤᠷᠢ ᠪᠠ ᠨᠤᠲᠤᠭ ᠤᠨ ᠣᠨᠴᠠᠯᠢᠭ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ | ᠪᠠᠶᠢᠭᠠᠳ ᠣᠯᠠᠨ ᠵᠦᠢᠯ ᠤᠨ ᠲᠥᠷᠥᠯ ᠬᠡᠯᠪᠡᠷᠢ ᠶᠢᠨ ᠬᠦᠷᠢᠶ᠎ᠡ ᠬᠠᠰᠢᠶᠠᠨ ᠤ ᠠᠵᠤ ᠠᠬᠤᠢ ᠶᠢ ᠰᠦᠪᠡᠭᠴᠢᠯᠡᠨ | ᠬᠥᠭᠵᠢᠭᠦᠯᠦᠨ᠎ᠡ᠃ ᠬᠦᠷᠢᠶ᠎ᠡ ᠬᠠᠰᠢᠶ᠎ᠠ ᠶᠢᠨ ᠣᠨᠴᠠᠯᠢᠭᠲᠤ ᠲᠠᠷᠢᠮᠠᠯ ᠤᠨ ᠲᠠᠯ᠎ᠠ ᠪᠠᠷ ᠶᠡᠭᠡ ᠲᠠᠷᠢᠶᠠᠨ ᠤ ᠲᠠᠷᠢᠮᠠᠯ ᠲᠠᠢ | ᠵᠥᠷᠢᠶᠡᠴᠢᠯᠡᠭᠰᠡᠨ᠂ ᠬᠠᠷᠢᠯᠴᠠᠨ ᠨᠥᠬᠦᠪᠥᠷᠢᠯᠡᠬᠦ ᠴᠢᠨᠠᠷᠲᠠᠢ ᠬᠥᠭᠵᠢᠯᠲᠡ ᠶᠢ ᠪᠡᠶᠡᠯᠡᠭᠦᠯᠵᠦ ᠪᠣᠯᠬᠤ ᠣᠨᠴᠠᠯᠢᠭᠲᠤ | ᠠᠵᠤ ᠠᠬᠤᠢ ᠶᠢᠨ ᠲᠠᠷᠢᠮᠠᠯ ᠲᠠᠷᠢᠬᠤ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ︔ ᠬᠦᠷᠢᠶ᠎ᠡ ᠬᠠᠰᠢᠶ᠎ᠠ ᠶᠢᠨ | ᠣᠨᠴᠠᠯᠢᠭᠲᠤ ᠲᠡᠵᠢᠭᠡᠨ ᠦᠷᠡᠵᠢᠭᠦᠯᠬᠦ ᠲᠠᠯ᠎ᠠ ᠪᠠᠷ ᠮᠠᠯᠵᠢᠬᠤ ᠲᠠᠷᠢᠶᠠᠯᠠᠬᠤ ᠡᠷᠦᠬᠡ ᠶᠢᠨ ᠬᠦᠷᠢᠶ᠎ᠡ ᠬᠠᠰᠢᠶ᠎ᠠ ᠶᠢᠨ | ᠳᠣᠲᠣᠷᠠᠬᠢ ᠬᠥᠮᠦᠨ ᠮᠠᠯ ᠢ ᠰᠠᠯᠭᠠᠬᠤ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ︔ ᠬᠦᠷᠢᠶ᠎ᠡ ᠬᠠᠰᠢᠶ᠎ᠠ ᠶᠢᠨ | ᠣᠨᠴᠠᠯᠢᠭᠲᠤ ᠭᠠᠷ ᠤᠷᠠᠯᠠᠯ ᠤᠨ ᠲᠠᠯ᠎ᠠ ᠪᠠᠷ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ᠂ | ᠪᠦᠲᠦᠭᠡᠭᠳᠡᠬᠦᠨ ᠤ ᠢᠯᠡ ᠲᠣᠳᠣ ᠣᠨᠴᠠᠯᠢᠭ ᠲᠠᠢ ᠪᠥᠭᠡᠳ ᠵᠠᠬ᠎ᠠ ᠳᠡᠯᠭᠡᠭᠦᠷ ᠤᠨ ᠠᠩᠬ᠎ᠠ ᠠᠯᠬᠤᠮ ᠬᠡᠪᠴᠢᠶᠡᠵᠢᠭᠰᠡᠨ | ᠣᠨᠴᠠᠯᠢᠭᠲᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ︔ | ᠣᠨᠴᠠᠯᠢᠭᠲᠤ ᠰᠡᠯᠡᠭᠦᠴᠡᠯ ᠵᠢᠭᠤᠯᠴᠢᠯᠠᠯ ᠤᠨ ᠲᠠᠯ᠎ᠠ ᠪᠠᠷ ᠰᠡᠯᠡᠭᠦᠴᠡᠯ ᠤᠨ ᠲᠠᠷᠢᠶᠠᠯᠠᠩ᠂ ᠠᠷᠠᠳ ᠤᠨ ᠣᠷᠣᠨ | ᠰᠠᠭᠤᠴᠠ ᠶᠢᠨ ᠵᠢᠭᠤᠯᠴᠢᠯᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ᠠᠭᠤᠰᠤᠯᠴᠠᠨ ᠬᠥᠭᠵᠢᠬᠦ᠂ ᠴᠢᠳᠠᠮᠵᠢ | ᠣᠯᠠᠨ ᠶᠠᠩᠵᠤ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ᠃ ᠳᠡᠭᠡᠷᠡᠬᠢ ᠲᠥᠷᠥᠯ ᠬᠡᠯᠪᠡᠷᠢ ᠶᠢᠨ ᠴᠢᠨᠠᠷ | ᠰᠠᠶᠢᠲᠠᠢ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠢ ᠢᠳᠡᠪᠬᠢᠲᠡᠢ ᠬᠥᠭᠵᠢᠭᠦᠯᠦᠭᠰᠡᠨ ᠮᠠᠯᠵᠢᠬᠤ | ᠲᠠᠷᠢᠶᠠᠯᠠᠬᠤ ᠡᠷᠦᠬᠡ ᠳᠤ ᠵᠥᠷᠢᠶᠡᠴᠢᠯᠡᠭᠰᠡᠨ ᠨᠥᠬᠦᠪᠥᠷᠢ ᠳᠡᠮᠵᠢᠯᠭᠡ ᠦᠵᠡᠭᠦᠯᠦᠨ᠎ᠡ᠃ ᠡᠯ᠎ᠡ ᠰᠤᠮᠤ ᠪᠠᠯᠭᠠᠰᠤ ᠴᠢᠨᠠᠷ | ᠰᠠᠶᠢᠲᠠᠢ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠶᠢ ᠥᠷᠭᠡᠨ ᠣᠯᠠᠨ ᠮᠠᠯᠴᠢᠨ ᠲᠠᠷᠢᠶᠠᠴᠢᠨ | ᠲᠦᠮᠡᠨ ᠤ ᠣᠷᠣᠯᠭ᠎ᠠ ᠶᠢᠨ ᠢᠷᠡᠯᠲᠡ ᠶᠢ ᠦᠷᠭᠦᠯᠵᠢᠯᠡᠨ ᠨᠡᠮᠡᠭᠳᠡᠭᠦᠯᠬᠦ ᠴᠢᠬᠤᠯᠠ ᠭᠠᠷᠳᠠᠴᠠ ᠪᠣᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠪᠠᠷ ᠳᠠᠮᠵᠢᠭᠤᠯᠤᠨ᠂ ᠬᠦᠷᠢᠶ᠎ᠡ ᠬᠠᠰᠢᠶᠠᠨ ᠤ ᠠᠵᠤ ᠠᠬᠤᠢ ᠶᠢᠨ | ᠬᠤᠭᠤᠰᠣᠨ ᠡᠷᠦᠬᠡ ᠪᠠ ᠰᠤᠯᠠ ᠪᠠᠶᠢᠭ᠎ᠠ ᠡᠷᠦᠬᠡ ᠶᠢ ᠬᠦᠴᠦᠯᠡᠨ ᠠᠷᠢᠯᠭᠠᠵᠤ᠂ ᠨᠥᠬᠦᠴᠡᠯ ᠲᠠᠢ ᠭᠠᠴᠠᠭ᠎ᠠ ᠲᠣᠰᠬᠤᠨ | ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠷᠢᠳᠠᠪᠠᠷ ᠳᠡᠮᠵᠢᠵᠦ᠂ | ︽ᠨᠢᠭᠡ ᠰᠢᠶᠠᠩ ᠨᠢᠭᠡ ᠦᠢᠯᠡᠰ᠂ ᠨᠢᠭᠡ ᠲᠣᠰᠬᠤᠨ ᠨᠢᠭᠡ ᠦᠢᠯᠡᠳᠬᠦᠨ︾ ᠤ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠣᠢ ᠪᠣᠯᠭᠠᠬᠤ ᠬᠡᠷᠡᠭᠲᠡᠢ᠃ 2023 ᠣᠨ ᠳᠤ᠂ ᠪᠦᠬᠦ ᠬᠤᠰᠢᠭᠤᠨ ᠤ ᠬᠦᠷᠢᠶ᠎ᠡ ᠬᠠᠰᠢᠶᠠᠨ ᠤ ᠠᠵᠤ | ᠠᠬᠤᠢ ᠶᠢᠨ ᠲᠥᠷᠥᠯ ᠵᠦᠢᠯ ᠢ 9320 ᠨᠠᠶᠢᠳᠠᠪᠤᠷᠢᠵᠢᠭᠤᠯᠬᠤ ᠪᠠᠷ ᠴᠢᠷᠮᠠᠶᠢᠵᠤ᠂ ᠡᠭᠦᠨ ᠳᠤ 7259 | ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠭᠰᠡᠨ ᠡᠷᠦᠬᠡ ᠶᠢᠨ ᠬᠦᠷᠢᠶ᠎ᠡ ᠬᠠᠰᠢᠶᠠᠨ ᠤ ᠠᠵᠤ ᠠᠬᠤᠢ ᠶᠢ | ᠨᠡᠶᠢᠳᠡᠮ ᠪᠦᠷᠬᠦᠭᠦᠯᠪᠡ᠃ ︵ᠡᠯ᠎ᠡ ᠰᠤᠮᠤ ᠪᠠᠯᠭᠠᠰᠤ ᠶᠢᠨ ᠬᠠᠷᠠᠯᠲᠠᠲᠤ ᠡᠭᠦᠷᠭᠡ ᠶᠢ ᠳᠠᠭᠠᠯᠳᠤᠭᠤᠯᠤᠯ 1 ᠳᠤ ᠨᠠᠷᠢᠨ | ᠦᠵᠡᠭᠡᠷᠡᠢ︶ | ︵ᠳᠣᠯᠤᠭ᠎ᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠡᠯ᠎ᠡ ᠱᠠᠲᠤᠨ ᠤ ᠪᠡᠯᠡ | ᠮᠥᠩᠭᠦ ᠶᠢ ᠵᠣᠯᠭᠠᠭᠤᠯᠬᠤ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠵᠢᠴᠢ ᠵᠡᠭᠦᠨ | ᠪᠠᠷᠠᠭᠤᠨ ᠣᠷᠣᠨ ᠤ ᠬᠠᠮᠵᠢᠯᠴᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ᠂ ᠨᠡᠶᠢᠲᠡ 4000 ᠲᠦᠮᠡᠨ ᠲᠥᠭᠦᠷᠢᠭ | ᠪᠣᠯᠤᠨ᠎ᠠ᠃ | ︵ᠨᠠᠢᠮᠠ︶ ᠱᠠᠩᠨᠠᠵᠤ ᠲᠤᠰᠠᠯᠠᠬᠤ ᠪᠠᠷᠢᠮᠵᠢᠶ᠎ᠠ ᠵᠢᠴᠢ ᠠᠷᠭ᠎ᠠ ᠮᠠᠶ᠋ᠢᠭ᠄ | 1. ᠲᠥᠷᠥᠯ ᠵᠦᠢᠯ ᠤᠨ ᠱᠠᠩᠨᠠᠯ ᠨᠥᠬᠦᠪᠥᠷᠢ ᠳᠤ ᠵᠥᠷᠢᠶᠡᠴᠢᠯᠡᠭᠰᠡᠨ ᠨᠥᠬᠦᠪᠥᠷᠢ ᠶᠢᠨ ᠪᠠᠷᠢᠮᠵᠢᠶ᠎ᠠ | ᠲᠣᠬᠢᠷᠠᠭᠤᠯᠤᠨ᠂ ᠮᠠᠯᠴᠢᠨ ᠲᠠᠷᠢᠶᠠᠴᠢᠨ ᠡᠷᠦᠬᠡ ᠶᠢᠨ ᠥᠪᠡᠰᠦᠪᠡᠨ ᠡᠵᠡᠨ ᠮᠡᠳᠡᠵᠦ ᠰᠣᠩᠭᠤᠭᠰᠠᠨ ᠬᠦᠷᠢᠶ᠎ᠡ | ᠬᠠᠰᠢᠶ᠎ᠠ ᠶᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠵᠢᠴᠢ ᠬᠡᠪᠴᠢᠶ᠎ᠡ ᠶᠢ ᠦᠨᠳᠦᠰᠦᠯᠡᠨ᠂ | ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ | ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠱᠠᠩᠨᠠᠵᠤ ᠨᠥᠬᠦᠪᠥᠷᠢᠯᠡᠬᠦ ᠭᠠᠷᠴᠠᠭ︾ ︵ | ᠳᠠᠭᠠᠯᠳᠤᠭᠤᠯᠤᠯ 2.2︶ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠱᠠᠩᠨᠠᠵᠤ ᠨᠥᠬᠦᠪᠥᠷᠢᠯᠡᠬᠦ ᠵᠣᠭᠤᠰ ᠤᠨ | ᠲᠤᠭ᠎ᠠ ᠶᠢ ᠪᠣᠳᠣᠵᠤ᠂ ᠡᠷᠦᠬᠡ ᠪᠦᠷᠢ ᠳᠤ 5000 ᠲᠥᠭᠦᠷᠢᠭ ᠤᠨ ᠨᠥᠬᠦᠪᠥᠷᠢ ᠥᠭᠴᠦ᠂ ᠶᠠᠳᠠᠭᠤ ᠠᠴᠠ | ᠠᠩᠭᠢᠵᠢᠷᠠᠭᠰᠠᠨ ᠡᠷᠦᠬᠡ ᠶᠢᠨ ᠡᠷᠦᠬᠡ ᠪᠦᠷᠢ ᠳᠤ 4500 ᠲᠥᠭᠦᠷᠢᠭ ᠤᠨ ᠨᠥᠬᠦᠪᠥᠷᠢ ᠥᠭᠴᠦ᠂ ᠡᠩ ᠤᠨ | ᠲᠠᠷᠢᠶᠠᠴᠢᠨ ᠡᠷᠦᠬᠡ ᠶᠢᠨ ᠡᠷᠦᠬᠡ ᠪᠦᠷᠢ ᠳᠤ ᠨᠥᠬᠦᠪᠥᠷᠢ ᠥᠭᠬᠦ ᠳᠡᠭᠡᠷ᠎ᠡ ᠲᠠᠯ᠎ᠠ ᠶᠢᠨ ᠬᠢᠵᠠᠭᠠᠷ ᠨᠢ 3600 | ᠲᠥᠭᠦᠷᠢᠭ ᠪᠣᠯᠤᠨ᠎ᠠ᠃ | 2. ᠲᠥᠷᠥᠯ ᠵᠦᠢᠯ ᠢ ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ ᠬᠡᠯᠪᠡᠷᠢ ᠪᠠᠷ ᠨᠠᠶᠢᠳᠠᠪᠤᠷᠢᠵᠢᠭᠤᠯᠵᠤ᠂ | ᠲᠠᠷᠢᠶᠠᠴᠢᠨ ᠡᠷᠦᠭᠡ ᠥᠪᠡᠷ ᠤᠨ ᠬᠦᠷᠢᠶ᠎ᠡ ᠬᠠᠰᠢᠶᠠᠨ ᠳᠠᠭᠠᠨ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ | ᠵᠦᠢᠯ ᠢᠶᠠᠨ ᠬᠥᠭᠵᠢᠭᠦᠯᠵᠦ᠂ ᠭᠠᠴᠠᠭ᠎ᠠ᠂ ᠰᠤᠮᠤ ᠪᠠᠯᠭᠠᠰᠤᠨ ᠤ ᠰᠢᠯᠭᠠᠨ ᠪᠠᠶᠢᠴᠠᠭᠠᠯᠲᠠ ᠶᠢ ᠥᠩᠭᠡᠷᠡᠭᠦᠯᠦᠭᠰᠡᠨ ᠤ | ᠳᠠᠷᠠᠭ᠎ᠠ ᠱᠠᠩᠨᠠᠯ ᠨᠥᠬᠦᠪᠥᠷᠢ ᠶᠢᠨ ᠪᠡᠯᠡ ᠮᠥᠩᠭᠦ ᠣᠯᠭᠤᠨ᠎ᠠ᠃ | 3. ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ | ᠦᠷᠭᠦᠯᠵᠢᠯᠡᠨ ᠨᠡᠮᠡᠭᠳᠡᠭᠦᠯᠬᠦ ᠬᠠᠷᠠᠯᠲᠠ ᠶᠢ ᠠᠬᠢᠭᠤᠯᠬᠤ ᠶᠢᠨ ᠲᠥᠯᠥᠭᠡ᠂ ᠱᠠᠩᠨᠠᠵᠤ ᠨᠥᠬᠦᠪᠥᠷᠢᠯᠡᠬᠦ ᠭᠠᠷᠴᠠᠭ ᠢᠶᠠᠷ | ᠯᠠᠪᠯᠠᠯᠲᠠ ᠪᠣᠯᠭᠠᠵᠤ 500 ᠲᠥᠭᠦᠷᠢᠭ ᠠᠴᠠ ᠳᠣᠣᠷ᠎ᠠ ᠪᠠᠶᠢᠪᠠᠯ ᠱᠠᠩᠨᠠᠵᠤ ᠨᠥᠬᠦᠪᠥᠷᠢᠯᠡᠬᠦ ᠦᠭᠡᠢ᠂ ᠨᠥᠬᠦᠪᠥᠷᠢ ᠶᠢᠨ | ᠳᠡᠭᠡᠳᠦ ᠬᠢᠵᠠᠭᠠᠷ ᠠᠴᠠ ᠳᠠᠪᠠᠭᠰᠠᠨ ᠬᠡᠰᠡᠭ ᠠᠴᠠ ᠱᠠᠩᠨᠠᠯ ᠨᠥᠬᠦᠪᠥᠷᠢ ᠥᠭᠬᠦ ᠦᠭᠡᠢ︔ ᠲᠥᠷᠥᠯ ᠵᠦᠢᠯ ᠤᠨ | ᠱᠠᠭᠠᠷᠳᠠᠯᠭ᠎ᠠ ᠶᠢ ᠰᠢᠯᠭᠠᠨ ᠠᠪᠬᠤ ᠳᠤ ᠬᠢᠷᠢ ᠲᠡᠩᠴᠡᠵᠦ᠂ ᠡᠳᠡᠭᠡᠷᠡᠭᠰᠡᠨ᠂ ᠦᠷ᠎ᠡ ᠠᠰᠢᠭ ᠲᠠᠢ ᠪᠣᠯᠭᠠᠬᠤ ᠶᠢᠨ | ᠲᠥᠯᠥᠭᠡ ᠢᠯᠠᠭᠳᠠᠭᠰᠠᠨ ᠲᠥᠷᠥᠯ ᠵᠦᠢᠯ ᠤᠨ ᠡᠷᠦᠬᠡ ᠠᠴᠠ ᠱᠠᠩᠨᠠᠯ ᠨᠥᠬᠦᠪᠥᠷᠢ ᠶᠢᠨ ᠪᠡᠯᠡ ᠮᠥᠩᠭᠦ ᠣᠯᠭᠤᠵᠤ | ᠪᠣᠯᠬᠤ ᠦᠭᠡᠢ᠃ | ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ | ᠡᠯ᠎ᠡ ᠰᠤᠮᠤ ᠪᠠᠯᠭᠠᠰᠤ ᠨᠢ ᠲᠤᠰ ᠬᠡᠷᠡᠭᠵᠢᠭᠦᠯᠬᠦ ᠲᠥᠰᠦᠯ ᠢ ᠦᠨᠳᠦᠰᠦᠯᠡᠨ᠂ ᠰᠤᠮᠤ ᠪᠠᠯᠭᠠᠰᠤ ᠪᠠᠷ ᠨᠢᠭᠡᠴᠢ | ᠪᠣᠯᠭᠠᠨ ᠡᠯ᠎ᠡ ᠰᠤᠮᠤ ᠪᠠᠯᠭᠠᠰᠤ ᠶᠢᠨ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠭᠠᠴᠠᠭ᠎ᠠ ᠭᠤᠶᠤᠴᠢᠯᠠᠨ | ᠮᠡᠳᠡᠭᠦᠯᠬᠦ᠂ ᠰᠤᠮᠤ ᠪᠠᠯᠭᠠᠰᠤ ᠬᠢᠨᠠᠨ ᠬᠠᠷᠭᠤᠭᠤᠯᠬᠤ᠂ ᠬᠤᠰᠢᠭᠤ ᠬᠢᠨᠠᠨ ᠵᠥᠪᠰᠢᠶᠡᠷᠡᠬᠦ᠂ ᠰᠤᠮᠤ ᠪᠠᠯᠭᠠᠰᠤ ᠵᠣᠬᠢᠶᠠᠨ | ᠪᠠᠶᠢᠭᠤᠯᠤᠨ ᠬᠡᠷᠡᠭᠵᠢᠭᠦᠯᠬᠦ ᠳᠡᠰ ᠳᠠᠷᠠᠭᠠᠯᠠᠯ ᠤᠨ ᠶᠣᠰᠣᠭᠠᠷ ᠲᠥᠷᠥᠯ ᠵᠦᠢᠯ ᠢ ᠨᠠᠶᠢᠳᠠᠪᠤᠷᠢᠵᠢᠭᠤᠯᠤᠨ᠎ᠠ᠃ | 1. ᠭᠠᠴᠠᠭ᠎ᠠ ᠮᠡᠳᠡᠭᠦᠯᠦᠨ᠎ᠡ᠃ ᠭᠠᠴᠠᠭ᠎ᠠ ᠱᠠᠩᠨᠠᠯ ᠨᠥᠬᠦᠪᠥᠷᠢ ᠶᠢᠨ ᠭᠠᠷᠴᠠᠭ ᠤᠨ ᠲᠣᠭᠲᠠᠭᠠᠯ ᠢ ᠦᠨᠳᠦᠰᠦᠯᠡᠨ | ᠂ ᠴᠢᠨᠠᠷ ᠰᠠᠶᠢᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠮᠠᠯᠴᠢᠨ ᠲᠠᠷᠢᠶᠠᠴᠢᠨ ᠡᠷᠦᠬᠡ ᠶᠢᠨ ᠲᠥᠷᠥᠯ ᠵᠦᠢᠯ ᠤᠨ ᠬᠡᠷᠡᠭᠵᠢᠭᠦᠯᠬᠦ | ᠰᠠᠨᠠᠯ ᠢ ᠵᠣᠬᠢᠶᠠᠨ ᠪᠠᠶᠢᠭᠤᠯᠤᠨ ᠬᠤᠷᠢᠶᠠᠵᠤ᠂ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 | ᠣᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠲᠥᠷᠥᠯ ᠵᠦᠢᠯ ᠤᠨ ᠬᠦᠰᠡᠯ | ᠰᠠᠨᠠᠭᠠᠨ ᠤ ᠬᠦᠰᠦᠨᠦᠭᠲᠦ︾ ᠶᠢ ᠲᠠᠭᠯᠠᠬᠤ ᠶᠢᠨ ᠬᠠᠮᠲᠤ ᠮᠠᠯᠴᠢᠨ ᠲᠠᠷᠢᠶᠠᠴᠢᠨ ᠤ ᠬᠥᠭᠵᠢᠯᠲᠡ ᠶᠢᠨ ᠬᠦᠰᠡᠯ | ᠰᠠᠨᠠᠭ᠎ᠠ ᠶᠢ ᠬᠤᠷᠢᠶᠠᠩᠭᠤᠶᠢᠯᠠᠭᠰᠠᠨ ᠤ ᠳᠠᠷᠠᠭ᠎ᠠ᠂ ᠭᠠᠴᠠᠭᠠᠨ ᠤ ᠴᠢᠨᠠᠷ ᠰᠠᠶᠢᠲᠠᠢ ᠬᠦᠷᠢᠶ᠎ᠡ ᠬᠠᠰᠢᠶ᠎ᠠ ᠶᠢᠨ ᠠᠵᠤ | ᠠᠬᠤᠢ ᠶᠢᠨ ᠲᠥᠯᠥᠪᠯᠡᠭᠡ ᠶᠢ ᠬᠡᠷᠡᠭᠵᠢᠭᠦᠯᠵᠦ᠂ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ | ᠬᠢᠨᠠᠨ ᠵᠥᠪᠯᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠢᠯᠡ ᠨᠡᠶᠢᠲᠡᠯᠡᠵᠦ᠂ ᠢᠯᠡ ᠨᠡᠶᠢᠲᠡᠯᠡᠭᠡᠳ ᠣᠨᠳᠣᠣ ᠰᠠᠨᠠᠯ | ᠦᠭᠡᠢ ᠪᠣᠯ ᠰᠤᠮᠤ ᠪᠠᠯᠭᠠᠰᠤᠨ ᠳᠤ ᠮᠡᠳᠡᠭᠦᠯᠦᠨ ᠬᠢᠨᠠᠨ ᠬᠠᠷᠭᠤᠭᠤᠯᠵᠤ ᠳᠠᠩᠰᠠᠯᠠᠭᠤᠯᠤᠨ᠎ᠠ᠃ | 2. ᠰᠤᠮᠤ ᠪᠠᠯᠭᠠᠰᠤ ᠬᠢᠨᠠᠨ ᠬᠠᠷᠭᠤᠭᠤᠯᠤᠨ᠎ᠠ᠃ ᠰᠤᠮᠤ ᠪᠠᠯᠭᠠᠰᠤ ᠨᠢ ᠡᠯ᠎ᠡ ᠭᠠᠴᠠᠭᠠᠨ ᠤ ᠳᠡᠭᠡᠭᠰᠢ | ᠮᠡᠳᠡᠭᠦᠯᠦᠭᠰᠡᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠲᠥᠯᠥᠪᠯᠡᠭᠡ ᠶᠢ | ᠬᠤᠷᠢᠶᠠᠩᠭᠤᠶᠢᠯᠠᠭᠰᠠᠨ ᠤ ᠳᠠᠷᠠᠭ᠎ᠠ᠂ ᠰᠤᠮᠤ ᠪᠠᠯᠭᠠᠰᠤᠨ ᠤ ᠴᠢᠨᠠᠷ ᠰᠠᠶᠢᠲᠠᠢ ᠬᠥᠭᠵᠢᠭᠦᠯᠬᠦ ᠬᠦᠷᠢᠶ᠎ᠡ ᠬᠠᠰᠢᠶ᠎ᠠ ᠶᠢᠨ | ᠠᠵᠤ ᠠᠬᠤᠢ ᠶᠢᠨ ᠲᠥᠷᠥᠯ ᠵᠦᠢᠯ ᠤᠨ ᠣᠨ ᠤ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠰᠤᠮᠤ | ᠪᠠᠯᠭᠠᠰᠤᠨ ᠤ ᠬᠤᠷᠠᠯ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠤᠮᠤ ᠪᠠᠯᠭᠠᠰᠤᠨ ᠳᠤ ᠢᠯᠡ ᠨᠡᠶᠢᠲᠡᠯᠡᠬᠦ ᠳᠡᠰ | ᠳᠠᠷᠠᠭᠠᠯᠠᠯ ᠢ ᠭᠦᠢᠴᠡᠳᠬᠡᠵᠦ᠂ ᠨᠡᠶᠢᠲᠡ ᠳᠤ ᠵᠠᠷᠯᠠᠬᠤ ᠳᠤ ᠣᠨᠳᠣᠣ ᠰᠠᠨᠠᠯ ᠦᠭᠡᠢ ᠪᠣᠯ ᠬᠡᠷᠡᠭᠵᠢᠭᠦᠯᠬᠦ ᠲᠥᠰᠦᠯ ᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠳᠤ ᠮᠡᠳᠡᠭᠦᠯᠦᠨ ᠬᠦᠷᠭᠡᠵᠦ ᠬᠢᠨᠠᠨ ᠬᠠᠷᠭᠤᠭᠤᠯᠵᠤ᠂ | ᠣᠨᠳᠣᠣ ᠰᠠᠨᠠᠯ ᠦᠭᠡᠢ ᠪᠣᠯ ᠬᠤᠰᠢᠭᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ | ᠵᠥᠪᠰᠢᠶᠡᠷᠡᠭᠦᠯᠦᠨ᠎ᠡ᠃ | 3. ᠬᠤᠰᠢᠭᠤᠨ ᠠᠴᠠ ᠬᠢᠨᠠᠨ ᠵᠥᠪᠰᠢᠶᠡᠷᠡᠨ᠎ᠡ᠃ ᠬᠤᠰᠢᠭᠤᠨ ᠤ ᠵᠠᠰᠠᠭ ᠤᠨ ᠣᠷᠳᠣᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠯ᠎ᠡ ᠰᠤᠮᠤ ᠪᠠᠯᠭᠠᠰᠤᠨ ᠤ ᠳᠡᠭᠡᠭᠰᠢ ᠮᠡᠳᠡᠭᠦᠯᠦᠭᠰᠡᠨ ᠬᠡᠷᠡᠭᠵᠢᠭᠦᠯᠬᠦ | ᠲᠥᠰᠦᠯ ᠢ ᠣᠯᠤᠭᠰᠠᠨ ᠤ ᠳᠠᠷᠠᠭ᠎ᠠ᠂ ᠡᠯ᠎ᠡ ᠰᠤᠮᠤ ᠪᠠᠯᠭᠠᠰᠤᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠴᠢᠨᠠᠷ | ᠰᠠᠶᠢᠲᠠᠢ ᠬᠥᠭᠵᠢᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠴᠠᠭ ᠲᠤᠬᠠᠢ ᠳᠤᠨᠢ ᠬᠢᠨᠠᠨ | ᠬᠠᠷᠭᠤᠭᠤᠯᠬᠤ ᠶᠢᠨ ᠬᠠᠮᠲᠤ ᠬᠤᠰᠢᠭᠤ ᠰᠢᠶᠠᠨ ᠤ ᠡᠭᠦᠳᠡ ᠡᠷᠦᠬᠡ ᠶᠢᠨ ᠭᠠᠷ ᠭᠦᠢᠴᠡᠳᠬᠡᠯ ᠢᠶᠠᠨ ᠭᠦᠢᠴᠡᠳᠬᠡᠵᠦ᠂ | ᠵᠠᠷᠯᠠᠨ ᠨᠡᠶᠢᠲᠡᠯᠡᠭᠡᠳ ᠣᠨᠳᠣᠣ ᠰᠠᠨᠠᠯ ᠦᠭᠡᠢ ᠪᠣᠯ ᠰᠤᠮᠤ ᠪᠠᠯᠭᠠᠰᠤᠨ ᠳᠤ ᠵᠢᠩᠬᠢᠨᠢ ᠪᠠᠷ ᠪᠢᠴᠢᠭ ᠮᠠᠲ᠋ᠧᠷᠢᠶᠠᠯ | ᠪᠠᠭᠤᠯᠭᠠᠨ᠎ᠠ᠃ | 4. ᠰᠤᠮᠤ ᠪᠠᠯᠭᠠᠰᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠤᠮᠤ ᠪᠠᠯᠭᠠᠰᠤ ᠴᠣᠬᠤᠯᠠᠪᠣᠷᠢᠯᠠᠭᠰᠠᠨ | ᠪᠢᠴᠢᠭ ᠮᠠᠲ᠋ᠧᠷᠢᠶᠠᠯ ᠢ ᠣᠯᠤᠭᠰᠠᠨ ᠤ ᠳᠠᠷᠠᠭ᠎ᠠ᠂ ᠰᠤᠮᠤ ᠪᠠᠯᠭᠠᠰᠤ ᠠᠴᠠ ᠴᠣᠬᠤᠯᠠᠪᠣᠷᠢᠯᠠᠭᠰᠠᠨ ᠬᠡᠷᠡᠭᠵᠢᠭᠦᠯᠬᠦ | ᠲᠥᠰᠦᠯ ᠪᠠ ᠭᠠᠴᠠᠭ᠎ᠠ ᠲᠣᠰᠬᠤᠨ ᠠᠴᠠ ᠴᠢᠨᠠᠷ ᠰᠠᠶᠢᠲᠠᠢ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠲᠥᠷᠥᠯ | ᠵᠦᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠭᠠᠴᠠᠭ᠎ᠠ ᠶᠢ ᠵᠢᠯᠣᠭᠤᠳᠤᠨ ᠮᠠᠯᠵᠢᠬᠤ ᠲᠠᠷᠢᠶᠠᠯᠠᠬᠤ ᠡᠷᠦᠬᠡ ᠶᠢ | ᠵᠣᠬᠢᠶᠠᠨ ᠪᠠᠶᠢᠭᠤᠯᠵᠤ ᠥᠪᠡᠰᠦᠪᠡᠨ ᠬᠡᠷᠡᠭᠵᠢᠭᠦᠯᠦᠨ᠎ᠡ᠃ ᠡᠭᠦᠨ ᠳᠤ᠂ ᠪᠦᠬᠦᠯᠢ ᠡᠷᠦᠬᠡ ᠨᠢ ᠬᠥᠳᠡᠯᠮᠦᠷᠢᠯᠡᠬᠦ | ᠴᠢᠳᠠᠪᠤᠷᠢ ᠦᠭᠡᠢ ᠮᠠᠯᠵᠢᠬᠤ ᠲᠠᠷᠢᠶᠠᠯᠠᠬᠤ ᠡᠷᠦᠬᠡ ᠳᠤ᠂ ᠥᠮᠴᠢᠯᠡᠬᠦ ᠡᠷᠬᠡ ᠶᠢ ᠨᠢ ᠬᠤᠪᠢᠷᠠᠭᠤᠯᠬᠤ ᠦᠭᠡᠢ ᠰᠠᠭᠤᠷᠢᠨ | ᠳᠡᠭᠡᠷ᠎ᠡ᠂ ᠣᠷᠣᠯᠠᠨ ᠳᠠᠷᠢᠵᠤ ᠣᠷᠣᠯᠠᠨ ᠬᠠᠮᠢᠶᠠᠷᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠤᠰᠤᠳ ᠮᠠᠯᠵᠢᠬᠤ | ᠲᠠᠷᠢᠶᠠᠯᠠᠬᠤ ᠡᠷᠦᠬᠡ ᠶᠢ ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠵᠤ ᠪᠣᠯᠤᠨ᠎ᠠ᠂ ᠲᠡᠳᠡᠨ ᠤ ᠨᠥᠬᠦᠪᠥᠷᠢ ᠪᠡᠯᠡ | ᠮᠥᠩᠭᠦ ᠶᠢ ᠪᠦᠲᠦᠭᠡᠨ ᠪᠠᠶᠢᠭᠤᠯᠤᠭᠴᠢ ᠳᠤ ᠥᠮᠴᠢᠯᠡᠭᠦᠯᠵᠦ᠂ ᠰᠡᠭᠦᠯᠴᠢ ᠶᠢᠨ ᠬᠤᠭᠤᠴᠠᠭᠠᠨ ᠤ ᠡᠵᠡᠩᠨᠡᠯᠲᠡ ᠶᠢᠨ | ᠠᠰᠢᠭ ᠣᠯᠵᠠᠪᠤᠷᠢ ᠶᠢ ᠡᠷᠦᠬᠡ ᠳᠤ ᠥᠮᠴᠢᠯᠡᠭᠦᠯᠦᠨ᠎ᠡ︔ ᠬᠤᠭᠤᠰᠣᠨ ᠡᠷᠦᠬᠡ ᠪᠠ ᠰᠤᠯᠠ ᠪᠠᠶᠢᠭ᠎ᠠ ᠬᠦᠷᠢᠶ᠎ᠡ | ᠬᠠᠰᠢᠶ᠎ᠠ ᠶᠢ ᠭᠠᠴᠠᠭᠠᠨ ᠤ ᠬᠠᠮᠲᠤ ᠠᠴᠠ ᠨᠢᠭᠡᠳᠦᠯᠲᠡᠢ ᠡᠷᠭᠢᠯᠳᠦᠭᠦᠯᠵᠦ᠂ ᠥᠮᠴᠢᠯᠡᠬᠦ ᠡᠷᠬᠡ ᠶᠢ ᠨᠢ ᠬᠤᠪᠢᠷᠠᠭᠤᠯᠬᠤ | ᠦᠭᠡᠢ ᠰᠠᠭᠤᠷᠢᠨ ᠳᠡᠭᠡᠷ᠎ᠡ᠂ ᠣᠷᠣᠯᠠᠨ ᠳᠠᠷᠢᠵᠤ ᠣᠷᠣᠯᠠᠨ ᠬᠠᠮᠢᠶᠠᠷᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠬᠥᠳᠡᠯᠮᠦᠷᠢᠯᠡᠬᠦ ᠴᠢᠳᠠᠪᠤᠷᠢ ᠲᠠᠢ ᠡᠷᠦᠬᠡ ᠶᠢ ᠵᠣᠬᠢᠶᠠᠨ ᠪᠠᠶᠢᠭᠤᠯᠤᠨ ᠪᠦᠲᠦᠭᠡᠨ ᠪᠠᠶᠢᠭᠤᠯᠵᠤ᠂ ᠲᠡᠳᠡᠨ ᠤ ᠨᠥᠬᠦᠪᠥᠷᠢ | ᠪᠡᠯᠡ ᠮᠥᠩᠭᠦ ᠨᠢ ᠪᠦᠲᠦᠭᠡᠨ ᠪᠠᠶᠢᠭᠤᠯᠤᠭᠴᠢ ᠳᠤ ᠥᠮᠴᠢᠯᠡᠭᠳᠡᠵᠦ᠂ ᠰᠡᠭᠦᠯᠴᠢ ᠶᠢᠨ ᠬᠤᠭᠤᠴᠠᠭᠠᠨ ᠤ | ᠡᠵᠡᠩᠨᠡᠯᠲᠡ ᠶᠢᠨ ᠠᠰᠢᠭ ᠣᠷᠣᠯᠭ᠎ᠠ ᠨᠢ ᠭᠠᠴᠠᠭ᠎ᠠ ᠲᠣᠰᠬᠤᠨ ᠤ ᠬᠠᠮᠲᠤ ᠶᠢᠨ ᠥᠮᠴᠢᠯᠡᠯ ᠪᠣᠯᠤᠨ᠎ᠠ᠃ ᠲᠥᠷᠥᠯ | ᠵᠦᠢᠯ ᠢ ᠬᠡᠷᠡᠭᠵᠢᠭᠦᠯᠵᠦ ᠳᠠᠭᠤᠰᠤᠭᠰᠠᠨ ᠤ ᠳᠠᠷᠠᠭ᠎ᠠ᠂ ᠭᠠᠴᠠᠭ᠎ᠠ ᠨᠢ ᠡᠯ᠎ᠡ ᠡᠷᠦᠬᠡ ᠶᠢᠨ ᠴᠢᠨᠠᠷ ᠰᠠᠶᠢᠲᠠᠢ ᠬᠦᠷᠢᠶ᠎ᠡ | ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠢ ᠠᠩᠬ᠎ᠠ ᠰᠢᠯᠭᠠᠨ ᠪᠠᠶᠢᠴᠠᠭᠠᠵᠤ᠂ ᠰᠢᠯᠭᠠᠨ ᠠᠪᠬᠤ ᠶᠢ | ᠥᠩᠭᠡᠷᠡᠭᠡᠭᠰᠡᠨ ᠤ ᠳᠠᠷᠠᠭ᠎ᠠ᠂ ᠰᠤᠮᠤ ᠪᠠᠯᠭᠠᠰᠤ ᠠᠴᠠ ᠠᠵᠢᠯᠲᠠᠨ ᠢᠶᠠᠨ ᠵᠣᠬᠢᠶᠠᠨ ᠪᠠᠶᠢᠭᠤᠯᠤᠨ ᠴᠢᠨᠠᠷ ᠰᠠᠶᠢᠲᠠᠢ | ᠬᠦᠷᠢᠶ᠎ᠡ ᠬᠠᠰᠢᠶᠠᠨ ᠤ ᠠᠵᠤ ᠠᠬᠤᠢ ᠶᠢᠨ ᠲᠥᠷᠥᠯ ᠵᠦᠢᠯ ᠢ ᠡᠷᠦᠬᠡ ᠳᠠᠷᠠᠭᠠᠯᠠᠨ ᠳᠠᠬᠢᠨ ᠰᠢᠯᠭᠠᠨ ᠪᠠᠶᠢᠴᠠᠭᠠᠬᠤ ᠶᠢᠨ | ᠬᠠᠮᠲᠤ ᠰᠢᠯᠭᠠᠨ ᠠᠪᠤᠭᠰᠠᠨ ᠦᠷ᠎ᠡ ᠳ᠋ᠦᠩ ᠢᠶᠠᠨ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠭᠠᠴᠠᠭ᠎ᠠ ᠲᠣᠰᠬᠤᠨ ᠳᠤ | ᠢᠯᠡ ᠨᠡᠶᠢᠲᠡᠯᠡᠵᠦ᠂ ᠢᠯᠡ ᠨᠡᠶᠢᠲᠡᠯᠡᠭᠰᠡᠨ ᠤ ᠳᠠᠷᠠᠭ᠎ᠠ ᠰᠢᠯᠭᠠᠨ ᠠᠪᠤᠭᠰᠠᠨ ᠮᠡᠳᠡᠭᠦᠯᠦᠯᠲᠡ ᠭᠠᠷᠭᠠᠵᠤ᠂ ︽ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠴᠢᠨᠠᠷ ᠰᠠᠶᠢᠲᠠᠢ ᠬᠥᠭᠵᠢᠯᠲᠡ ᠶᠢᠨ | ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠲᠥᠷᠥᠯ ᠵᠦᠢᠯ ᠤᠨ ᠱᠠᠩᠨᠠᠯ ᠨᠥᠬᠦᠪᠥᠷᠢ ᠶᠢᠨ ᠨᠠᠷᠢᠨ | ᠬᠦᠰᠦᠨᠦᠭᠲᠦ︾ ᠶᠢ ᠪᠣᠢ ᠪᠣᠯᠭᠠᠵᠤ᠂ ᠨᠠᠷᠢᠨ ᠲᠣᠳᠣᠷᠬᠠᠢ ᠪᠠᠷᠢᠮᠵᠢᠶ᠎ᠠ ᠪᠠᠷ ᠨᠥᠬᠦᠪᠥᠷᠢ ᠶᠢ ᠪᠦᠷᠢᠨ ᠴᠢᠳᠠᠮᠵᠢ ᠪᠠᠷ | ᠡᠷᠦᠬᠡ ᠳᠤ ᠣᠯᠭᠤᠨ᠎ᠠ᠃ | ︵ᠠᠷᠪᠠ︶ ᠠᠰᠢᠭ ᠬᠦᠷᠲᠡᠬᠦ ᠡᠲᠡᠭᠡᠳ᠄ ᠪᠦᠬᠦ ᠬᠤᠰᠢᠭᠤᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ | ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ 9320 ᠡᠷᠦᠬᠡ ᠪᠠᠶᠢᠵᠤ᠂ ᠡᠭᠦᠨ ᠳᠤ | 7259 ᠡᠷᠦᠬᠡ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠭᠰᠡᠨ ᠡᠷᠦᠬᠡ ᠶᠢᠨ ᠬᠦᠷᠢᠶ᠎ᠡ | ᠬᠠᠰᠢᠶ᠎ᠠ ᠶᠢᠨ ᠠᠵᠤ ᠠᠬᠤᠢ ᠶᠢ ᠨᠡᠶᠢᠳᠡᠮ ᠪᠦᠷᠬᠦᠭᠦᠯᠪᠡ᠃ | ︵ᠠᠷᠪᠠᠨ ᠨᠢᠭᠡ︶ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠦᠷ᠎ᠡ ᠠᠰᠢᠭ ᠤᠨ ᠵᠠᠳᠠᠯᠤᠯᠲᠠ᠄ | 1. ᠠᠵᠤ ᠠᠬᠤᠢ ᠶᠢᠨ ᠦᠷ᠎ᠡ ᠠᠰᠢᠭ᠃ ᠬᠦᠷᠢᠶ᠎ᠡ ᠬᠠᠰᠢᠶᠠᠨ ᠤ ᠠᠵᠤ ᠠᠬᠤᠢ ᠨᠢ ᠪᠠᠶᠢᠭᠠᠯᠢ ᠶᠢᠨ ᠡᠬᠢ | ᠪᠠᠶᠠᠯᠢᠭ ᠢ ᠭᠦᠢᠴᠡᠳ ᠵᠦᠢ ᠵᠣᠬᠢᠰᠲᠠᠢ ᠠᠰᠢᠭᠯᠠᠵᠤ᠂ ᠬᠠᠮᠠᠭᠠᠯᠠᠬᠤ ᠪᠠ ᠥᠷᠲᠡᠭ ᠨᠡᠮᠡᠭᠳᠡᠭᠦᠯᠬᠦ ᠪᠠᠶᠢᠭᠠᠯᠢ ᠶᠢᠨ ᠡᠬᠢ | ᠪᠠᠶᠠᠯᠢᠭ ᠢ ᠪᠠᠰᠠ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ | ᠠᠬᠢᠭᠤᠯᠵᠤ᠂ ᠲᠠᠷᠢᠵᠤ ᠲᠡᠵᠢᠭᠡᠬᠦ ᠡᠳ᠋ᠰᠢᠭᠦᠯᠬᠦ ᠶᠢ ᠶᠡᠷᠦᠩᠬᠡᠶᠢᠯᠡᠨ ᠬᠥᠭᠵᠢᠭᠦᠯᠵᠦ᠂ ᠡᠯ᠎ᠡ ᠠᠵᠢᠯ ᠲᠥᠷᠥᠯ ᠤᠨ | ᠬᠥᠭᠵᠢᠯᠲᠡ ᠶᠢ ᠳᠠᠶᠢᠴᠢᠯᠠᠨ᠂ ᠡᠭᠦᠨ ᠤ ᠤᠯᠠᠮ ᠠᠴᠠ ᠮᠠᠯᠵᠢᠬᠤ ᠲᠠᠷᠢᠶᠠᠯᠠᠬᠤ ᠡᠷᠦᠬᠡ ᠶᠢᠨ ᠣᠷᠣᠯᠭ᠎ᠠ ᠶᠢᠨ ᠠᠷᠭ᠎ᠠ | ᠵᠠᠮ ᠨᠢ ᠳᠠᠩ ᠭᠠᠭᠴᠠ ᠪᠠᠶᠢᠳᠠᠯ ᠢ ᠬᠤᠪᠢᠷᠠᠭᠤᠯᠵᠤ᠂ ᠣᠷᠣᠭᠤᠯᠤᠯᠲᠠ ᠪᠠᠭ᠎ᠠ᠂ ᠭᠠᠷᠤᠯᠲᠠ ᠠᠷᠪᠢᠨ᠂ ᠬᠥᠳᠡᠯᠮᠦᠷᠢ | ᠦᠢᠯᠡᠳᠪᠦᠷᠢᠯᠡᠯ ᠤᠨ ᠨᠣᠷᠮ᠎ᠠ᠂ ᠭᠠᠵᠠᠷ ᠰᠢᠷᠣᠢ ᠶᠢᠨ ᠦᠢᠯᠡᠳᠪᠦᠷᠢᠯᠡᠯ ᠤᠨ ᠬᠦᠴᠦᠨ ᠪᠠ ᠡᠬᠢ ᠪᠠᠶᠠᠯᠢᠭ ᠤᠨ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠠᠵᠤ ᠠᠬᠤᠢ ᠶᠢᠨ ᠦᠷ᠎ᠡ ᠠᠰᠢᠭ ᠢᠯᠡᠷᠬᠡᠢ ᠪᠠᠶᠢᠵᠤ᠂ ᠡᠷᠦᠬᠡ | ᠪᠦᠷᠢ ᠳᠤᠮᠳᠠᠴᠢ ᠪᠠᠷ ᠰᠢᠭᠤᠳ ᠪᠤᠶᠤ ᠳᠠᠮ ᠢᠶᠠᠷ ᠣᠷᠣᠯᠭ᠎ᠠ ᠶᠢ 2000 ᠲᠥᠭᠦᠷᠢᠭ ᠠᠴᠠ ᠳᠡᠭᠡᠭᠰᠢ ᠪᠡᠶᠡᠯᠡᠭᠦᠯᠪᠡ᠃ | | 2. ᠠᠮᠢ ᠠᠬᠤᠢ ᠶᠢᠨ ᠦᠷ᠎ᠡ ᠠᠰᠢᠭ᠃ ᠬᠦᠷᠢᠶ᠎ᠡ ᠬᠠᠰᠢᠶᠠᠨ ᠤ ᠠᠵᠤ ᠠᠬᠤᠢ ᠨᠢ ᠪᠠᠶᠢᠭᠠᠯᠢ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠪᠠ ᠬᠠᠮᠠᠭᠠᠯᠠᠬᠤ ᠳᠤ ᠠᠰᠢᠭᠲᠠᠢ᠃ ᠨᠢᠭᠡ ᠲᠠᠯ᠎ᠠ ᠪᠠᠷ ᠭᠠᠵᠠᠷ ᠰᠢᠷᠣᠢ ᠶᠢᠨ ᠡᠬᠢ | ᠪᠠᠶᠠᠯᠢᠭ ᠢ ᠭᠦᠢᠴᠡᠳ ᠠᠰᠢᠭᠯᠠᠵᠤ᠂ ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠶᠢᠨ ᠬᠤᠭᠤᠰᠣᠨ ᠭᠠᠵᠠᠷ ᠢ | ᠵᠡᠪᠰᠡᠭ ᠤᠨ ᠡᠷᠳᠡᠮ ᠲᠠᠢ ᠪᠣᠯᠭᠠᠵᠤ᠂ ᠨᠥᠭᠦᠭᠡ ᠲᠠᠯ᠎ᠠ ᠪᠠᠷ ᠬᠦᠷᠢᠶ᠎ᠡ ᠬᠠᠰᠢᠶᠠᠨ ᠤ ᠳᠣᠲᠣᠷᠠᠬᠢ ᠲᠥᠷᠥᠯ ᠵᠦᠢᠯ ᠢ | ᠨᠠᠶᠢᠳᠠᠪᠤᠷᠢᠵᠢᠭᠤᠯᠬᠤ ᠨᠢ ᠶᠡᠭᠡ ᠬᠡᠮᠵᠢᠶᠡᠨ ᠤ ᠲᠠᠯ᠎ᠠ ᠪᠠᠷ ᠶᠡᠭᠡ ᠠᠭᠤᠷ ᠠᠮᠢᠰᠬᠤᠯ ᠤᠨ ᠬᠤᠯᠪᠣᠭᠠᠯᠠᠯ᠂ | ᠤᠷᠭᠤᠮᠠᠯ ᠤᠨ ᠥᠰᠥᠯᠲᠡ ᠪᠤᠶᠢᠵᠢᠯᠲᠠ ᠶᠢᠨ ᠮᠠᠭᠤ ᠨᠥᠯᠥᠭᠡ ᠶᠢ ᠮᠠᠰᠢ ᠶᠡᠭᠡ ᠬᠡᠮᠵᠢᠶ᠎ᠡ ᠪᠠᠷ ᠢᠯᠠᠨ ᠳᠠᠪᠠᠪᠠ︔ | ᠬᠦᠷᠢᠶ᠎ᠡ ᠬᠠᠰᠢᠶ᠎ᠠ ᠨᠢ ᠴᠦ ᠪᠠᠶᠢᠭᠠᠯᠢ ᠶᠢᠨ ᠬᠠᠯᠬᠠᠪᠴᠢ ᠪᠣᠯᠤᠭᠰᠠᠨ ᠤ ᠬᠤᠪᠢ ᠳᠤ᠂ ᠪᠠᠶᠢᠭᠠᠯᠢ ᠶᠢᠨ ᠭᠠᠮᠰᠢᠭ ᠢ | ᠡᠰᠡᠷᠭᠦᠴᠡᠬᠦ ᠴᠢᠳᠠᠪᠤᠷᠢ ᠪᠠᠷ ᠨᠡᠯᠢᠶᠡᠳ ᠴᠢᠩᠭ᠎ᠠ ᠪᠠᠶᠢᠵᠤ᠂ ᠠᠵᠤ ᠠᠬᠤᠢ ᠶᠢᠨ ᠦᠷ᠎ᠡ ᠠᠰᠢᠭ ᠢᠶᠠᠷ ᠥᠨᠳᠥᠷ | ᠬᠥᠳᠡᠯᠦᠯ ᠤᠨ ᠪᠠ ᠤᠷᠭᠤᠮᠠᠯ ᠤᠨ ᠦᠢᠯᠡᠳᠪᠦᠷᠢᠯᠡᠯ ᠢ ᠬᠥᠭᠵᠢᠭᠦᠯᠬᠦ ᠳᠤ ᠠᠰᠢᠭᠲᠠᠢ ᠪᠣᠯᠭᠠᠵᠤ᠂ ᠪᠠᠶᠢᠭᠠᠯᠢ ᠶᠢᠨ ᠡᠬᠢ | ᠪᠠᠶᠠᠯᠢᠭ ᠢ ᠦᠷᠭᠦᠯᠵᠢᠯᠡᠨ ᠠᠰᠢᠭᠯᠠᠵᠤ᠂ ᠠᠮᠢ ᠠᠬᠤᠢ ᠶᠢᠨ ᠰᠠᠶᠢᠨ ᠣᠷᠴᠢᠯ ᠢ ᠠᠬᠢᠭᠤᠯᠵᠤ᠂ ᠲᠠᠷᠢᠶᠠᠯᠠᠩ ᠤᠨ | ᠬᠥᠭᠵᠢᠯᠲᠡ ᠳᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠣᠢ ᠪᠣᠯᠭᠠᠵᠤ ᠥᠭᠭᠦᠭᠰᠡᠨ ᠪᠠᠶᠢᠨ᠎ᠠ᠃ | 3. ᠨᠡᠶᠢᠭᠡᠮ ᠤᠨ ᠦᠷ᠎ᠡ ᠠᠰᠢᠭ᠃ ᠬᠦᠷᠢᠶ᠎ᠡ ᠬᠠᠰᠢᠶᠠᠨ ᠤ ᠠᠵᠤ ᠠᠬᠤᠢ ᠨᠢ ᠬᠥᠳᠡᠭᠡ ᠲᠣᠰᠬᠤᠨ ᠤ | ᠬᠥᠳᠡᠯᠮᠦᠷᠢ ᠬᠦᠴᠦᠨ ᠪᠠ ᠴᠢᠳᠠᠪᠤᠷᠢᠲᠠᠨ ᠤ ᠡᠬᠢ ᠪᠠᠶᠠᠯᠢᠭ ᠢ ᠪᠦᠲᠦᠮᠵᠢᠲᠡᠢ ᠨᠡᠭᠡᠭᠡᠨ ᠠᠰᠢᠭᠯᠠᠵᠤ᠂ ᠬᠥᠳᠡᠭᠡ | ᠲᠣᠰᠬᠤᠨ ᠤ ᠦᠯᠡᠭᠦᠦ ᠬᠥᠳᠡᠯᠮᠦᠷᠢ ᠬᠦᠴᠦᠨ ᠳᠤ ᠰᠢᠨ᠎ᠡ ᠠᠷᠭ᠎ᠠ ᠵᠠᠮ ᠨᠡᠭᠡᠭᠡᠨ ᠥᠭᠴᠦ᠂ ᠪᠠᠰᠠ ᠮᠠᠯᠴᠢᠨ | ᠲᠠᠷᠢᠶᠠᠴᠢᠳ ᠤᠨ ᠮᠡᠷᠭᠡᠵᠢᠯ᠂ ᠬᠡᠷᠡᠭᠯᠡᠭᠡᠨ ᠤ ᠮᠡᠷᠭᠡᠵᠢᠯ ᠤᠨ ᠢᠳᠡᠪᠬᠢᠵᠢᠯ ᠢ ᠬᠥᠭᠵᠢᠭᠡᠵᠡᠢ᠃ ᠬᠦᠷᠢᠶ᠎ᠡ ᠬᠠᠰᠢᠶᠠᠨ ᠤ | ᠠᠵᠤ ᠠᠬᠤᠢ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠵᠤ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ | ᠂ ᠲᠤᠰᠠᠯᠠᠬᠤ ᠠᠵᠤ ᠠᠬᠤᠢ ᠵᠡᠷᠭᠡ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ ᠪᠦᠬᠦ ᠲᠠᠯ᠎ᠠ ᠪᠠᠷ | ᠬᠥᠭᠵᠢᠭᠦᠯᠦᠭᠰᠡᠨ ᠠᠴᠠ ᠬᠥᠳᠡᠭᠡ ᠲᠣᠰᠬᠤᠨ ᠤ ᠬᠥᠳᠡᠯᠮᠦᠷᠢ ᠬᠦᠴᠦ ᠪᠠ ᠶᠡᠭᠡ ᠲᠠᠷᠢᠶᠠᠨ ᠤ ᠦᠢᠯᠡᠳᠪᠦᠷᠢᠯᠡᠯ ᠳᠤ | ᠲᠣᠬᠢᠷᠠᠬᠤ ᠦᠭᠡᠢ ᠡᠯ᠎ᠡ ᠵᠦᠢᠯ ᠤᠨ ᠬᠠᠪᠰᠤᠷᠤᠯ ᠬᠥᠳᠡᠯᠮᠦᠷᠢ ᠬᠦᠴᠦᠨ ᠳᠤ ᠠᠵᠢᠯ ᠣᠯᠭᠤᠬᠤ ᠲᠣᠬᠢᠶᠠᠯ ᠬᠠᠩᠭᠠᠵᠤ | ᠂ ᠮᠠᠯᠴᠢᠨ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠤᠨ ᠳᠠᠯᠳᠠ ᠬᠦᠴᠦᠨ ᠢ ᠭᠦᠢᠴᠡᠳ ᠠᠭᠤᠳᠠᠯᠬᠤ ᠪᠤᠯᠤᠨ᠎ᠠ᠃ | ︵ᠠᠷᠪᠠᠨ ᠬᠤᠶᠠᠷ︶ ᠣᠯᠠᠨ ᠲᠦᠮᠡᠨ ᠣᠷᠣᠯᠴᠠᠬᠤ ᠪᠠ ᠲᠠᠷᠢᠶᠠᠯᠠᠩ ᠯᠤᠭ᠎ᠠ ᠬᠤᠯᠪᠣᠭᠠᠯᠠᠵᠤ ᠲᠠᠷᠢᠶᠠᠯᠠᠩ ᠢ | ᠳᠠᠶᠢᠴᠢᠯᠠᠬᠤ ᠲᠣᠭᠲᠠᠴᠠ᠄ ᠲᠥᠷᠥᠯ ᠵᠦᠢᠯ ᠨᠢ ᠪᠣᠳᠠᠲᠠᠢ ᠠᠴᠠ ᠡᠭᠦᠰᠴᠦ᠂ ᠨᠤᠲᠤᠭ ᠤᠨ ᠣᠨᠴᠠᠯᠢᠭ ᠢ | ᠳᠣᠪᠤᠶᠢᠯᠭᠠᠨ᠂ ᠣᠨᠴᠠᠯᠢᠬᠵᠢᠭᠰᠠᠨ᠂ ᠵᠥᠷᠢᠶᠡᠴᠢᠯᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠲᠠᠷᠢᠬᠤ ᠳᠤ | ᠳᠣᠭᠢᠷᠠᠪᠠᠯ ᠲᠠᠷᠢᠵᠤ᠂ ᠲᠡᠵᠢᠭᠡᠬᠦ ᠳᠤ ᠳᠣᠭᠢᠷᠠᠪᠠᠯ ᠲᠡᠵᠢᠭᠡᠵᠦ᠂ ᠬᠤᠳᠠᠯᠳᠤᠭ᠎ᠠ ᠡᠷᠬᠢᠯᠡᠬᠦ ᠳᠤ ᠳᠣᠭᠢᠷᠠᠪᠠᠯ | ᠬᠤᠳᠠᠯᠳᠤᠭ᠎ᠠ ᠡᠷᠬᠢᠯᠡᠨ᠂ ᠵᠤᠭᠠᠴᠠᠬᠤ ᠳᠤ ᠳᠣᠭᠢᠷᠠᠪᠠᠯ ᠵᠤᠭᠠᠴᠠᠬᠤ ᠳᠤ ᠳᠣᠭᠢᠷᠠᠵᠤ᠂ ᠶᠠᠮᠠᠷᠪᠠ ᠠᠵᠤ ᠦᠢᠯᠡᠰ ᠢ | ᠬᠥᠭᠵᠢᠭᠦᠯᠬᠦ ᠳᠤ ᠳᠣᠭᠢᠷᠠᠪᠠᠯ ᠶᠠᠮᠠᠷ ᠠᠵᠤ ᠦᠢᠯᠡᠰ ᠢ ᠬᠥᠭᠵᠢᠭᠦᠯᠵᠦ᠂ ︽ᠣᠨᠴᠠᠭᠠᠢ︾ ᠳᠠᠪᠠᠭᠤᠯᠢᠭ ᠢ | ᠲᠠᠰᠤᠷᠠᠯᠲᠠ ᠥᠬᠡᠶ ᠭᠦᠢᠴᠡᠳ ᠬᠢᠨ᠎ᠡ᠃ ᠡᠭᠦᠨ ᠤ ᠬᠠᠮᠲᠤ ︽ᠭᠤᠣᠯᠳᠠᠯᠭ᠎ᠠ ᠲᠠᠢ ᠬᠥᠮᠦᠰ ᠢ ᠤᠷᠢᠳᠠᠪᠠᠷ ᠪᠠᠲᠤᠯᠠᠵᠤ | ᠂ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠬᠦ︾ ᠬᠥᠭᠵᠢᠯᠲᠡ ᠶᠢᠨ ᠰᠡᠳᠬᠢᠮᠵᠢ ᠶᠣᠰᠣᠭᠠᠷ᠂ ᠮᠠᠨ ᠤ | ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠬᠠᠷᠢᠶᠠᠲᠤ ᠣᠷᠣᠨ ᠤ ᠳᠣᠲᠣᠷᠠᠬᠢ | ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠶᠢ ᠤᠷᠢᠳᠠᠪᠠᠷ ᠬᠠᠮᠤᠷᠴᠤ᠂ ᠦᠨᠡᠨ ᠬᠦ | ᠨᠥᠬᠦᠴᠡᠯ ᠲᠠᠢ ᠭᠠᠵᠠᠷ ᠣᠷᠣᠨ ᠪᠦᠬᠦ ᠲᠣᠰᠬᠤᠨ ᠢᠶᠠᠷ ᠢᠶᠠᠨ ᠠᠬᠢᠭᠤᠯᠬᠤ ᠶᠢ ᠵᠣᠷᠢᠭᠵᠢᠭᠤᠯᠵᠤ᠂ ᠪᠣᠳᠠᠲᠤ | ᠪᠠᠶᠢᠳᠠᠯ ᠢ ᠬᠠᠶᠢᠬᠤᠷᠤᠯ ᠦᠭᠡᠢ᠂ ᠨᠢᠭᠡ ᠯᠡ ᠳᠡᠭᠡᠷ᠎ᠡ ᠲᠦᠷᠭᠢᠯᠳᠦᠨ ᠤᠷᠤᠭᠰᠢᠯᠠᠬᠤ ᠶᠢ ᠡᠷᠡᠰ ᠬᠤᠷᠢᠭᠯᠠᠨ᠎ᠠ᠃ | ︵ᠠᠷᠪᠠᠨ ᠭᠤᠷᠪᠠ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠄ ᠬᠦᠷᠢᠶ᠎ᠡ ᠬᠠᠰᠢᠶᠠᠨ ᠤ | ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠬᠦ ᠲᠥᠷᠥᠯ ᠵᠦᠢᠯ ᠪᠣᠯ ᠮᠠᠯᠵᠢᠬᠤ ᠲᠠᠷᠢᠶᠠᠯᠠᠬᠤ ᠣᠷᠣᠨ ᠤ ᠡᠷᠦᠬᠡ ᠳᠤ | ᠬᠦᠷᠭᠡᠬᠦ ᠲᠥᠷᠥᠯ ᠤᠨ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠬᠡᠷᠡᠭᠵᠢᠭᠦᠯᠦᠭᠰᠡᠨ ᠠᠵᠤ ᠦᠢᠯᠡᠰ ᠤᠨ | ᠬᠥᠭᠵᠢᠯᠲᠡ ᠶᠢᠨ ᠲᠥᠷᠥᠯ ᠤᠨ ᠲᠥᠷᠥᠯ ᠵᠦᠢᠯ ᠪᠣᠯᠤᠨ᠎ᠠ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ | ᠥᠮᠴᠢᠯᠡᠬᠦ ᠡᠷᠬᠡ ᠨᠢ ᠲᠠᠷᠢᠶᠠᠴᠢᠨ ᠡᠷᠦᠬᠡ ᠳᠤ ᠥᠮᠴᠢᠯᠡᠭᠳᠡᠵᠦ᠂ ᠲᠥᠷᠥᠯ ᠵᠦᠢᠯ ᠤᠨ ᠪᠤᠢ ᠪᠣᠯᠤᠭᠰᠠᠨ ᠦᠷ᠎ᠡ | ᠠᠰᠢᠭ ᠢ ᠲᠠᠷᠢᠶᠠᠴᠢᠨ ᠡᠷᠦᠬᠡ ᠳᠤ ᠥᠮᠴᠢᠯᠡᠭᠦᠯᠦᠨ᠎ᠡ᠃ | ︵ᠠᠷᠪᠠᠨ ᠳᠥᠷᠪᠡᠳᠦᠭᠡᠷ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠨ᠎ᠡ᠄ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠶᠢᠨ | ᠪᠣᠳᠠᠲᠠᠶᠢᠵᠢᠭᠤᠯᠤᠭᠰᠠᠨ ᠪᠠᠶᠢᠳᠠᠯ ᠢ ᠦᠨᠳᠦᠰᠦᠯᠡᠨ ᠡᠯ᠎ᠡ ᠰᠤᠮᠤ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠲᠤ | ᠰᠠᠯᠭᠠᠨ ᠥᠭᠴᠦ᠂ ᠡᠯ᠎ᠡ ᠰᠤᠮᠤ ᠪᠠᠯᠭᠠᠰᠤ ᠨᠢ ᠲᠥᠷᠥᠯ ᠵᠦᠢᠯ ᠤᠨ ᠰᠢᠯᠭᠠᠨ ᠠᠪᠤᠭᠰᠠᠨ ᠪᠠᠶᠢᠳᠠᠯ ᠢ ᠦᠨᠳᠦᠰᠦᠯᠡᠨ | ᠱᠠᠩᠨᠠᠵᠤ ᠨᠥᠬᠦᠪᠥᠷᠢᠯᠡᠬᠦ ᠪᠡᠯᠡ ᠮᠥᠩᠭᠦ ᠪᠠᠨ ᠪᠦᠬᠦᠨ ᠳᠤ ᠲᠣᠬᠢᠷᠠᠬᠤ ᠬᠡᠯᠪᠡᠷᠢ ᠪᠠᠷ ᠡᠷᠦᠬᠡ ᠳᠤ ᠣᠯᠭᠤᠨ᠎ᠠ᠃ ᠡᠯ᠎ᠡ | ᠰᠤᠮᠤ ᠪᠠᠯᠭᠠᠰᠤ ᠪᠦᠲᠦᠮᠵᠢᠲᠡᠢ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ | ᠲᠥᠷᠥᠯ ᠵᠦᠢᠯ ᠢ ᠠᠬᠢᠭᠤᠯᠬᠤ ᠶᠢᠨ ᠠᠷᠭ᠎ᠠ ᠦᠭᠡᠢ᠂ ᠣᠯᠠᠨ ᠲᠦᠮᠡᠨ ᠤ ᠰᠠᠨᠠᠯ ᠶᠡᠭᠡ᠂ ᠬᠠᠷᠢᠭᠤ ᠲᠤᠰᠬᠠᠭᠰᠠᠨ | ᠠᠰᠠᠭᠤᠳᠠᠯ ᠠᠷᠪᠢᠨ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠵᠦ | ᠂ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠵᠤ᠂ ᠦᠷ᠎ᠡ ᠠᠰᠢᠭ ᠢ ᠪᠠᠳᠠᠷᠠᠭᠤᠯᠬᠤ ᠶᠢ ᠦᠨᠡᠨᠬᠦ ᠪᠠᠲᠤᠯᠠᠪᠠ᠃ | | ᠵᠢᠷᠭᠤᠭ᠎ᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠰᠠᠷ᠎ᠠ ᠶᠢᠨ ᠲᠣᠬᠢᠷᠠᠭᠤᠯᠤᠯᠲᠠ ᠶᠢᠨ ᠬᠡᠯᠪᠡᠷᠢ ᠪᠠᠷ ᠬᠦᠷᠢᠶ᠎ᠡ ᠬᠠᠰᠢᠶ᠎ᠠ ᠶᠢᠨ ᠠᠵᠤ | ᠠᠬᠤᠢ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠪᠠ᠃ | ᠡᠯ᠎ᠡ ᠰᠤᠮᠤ ᠪᠠᠯᠭᠠᠰᠤ ᠶᠢᠨ ᠭᠤᠣᠯ ᠤᠳᠤᠷᠢᠳᠤᠯᠭ᠎ᠠ ᠲᠤᠰ ᠲᠤᠰ ᠤᠨ ᠬᠠᠷᠢᠶ᠎ᠠ ᠣᠷᠣᠨ ᠤ ᠪᠠᠨ ᠬᠦᠷᠢᠶ᠎ᠡ | ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠬᠤ ᠠᠵᠢᠯ ᠤᠨ ᠲᠣᠭᠲᠠᠴᠠ ᠶᠢ ᠲᠣᠭᠲᠠᠭᠠᠬᠤ ᠬᠡᠷᠡᠭᠲᠡᠢ᠃ ᠡᠭᠦᠨ ᠤ ᠬᠠᠮᠲᠤ ᠭᠠᠴᠠᠭ᠎ᠠ᠂ ᠲᠣᠰᠬᠤᠨ ᠳᠤ | ᠰᠠᠭᠤᠭ᠎ᠠ ᠠᠵᠢᠯᠯᠠᠬᠤ ᠠᠩᠭᠢ᠂ ᠠᠵᠤ ᠦᠢᠯᠡᠰ ᠤᠨ ᠵᠢᠭᠠᠨ ᠵᠢᠯᠣᠭᠤᠳᠣᠭᠴᠢ ᠵᠢᠴᠢ ᠨᠡᠶᠢᠭᠡᠮ ᠤᠨ ᠬᠦᠴᠦᠨ ᠢ | ᠵᠢᠯᠣᠭᠤᠳᠤᠨ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠥᠭᠵᠢᠯᠲᠡ ᠳᠤ ᠬᠠᠮᠲᠤᠪᠠᠷ ᠣᠷᠣᠯᠴᠠᠭᠤᠯᠤᠨ᠎ᠠ᠃ | ︵ᠬᠤᠶᠠᠷ︶ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠃ ᠡᠯ᠎ᠡ ᠰᠤᠮᠤ ᠪᠠᠯᠭᠠᠰᠤ᠂ | ᠭᠠᠴᠠᠭ᠎ᠠ ᠨᠢ ᠮᠠᠯᠴᠢᠨ ᠲᠠᠷᠢᠶᠠᠴᠢᠨ ᠡᠷᠦᠬᠡ ᠶᠢᠨ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠲᠠᠯ ᠳᠣᠣᠷ᠎ᠠ ᠮᠠᠯᠵᠢᠬᠤ | ᠲᠠᠷᠢᠶᠠᠯᠠᠬᠤ ᠡᠷᠦᠬᠡ ᠶᠢ ᠵᠢᠯᠣᠭᠤᠳᠤᠨ ᠲᠤᠬᠠᠢ ᠶᠢᠨ ᠭᠠᠵᠠᠷ ᠤᠨ ᠬᠥᠭᠵᠢᠯᠲᠡ ᠳᠤ ᠲᠣᠬᠢᠷᠠᠬᠤ ᠬᠦᠷᠢᠶ᠎ᠡ | ᠬᠠᠰᠢᠶ᠎ᠠ ᠶᠢᠨ ᠠᠵᠤ ᠠᠬᠤᠢ ᠶᠢᠨ ᠲᠥᠷᠥᠯ ᠵᠦᠢᠯ ᠢ ᠰᠣᠩᠭᠤᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ | ᠂ ᠥᠪᠡᠷ ᠢ ᠪᠠᠨ ᠬᠥᠭᠵᠢᠭᠦᠯᠬᠦ ᠢᠲᠡᠭᠡᠯ ᠵᠣᠷᠢᠭ ᠢ ᠨᠢ ᠨᠡᠮᠡᠭᠳᠡᠭᠦᠯᠪᠡ᠃ ᠡᠯ᠎ᠡ ᠰᠤᠮᠤ ᠪᠠᠯᠭᠠᠰᠤ᠂ ᠭᠠᠴᠠᠭ᠎ᠠ ᠶᠢ | ᠵᠣᠷᠢᠭᠵᠢᠭᠤᠯᠵᠤ ᠪᠠᠶᠢᠭᠠᠳ ᠲᠤᠬᠠᠢ ᠶᠢᠨ ᠭᠠᠵᠠᠷ ᠲᠤ ᠪᠠᠨ ᠵᠣᠬᠢᠬᠤ ᠪᠣᠳᠠᠲᠤ ᠬᠦᠴᠦᠨ ᠲᠠᠢ᠂ ᠡᠵᠡᠩᠨᠡᠯᠲᠡ ᠶᠢᠨ | ᠪᠠᠶᠢᠳᠠᠯ ᠨᠢ ᠰᠠᠶᠢᠨ ᠠᠵᠤ ᠠᠬᠤᠶᠢᠯᠠᠯ᠂ ᠬᠤᠷᠰᠢ᠊ ᠡᠶ᠎ᠡ ᠲᠠᠢ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ | ᠪᠠᠶᠢᠭᠤᠯᠵᠤ᠂ ᠵᠠᠬᠢᠶᠠᠯᠠᠭ᠎ᠠ ᠶᠢᠨ ᠬᠠᠭᠤᠳᠠᠰᠤ᠂ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠡᠯ᠎ᠡ ᠵᠦᠢᠯ ᠤᠨ | ᠬᠡᠯᠪᠡᠷᠢ ᠪᠠᠷ ᠮᠠᠯᠵᠢᠬᠤ ᠲᠠᠷᠢᠶᠠᠯᠠᠬᠤ ᠡᠷᠦᠬᠡ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠵᠦ᠂ | ᠬᠠᠷᠢᠯᠴᠠᠨ ᠠᠰᠢᠭ ᠬᠦᠷᠲᠡᠬᠦ᠂ ᠬᠠᠮᠲᠤ ᠪᠠᠷ ᠠᠰᠢᠭ ᠬᠦᠷᠲᠡᠬᠦ᠂ ᠤᠷᠲᠤ ᠬᠤᠭᠤᠴᠠᠭ᠎ᠠ ᠪᠠᠷ ᠠᠰᠢᠭ ᠬᠦᠷᠲᠡᠬᠦ | ᠪᠠᠶᠢᠷᠢᠰᠢᠯ ᠢ ᠪᠤᠢ ᠪᠣᠯᠭᠠᠨ᠎ᠠ᠃ | ︵ᠭᠤᠷᠪᠠ︶ ᠵᠢᠱᠢᠶ᠎ᠡ ᠦᠵᠡᠭᠦᠯᠵᠦ ᠬᠥᠲᠥᠯᠥᠨ ᠵᠢᠯᠣᠭᠤᠳᠬᠤ ᠶᠢ ᠰᠠᠶᠢᠲᠤᠷ ᠠᠳᠬᠤᠨ᠎ᠠ᠃ ᠬᠦᠷᠢᠶᠡᠨ ᠤ | ᠠᠵᠤ ᠠᠬᠤᠢ ᠶᠢᠨ ᠴᠢᠳᠠᠪᠤᠷᠢᠲᠠᠨ᠂ ᠵᠢᠱᠢᠶ᠎ᠡ ᠦᠵᠡᠭᠦᠯᠬᠦ ᠲᠣᠮᠣ ᠡᠷᠦᠬᠡ ᠶᠢ ᠢᠳᠡᠪᠬᠢᠲᠡᠢ ᠢᠯᠡᠷᠡᠭᠦᠯᠬᠦ ᠪᠠ | ᠪᠤᠶᠢᠵᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠪᠠ ᠦᠯᠢᠭᠡᠷ ᠳᠠᠭᠤᠷᠢᠶᠠᠯ ᠤᠨ ᠬᠥᠲᠥᠯᠥᠨ ᠳᠠᠭᠠᠭᠤᠯᠬᠤ | ᠦᠢᠯᠡᠳᠦᠯ ᠢ ᠪᠠᠳᠠᠷᠠᠭᠤᠯᠤᠨ᠎ᠠ᠃ ᠡᠭᠦᠨ ᠤ ᠬᠠᠮᠲᠤ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠠᠮᠵᠢᠯᠲᠠ ᠲᠠᠢ | ᠲᠤᠷᠰᠢᠯᠭ᠎ᠠ ᠶᠢ ᠢᠳᠡᠪᠬᠢᠲᠡᠢ ᠪᠠᠷ ᠳ᠋ᠦᠩᠨᠡᠵᠦ᠂ ᠲᠥᠷᠥᠯ ᠵᠦᠢᠯ ᠤᠨ ᠨᠡᠩ ᠶᠡᠭᠡ ᠪᠣᠳᠠᠲᠤ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯ ᠤᠨ ᠡᠭᠦᠯᠳᠡᠷ ᠢ ᠰᠠᠶᠢᠵᠢᠷᠠᠭᠤᠯᠵᠤ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠲᠥᠰᠦᠯ | | | | | ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠮᠠᠯ ᠤᠨ ᠡᠭᠦᠯᠳᠡᠷ ᠢ | ᠰᠠᠶᠢᠵᠢᠷᠠᠭᠤᠯᠬᠤ ᠶᠢ ᠶᠡᠬᠡᠪᠡᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ | ᠠᠬᠢᠭᠤᠯᠬᠤ ᠶᠢᠨ ᠲᠥᠯᠥᠭᠡ᠂ ᠡᠳᠦᠭᠡ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ | ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠲᠥᠪ ᠤᠨ ᠤᠬᠠᠭᠤᠯᠬᠤ ᠬᠡᠯᠲᠡᠰ ᠤᠨ ︽ᠦᠬᠡᠷ ᠤᠨ ᠠᠵᠢᠯ ᠬᠢᠬᠦ︾ ᠬᠥᠭᠵᠢᠯᠲᠡ ᠶᠢᠨ ᠰᠡᠳᠬᠢᠮᠵᠢ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠯᠠᠰᠢᠨ ᠦᠬᠡᠷ ᠤᠨ ᠰᠢᠵᠢᠷ ᠠᠯᠲᠠᠨ ᠤ ᠠᠵᠤ ᠦᠢᠯᠡᠰ ᠤᠨ | ᠪᠦᠰᠡ ᠳᠤ ᠰᠠᠭᠤᠷᠢᠯᠠᠨ᠂ ᠪᠣᠬᠢᠷᠲᠤᠯ ᠦᠭᠡᠢ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠵᠠᠰᠠᠭ ᠤᠨ ᠣᠷᠳᠣᠨ ᠤ | ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠮᠠᠯᠵᠢᠬᠤ ᠲᠠᠷᠢᠶᠠᠯᠠᠬᠤ ᠡᠷᠦᠬᠡ ᠶᠢᠨ ᠵᠠᠭᠪᠤᠷ ᠢᠶᠠᠷ | ᠳᠠᠮᠵᠢᠭᠤᠯᠤᠨ᠂ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠬᠡᠷᠡᠭᠵᠢᠭᠦᠯᠵᠦ᠂ ᠭᠠᠷ ᠬᠡᠭᠡᠯᠲᠦᠭᠦᠯᠭᠡ᠂ ᠬᠦᠪᠦᠷᠡᠯ | ᠰᠢᠯᠵᠢᠭᠦᠯᠬᠦ᠂ ᠴᠢᠨᠠᠷ ᠰᠠᠶᠢᠲᠠᠢ ᠪᠤᠬ᠎ᠠ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠭᠦᠯᠳᠡᠷ | ᠰᠠᠶᠢᠵᠢᠷᠠᠭᠤᠯᠤᠭᠰᠠᠨ ᠮᠠᠯᠵᠢᠬᠤ ᠲᠠᠷᠢᠶᠠᠯᠠᠬᠤ ᠡᠷᠦᠬᠡ ᠳᠤ ᠵᠥᠷᠢᠶᠡᠴᠢᠯᠡᠭᠰᠡᠨ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠣᠯᠭᠤᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠷᠦᠬᠡ ᠶᠢᠨ ᠮᠠᠯ ᠤᠨ | ᠡᠭᠦᠯᠳᠡᠷ ᠰᠠᠶᠢᠵᠢᠷᠠᠭᠤᠯᠬᠤ ᠶᠢ ᠤᠷᠤᠭᠰᠢᠲᠠᠢ ᠬᠡᠷᠡᠭᠵᠢᠭᠦᠯᠬᠦ ᠶᠢ ᠤᠷᠢᠳᠠᠪᠠᠷ ᠪᠠᠲᠤᠯᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠲᠤᠬᠢᠷᠠᠮᠵᠢᠲᠤ ᠴᠢᠨ᠋ᠠᠷ ᠤᠨ ᠵᠠᠷᠴᠢᠮ᠃ ᠲᠡᠵᠢᠭᠡᠨ ᠦᠷᠡᠵᠢᠭᠦᠯᠬᠦ ᠡᠷᠦᠬᠡ ᠵᠠᠬ᠎ᠠ ᠳᠡᠯᠭᠡᠭᠦᠷ ᠤᠨ | ᠪᠠᠶᠢᠳᠠᠯ ᠢ ᠨᠢᠭᠲᠠ ᠠᠩᠬᠠᠷᠴᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠡᠭᠦᠯᠳᠡᠷ ᠤᠨ ᠲᠣᠬᠢᠷᠠᠭᠤᠯᠤᠯᠲᠠ ᠶᠢᠨ | ᠯᠠᠪᠯᠠᠯᠲᠠ ᠶᠢᠨ ᠦᠨᠳᠦᠰᠦᠯᠡᠯ ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠪᠠᠶᠢᠴᠠᠭᠠᠯᠲᠠ ᠪᠠ ᠵᠢᠱᠢᠯᠲᠡ ᠶᠢ ᠬᠢᠵᠦ᠂ | ᠵᠠᠬ᠎ᠠ ᠳᠡᠯᠭᠡᠭᠦᠷ ᠤᠨ ᠬᠡᠷᠡᠭᠴᠡᠭᠡ ᠳᠤ ᠳᠣᠭᠢᠷᠬᠠᠰᠠᠨ ᠲᠠᠸᠠᠷ ᠤᠨ ᠠᠯᠠᠰᠢᠨ ᠦᠬᠡᠷ ᠢ ᠬᠥᠭᠵᠢᠭᠦᠯᠵᠦ᠂ ᠦᠬᠡᠷ ᠤᠨ | ᠮᠢᠬᠠᠨ ᠤ ᠭᠠᠷᠤᠯᠲᠠ ᠥᠨᠳᠥᠷ ᠪᠥᠭᠡᠳ ᠶᠠᠰᠤ ᠴᠢᠨᠠᠷ ᠰᠠᠶᠢᠨ ᠪᠠᠶᠢᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠵᠣᠬᠢᠴᠠᠬᠤ ᠴᠢᠨ᠋ᠠᠷᠲᠠᠶ ᠵᠠᠷᠴᠢᠮ᠃ ᠶᠡᠭᠡ ᠣᠷᠴᠢᠨ ᠲᠣᠭᠤᠷᠢᠨ᠂ ᠶᠡᠭᠡ ᠵᠠᠬ᠎ᠠ ᠳᠡᠯᠭᠡᠭᠦᠷ ᠲᠤ | ᠵᠣᠬᠢᠴᠠᠬᠤ ᠶᠢᠨ ᠬᠠᠮᠲᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠤ ᠪᠠᠰᠠ ᠡᠷᠬᠡᠪᠰᠢ ᠲᠤᠬᠠᠢ ᠶᠢᠨ ᠭᠠᠵᠠᠷ ᠤᠨ | ᠪᠠᠶᠢᠭᠠᠯᠢ ᠶᠢᠨ ᠡᠬᠢ ᠪᠠᠶᠠᠯᠢᠭ ᠪᠠ ᠣᠷᠴᠢᠨ ᠲᠣᠭᠤᠷᠢᠨ ᠤ ᠨᠥᠬᠦᠴᠡᠯ ᠲᠠᠢ ᠵᠣᠬᠢᠴᠠᠯᠳᠤᠬᠤ ᠬᠡᠷᠡᠭᠲᠡᠢ᠃ ᠬᠡᠷᠪᠡ | ᠲᠤᠬᠠᠢ ᠶᠢᠨ ᠭᠠᠵᠠᠷ ᠤᠨ ᠪᠠᠶᠢᠭᠠᠯᠢ ᠶᠢᠨ ᠣᠷᠴᠢᠨ ᠲᠣᠭᠤᠷᠢᠨ ᠤ ᠨᠥᠬᠦᠴᠡᠯ ᠪᠣᠯᠤᠨ ᠣᠷᠣᠭᠤᠯᠤᠨ ᠠᠪᠴᠢᠷᠠᠭᠰᠠᠨ | ᠭᠠᠵᠠᠷ ᠤᠨ ᠵᠥᠷᠢᠶ᠎ᠡ ᠬᠡᠳᠦ ᠶᠡᠭᠡ ᠪᠣᠯᠪᠠᠯ᠂ ᠠᠯᠠᠰᠢᠨ ᠦᠬᠡᠷ ᠵᠣᠬᠢᠴᠠᠬᠤ ᠶᠢᠨ ᠠᠷᠭ᠎ᠠ ᠦᠭᠡᠢ᠂ ᠠᠵᠤ ᠠᠬᠤᠢ ᠶᠢᠨ | ᠦᠷ᠎ᠡ ᠠᠰᠢᠭ ᠴᠤ ᠲᠡᠶᠢᠮᠦ ᠰᠠᠶᠢᠨ ᠪᠢᠰᠢ ᠶᠤᠮ᠃ ᠣᠷᠣᠨ ᠨᠤᠲᠤᠭ ᠤᠨ ᠡᠭᠦᠯᠳᠡᠷ ᠤᠨ ᠰᠢᠯᠢᠳᠡᠭ ᠣᠨᠴᠠᠯᠢᠭ ᠢ | ᠪᠠᠲᠤᠯᠠᠨ᠎ᠠ᠂ ᠵᠢᠱᠢᠶᠡᠯᠡᠪᠡᠯ ᠪᠦᠳᠦᠭᠦᠯᠢᠭ ᠠᠷᠠᠴᠢᠯᠠᠭ᠎ᠠ ᠳᠤ ᠳᠠᠭᠠᠭᠠᠴᠠᠲᠠᠢ᠂ ᠵᠣᠬᠢᠴᠠᠬᠤ ᠴᠢᠨᠠᠷ ᠢᠶᠠᠷ ᠴᠢᠩᠭ᠎ᠠ ᠵᠡᠷᠭᠡ | ᠪᠠᠶᠢᠵᠤ᠂ ᠣᠷᠣᠨ ᠨᠤᠲᠤᠭ ᠤᠨ ᠲᠡᠵᠢᠭᠡᠯ ᠪᠣᠷᠳᠣᠭᠠᠨ ᠤ ᠡᠬᠢ ᠪᠠᠶᠠᠯᠢᠭ ᠢ ᠠᠰᠢᠭᠯᠠᠨ ᠠᠯᠠᠰᠢᠨ ᠦᠬᠡᠷ ᠤᠨ ᠠᠵᠤ | ᠦᠢᠯᠡᠰ ᠢ ᠬᠥᠭᠵᠢᠭᠦᠯᠬᠦ ᠳᠤ ᠠᠰᠢᠭᠲᠠᠢ ᠪᠠᠶᠢᠬᠤ ᠬᠡᠷᠡᠭᠲᠡᠢ᠃ | ︵ᠭᠤᠷᠪᠠ︶ ᠲᠣᠬᠢᠷᠠᠮᠵᠢᠲᠠᠢ ᠴᠢᠨ᠋ᠠᠷ ᠤᠨ ᠵᠠᠷᠴᠢᠮ᠃ ᠠᠯᠠᠰᠢᠨ ᠦᠬᠡᠷ ᠤᠨ ᠡᠭᠦᠯᠳᠡᠷ ᠢ ᠰᠣᠩᠭᠤᠬᠤ ᠳᠤ ᠲᠤᠰ | ᠡᠭᠦᠯᠳᠡᠷ ᠨᠢ ᠵᠠᠬ᠎ᠠ ᠳᠡᠯᠭᠡᠭᠦᠷ ᠤᠨ ᠳᠠᠪᠠᠭᠤᠯᠢᠭ ᠪᠠᠶᠢᠬᠤ ᠡᠰᠡᠬᠦ᠂ ᠵᠠᠬ᠎ᠠ ᠳᠡᠯᠭᠡᠭᠦᠷ ᠤᠨ ᠳᠠᠪᠠᠭᠤᠯᠢᠭ ᠪᠠᠶᠢᠬᠤ | ᠡᠰᠡᠬᠦ ᠶᠢ ᠪᠣᠳᠣᠯᠬᠢᠯᠠᠬᠤ ᠬᠡᠷᠡᠭᠲᠡᠢ᠃ | ᠭᠤᠷᠪᠠ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯ ᠲᠥᠷᠥᠯ ᠵᠦᠢᠯ ᠢ | ᠬᠡᠷᠡᠭᠵᠢᠭᠦᠯᠬᠦ ᠭᠤᠣᠯ ᠴᠣᠭᠴᠠ ᠪᠣᠯᠤᠨ᠎ᠠ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ | ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠬᠠᠮᠵᠢᠯᠴᠠᠬᠤ ᠨᠢᠭᠡᠴᠡ ᠪᠣᠯᠤᠨ᠎ᠠ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠲᠤᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠠᠮᠢᠶ᠎ᠠ | ᠪᠦᠬᠦᠢ ᠨᠢᠭᠡᠴᠡ ᠶᠢ ᠵᠣᠬᠢᠶᠠᠨ ᠪᠠᠶᠢᠭᠤᠯᠤᠨ ᠮᠠᠯ ᠤᠨ ᠡᠭᠦᠯᠳᠡᠷ ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠲᠥᠷᠥᠯ | ᠵᠦᠢᠯ ᠢ ᠭᠤᠶᠤᠴᠢᠯᠠᠨ ᠮᠡᠳᠡᠭᠦᠯᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠲᠥᠷᠥᠯ ᠵᠦᠢᠯ ᠢ ᠰᠢᠯᠭᠠᠨ ᠠᠪᠬᠤ ᠪᠠ | ᠵᠠᠯᠭᠠᠮᠵᠢ ᠬᠢᠨᠠᠯᠲᠠ ᠬᠠᠮᠢᠶᠠᠷᠤᠯᠲᠠ ᠶᠢ ᠭᠦᠢᠴᠡᠳᠬᠡᠨ᠎ᠡ᠃ | ᠳᠥᠷᠪᠡ᠂ ᠲᠥᠷᠥᠯ ᠵᠦᠢᠯ ᠢ ᠬᠡᠷᠡᠭᠵᠢᠭᠦᠯᠬᠦ ᠠᠭᠤᠯᠭ᠎ᠠ | ︵ᠨᠢᠭᠡ︶ ᠲᠥᠷᠥᠯ ᠵᠦᠢᠯ ᠤᠨ ᠨᠡᠷᠡᠶᠢᠳᠦᠯ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠱᠢᠭᠤ 2023 | ᠣᠨ ᠳᠤ ᠮᠠᠯ ᠤᠨ ᠡᠭᠦᠯᠳᠡᠷ ᠰᠠᠶᠢᠵᠢᠷᠠᠭᠤᠯᠵᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ᠃ | | ︵ᠬᠤᠶᠠᠷ︶ ᠲᠥᠷᠥᠯ ᠵᠦᠢᠯ ᠤᠨ ᠲᠥᠷᠥᠯ ᠢᠯᠭᠠᠯ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ᠄ | ᠲᠥᠷᠥᠯ ᠵᠦᠢᠯ ᠪᠣᠯ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠲᠥᠷᠥᠯ ᠤᠨ | ᠰᠢᠨ᠎ᠡ ᠪᠠᠷ ᠪᠠᠶᠢᠭᠤᠯᠬᠤ ᠲᠥᠷᠥᠯ ᠵᠦᠢᠯ ᠪᠣᠯᠤᠨ᠎ᠠ᠃ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠭᠠᠵᠠᠷ᠄ ᠲᠥᠷᠥᠯ ᠵᠦᠢᠯ ᠨᠢ ᠪᠦᠬᠦ ᠬᠤᠰᠢᠭᠤᠨ ᠤ 12 ᠰᠤᠮᠤ | ᠪᠠᠯᠭᠠᠰᠤ ᠶᠢ ᠬᠠᠮᠤᠷᠪᠠ᠃ | ︵ᠲᠦᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯ ᠲᠥᠷᠥᠯ | ᠵᠦᠢᠯ ᠤᠨ ᠬᠠᠷᠢᠭᠤᠴᠠᠯᠭᠠᠲᠤ ᠨᠢᠭᠡᠴᠡ ᠮᠥᠨ᠂ ᠲᠥᠷᠥᠯ ᠵᠦᠢᠯ ᠤᠨ ᠪᠦᠬᠦᠯᠢ ᠴᠣᠭᠴᠠ ᠶᠢᠨ ᠬᠡᠷᠡᠭᠵᠢᠭᠦᠯᠦᠯᠲᠡ ᠶᠢ | ᠬᠠᠷᠢᠭᠤᠴᠠᠵᠤ᠂ ᠡᠯ᠎ᠡ ᠰᠤᠮᠤ ᠪᠠᠯᠭᠠᠰᠤ᠂ ᠭᠠᠴᠠᠭᠠᠨ ᠤ ᠡᠷᠦᠬᠡ ᠳᠤ ᠬᠦᠷᠴᠦ ᠡᠭᠦᠯᠳᠡᠷ ᠰᠠᠶᠢᠵᠢᠷᠠᠭᠤᠯᠬᠤ ᠶᠢ | ᠰᠢᠯᠭᠠᠨ ᠬᠤᠷᠢᠶᠠᠵᠤ ᠨᠤᠲᠠᠯᠠᠬᠤ ᠠᠵᠢᠯ ᠳᠤ ᠪᠦᠬᠦ ᠶᠠᠪᠤᠴᠠ ᠳᠤ ᠬᠢᠨᠠᠯᠲᠠ ᠲᠠᠯᠪᠢᠵᠤ ᠵᠢᠯᠣᠭᠤᠳᠤᠨ᠎ᠠ᠃ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠰᠤᠮᠤ ᠪᠠᠯᠭᠠᠰᠤ ᠵᠢᠴᠢ ᠬᠠᠮᠢᠶ᠎ᠠ ᠪᠦᠬᠦᠢ ᠭᠠᠴᠠᠭ᠎ᠠ ᠶᠢ ᠵᠣᠬᠢᠶᠠᠨ ᠪᠠᠶᠢᠭᠤᠯᠤᠨ ᠲᠥᠷᠥᠯ | ᠵᠦᠢᠯ ᠪᠠ ᠵᠠᠯᠭᠠᠮᠵᠢ ᠡᠵᠡᠩᠨᠡᠯᠲᠡ ᠬᠠᠮᠢᠶᠠᠷᠤᠯᠲᠠ ᠬᠠᠮᠠᠭᠠᠯᠠᠯᠲᠠ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ ᠲᠥᠷᠥᠯ ᠵᠦᠢᠯ ᠢ ᠰᠢᠯᠭᠠᠨ ᠠᠪᠬᠤ ᠵᠢᠴᠢ ᠰᠢᠯᠵᠢᠭᠦᠯᠦᠨ | ᠲᠤᠰᠢᠶᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃ | ︵ᠲᠠᠪᠤ︶ ᠠᠬᠢᠴᠠ ᠶᠢᠨ ᠲᠤᠬᠢᠷᠠᠭᠤᠯᠭ᠎ᠠ | 1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 2 ᠰᠠᠷ᠎ᠠ ᠳᠤ ᠲᠥᠷᠥᠯ ᠵᠦᠢᠯ ᠤᠨ | ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠵᠢᠴᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ | ᠪᠡᠶᠡᠯᠡᠭᠦᠯᠦᠨ᠎ᠡ᠃ | 2. ᠲᠥᠷᠥᠯ ᠵᠦᠢᠯ ᠢ ᠬᠡᠷᠡᠭᠵᠢᠭᠦᠯᠦᠨ᠎ᠡ᠄ 2023 ᠣᠨ ᠤ 3 ᠰᠠᠷ᠎ᠠ ᠠᠴᠠ 10 ᠰᠠᠷ᠎ᠠ ᠪᠣᠯᠲᠠᠯ᠎ᠠ ᠲᠥᠷᠥᠯ | ᠵᠦᠢᠯ ᠢ ᠬᠡᠷᠡᠭᠵᠢᠭᠦᠯᠬᠦ ᠱᠠᠲᠤ ᠪᠣᠯᠤᠨ᠎ᠠ᠃ | 3. ᠰᠢᠯᠭᠠᠨ ᠠᠪᠬᠤ ᠪᠠ ᠰᠢᠯᠵᠢᠭᠦᠯᠦᠨ ᠲᠤᠰᠢᠶᠠᠬᠤ᠄ 2023 ᠣᠨ ᠤ 12 ᠰᠠᠷ᠎ᠠ ᠳᠤ ᠲᠥᠷᠥᠯ ᠵᠦᠢᠯ ᠢ | ᠰᠢᠯᠭᠠᠨ ᠠᠪᠬᠤ ᠶᠢ ᠪᠡᠶᠡᠯᠡᠭᠦᠯᠵᠦ᠂ ᠵᠡᠷᠭᠡ ᠪᠠᠷ ᠰᠢᠯᠵᠢᠭᠦᠯᠦᠨ ᠲᠤᠰᠢᠶᠠᠨ᠎ᠠ᠃ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠭᠦᠷᠭᠡ᠄ ᠮᠠᠨ ᠤ ᠬᠤᠰᠢᠭᠤᠨ ᠤ ᠭᠤᠣᠯᠯᠠᠬᠤ ᠠᠵᠤ | ᠦᠢᠯᠡᠰ ᠤᠨ ᠰᠠᠭᠤᠷᠢ ᠪᠠ ᠨᠤᠲᠤᠭ ᠤᠨ ᠣᠨᠴᠠᠯᠢᠭ ᠲᠠᠢ ᠤᠶᠠᠯᠳᠤᠭᠤᠯᠤᠨ᠂ ᠦᠬᠡᠷ ᠤᠨ ᠡᠭᠦᠯᠳᠡᠷ | ᠰᠠᠶᠢᠵᠢᠷᠠᠭᠤᠯᠬᠤ ᠪᠠᠷ ᠭᠤᠣᠯ ᠪᠣᠯᠭᠠᠭᠰᠠᠨ ᠮᠠᠯ ᠤᠨ ᠡᠭᠦᠯᠳᠡᠷ ᠰᠠᠶᠢᠵᠢᠷᠠᠭᠤᠯᠬᠤ ᠲᠥᠷᠥᠯ ᠵᠦᠢᠯ ᠢ ᠥᠷᠨᠢᠭᠦᠯᠦᠨ᠎ᠡ᠂ | ᠨᠢᠭᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠬᠤᠰᠢᠭᠤᠨ ᠤ ᠦᠷ᠎ᠡ ᠶᠢᠨ | ᠮᠠᠯ ᠤᠨ ᠥᠷᠲᠡᠭᠡ ᠶᠢᠨ ᠴᠢᠬᠤᠯᠠ ᠪᠦᠬᠦᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠢᠵᠢ | ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠬᠠᠷᠢᠭᠤᠴᠠᠵᠤ᠂ 6 ᠬᠠᠰᠢᠶ᠎ᠠ ᠰᠠᠷᠠᠪᠴᠢ ᠶᠢ ᠰᠢᠨ᠎ᠡ ᠪᠠᠷ | ᠪᠠᠶᠢᠭᠤᠯᠵᠤ᠂ 200 ᠲᠦᠮᠡᠨ ᠲᠥᠭᠦᠷᠢᠭ ᠤᠨ ᠪᠡᠯᠡ ᠣᠷᠣᠭᠤᠯᠪᠠ︔ ᠬᠤᠶᠠᠷ ᠲᠤ᠂ ᠪᠦᠬᠦ ᠬᠤᠰᠢᠭᠤᠨ ᠤ | ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠭᠰᠡᠨ ᠡᠷᠦᠬᠡ ᠶᠢᠨ ᠣᠨ ᠤ ᠳᠣᠲᠣᠷᠠᠬᠢ ᠰᠠᠭᠤᠷᠢ ᠡᠬᠡ | ᠮᠠᠯ ᠤᠨ ᠡᠭᠦᠯᠳᠡᠷ ᠰᠠᠶᠢᠵᠢᠷᠠᠭᠤᠯᠤᠭᠰᠠᠨ ᠲᠤᠭ᠎ᠠ ᠬᠡᠮᠵᠢᠶ᠎ᠡ ᠵᠢᠴᠢ ᠬᠤᠴᠠ ᠬᠤᠳᠠᠯᠳᠤᠨ ᠠᠪᠤᠭᠰᠠᠨ ᠪᠠᠶᠢᠳᠠᠯ ᠢ | ᠦᠨᠳᠦᠰᠦᠯᠡᠨ 300 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠥᠭᠭᠦᠨ᠎ᠡ᠃ | ︵ᠳᠣᠯᠤᠭ᠎ᠠ︶ ᠪᠡᠯᠡ ᠮᠥᠩᠭᠦ ᠶᠢᠨ ᠣᠷᠣᠭᠤᠯᠤᠯᠲᠠ ᠵᠢᠴᠢ ᠨᠥᠬᠦᠪᠥᠷᠢ ᠶᠢᠨ ᠪᠠᠷᠢᠮᠵᠢᠶ᠎ᠠ᠄ ᠲᠥᠷᠥᠯ ᠵᠦᠢᠯ ᠤᠨ | ᠶᠡᠷᠦᠩᠬᠡᠢ ᠪᠡᠯᠡ ᠣᠷᠣᠭᠤᠯᠤᠯᠲᠠ ᠨᠢ 500 ᠲᠦᠮᠡᠨ ᠲᠥᠭᠦᠷᠢᠭ ᠪᠣᠯᠤᠨ᠎ᠠ᠂ ᠨᠢᠭᠡ ᠳᠤ ᠪᠤᠬ᠎ᠠ ᠶᠢᠨ ᠥᠷᠲᠡᠭᠡ ᠶᠢᠨ | ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ 200 ᠲᠦᠮᠡᠨ | ᠲᠥᠭᠦᠷᠢᠭ ᠤᠨ ᠪᠡᠯᠡ ᠣᠷᠣᠭᠤᠯᠪᠠ︔ ᠬᠤᠶᠠᠷ ᠲᠤ ᠮᠠᠯ ᠤᠨ ᠲᠥᠷᠥᠯ ᠵᠦᠢᠯ ᠢ ᠰᠠᠶᠢᠵᠢᠷᠠᠭᠤᠯᠵᠤ᠂ ᠦᠬᠡᠷ | ᠪᠦᠷᠢ ᠳᠤ 200 ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ 200 ᠲᠥᠭᠦᠷᠢᠭ ᠤᠨ ᠪᠡᠯᠡ ᠮᠥᠩᠭᠦ | ᠣᠷᠣᠭᠤᠯᠪᠠ︔ ᠬᠤᠴᠠ ᠬᠤᠳᠠᠯᠳᠤᠨ ᠠᠪᠤᠪᠠᠯ 2000 ᠲᠥᠭᠦᠷᠢᠭ ᠤᠨ ᠪᠡᠯᠡ ᠮᠥᠩᠭᠦ ᠣᠷᠣᠭᠤᠯᠪᠠ︔ ᠬᠤᠴᠠ | ᠬᠤᠳᠠᠯᠳᠤᠨ ᠠᠪᠤᠪᠠᠯ 2000 ᠲᠥᠭᠦᠷᠢᠭ ᠤᠨ ᠨᠥᠬᠦᠪᠥᠷᠢ ᠥᠭᠴᠦ᠂ 100 ᠲᠦᠮᠡᠨ ᠲᠥᠭᠦᠷᠢᠭ ᠤᠨ ᠪᠡᠯᠡ | ᠮᠥᠩᠭᠦ ᠣᠷᠣᠭᠤᠯᠪᠠ᠃ | ︵ᠨᠠᠢᠮᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠪᠡᠯᠡ ᠮᠥᠩᠭᠦ ᠶᠢ ᠵᠣᠯᠭᠠᠭᠤᠯᠬᠤ᠂ | ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠵᠢᠴᠢ ᠵᠡᠭᠦᠨ ᠪᠠᠷᠠᠭᠤᠨ ᠣᠷᠣᠨ ᠤ ᠬᠠᠮᠵᠢᠯᠴᠠᠬᠤ | ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠪᠣᠯᠤᠨ᠎ᠠ᠃ | ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ | 1. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠳ ᠲᠤᠰ ᠬᠡᠷᠡᠭᠵᠢᠭᠦᠯᠬᠦ | ᠲᠥᠰᠦᠯ ᠢ ᠦᠨᠳᠦᠰᠦᠯᠡᠨ᠂ ᠪᠤᠬᠠᠨ ᠤ ᠥᠷᠲᠡᠭᠡ ᠲᠠᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠤᠰᠢᠭᠤᠨ ᠤ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠤᠮᠤ ᠪᠠᠯᠭᠠᠰᠤ ᠬᠠᠮᠵᠢᠯᠴᠠᠨ ᠮᠠᠯ ᠤᠨ ᠡᠭᠦᠯᠳᠡᠷ ᠢ | ᠰᠠᠶᠢᠵᠢᠷᠠᠭᠤᠯᠬᠤ ᠠᠵᠢᠯ ᠢ ᠰᠠᠶᠢᠲᠤᠷ ᠬᠢᠨ᠎ᠡ᠃ | 2. ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠢ ᠪᠤᠬᠠᠨ ᠤ | ᠥᠷᠲᠡᠭᠡ ᠶᠢᠨ ᠫᠧᠩ ᠰᠠᠷᠠᠪᠴᠢ ᠶᠢᠨ ᠪᠣᠳᠠᠲᠠᠢ ᠪᠦᠲᠦᠭᠡᠨ ᠪᠠᠶᠢᠭᠤᠯᠤᠯᠲᠠ ᠶᠢ ᠬᠠᠷᠢᠭᠤᠴᠠᠬᠤ ᠶᠢᠨ ᠬᠠᠮᠲᠤ ᠡᠯ᠎ᠡ | ᠰᠤᠮᠤ ᠪᠠᠯᠭᠠᠰᠤ ᠶᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠳᠠᠭᠠᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠶᠢ | ᠵᠢᠯᠣᠭᠤᠳᠬᠤ ᠪᠠ ᠰᠢᠮᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠦᠬᠡᠷ ᠤᠨ ᠡᠭᠦᠯᠳᠡᠷ ᠢ ᠰᠠᠶᠢᠵᠢᠷᠠᠭᠤᠯᠬᠤ | ᠲᠥᠷᠥ ᠶᠢᠨ ᠪᠣᠳᠣᠯᠭ᠎ᠠ ᠪᠠ ᠣᠷᠣᠯᠭ᠎ᠠ ᠶᠢ ᠨᠡᠮᠡᠭᠳᠡᠭᠦᠯᠦᠭᠰᠡᠨ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠬᠤ ᠶᠢᠨ | ᠬᠠᠮᠲᠤ ᠣᠯᠠᠨ ᠶᠠᠩᠵᠤ ᠬᠡᠯᠪᠡᠷᠢ ᠶᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠮᠡᠷᠭᠡᠵᠢᠯ ᠪᠠ ᠰᠢᠨᠵᠢᠯᠡᠬᠦ | ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠣᠯᠪᠠᠰᠤᠷᠠᠭᠤᠯᠤᠯ ᠢ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ᠂ | ᠠᠷᠠᠳ ᠲᠤ ᠳᠥᠭᠦᠮ ᠦᠵᠡᠭᠦᠯᠬᠦ ᠲᠠᠯ᠎ᠠ ᠠᠴᠠ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ | ᠦᠬᠡᠷ ᠤᠨ ᠡᠭᠦᠯᠳᠡᠷ ᠢ ᠰᠠᠶᠢᠵᠢᠷᠠᠭᠤᠯᠵᠤ᠂ ᠠᠵᠤ ᠦᠢᠯᠡᠰ ᠤᠨ ᠪᠦᠲᠦᠴᠡ ᠶᠢ ᠳᠣᠭᠢᠷᠠᠭᠤᠯᠤᠨ᠎ᠠ᠃ | 3. ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠡᠯ᠎ᠡ ᠭᠠᠴᠠᠭ᠎ᠠ ᠡᠷᠦᠬᠡ ᠳᠤ ᠬᠦᠷᠴᠦ ᠲᠡᠵᠢᠭᠡᠨ | ᠦᠷᠡᠵᠢᠭᠦᠯᠬᠦ ᠡᠷᠦᠬᠡ ᠶᠢᠨ ᠬᠦᠰᠡᠯ ᠰᠠᠨᠠᠭ᠎ᠠ ᠶᠢ ᠴᠤᠭᠯᠠᠭᠤᠯᠬᠤ ᠶᠢ ᠬᠢᠨᠠᠨ ᠵᠢᠯᠣᠭᠤᠳᠴᠤ᠂ ᠣᠯᠠᠨ ᠲᠦᠮᠡᠨ ᠢ | ᠳᠠᠶᠢᠴᠢᠯᠠᠬᠤ ᠠᠵᠢᠯ ᠢ ᠰᠠᠶᠢᠲᠤᠷ ᠬᠢᠨ᠎ᠡ᠃ ᠡᠭᠦᠨ ᠤ ᠬᠠᠮᠲᠤ ᠬᠤᠰᠢᠭᠤᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠦᠷ᠎ᠡ ᠶᠢᠨ ᠮᠠᠯ ᠤᠨ ᠥᠷᠲᠡᠭᠡ ᠲᠠᠢ ᠰᠠᠶᠢᠲᠤᠷ ᠵᠣᠯᠭᠠᠭᠤᠯᠵᠤ᠂ ᠲᠥᠷᠥᠯ ᠵᠦᠢᠯ ᠤᠨ | ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠨ᠎ᠠ᠃ | 4. ᠭᠠᠴᠠᠭ᠎ᠠ ᠨᠢ ᠡᠭᠦᠯᠳᠡᠷ ᠰᠠᠶᠢᠵᠢᠷᠠᠭᠤᠯᠬᠤ ᠬᠦᠰᠡᠯ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ | ᠬᠢᠨᠠᠨ ᠬᠡᠮᠵᠢᠬᠦ ᠡᠷᠦᠬᠡ ᠶᠢᠨ ᠮᠡᠳᠡᠭᠡ ᠵᠠᠩᠭᠢ ᠶᠢ ᠦᠨᠳᠦᠰᠦᠯᠡᠨ᠂ ᠪᠤᠬ᠎ᠠ ᠶᠢᠨ ᠥᠷᠲᠡᠭᠡ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ ᠲᠠᠢ ᠵᠣᠯᠭᠠᠯᠳᠤᠭᠤᠯᠤᠨ ᠬᠡᠷᠡᠭᠵᠢᠭᠦᠯᠬᠦ ᠲᠥᠷᠥᠯ ᠵᠦᠢᠯ ᠢ ᠵᠣᠯᠭᠠᠭᠤᠯᠵᠤ᠂ | ᠲᠥᠷᠥᠯ ᠵᠦᠢᠯ ᠤᠨ ᠠᠬᠢᠴᠠ ᠶᠢ ᠪᠠᠲᠤᠯᠠᠬᠤ ᠶᠢᠨ ᠬᠠᠮᠲᠤ ᠡᠳᠦᠷ ᠲᠤᠲᠤᠮ ᠤᠨ ᠬᠢᠨᠠᠨ ᠬᠡᠮᠵᠢᠯᠲᠡ ᠶᠢ ᠰᠠᠶᠢᠲᠤᠷ | ᠬᠢᠬᠦ ᠬᠡᠷᠡᠭᠲᠡᠢ᠃ ᠡᠭᠦᠨ ᠤ ᠬᠠᠮᠲᠤ ᠬᠤᠴᠠ ᠬᠤᠳᠠᠯᠳᠤᠨ ᠠᠪᠬᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ | ᠲᠥᠰᠦᠯ ᠤᠨ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ᠂ ᠰᠤᠮᠤ ᠪᠠᠯᠭᠠᠰᠤ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠲᠠᠢ ᠬᠠᠮᠲᠤ ᠪᠠᠷ ᠲᠥᠷᠥᠯ ᠵᠦᠢᠯ ᠢ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢ | ᠬᠠᠷᠢᠭᠤᠴᠠᠨ᠎ᠠ᠃ | 5. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠣᠨ ᠤ ᠳᠣᠲᠣᠷᠠᠬᠢ | ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢᠨ ᠪᠡᠶᠡᠯᠡᠭᠦᠯᠦᠭᠰᠡᠨ ᠰᠠᠭᠤᠷᠢ ᠦᠨᠢᠶ᠎ᠡ ᠶᠢ | ᠰᠠᠶᠢᠵᠢᠷᠠᠭᠤᠯᠤᠭᠰᠠᠨ ᠤ ᠳᠠᠷᠠᠭᠠᠬᠢ ᠲᠤᠭᠤᠯ ᠤᠨ ᠲᠤᠭ᠎ᠠ ᠬᠡᠮᠵᠢᠶ᠎ᠡ ᠶᠢ ᠦᠨᠳᠦᠰᠦᠯᠡᠨ᠂ ᠦᠨᠢᠶ᠎ᠡ ᠪᠦᠷᠢ ᠳᠤ 160 | ᠲᠥᠭᠦᠷᠢᠭ ᠤᠨ ᠤᠷᠢᠳᠴᠢᠯᠠᠨ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠣᠯᠭᠤᠵᠤ᠂ ᠰᠢᠯᠭᠠᠨ ᠠᠪᠤᠭᠰᠠᠨ ᠤ | ᠳᠠᠷᠠᠭ᠎ᠠ ᠲᠤᠭᠤᠯ ᠢ ᠨᠢ ᠰᠠᠶᠢᠵᠢᠷᠠᠭᠤᠯᠬᠤ ᠰᠠᠭᠤᠷᠢ ᠦᠨᠢᠶ᠎ᠡ ᠶᠢᠨ ᠰᠠᠶᠢᠵᠢᠷᠠᠭᠤᠯᠤᠭᠰᠠᠨ ᠲᠤᠭ᠎ᠠ ᠪᠠᠷ ᠪᠤᠰᠤᠳ | ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠥᠭᠭᠦᠨ᠎ᠡ᠃ ᠡᠭᠦᠯᠳᠡᠷ ᠰᠠᠶᠢᠵᠢᠷᠠᠭᠤᠯᠬᠤ ᠵᠠᠷᠤᠳᠠᠯ ᠢ ᠠᠵᠤ | ᠠᠬᠤᠶᠢᠯᠠᠯ ᠠᠴᠠ ᠡᠭᠦᠯᠳᠡᠷ ᠰᠠᠶᠢᠵᠢᠷᠠᠭᠤᠯᠤᠭᠰᠠᠨ ᠡᠷᠦᠬᠡ ᠠᠴᠠ ᠰᠢᠭᠤᠳ ᠬᠤᠷᠢᠶᠠᠨ᠂ ᠱᠠᠩᠨᠠᠵᠤ ᠨᠥᠬᠦᠪᠥᠷᠢᠯᠡᠬᠦ | ᠬᠡᠰᠡᠭ ᠢ ᠠᠵᠤ ᠠᠬᠤᠶᠢᠯᠠᠯ ᠠᠴᠠ ᠤᠷᠢᠳ ᠢᠶᠠᠷ ᠣᠷᠣᠯᠠᠨ ᠥᠭᠴᠦ᠂ ᠰᠢᠯᠭᠠᠨ ᠠᠪᠬᠤ ᠳᠤ ᠬᠢᠷᠢ ᠲᠡᠩᠴᠡᠭᠰᠡᠨ ᠤ | ᠳᠠᠷᠠᠭ᠎ᠠ ᠱᠠᠩᠨᠠᠵᠤ ᠨᠥᠬᠦᠪᠥᠷᠢᠯᠡᠬᠦ ᠪᠡᠯᠡ ᠮᠥᠩᠭᠦ ᠶᠢ ᠠᠵᠤ ᠠᠬᠤᠶᠢᠯᠠᠯ ᠳᠤ ᠰᠠᠯᠭᠠᠨ ᠥᠭᠭᠦᠨ᠎ᠡ᠃ ᠶᠠᠳᠠᠭᠤ ᠠᠴᠠ | ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠭᠰᠡᠨ ᠡᠷᠦᠬᠡ ᠶᠢᠨ ᠡᠭᠦᠯᠳᠡᠷ ᠤᠨ ᠪᠡᠯᠡ ᠮᠥᠩᠭᠦ ᠬᠤᠳᠠᠯᠳᠤᠨ | ᠠᠪᠤᠭᠰᠠᠨ ᠪᠠᠶᠢᠳᠠᠯ ᠢ ᠦᠨᠳᠦᠰᠦᠯᠡᠨ᠂ ᠲᠥᠷᠥᠯ ᠵᠦᠢᠯ ᠤᠨ ᠪᠡᠯᠡ ᠮᠥᠩᠭᠦ ᠶᠢ ᠰᠤᠮᠤ ᠪᠠᠯᠭᠠᠰᠤᠨ ᠳᠤ ᠰᠠᠯᠭᠠᠨ | ᠥᠭᠴᠦ᠂ ᠲᠥᠷᠥᠯ ᠵᠦᠢᠯ ᠤᠨ ᠰᠢᠯᠭᠠᠨ ᠠᠪᠤᠭᠰᠠᠨ ᠪᠠᠶᠢᠳᠠᠯ ᠢ ᠦᠨᠳᠦᠰᠦᠯᠡᠨ ᠪᠦᠬᠦᠨ ᠳᠤ ᠲᠣᠬᠢᠷᠠᠬᠤ ᠺᠠᠷᠲ ᠢᠶᠠᠷ | ᠳᠡᠮᠵᠢᠨ ᠨᠥᠬᠦᠪᠥᠷᠢ ᠶᠢᠨ ᠪᠡᠯᠡ ᠮᠥᠩᠭᠦ ᠶᠢ ᠡᠷᠦᠬᠡ ᠳᠤ ᠣᠯᠭᠤᠨ᠎ᠠ᠃ | 6. ᠮᠠᠯ ᠤᠨᠤᠭ᠎ᠠ ᠶᠢ ᠰᠠᠶᠢᠵᠢᠷᠠᠭᠤᠯᠬᠤ ᠳᠤ ᠡᠷᠬᠡᠪᠰᠢ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ | ᠳᠠᠶᠢᠴᠢᠯᠠᠬᠤ ᠵᠢᠱᠢᠭᠰᠡᠨ ᠦᠷ᠎ᠡ ᠠᠰᠢᠭ ᠢ ᠪᠡᠶᠡᠯᠡᠭᠦᠯᠵᠦ᠂ ᠰᠠᠶᠢᠵᠢᠷᠠᠯᠲᠠ ᠨᠢ ᠢᠯᠠᠭᠳᠠᠵᠤ᠂ ᠦᠷ᠎ᠡ ᠠᠰᠢᠭ | ᠦᠭᠡᠢ ᠶᠢ ᠨᠢ ᠰᠢᠯᠭᠠᠨ ᠠᠪᠬᠤ ᠦᠭᠡᠢ᠂ ᠱᠠᠩᠨᠠᠵᠤ ᠨᠥᠬᠦᠪᠥᠷᠢᠯᠡᠬᠦ ᠦᠭᠡᠢ ᠪᠠᠶᠢᠬᠤ ᠬᠡᠷᠡᠭᠲᠡᠢ᠃ | ︵ᠠᠷᠪᠠ︶ ᠠᠰᠢᠭ ᠬᠦᠷᠲᠡᠬᠦ ᠡᠲᠡᠭᠡᠳ᠄ ᠦᠬᠡᠷ ᠤᠨ ᠡᠭᠦᠯᠳᠡᠷ ᠢ ᠰᠠᠶᠢᠵᠢᠷᠠᠭᠤᠯᠬᠤ ᠪᠠ ᠬᠤᠴᠠ ᠬᠤᠳᠠᠯᠳᠤᠨ | ᠠᠪᠴᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢ ᠪᠠᠭᠲᠠᠭᠠᠨ᠎ᠠ᠃ | ︵ᠠᠷᠪᠠᠨ ᠨᠢᠭᠡ︶ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠦᠷ᠎ᠡ ᠠᠰᠢᠭ ᠤᠨ ᠵᠠᠳᠠᠯᠤᠯᠲᠠ᠄ | 1. ᠠᠵᠤ ᠠᠬᠤᠢ ᠶᠢᠨ ᠦᠷ᠎ᠡ ᠠᠰᠢᠭ᠃ ᠮᠠᠯ ᠤᠨ ᠡᠭᠦᠯᠳᠡᠷ ᠰᠠᠶᠢᠵᠢᠷᠠᠭᠤᠯᠤᠯᠲᠠ ᠨᠢ ᠮᠠᠯ ᠤᠨ ᠥᠰᠥᠯᠲᠡ ᠶᠢᠨ | ᠬᠤᠷᠳᠤᠴᠠ ᠶᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠢ ᠪᠠᠰᠠ ᠡᠪᠡᠳᠴᠢᠯᠡᠬᠦ ᠨᠤᠷᠮ᠎ᠠ ᠶᠢ ᠪᠠᠭᠤᠷᠠᠭᠤᠯᠵᠤ᠂ | ᠲᠡᠵᠢᠭᠡᠨ ᠦᠷᠡᠵᠢᠭᠦᠯᠬᠦ ᠦᠢᠯᠡᠰ ᠤᠨ ᠠᠵᠤ ᠠᠬᠤᠢ ᠶᠢᠨ ᠠᠰᠢᠭ ᠣᠷᠣᠯᠭ᠎ᠠ ᠶᠢ ᠳᠡᠭᠡᠭᠰᠢᠯᠡᠭᠦᠯᠦᠨ᠂ ᠲᠡᠵᠢᠭᠡᠨ | ᠦᠷᠡᠵᠢᠭᠦᠯᠬᠦ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠳᠡᠭ᠃ ᠡᠪᠡᠳᠴᠢᠨ | ᠡᠮᠭᠡᠭ ᠤᠨ ᠬᠠᠷᠢᠯᠴᠠᠨ ᠬᠠᠯᠳᠠᠪᠤᠷᠢᠯᠠᠬᠤ ᠶᠢ ᠶᠡᠭᠡ ᠪᠠᠷ ᠪᠠᠭᠠᠰᠬᠠᠬᠤ ᠮᠥᠷᠲᠡᠭᠡᠨ ᠴᠢᠨᠠᠷ ᠰᠠᠶᠢᠲᠠᠢ ᠪᠡᠶ᠎ᠡ ᠪᠢᠯᠳᠠᠷ ᠶᠡᠭᠡ | ᠂ ᠮᠢᠬ᠎ᠠ ᠰᠠᠶᠢᠨ᠂ ᠦᠳᠲᠡᠷ ᠲᠦᠷᠭᠡᠨ ᠦᠰᠦᠨ ᠪᠤᠶᠢᠵᠢᠵᠤ ᠴᠢᠳᠠᠨ᠎ᠠ᠃ | 2. ᠠᠮᠢ ᠠᠬᠤᠢ ᠶᠢᠨ ᠦᠷ᠎ᠡ ᠠᠰᠢᠭ᠃ ᠲᠡᠵᠢᠭᠡᠨ ᠦᠷᠡᠵᠢᠭᠦᠯᠬᠦ ᠡᠷᠦᠬᠡ ᠰᠤᠯᠠ ᠲᠡᠵᠢᠭᠡᠵᠦ ᠪᠡᠯᠴᠢᠭᠡᠷᠯᠡᠭᠦᠯᠬᠦ | ᠬᠡᠮᠵᠢᠶᠡᠨ ᠤ ᠣᠷᠣᠭᠤᠯᠤᠯᠲᠠ ᠠᠴᠠ ᠬᠠᠰᠢᠶᠠᠯᠠᠨ ᠲᠡᠵᠢᠭᠡᠵᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠡᠰᠢ | ᠬᠤᠪᠢᠷᠠᠭᠤᠯᠵᠤ᠂ ᠪᠠᠷᠢᠮᠵᠢᠶᠠᠵᠢᠭᠤᠯᠬᠤ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠪᠡᠶᠡᠯᠡᠭᠦᠯᠵᠦ᠂ ᠲᠡᠵᠢᠭᠡᠨ | ᠦᠷᠡᠵᠢᠭᠦᠯᠬᠦ ᠶᠢ ᠨᠡᠩ ᠣᠨᠣᠪᠴᠢᠲᠠᠢ᠂ ᠨᠡᠩ ᠰᠢᠨᠵᠢᠯᠡᠬᠦ ᠤᠬᠠᠭᠠᠨᠴᠢ ᠪᠠᠷ ᠪᠠᠭᠠᠰᠬᠠᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠳᠠᠷᠤᠯᠲᠠ ᠶᠢ ᠲᠦᠢᠯ ᠤᠨ ᠶᠡᠭᠡ ᠪᠠᠷ ᠪᠠᠭᠠᠰᠬᠠᠵᠤ᠂ ᠦᠷᠭᠦᠯᠵᠢᠯᠡᠬᠦ ᠮᠠᠯ ᠠᠵᠤ ᠠᠬᠤᠢ᠂ ᠪᠣᠬᠢᠷᠲᠤᠯ | ᠦᠭᠡᠢ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | 3. ᠨᠡᠶᠢᠭᠡᠮ ᠤᠨ ᠦᠷ᠎ᠡ ᠠᠰᠢᠭ᠃ ᠲᠡᠵᠢᠭᠡᠨ ᠦᠷᠡᠵᠢᠭᠦᠯᠬᠦ ᠦᠢᠯᠡᠰ ᠤᠨ ᠣᠳᠣᠬᠢᠴᠢᠯᠠᠬᠤ ᠬᠥᠭᠵᠢᠯᠲᠡ ᠶᠢ | ᠲᠦᠯᠬᠢᠨ ᠠᠬᠢᠭᠤᠯᠪᠠᠯ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠣᠳᠣᠬᠢᠴᠢᠯᠠᠬᠤ | ᠬᠥᠭᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ ᠪᠣᠯᠤᠨ᠎ᠠ᠃ ᠮᠡᠷᠭᠡᠵᠢᠯ ᠪᠠ ᠡᠭᠦᠯᠳᠡᠷ ᠪᠣᠯ ᠮᠠᠯ ᠠᠵᠤ | ᠠᠬᠤᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠣᠳᠣᠬᠢᠴᠢᠯᠠᠯᠲᠠ ᠶᠢᠨ ᠬᠥᠭᠵᠢᠯᠲᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠮᠠᠯ ᠵᠢᠭᠦᠷᠲᠡᠨ ᠤ ᠰᠠᠶᠢᠨ ᠡᠭᠦᠯᠳᠡᠷ ᠪᠣᠯ ᠠᠮᠢᠲᠠᠨ ᠤ ᠲᠡᠵᠢᠭᠡᠨ | ᠦᠷᠡᠵᠢᠭᠦᠯᠬᠦ ᠦᠶᠡᠯᠡᠯ ᠤᠨ ᠬᠤᠭᠤᠴᠠᠭ᠎ᠠ ᠶᠢ ᠶᠡᠭᠡ ᠪᠠᠷ ᠪᠣᠭᠤᠨᠢᠰᠬᠠᠵᠤ᠂ ᠠᠮᠢᠲᠠᠨ ᠤ ᠡᠷᠡᠭᠦᠯ ᠢᠶᠠᠷ ᠥᠰᠦᠨ | ᠪᠤᠶᠢᠵᠢᠬᠤ ᠶᠢ ᠪᠠᠲᠤᠯᠠᠨ᠂ ᠠᠮᠢᠲᠠᠨ ᠤ ᠪᠡᠶ᠎ᠡ ᠮᠠᠬᠠᠪᠣᠳ ᠤᠨ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠲᠡᠵᠢᠭᠡᠯ ᠪᠣᠷᠳᠤᠭ᠎ᠠ ᠶᠢ ᠰᠢᠩᠭᠡᠭᠡᠬᠦ ᠠᠰᠢᠭᠯᠠᠮᠵᠢ ᠶᠢ ᠳᠡᠭᠡᠭᠰᠢᠯᠡᠭᠦᠯᠦᠨ᠂ ᠮᠠᠯ ᠤᠨ ᠶᠠᠰᠤ ᠴᠢᠨᠠᠷ ᠢ ᠪᠠᠲᠤᠯᠠᠵᠤ᠂ | ᠡᠭᠦᠨ ᠤ ᠤᠯᠠᠮ ᠢᠶᠠᠷ ᠲᠡᠵᠢᠭᠡᠨ ᠦᠷᠡᠵᠢᠭᠦᠯᠬᠦ ᠡᠷᠦᠬᠡ ᠶᠢᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ | ᠮᠠᠯ ᠠᠵᠤ ᠠᠬᠤᠢ ᠲᠡᠵᠢᠭᠡᠨ ᠦᠷᠡᠵᠢᠭᠦᠯᠬᠦ ᠠᠵᠤ ᠦᠢᠯᠡᠰ ᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ | ᠠᠬᠢᠭᠤᠯᠬᠤ ᠶᠠᠪᠤᠳᠠᠯ ᠪᠣᠯᠤᠨ᠎ᠠ᠃ | ︵ᠠᠷᠪᠠᠨ ᠬᠤᠶᠠᠷ︶ ᠣᠯᠠᠨ ᠲᠦᠮᠡᠨ ᠲᠠᠷᠢᠶᠠᠯᠠᠬᠤ ᠮᠠᠯᠵᠢᠬᠤ ᠣᠷᠣᠨ ᠯᠤᠭ᠎ᠠ ᠬᠤᠯᠪᠣᠭᠠᠯᠠᠵᠤ | ᠲᠠᠷᠢᠶᠠᠯᠠᠬᠤ ᠮᠠᠯᠵᠢᠬᠤ ᠣᠷᠣᠨ ᠢ ᠳᠠᠶᠢᠴᠢᠯᠠᠬᠤ ᠲᠣᠭᠲᠠᠴᠠ᠄ ᠲᠥᠷᠥᠯ ᠵᠦᠢᠯ ᠤᠨ ᠪᠣᠳᠠᠲᠠᠢ ᠠᠴᠠ ᠡᠭᠦᠰᠴᠦ᠂ | ᠨᠤᠲᠤᠭ ᠤᠨ ᠣᠨᠴᠠᠯᠢᠭ ᠢ ᠳᠣᠪᠤᠶᠢᠯᠭᠠᠨ᠂ ᠬᠠᠷᠢᠶ᠎ᠠ ᠣᠷᠣᠨ ᠤ ᠳᠣᠲᠣᠷᠠᠬᠢ ᠮᠠᠯ ᠤᠨ ᠡᠭᠦᠯᠳᠡᠷ ᠰᠠᠶᠢᠵᠢᠷᠠᠭᠤᠯᠬᠤ | ᠬᠦᠰᠡᠯ ᠡᠷᠡᠮᠡᠯᠵᠡᠯ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠶᠢ ᠤᠷᠢᠳᠠᠪᠠᠷ | ᠬᠠᠮᠤᠷᠴᠤ᠂ ᠡᠩ ᠤᠨ ᠲᠠᠷᠢᠶᠠᠯᠠᠬᠤ ᠮᠠᠯᠵᠢᠬᠤ ᠡᠷᠦᠬᠡ ᠶᠢᠨ ᠡᠭᠦᠯᠳᠡᠷ ᠰᠠᠶᠢᠵᠢᠷᠠᠭᠤᠯᠵᠤ᠂ ᠡᠭᠦᠨ ᠤ ᠤᠯᠠᠮ ᠢᠶᠠᠷ | ᠮᠠᠯ ᠤᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ | ︵ᠠᠷᠪᠠᠨ ᠭᠤᠷᠪᠠ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠄ ᠠᠰᠢᠭ ᠣᠷᠣᠯᠭ᠎ᠠ ᠶᠢ | ᠭᠤᠷᠪᠠᠨ ᠬᠡᠰᠡᠭ ᠲᠤ ᠬᠤᠪᠢᠶᠠᠵᠤ᠂ ᠫᠧᠩ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠬᠡᠰᠡᠭ ᠥᠮᠴᠢᠯᠡᠬᠦ ᠡᠷᠬᠡ | ᠬᠤᠰᠢᠭᠤᠨ ᠤ ᠵᠠᠰᠠᠭ ᠤᠨ ᠣᠷᠳᠣᠨ ᠤ ᠥᠮᠴᠢᠯᠡᠵᠦ ᠪᠠᠶᠢᠨ᠎ᠠ᠂ ᠲᠥᠷᠥᠯ ᠵᠦᠢᠯ ᠨᠢ ᠠᠵᠤ ᠠᠬᠤᠶᠢᠯᠠᠯ ᠳᠤ | ᠲᠦᠰᠢᠭᠯᠡᠨ ᠮᠠᠯ ᠤᠨᠤᠭ᠎ᠠ ᠪᠠᠨ ᠰᠠᠶᠢᠵᠢᠷᠠᠭᠤᠯᠵᠤ᠂ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠠᠵᠤ | ᠠᠬᠤᠶᠢᠯᠠᠯ ᠳᠤ ᠰᠠᠯᠭᠠᠨ ᠥᠭᠴᠦ᠂ ᠮᠠᠯ ᠤᠨ ᠡᠭᠦᠯᠳᠡᠷ ᠰᠠᠶᠢᠵᠢᠷᠠᠭᠤᠯᠤᠭᠰᠠᠨ ᠠᠰᠢᠭ ᠣᠯᠵᠠᠪᠤᠷᠢ ᠶᠢ ᠲᠠᠷᠢᠶᠠᠴᠢᠨ | ᠡᠷᠦᠬᠡ ᠳᠤ ᠥᠮᠴᠢᠯᠡᠭᠦᠯᠦᠨ᠎ᠡ᠃ | ︵ᠠᠷᠪᠠᠨ ᠳᠥᠷᠪᠡᠳᠦᠭᠡᠷ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ᠄ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠶᠢᠨ | ᠪᠣᠳᠠᠲᠠᠶᠢᠵᠢᠭᠤᠯᠤᠭᠰᠠᠨ ᠪᠠᠶᠢᠳᠠᠯ ᠢ ᠦᠨᠳᠦᠰᠦᠯᠡᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠳᠤ ᠰᠢᠯᠵᠢᠭᠦᠯᠦᠨ ᠥᠭᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠠᠴᠠ ᠡᠯ᠎ᠡ ᠰᠤᠮᠤ ᠪᠠᠯᠭᠠᠰᠤᠨ ᠤ ᠮᠠᠯ ᠤᠨ ᠡᠭᠦᠯᠳᠡᠷ ᠰᠠᠶᠢᠵᠢᠷᠠᠭᠤᠯᠵᠤ ᠰᠢᠯᠭᠠᠨ ᠠᠪᠤᠭᠰᠠᠨ ᠪᠠᠶᠢᠳᠠᠯ ᠢ | ᠦᠨᠳᠦᠰᠦᠯᠡᠨ ᠠᠵᠤ ᠠᠬᠤᠶᠢᠯᠠᠯ ᠳᠤ ᠱᠠᠩᠨᠠᠯ ᠨᠥᠬᠦᠪᠥᠷᠢ ᠶᠢᠨ ᠪᠡᠯᠡ ᠮᠥᠩᠭᠦ ᠰᠢᠯᠵᠢᠭᠦᠯᠦᠨ ᠥᠭᠭᠦᠨ᠎ᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢ᠊ ᠡᠶ᠎ᠡ ᠪᠦᠲᠦᠮᠵᠢᠲᠡᠢ ᠠᠶᠤᠯ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠲᠥᠷᠥᠯ ᠵᠦᠢᠯ ᠢ ᠠᠬᠢᠭᠤᠯᠬᠤ ᠶᠢᠨ ᠠᠷᠭ᠎ᠠ ᠦᠭᠡᠢ᠂ ᠣᠯᠠᠨ | ᠲᠦᠮᠡᠨ ᠤ ᠰᠠᠨᠠᠯ ᠶᠡᠭᠡ᠂ ᠬᠠᠷᠢᠭᠤ ᠲᠤᠰᠬᠠᠭᠰᠠᠨ ᠠᠰᠠᠭᠤᠳᠠᠯ ᠣᠯᠠᠨ᠂ ᠰᠢᠯᠭᠠᠨ ᠠᠪᠬᠤ ᠳᠤ ᠬᠢᠷᠢ ᠲᠡᠩᠴᠡᠬᠦ | ᠦᠭᠡᠢ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠵᠦ᠂ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠬᠤ ᠶᠢ | ᠪᠠᠲᠤᠯᠠᠵᠤ᠂ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠡᠯ᠎ᠡ ᠰᠤᠮᠤ ᠪᠠᠯᠭᠠᠰᠤ ᠲᠤᠰᠬᠠᠢ ᠬᠥᠮᠦᠨ ᠢᠶᠠᠷ | ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠨ ᠬᠠᠮᠢᠶᠠᠷᠤᠭᠤᠯᠵᠤ᠂ ᠲᠥᠷᠥᠯ ᠵᠦᠢᠯ ᠢ | ᠬᠡᠷᠡᠭᠵᠢᠭᠦᠯᠬᠦ ᠶᠠᠪᠤᠴᠠ ᠳᠤ᠂ ᠭᠠᠴᠠᠭ᠎ᠠ ᠶᠢ ᠵᠣᠬᠢᠶᠠᠨ ᠪᠠᠶᠢᠭᠤᠯᠤᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ | ᠮᠠᠯ ᠤᠨᠤᠭ᠎ᠠ ᠶᠢ ᠰᠠᠶᠢᠵᠢᠷᠠᠭᠤᠯᠬᠤ ᠳᠤ ᠣᠷᠣᠯᠴᠠᠭᠤᠯᠵᠤ᠂ ᠭᠠᠴᠠᠭ᠎ᠠ᠂ ᠲᠣᠰᠬᠤᠨ ᠳᠤ ᠰᠠᠭᠤᠭ᠎ᠠ ᠠᠵᠢᠯᠯᠠᠬᠤ | ᠠᠩᠭᠢ᠂ ᠠᠵᠤ ᠦᠢᠯᠡᠰ ᠤᠨ ᠵᠢᠭᠠᠨ ᠵᠢᠯᠣᠭᠤᠳᠣᠭᠴᠢ ᠵᠢᠴᠢ ᠨᠡᠶᠢᠭᠡᠮ ᠤᠨ ᠬᠦᠴᠦᠨ ᠤ ᠬᠠᠮᠲᠤ ᠪᠠᠷ ᠲᠤᠰ | ᠠᠵᠢᠯ ᠳᠤ ᠣᠷᠣᠯᠴᠠᠬᠤ ᠶᠢ ᠵᠢᠯᠣᠭᠤᠳᠬᠤ ᠬᠡᠷᠡᠭᠲᠡᠢ᠃ | ︵ᠬᠤᠶᠠᠷ︶ ᠮᠡᠷᠭᠡᠵᠢᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ | ᠡᠭᠦᠯᠳᠡᠷ ᠰᠠᠶᠢᠵᠢᠷᠠᠭᠤᠯᠬᠤ ᠠᠵᠢᠯᠲᠠᠨ ᠤ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ | ᠮᠡᠷᠭᠡᠵᠢᠯ ᠤᠨ ᠠᠵᠢᠯᠲᠠᠨ ᠳᠤ ᠲᠣᠭᠲᠠᠮᠠᠯ ᠬᠤᠭᠤᠴᠠᠭ᠎ᠠ ᠲᠠᠢ ᠪᠠᠷ ᠴᠢᠬᠤᠯᠠ ᠪᠦᠬᠦᠢ ᠪᠣᠯᠪᠠᠰᠤᠷᠠᠭᠤᠯᠤᠯ ᠬᠢᠵᠦ᠂ | ᠦᠢᠯᠡᠴᠢᠯᠡᠭᠡᠨ ᠤ ᠦᠵᠡᠯ ᠤᠬᠠᠮᠰᠠᠷ ᠪᠣᠯᠤᠨ ᠦᠢᠯᠡᠴᠢᠯᠡᠭᠡᠨ ᠤ ᠴᠢᠳᠠᠪᠤᠷᠢ ᠶᠢ ᠨᠢ ᠪᠦᠲᠦᠮᠵᠢᠲᠡᠢ ᠪᠠᠷ | ᠳᠡᠭᠡᠭᠰᠢᠯᠡᠭᠦᠯᠦᠨ᠂ ᠲᠠᠷᠢᠶᠠᠴᠢᠳ ᠲᠤ ᠮᠡᠷᠭᠡᠵᠢᠯ ᠤᠨ ᠪᠣᠯᠪᠠᠰᠤᠷᠠᠭᠤᠯᠤᠯ ᠪᠣᠯᠤᠨ ᠵᠢᠯᠣᠭᠤᠳᠣᠯᠭ᠎ᠠ ᠶᠢ ᠴᠢᠩᠭᠠᠳᠬᠠᠵᠤ | ᠂ ᠡᠭᠦᠯᠳᠡᠷ ᠰᠠᠶᠢᠵᠢᠷᠠᠭᠤᠯᠬᠤ ᠠᠵᠢᠯ ᠤᠨ ᠲᠠᠨᠢᠯᠲᠠ ᠶᠢ ᠴᠢᠩᠭᠠᠷᠠᠭᠤᠯᠬᠤ ᠬᠡᠷᠡᠭᠲᠡᠢ᠃ | ︵ᠭᠤᠷᠪᠠ︶ ᠬᠠᠤᠯᠢ ᠴᠠᠭᠠᠵᠠ ᠶᠢᠨ ᠳᠡᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠭᠠᠷ ᠤᠨ ᠦᠰᠦᠭ | ᠵᠢᠷᠤᠭᠰᠠᠨ ᠡᠯ᠎ᠡ ᠵᠦᠢᠯ ᠤᠨ ᠬᠡᠯᠡᠯᠴᠡᠭᠡᠷ᠂ ᠭᠡᠷ᠎ᠡ ᠶᠢ ᠲᠤᠰᠬᠠᠢ ᠮᠡᠷᠭᠡᠵᠢᠯ ᠤᠨ ᠠᠵᠢᠯᠲᠠᠨ ᠢᠶᠠᠷ ᠬᠠᠷᠢᠭᠤᠴᠠᠭᠤᠯᠵᠤ᠂ | ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠨᠢ ᠪᠦᠷᠢᠨ ᠭᠦᠢᠴᠡᠳ ᠪᠣᠯᠭᠠᠬᠤ ᠬᠡᠷᠡᠭᠲᠡᠢ᠃ | | | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠵᠠᠬ᠎ᠠ ᠳᠡᠯᠭᠡᠭᠦᠷ ᠤᠨ ᠭᠤᠣᠯ | ᠴᠣᠭᠴᠠ ᠠᠴᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠲᠥᠰᠦᠯ | | | ᠬᠢᠩᠭᠠᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠳᠠᠷᠤᠮᠠᠯᠯᠠᠨ ᠲᠠᠷᠬᠠᠭᠠᠭᠰᠠᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ | ᠨᠡᠮᠡᠭᠳᠡᠭᠦᠯᠬᠦ ᠶᠢ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤᠭᠤᠶᠢᠯᠠᠩ ᠲᠠᠷᠬᠠᠭᠠᠭᠰᠠᠨ ︹2022︺ 28 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠪᠰᠤᠷᠤᠨ ᠲᠡᠳᠬᠦᠬᠦ ᠲᠥᠷᠥᠯ ᠵᠦᠢᠯ ᠤᠨ ᠬᠥᠳᠡᠭᠡ ᠠᠵᠤ | ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠤᠯᠠᠮ ᠨᠢᠭᠡ ᠠᠯᠬᠤᠮ | ᠪᠦᠷᠢᠨᠰᠢᠭᠦᠯᠦᠨ ᠲᠡᠭᠦᠯᠳᠡᠷᠵᠢᠭᠦᠯᠬᠦ ᠲᠤᠬᠠᠢ ᠵᠢᠯᠣᠭᠤᠳᠬᠤ ᠰᠠᠨᠠᠯ ᠢ ᠨᠠᠶᠢᠳᠠᠪᠤᠷᠢᠵᠢᠭᠤᠯᠤᠨ᠂ ᠠᠵᠤ ᠦᠢᠯᠡᠰ ᠤᠨ | ᠬᠠᠪᠰᠤᠷᠤᠨ ᠲᠡᠳᠬᠦᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠠᠪᠰᠤᠷᠤᠨ ᠲᠡᠳᠬᠦᠬᠦ ᠲᠥᠷᠥᠯ ᠵᠦᠢᠯ ᠤᠨ | ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠪᠠᠬᠢᠵᠢᠭᠦᠯᠦᠨ | ᠥᠷᠭᠡᠳᠬᠡᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠤᠰ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠰᠡᠳᠬᠢᠴᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠲᠤᠬᠠᠢ ᠨᠠᠮ ᠤᠨ ᠲᠥᠪ ᠬᠤᠷᠢ᠊ ᠡᠶ᠎ᠡ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠬᠦ ᠲᠥᠷᠥᠯ | ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠬᠠᠪᠰᠤᠷᠤᠨ | ᠲᠡᠳᠬᠦᠬᠦ ᠲᠥᠷᠥᠯ ᠵᠦᠢᠯ ᠤᠨ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ | ᠳᠠᠶᠢᠴᠢᠯᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠴᠢᠨ ᠡᠷᠦᠬᠡ ᠶᠢ ᠳᠠᠶᠢᠴᠢᠯᠠᠨ ᠠᠵᠤ | ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ᠃ ᠳᠡᠮᠵᠢᠯᠭᠡ | ᠣᠯᠬᠤ ᠬᠢᠭᠡᠳ ᠲᠠᠷᠢᠶᠠᠯᠠᠩ ᠲᠠᠢ ᠬᠤᠯᠪᠣᠭᠳᠠᠭᠤᠯᠤᠨ ᠲᠠᠷᠢᠶᠠᠯᠠᠩ ᠢ ᠳᠠᠶᠢᠴᠢᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠯᠤᠭ᠎ᠠ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠠᠮᠢᠶ᠎ᠠ ᠪᠦᠬᠦᠢ ᠬᠠᠪᠰᠤᠷᠤᠨ | ᠲᠡᠳᠬᠦᠬᠦ ᠪᠡᠯᠡ ᠮᠥᠩᠭᠦ ᠶᠢᠨ ᠡᠵᠡᠩᠨᠡᠯᠲᠡ ᠶᠢᠨ ᠴᠢᠨᠠᠷᠲᠠᠢ ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠯᠡᠵᠦ᠂ | ᠵᠠᠷᠴᠢᠮ ᠳᠡᠭᠡᠷ᠎ᠡ ᠪᠠᠨ ᠴᠥᠮ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ | ᠪᠠᠶᠢᠭᠤᠯᠵᠤ᠂ ᠳᠠᠭᠠᠭᠤᠯᠪᠠᠰᠤ ᠵᠣᠬᠢᠬᠤ ᠶᠢ ᠨᠢ ᠪᠦᠬᠦᠨ ᠢ ᠳᠠᠭᠠᠭᠤᠯᠬᠤ ᠬᠡᠷᠡᠭᠲᠡᠢ᠃ ᠦᠷ᠎ᠡ ᠠᠰᠢᠭ ᠢ ᠳᠠᠶᠢᠴᠢᠯᠠᠬᠤ | ᠪᠠ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠠᠶᠢᠴᠢᠯᠠᠬᠤ | ᠠᠷᠭ᠎ᠠ ᠬᠡᠯᠪᠡᠷᠢ ᠪᠠ ᠠᠰᠢᠭ ᠬᠦᠷᠲᠡᠬᠦ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠭᠲᠠᠭᠠᠵᠤ᠂ ︽ | ᠣᠨᠣᠪᠴᠢᠲᠠᠢ ᠠᠪᠴᠤ ᠳᠡᠶᠢᠯᠬᠦ︾᠂ ︽ᠲᠣᠭᠲᠠᠭᠤᠨ ᠳᠠᠭᠠᠭᠤᠯᠵᠤ ᠳᠡᠶᠢᠯᠬᠦ︾᠂ ︽ᠤᠷᠲᠤ ᠬᠤᠭᠤᠴᠠᠭ᠎ᠠ ᠪᠠᠷ | ᠳᠠᠭᠠᠭᠤᠯᠬᠤ︾ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠮᠥᠷᠲᠡᠭᠡᠨ ᠪᠠᠰᠠ ᠬᠠᠪᠰᠤᠷᠤᠨ ᠲᠡᠳᠬᠦᠬᠦ | ᠲᠥᠷᠥᠯ ᠵᠦᠢᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠲᠡᠢ ᠳᠡᠮᠵᠢᠯᠭᠡ ᠬᠠᠩᠭᠠᠪᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠭᠤᠣᠯ ᠴᠣᠭᠴᠠ ᠶᠢᠨ ᠪᠦᠲᠦᠴᠡ ᠶᠢ ᠰᠢᠯᠢᠳᠡᠭᠵᠢᠭᠦᠯᠵᠦ᠂ ᠭᠤᠣᠯ ᠴᠣᠭᠴᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠣᠳᠣᠬᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠨᠡᠮᠡᠭᠳᠡᠯ ᠣᠯᠠᠨ᠂ ᠶᠠᠰᠤ ᠴᠢᠨᠠᠷ | ᠥᠨᠳᠥᠷ ᠪᠤᠰᠤ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠭᠤᠣᠯ ᠴᠣᠭᠴᠠ ᠶᠢᠨ ᠪᠦᠲᠦᠴᠡ ᠶᠢ | ᠰᠢᠯᠢᠳᠡᠭᠵᠢᠭᠦᠯᠬᠦ᠂ ᠭᠤᠣᠯ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠬᠤ ᠪᠠᠷ | ᠴᠢᠷᠮᠠᠶᠢᠨ᠎ᠠ᠃ ᠵᠠᠷᠢᠮ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠳᠤ ᠰᠣᠯᠪᠢᠴᠠᠭᠰᠠᠨ ᠪᠤᠶᠤ ᠵᠠᠬ᠎ᠠ ᠬᠢᠵᠠᠭᠠᠷ | ᠣᠷᠣᠰᠢᠵᠤ ᠪᠠᠶᠢᠭ᠎ᠠ ᠭᠤᠣᠯ ᠴᠣᠭᠴᠠ ᠨᠤᠭᠤᠳ ᠢ ᠨᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠣᠷᠴᠢᠨ | ᠲᠣᠭᠤᠷᠢᠨ ᠪᠠ ᠵᠠᠬ᠎ᠠ ᠳᠡᠯᠭᠡᠭᠦᠷ ᠤᠨ ᠠᠯᠤᠰ ᠤᠨ ᠲᠥᠯᠥᠪ ᠢ ᠨᠢ ᠵᠠᠳᠠᠯᠵᠤ᠂ ᠲᠤᠰ ᠪᠡᠶ᠎ᠡ ᠶᠢᠨ ᠰᠠᠶᠢᠨ ᠮᠠᠭᠤ | ᠨᠥᠬᠦᠴᠡᠯ ᠢ ᠨᠢ ᠲᠣᠳᠣᠷᠬᠠᠢ ᠪᠣᠯᠭᠠᠨ᠂ ᠣᠶᠤᠨᠴᠢ ᠮᠠᠭᠠᠳᠯᠠᠯᠲᠠ ᠪᠠ ᠵᠢᠱᠢᠯᠲᠡ ᠬᠢᠵᠦ᠂ ᠡᠭᠦᠨ ᠢᠶᠠᠷ | ᠢᠷᠡᠭᠡᠳᠦᠢ ᠶᠢᠨ ᠬᠥᠭᠵᠢᠯᠲᠡ ᠶᠢᠨ ᠭᠤᠣᠯ ᠠᠵᠢᠯ ᠤᠨ ᠴᠢᠭᠯᠡᠯ ᠢ ᠰᠠᠶᠢᠲᠤᠷ ᠡᠵᠡᠮᠳᠡᠬᠦ ᠬᠡᠷᠡᠭᠲᠡᠢ᠃ | ︵ᠬᠤᠶᠠᠷ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠬᠠᠭᠤᠯᠵᠤ ᠬᠥᠲᠥᠯᠥᠨ ᠵᠢᠯᠣᠭᠤᠳᠬᠤ ᠶᠢ | ᠴᠢᠬᠤᠯᠠᠴᠢᠯᠠᠵᠤ᠂ ᠭᠤᠣᠯ ᠴᠣᠭᠴᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠠᠪᠰᠤᠷᠤᠨ ᠲᠡᠳᠬᠦᠬᠦ ᠳᠤ ᠣᠷᠣᠯᠴᠠᠬᠤ ᠬᠦᠰᠡᠯ ᠡᠷᠡᠮᠡᠯᠵᠡᠯ ᠤᠨ ᠲᠤᠬᠠᠢ ᠬᠤᠯᠪᠣᠭᠳᠠᠯ ᠪᠦᠬᠦᠢ ᠡᠯ᠎ᠡ | ᠲᠥᠷᠥᠯ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ᠂ ᠱᠠᠭᠠᠷᠳᠠᠯᠭ᠎ᠠ ᠵᠢᠴᠢ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠵᠡᠷᠭᠡ ᠶᠢ ᠲᠠᠨᠢᠯᠴᠠᠭᠤᠯᠤᠨ ᠲᠣᠳᠣᠷᠬᠠᠶᠢᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ | ᠲᠡᠳᠬᠦᠬᠦ ᠳᠤ ᠣᠷᠣᠯᠴᠠᠬᠤ ᠠᠴᠠ ᠡᠮᠦᠨ᠎ᠡ ᠨᠡᠯᠢᠶᠡᠳ ᠭᠦᠢᠴᠡᠳ ᠮᠡᠳᠡᠭᠦᠯᠬᠦ ᠪᠠ ᠪᠡᠯᠡᠳᠬᠡᠯ ᠬᠢᠬᠦ ᠬᠡᠷᠡᠭᠲᠡᠢ᠃ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠳᠠᠶᠢᠴᠢᠯᠠᠬᠤ ᠡᠭᠦᠷᠭᠡ ᠶᠢᠨ ᠱᠠᠭᠠᠷᠳᠠᠯᠭ᠎ᠠ ᠳᠤ ᠴᠢᠭᠯᠡᠭᠦᠯᠦᠨ᠂ ᠭᠤᠣᠯ | ᠴᠣᠭᠴᠠ ᠶᠢᠨ ᠳᠠᠩᠰᠠᠯᠠᠯᠲᠠ ᠶᠢᠨ ᠲᠤᠭ᠎ᠠ ᠬᠡᠮᠵᠢᠶ᠎ᠡ ᠶᠢ ᠬᠥᠭᠡᠭᠡᠴᠡᠯᠳᠦᠵᠦ ᠪᠣᠯᠬᠤ ᠦᠭᠡᠢ᠂ ᠶᠠᠰᠤ ᠴᠢᠨᠠᠷ ᠢ ᠨᠡᠩ | ᠢᠯᠡᠭᠦᠦ ᠴᠢᠬᠤᠯᠠᠴᠢᠯᠠᠵᠤ ᠪᠣᠯᠬᠤ ᠦᠭᠡᠢ᠃ | ︵ᠭᠤᠷᠪᠠ︶ ᠭᠤᠣᠯ ᠴᠣᠭᠴᠠ ᠶᠢᠨ ᠦᠰᠦᠨ ᠪᠤᠶᠢᠵᠢᠯᠲᠠ ᠶᠢ ᠬᠠᠯᠠᠮᠵᠢᠯᠠᠵᠤ᠂ ᠤᠷᠲᠤ ᠬᠤᠭᠤᠴᠠᠭ᠎ᠠ ᠪᠠᠷ | ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠬᠠᠪᠰᠤᠷᠤᠨ ᠲᠡᠳᠬᠦᠬᠦ ᠳᠤ | ᠣᠷᠣᠯᠴᠠᠭᠰᠠᠨ ᠤ ᠳᠠᠷᠠᠭ᠎ᠠ᠂ ᠲᠡᠳᠡᠨ ᠤ ᠡᠵᠡᠩᠨᠡᠯᠲᠡ ᠶᠢᠨ ᠪᠠᠶᠢᠳᠠᠯ ᠢ ᠴᠠᠭ ᠲᠤᠬᠠᠢ ᠳᠤᠨᠢ ᠬᠥᠳᠡᠯᠦᠩᠭᠦᠢ ᠪᠠᠷ ᠬᠢᠨᠠᠨ | ᠬᠡᠮᠵᠢᠬᠦ ᠶᠢ ᠴᠢᠬᠤᠯᠠᠴᠢᠯᠠᠵᠤ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠴᠠᠭ | ᠲᠤᠬᠠᠢ ᠳᠤᠨᠢ ᠬᠢᠨᠠᠯᠲᠠ ᠲᠠᠯᠪᠢᠨ ᠪᠠᠶᠢᠴᠠᠭᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ | ᠬᠠᠪᠰᠤᠷᠤᠨ ᠰᠢᠢᠳᠪᠦᠷᠢᠯᠡᠬᠦ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠦᠢᠯᠡᠴᠢᠯᠡᠭᠡᠨ ᠤ ᠬᠢᠷᠢ ᠲᠦᠪᠰᠢᠨ ᠢ ᠰᠠᠶᠢᠵᠢᠷᠠᠭᠤᠯᠤᠨ᠎ᠠ᠃ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ | ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠲᠥᠷᠥᠯ ᠬᠡᠯᠪᠡᠷᠢ ᠪᠠᠷ ᠲᠡᠳᠬᠦᠬᠦ ᠲᠥᠷᠥ ᠶᠢᠨ | ᠪᠣᠳᠣᠯᠭ᠎ᠠ ᠶᠢ ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠪᠠ ᠦᠷ᠎ᠡ | ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠭᠤᠷᠪᠠ᠂ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ | ᠲᠥᠷᠥᠯ ᠵᠦᠢᠯ ᠢ ᠬᠡᠷᠡᠭᠵᠢᠭᠦᠯᠬᠦ ᠪᠦᠷᠢᠯᠳᠦᠬᠦᠨ ᠬᠡᠰᠡᠭ ᠢ ᠦᠨᠳᠦᠰᠦᠯᠡᠨ᠂ ᠬᠤᠰᠢᠭᠤᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠨᠢ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠵᠤ᠂ ᠲᠤᠰ ᠲᠥᠰᠦᠯ ᠤᠨ | ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠬᠦ ᠶᠢ ᠳᠠᠶᠢᠴᠢᠯᠠᠬᠤ ᠠᠵᠢᠯ ᠢ ᠥᠷᠨᠢᠭᠦᠯᠵᠦ᠂ ᠲᠥᠷᠥᠯ ᠵᠦᠢᠯ ᠢ ᠮᠡᠳᠡᠭᠦᠯᠬᠦ ᠭᠠᠷᠳᠠᠮ ᠢ ᠭᠦᠶ᠋ᠴᠡᠳᠬᠡᠵᠦ᠂ | ᠲᠥᠷᠥᠯ ᠵᠦᠢᠯ ᠤᠨ ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠷᠥᠯ ᠵᠦᠢᠯ ᠢ ᠰᠢᠯᠭᠠᠨ | ᠠᠪᠬᠤ ᠪᠠ ᠵᠠᠯᠭᠠᠮᠵᠢ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠦᠷᠪᠡ︶ ᠬᠠᠷᠢᠭᠤᠴᠠᠯᠭᠠᠲᠤ ᠨᠢᠭᠡᠴᠡ ᠵᠢᠴᠢ ᠬᠢᠨᠠᠨ ᠬᠠᠮᠢᠶᠠᠷᠬᠤ ᠨᠢᠭᠡᠴᠡ᠄ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ ᠨᠢ ᠲᠥᠷᠥᠯ ᠵᠦᠢᠯ ᠤᠨ ᠬᠠᠷᠢᠭᠤᠴᠠᠯᠭᠠᠲᠤ ᠨᠢᠭᠡᠴᠡ ᠪᠠᠶᠢᠵᠤ᠂ ᠲᠥᠷᠥᠯ ᠵᠦᠢᠯ ᠤᠨ ᠪᠦᠬᠦᠯᠢ | ᠴᠣᠭᠴᠠ ᠶᠢᠨ ᠬᠡᠷᠡᠭᠵᠢᠭᠦᠯᠦᠯᠲᠡ ᠶᠢ ᠬᠠᠷᠢᠭᠤᠴᠠᠵᠤ᠂ ᠪᠦᠬᠦ ᠶᠠᠪᠤᠴᠠ ᠳᠤ ᠡᠯ᠎ᠡ ᠲᠥᠷᠥᠯ ᠵᠦᠢᠯ ᠤᠨ ᠨᠢᠭᠡᠴᠡ ᠶᠢᠨ | ᠠᠵᠢᠯ ᠤᠨ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠣᠭᠤᠳᠤᠨ᠎ᠠ᠃ | ︵ᠲᠠᠪᠤ︶ ᠠᠬᠢᠴᠠ ᠶᠢᠨ ᠲᠤᠬᠢᠷᠠᠭᠤᠯᠭ᠎ᠠ | 1. ᠡᠮᠦᠨᠡᠬᠢ ᠬᠤᠭᠤᠴᠠᠭᠠᠨ ᠤ ᠪᠡᠯᠡᠳᠬᠡᠯ᠄ 2023 ᠣᠨ ᠤ 2 ᠰᠠᠷ᠎ᠠ ᠳᠤ ᠲᠥᠷᠥᠯ ᠵᠦᠢᠯ ᠤᠨ | ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠬᠤ ᠵᠢᠴᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠨ᠎ᠡ᠃ | 2. ᠲᠥᠷᠥᠯ ᠵᠦᠢᠯ ᠢ ᠬᠡᠷᠡᠭᠵᠢᠭᠦᠯᠦᠨ᠎ᠡ᠄ 2023 ᠣᠨ ᠤ 3 ᠰᠠᠷ᠎ᠠ ᠠᠴᠠ 11 ᠰᠠᠷ᠎ᠠ ᠪᠣᠯᠲᠠᠯ᠎ᠠ ᠲᠥᠷᠥᠯ | ᠵᠦᠢᠯ ᠢ ᠬᠡᠷᠡᠭᠵᠢᠭᠦᠯᠬᠦ ᠱᠠᠲᠤ ᠪᠣᠯᠤᠨ᠎ᠠ᠃ | 3. ᠰᠢᠯᠭᠠᠨ ᠠᠪᠬᠤ ᠪᠠ ᠰᠢᠯᠵᠢᠭᠦᠯᠦᠨ ᠲᠤᠰᠢᠶᠠᠬᠤ᠄ 2023 ᠣᠨ ᠤ 12 ᠰᠠᠷ᠎ᠠ ᠳᠤ ᠲᠥᠷᠥᠯ ᠵᠦᠢᠯ ᠢ | ᠰᠢᠯᠭᠠᠨ ᠠᠪᠬᠤ ᠶᠢ ᠪᠡᠶᠡᠯᠡᠭᠦᠯᠦᠨ᠎ᠡ᠃ | ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠡᠭᠦᠷᠭᠡ᠄ ᠮᠠᠨ ᠤ ᠬᠤᠰᠢᠭᠤᠨ ᠤ ᠭᠤᠣᠯᠯᠠᠬᠤ ᠠᠵᠤ | ᠦᠢᠯᠡᠰ ᠤᠨ ᠰᠠᠭᠤᠷᠢ ᠪᠠ ᠨᠤᠲᠤᠭ ᠤᠨ ᠣᠨᠴᠠᠯᠢᠭ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠢ ᠥᠷᠨᠢᠭᠦᠯᠵᠦ᠂ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ | ᠵᠣᠬᠢᠶᠠᠨ ᠪᠠᠶᠢᠭᠤᠯᠬᠤ ᠬᠡᠯᠲᠡᠰ ᠠᠴᠠ ᠰᠠᠶᠢᠨ ᠰᠠᠶᠢᠬᠠᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ | ᠴᠢᠳᠠᠪᠤᠷᠢ ᠲᠠᠢ ᠠᠵᠤ ᠠᠬᠤᠶᠢᠯᠠᠯ᠂ ᠬᠤᠷᠰᠢᠶᠠᠵᠢᠯ᠂ ᠰᠢᠶᠣᠤ ᠵᠢᠩ ᠪᠠᠶᠠᠵᠢᠯ ᠤᠨ ᠳᠠᠭᠠᠭᠤᠯᠤᠭᠴᠢ ᠶᠢ ᠰᠣᠩᠭᠤᠨ | ᠲᠣᠭᠲᠠᠭᠠᠵᠤ᠂ ᠬᠥᠲᠥᠴᠢ ᠠᠵᠤ ᠠᠬᠤᠶᠢᠯᠠᠯ᠂ ᠲᠠᠷᠢᠶᠠᠴᠢᠨ ᠤ ᠲᠤᠰᠬᠠᠢ ᠬᠤᠷᠰᠢ᠊ ᠡᠶ᠎ᠡ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ᠂ ᠲᠤᠰᠬᠠᠢ ᠲᠣᠮᠣ ᠡᠷᠦᠬᠡ ᠵᠡᠷᠭᠡ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ | ᠴᠣᠭᠴᠠ ᠶᠢ ᠬᠥᠲᠥᠯᠥᠨ ᠵᠢᠯᠣᠭᠤᠳᠴᠤ ᠪᠠᠶᠢᠭᠠᠳ ᠮᠠᠯᠵᠢᠬᠤ ᠲᠠᠷᠢᠶᠠᠯᠠᠬᠤ ᠡᠷᠦᠬᠡ ᠲᠠᠢ ᠬᠤᠯᠪᠣᠭᠠᠯᠠᠵᠤ ᠠᠵᠢᠯ | ᠣᠯᠭᠤᠬᠤ᠂ ᠵᠠᠬᠢᠶᠠᠯᠠᠭ᠎ᠠ ᠶᠢᠨ ᠦᠢᠯᠡᠳᠪᠦᠷᠢᠯᠡᠯ᠂ ᠨᠠᠶᠢᠳᠠᠨ ᠲᠡᠵᠢᠭᠡᠯᠭᠡᠬᠦ ᠨᠠᠶᠢᠳᠠᠨ ᠬᠠᠮᠢᠶᠠᠷᠤᠭᠤᠯᠬᠤ᠂ | ᠦᠢᠯᠡᠳᠬᠦᠨ ᠢ ᠣᠷᠣᠯᠠᠨ ᠪᠣᠷᠣᠯᠠᠭᠤᠯᠬᠤ᠂ ᠬᠠᠮᠠᠭᠠᠯᠠᠯᠲᠠ ᠶᠢᠨ ᠦᠨ᠎ᠡ ᠪᠠᠷ ᠬᠤᠳᠠᠯᠳᠤᠨ ᠠᠪᠬᠤ᠂ | ᠪᠣᠯᠪᠠᠰᠤᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠠᠶᠢᠭᠤᠯᠵᠤ᠂ ᠡᠴᠦᠰ ᠲᠡᠭᠡᠨ ᠠᠰᠢᠭ ᠲᠤᠰᠠ ᠶᠢ ᠬᠤᠯᠪᠣᠭᠳᠠᠭᠤᠯᠬᠤ | ᠠᠷᠭ᠎ᠠ ᠬᠡᠯᠪᠡᠷᠢ ᠶᠢ ᠦᠨᠳᠦᠰᠦᠯᠡᠨ ᠠᠵᠤ ᠠᠬᠤᠶᠢᠯᠠᠯ ᠳᠤ ᠱᠠᠩᠨᠠᠯ ᠨᠥᠬᠦᠪᠥᠷᠢ ᠣᠯᠭᠤᠨ᠎ᠠ᠃ ᠨᠢᠭᠡ ᠳᠤ᠂ | ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠵᠦᠩ ᠶᠠᠩ ᠲᠠᠷᠢᠶᠠᠯᠠᠩ᠂ | ᠶᠦᠨ ᠮᠦ ᠡᠪᠡᠰᠦᠨ ᠤ ᠦᠢᠯᠡᠰ᠂ ᠡᠦ ᠭᠧᠨ ᠳ᠋ᠠ ᠪᠠ ᠬᠤᠷᠰᠢ᠊ ᠡᠶ᠎ᠡ᠂ ᠠᠵᠢᠯ ᠣᠯᠭᠤᠵᠤ ᠬᠠᠪᠰᠤᠷᠤᠨ ᠲᠡᠳᠬᠦᠬᠦ | ᠦᠢᠯᠡᠳᠪᠦᠷᠢ ᠶᠢᠨ ᠲᠠᠰᠤᠭ ᠵᠡᠷᠭᠡ ᠠᠵᠤ ᠠᠬᠤᠶᠢᠯᠠᠯ ᠪᠠ ᠬᠤᠷᠰᠢᠶ᠎ᠠ ᠲᠠᠢ ᠬᠤᠯᠪᠣᠭᠠᠯᠠᠨ ᠲᠠᠷᠢᠶᠠᠯᠠᠩ ᠢ ᠳᠠᠶᠢᠴᠢᠯᠠᠬᠤ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠬᠠᠷᠢᠭᠤᠴᠠᠵᠤ᠂ ᠢᠵᠢ ᠪᠦᠷᠢᠳᠦᠭᠦᠯᠦᠨ ᠦᠢᠯᠡᠳᠪᠦᠷᠢᠯᠡᠬᠦ ᠳᠤ | ᠡᠷᠬᠡᠪᠰᠢ ᠲᠣᠨᠤᠭ ᠲᠥᠬᠦᠭᠡᠷᠦᠮᠵᠢ᠂ ᠨᠡᠶᠢᠭᠡᠮᠴᠢᠯᠡᠭᠰᠡᠨ ᠦᠢᠯᠡᠴᠢᠯᠡᠭᠡ᠂ ᠵᠠᠬᠢᠶᠠᠯᠠᠭ᠎ᠠ ᠶᠢᠨ ᠲᠠᠷᠢᠶᠠᠯᠠᠩ ᠮᠠᠯ ᠠᠵᠤ | ᠠᠬᠤᠢ᠂ ᠠᠵᠢᠯ ᠣᠯᠭᠤᠯᠲᠠ ᠶᠢ ᠠᠬᠢᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠮᠠᠯᠴᠢᠨ | ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠪᠡ᠂ ᠬᠤᠶᠠᠷ ᠲᠤ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ︽ᠰᠢᠶᠣᠤ ᠵᠢᠩ ᠲᠥᠯᠥᠪᠯᠡᠭᠡ︾ ᠪᠠᠷ | ᠳᠠᠮᠵᠢᠭᠤᠯᠤᠨ ᠰᠢᠯᠢᠳᠡᠭ ᠳᠠᠭᠠᠭᠤᠯᠤᠭᠴᠢ ᠶᠢ ᠰᠣᠩᠭᠤᠨ ᠲᠠᠷᠢᠶᠠᠯᠠᠩ ᠤᠨ ᠳᠠᠭᠠᠭᠤᠯᠤᠨ ᠬᠥᠳᠡᠭᠡ ᠠᠵᠤ ᠠᠬᠤᠢ ᠶᠢ | ᠳᠠᠶᠢᠴᠢᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠭᠤ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ | ᠳᠠᠭᠠᠭᠤᠯᠤᠭᠴᠢ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ 200 ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠲᠥᠷᠥᠯ ᠵᠦᠢᠯ ᠤᠨ ᠪᠦᠬᠦᠯᠢ ᠴᠣᠭᠴᠠ ᠪᠠᠷ ᠢᠶᠠᠨ 600 ᠭᠠᠷᠤᠢ ᠮᠠᠯᠴᠢᠨ ᠲᠠᠷᠢᠶᠠᠴᠢᠨ ᠡᠷᠦᠬᠡ ᠶᠢ | ᠳᠠᠶᠢᠴᠢᠯᠠᠪᠠ᠃ | ︵ᠳᠣᠯᠤᠭ᠎ᠠ︶ ᠪᠡᠯᠡ ᠮᠥᠩᠭᠦ ᠶᠢᠨ ᠣᠷᠣᠭᠤᠯᠤᠯᠲᠠ᠄ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ | 3868.2 ᠲᠦᠮᠡᠨ ᠲᠥᠭᠦᠷᠢᠭ᠃ | ︵ᠨᠠᠢᠮᠠ︶ ᠪᠡᠯᠡ ᠮᠥᠩᠭᠦ ᠶᠢᠨ ᠢᠷᠡᠯᠲᠡ᠄ ᠭᠤᠣᠯᠳᠠᠭᠤ 2023 ᠣᠨ ᠤ ᠪᠡᠯᠡ ᠮᠥᠩᠭᠦ ᠶᠢ ᠵᠣᠯᠭᠠᠭᠤᠯᠬᠤ | ᠪᠡᠯᠡ ᠮᠥᠩᠭᠦ ᠵᠢᠴᠢ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠦᠨ᠎ᠡ᠃ | | ︵ᠶᠢᠰᠦ︶ ᠵᠣᠬᠢᠶᠠᠨ ᠪᠠᠶᠢᠭᠤᠯᠵᠤ ᠬᠡᠷᠡᠭᠵᠢᠭᠦᠯᠬᠦ | ᠲᠥᠷᠥᠯ ᠵᠦᠢᠯ ᠢ ᠬᠤᠶᠠᠷ ᠬᠡᠰᠡᠭ ᠲᠤ ᠨᠠᠶᠢᠳᠠᠪᠤᠷᠢᠵᠢᠭᠤᠯᠤᠨ᠎ᠠ᠄ | 1. ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠬᠡᠷᠡᠭᠵᠢᠭᠦᠯᠬᠦ ᠬᠡᠰᠡᠭ᠃ | ︵1︶ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠤᠰ ᠬᠡᠷᠡᠭᠵᠢᠭᠦᠯᠬᠦ | ᠲᠥᠰᠦᠯ ᠢ ᠦᠨᠳᠦᠰᠦᠯᠡᠨ᠂ ᠪᠣᠳᠠᠲᠠᠢ ᠬᠡᠷᠡᠭᠵᠢᠭᠦᠯᠬᠦ ᠪᠠᠷᠢᠮᠵᠢᠶ᠎ᠠ ᠶᠢ ᠨᠠᠷᠢᠯᠢᠬᠵᠢᠭᠤᠯᠵᠤ᠂ ᠠᠵᠤ ᠠᠬᠤᠶᠢᠯᠠᠯ᠂ | ᠬᠤᠷᠰᠢ᠊ ᠡᠶ᠎ᠡ ᠬᠢᠭᠡᠳ ᠳᠠᠭᠠᠭᠤᠯᠤᠭᠴᠢ ᠶᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ | ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠵᠤ᠂ ᠬᠤᠯᠪᠣᠭᠠᠲᠤ ᠲᠠᠷᠢᠶᠠᠯᠠᠩ ᠢᠶᠠᠷ ᠲᠠᠷᠢᠶᠠᠯᠠᠩ ᠢ ᠳᠠᠶᠢᠴᠢᠯᠠᠬᠤ | ᠦᠷ᠎ᠡ ᠠᠰᠢᠭ ᠢ ᠪᠠᠳᠠᠷᠠᠭᠤᠯᠤᠨ᠎ᠠ᠃ | ︵2︶ ᠲᠥᠷᠥᠯ ᠵᠦᠢᠯ ᠢ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠠᠴᠠ ᠬᠠᠷᠢᠶ᠎ᠠ ᠣᠷᠣᠨ ᠪᠦᠰᠡ ᠶᠢᠨ ᠶᠣᠰᠣᠭᠠᠷ ᠬᠠᠮᠢᠶ᠎ᠠ ᠪᠦᠬᠦᠢ ᠨᠢᠭᠡᠴᠡ ᠶᠢ ᠵᠣᠬᠢᠶᠠᠨ ᠪᠠᠶᠢᠭᠤᠯᠵᠤ | ᠲᠤᠰ ᠲᠤᠰ ᠪᠣᠳᠠᠲᠠᠢ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠬᠢᠨᠠᠨ ᠬᠠᠷᠭᠤᠭᠤᠯᠵᠤ ᠪᠠᠲᠤᠯᠠᠭᠰᠠᠨ ᠤ | ᠳᠠᠷᠠᠭ᠎ᠠ ᠲᠥᠷᠥᠯ ᠵᠦᠢᠯ ᠢ ᠬᠡᠷᠡᠭᠵᠢᠭᠦᠯᠦᠨ᠎ᠡ᠃ | ︵3︶ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠪᠠᠲᠤᠯᠠᠭᠰᠠᠨ ᠤ ᠳᠠᠷᠠᠭ᠎ᠠ᠂ ᠲᠥᠷᠥᠯ ᠵᠦᠢᠯ ᠤᠨ ᠪᠡᠯᠡ | ᠮᠥᠩᠭᠦ ᠶᠢ ᠪᠡᠯᠡ ᠮᠥᠩᠭᠦ ᠶᠢᠨ ᠪᠣᠳᠠᠲᠠᠶᠢᠵᠢᠭᠤᠯᠤᠭᠰᠠᠨ ᠪᠠᠶᠢᠳᠠᠯ ᠢ ᠦᠨᠳᠦᠰᠦᠯᠡᠨ ᠬᠡᠷᠡᠭᠵᠢᠭᠦᠯᠬᠦ ᠨᠢᠭᠡᠴᠢ ᠳᠤ | ᠰᠠᠯᠭᠠᠨ ᠥᠭᠴᠦ᠂ ᠲᠥᠷᠥᠯ ᠵᠦᠢᠯ ᠤᠨ ᠨᠢᠭᠡᠴᠢ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠵᠠᠰᠠᠭ ᠤᠨ ᠣᠷᠳᠣᠨ ᠬᠤᠳᠠᠯᠳᠤᠨ ᠠᠪᠬᠤ ᠵᠡᠷᠭᠡ ᠴᠢᠬᠤᠯᠠ ᠪᠥᠬᠦᠶ ᠳᠡᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ | ᠲᠥᠷᠥᠯ ᠵᠦᠢᠯ ᠢ ᠬᠡᠷᠡᠭᠵᠢᠭᠦᠯᠦᠨ᠎ᠡ᠃ | ︵4︶ ᠲᠥᠷᠥᠯ ᠵᠦᠢᠯ ᠤᠨ ᠨᠢᠭᠡᠴᠡ ᠨᠢ ᠲᠤᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠵᠠᠬ᠎ᠠ | ᠳᠡᠯᠭᠡᠭᠦᠷ ᠤᠨ ᠭᠤᠣᠯ ᠴᠣᠭᠴᠠ ᠯᠤᠭ᠎ᠠ ᠭᠡᠷ᠎ᠡ ᠶᠢᠨ ᠬᠡᠯᠡᠯᠴᠡᠭᠡᠷ ᠢ ᠲᠡᠭᠦᠯᠳᠡᠷᠵᠢᠭᠦᠯᠵᠦ᠂ ᠡᠭᠦᠨ ᠳᠤ ᠦᠢᠯᠡᠴᠢᠯᠡᠭᠡᠨ ᠤ | ᠠᠭᠤᠯᠭ᠎ᠠ᠂ ᠳᠠᠶᠢᠴᠢᠯᠠᠬᠤ ᠠᠷᠭ᠎ᠠ ᠮᠠᠶ᠋ᠢᠭ᠂ ᠬᠡᠪᠴᠢᠶ᠎ᠡ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠥᠮᠴᠢᠯᠡᠬᠦ | ᠡᠷᠬᠡ ᠵᠡᠷᠭᠡ ᠶᠢ ᠪᠠᠭᠲᠠᠭᠠᠵᠤ᠂ ᠡᠯ᠎ᠡ ᠲᠠᠯ᠎ᠠ ᠶᠢᠨ ᠡᠷᠬᠡ ᠪᠠ ᠡᠭᠦᠷᠭᠡ ᠶᠢ ᠲᠣᠳᠣᠷᠬᠠᠶᠢᠯᠠᠵᠤ᠂ ᠲᠠᠷᠢᠶᠠᠯᠠᠩ ᠲᠠᠢ | ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠴᠢᠩᠭᠠᠷᠠᠭᠤᠯᠤᠨ᠎ᠠ᠃ | ︵5︶ ᠡᠯ᠎ᠡ ᠲᠥᠷᠥᠯ ᠵᠦᠢᠯ ᠤᠨ ᠨᠢᠭᠡᠴᠡ ᠨᠦᠭᠦᠳ ᠰᠠᠶᠢᠨ ᠰᠠᠶᠢᠬᠠᠨ ᠡᠵᠡᠩᠨᠡᠯᠲᠡ ᠶᠢᠨ ᠴᠢᠳᠠᠪᠤᠷᠢ ᠲᠠᠢ᠂ | ᠢᠲᠡᠭᠡᠯ ᠬᠦᠨᠳᠦ ᠰᠠᠶᠢᠨ᠂ ᠡᠵᠡᠩᠨᠡᠯᠲᠡ ᠶᠢᠨ ᠦᠨᠡᠮᠯᠡᠯ ᠲᠠᠢ ᠪᠥᠭᠡᠳ ᠬᠡᠪ ᠤᠨ ᠡᠵᠡᠩᠨᠡᠯᠲᠡ ᠶᠢᠨ ᠪᠠᠶᠢᠳᠠᠯ ᠳᠤ | ᠪᠠᠶᠢᠭ᠎ᠠ ᠠᠵᠤ ᠠᠬᠤᠶᠢᠯᠠᠯ ᠪᠤᠶᠤ ᠬᠤᠷᠰᠢ᠊ ᠡᠶ᠎ᠡ ᠶᠢ ᠰᠣᠩᠭᠤᠵᠤ᠂ ᠡᠵᠡᠩᠨᠡᠯᠲᠡ ᠶᠢᠨ ᠭᠤᠣᠯ ᠴᠣᠭᠴᠠ ᠳᠤ ᠬᠡᠷᠡᠭ ᠤᠨ | ᠡᠮᠦᠨ᠎ᠡ ᠪᠠᠶᠢᠴᠠᠭᠠᠵᠤ ᠦᠨᠡᠯᠡᠨ ᠵᠢᠱᠢᠯᠲᠡ ᠬᠢᠵᠦ᠂ ᠳᠠᠯᠳᠠ ᠭᠡᠮ ᠣᠷᠣᠰᠢᠵᠤ ᠪᠠᠶᠢᠭ᠎ᠠ ᠠᠵᠤ ᠠᠬᠤᠶᠢᠯᠠᠯ᠂ ᠬᠤᠷᠰᠢ᠊ | ᠡᠶ᠎ᠡ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠶᠢᠯᠠᠯ ᠢ ᠳᠠᠶᠢᠴᠢᠯᠠᠬᠤ ᠬᠡᠪᠴᠢᠶᠡᠨ ᠳᠤ | ᠣᠷᠣᠭᠤᠯᠵᠤ ᠪᠣᠯᠬᠤ ᠦᠭᠡᠢ᠃ | ︵6︶ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠡᠷᠡᠭᠵᠢᠭᠦᠯᠬᠦ | ᠲᠥᠷᠥᠯ ᠵᠦᠢᠯ ᠤᠨ ᠥᠮᠴᠢᠯᠡᠬᠦ ᠡᠷᠬᠡ ᠶᠢ ᠬᠤᠰᠢᠭᠤᠨ ᠤ ᠵᠠᠰᠠᠭ ᠤᠨ ᠣᠷᠳᠣᠨ ᠳᠤ ᠬᠠᠷᠢᠶᠠᠯᠠᠭᠤᠯᠵᠤ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢ ᠪᠣᠢ ᠪᠣᠯᠭᠠᠵᠤ᠂ ᠣᠯᠤᠭᠰᠠᠨ ᠠᠰᠢᠭ ᠣᠷᠣᠯᠭ᠎ᠠ ᠶᠢ ᠬᠤᠰᠢᠭᠤᠨ ᠤ ᠵᠠᠰᠠᠭ ᠤᠨ | ᠣᠷᠳᠣᠨ ᠠᠴᠠ ᠨᠢᠭᠡᠳᠦᠯᠲᠡᠢ ᠲᠥᠯᠥᠪᠯᠡᠨ ᠬᠤᠶᠠᠳᠠᠬᠢ ᠤᠳᠠᠭ᠎ᠠ ᠬᠤᠪᠢᠶᠠᠷᠢᠯᠠᠨ᠎ᠠ︔ ᠰᠤᠮᠤ ᠪᠠᠯᠭᠠᠰᠤ ᠲᠥᠷᠥᠯ | ᠵᠦᠢᠯ ᠤᠨ ᠥᠮᠴᠢᠯᠡᠬᠦ ᠡᠷᠬᠡ ᠶᠢ ᠭᠠᠴᠠᠭᠠᠨ ᠤ ᠬᠠᠮᠲᠤ ᠳᠤ ᠥᠮᠴᠢᠯᠡᠭᠦᠯᠬᠦ ᠶᠢ ᠬᠠᠷᠢᠭᠤᠴᠠᠨ ᠬᠡᠷᠡᠭᠵᠢᠭᠦᠯᠵᠦ᠂ | ᠠᠰᠢᠭ ᠣᠯᠵᠠᠪᠤᠷᠢ ᠶᠢ ᠭᠠᠴᠠᠭᠠᠨ ᠤ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠬᠤᠪᠢᠶᠠᠷᠢᠯᠠᠨ᠎ᠠ᠃ | ︵7︶ ᠲᠥᠷᠥᠯ ᠵᠦᠢᠯ ᠨᠢ ᠭᠤᠣᠯᠳᠠᠭᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ | ᠬᠡᠮᠵᠢᠬᠦ ᠡᠲᠡᠭᠡᠳ ᠢ ᠳᠠᠶᠢᠴᠢᠯᠠᠨ ᠬᠠᠪᠰᠤᠷᠤᠨ ᠲᠡᠳᠬᠦᠵᠦ᠂ ᠡᠨᠡ ᠬᠦ ᠰᠠᠭᠤᠷᠢᠨ ᠳᠡᠭᠡᠷ᠎ᠡ᠂ ᠪᠤᠰᠤᠳ ᠲᠠᠷᠢᠶᠠᠴᠢᠨ | ᠡᠷᠦᠬᠡ ᠶᠢᠨ ᠬᠥᠭᠵᠢᠯᠲᠡ ᠶᠢ ᠡᠮᠬᠢ ᠵᠢᠷᠤᠮ ᠲᠠᠢ ᠪᠠᠷ ᠳᠠᠶᠢᠴᠢᠯᠠᠨ᠎ᠠ᠃ ᠨᠢᠭᠡ ᠲᠠᠯ᠎ᠠ ᠪᠠᠷ ᠭᠡᠷ᠎ᠡ ᠵᠥᠪᠯᠡᠯᠴᠡᠬᠡᠷ ᠲᠤ | ᠳᠠᠶᠢᠴᠢᠯᠠᠬᠤ ᠠᠷᠭ᠎ᠠ ᠮᠠᠶ᠋ᠢᠭ ᠵᠢᠴᠢ ᠬᠠᠷᠠᠯᠲᠠ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠠᠷᠠᠭᠠᠯᠵᠠᠯ ᠢ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠪᠡᠯᠡ | ᠮᠥᠩᠭᠦ ᠶᠢ ᠵᠣᠯᠭᠠᠭᠤᠯᠬᠤ ᠬᠠᠮᠢᠶᠠᠷᠤᠯᠲᠠ ᠶᠢᠨ ᠠᠷᠭ᠎ᠠ᠂ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ | ᠲᠠᠷᠢᠶᠠᠴᠢᠨ ᠡᠷᠦᠬᠡ ᠬᠢᠭᠡᠳ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠤᠣᠰ ᠠᠮᠵᠢᠯᠲᠠ ᠶᠢ ᠪᠡᠶᠡᠯᠡᠭᠦᠯᠬᠦ | ᠬᠡᠷᠡᠭᠲᠡᠢ᠃ ᠨᠥᠭᠦᠭᠡ ᠲᠠᠯ᠎ᠠ ᠪᠠᠷ᠂ ᠭᠡᠷ᠎ᠡ ᠬᠡᠯᠡᠯᠴᠡᠭᠡᠷ ᠲᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠢᠱᠢᠭᠰᠡᠨ | ᠦᠷ᠎ᠡ ᠠᠰᠢᠭ ᠲᠤ ᠦᠯᠦ ᠬᠦᠷᠬᠦ ᠦᠶ᠎ᠡ ᠳᠤ ᠭᠡᠷ᠎ᠡ ᠵᠥᠷᠢᠴᠡᠬᠦ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃ | ︵8︶ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠲᠠᠷᠢᠶᠠᠴᠢᠨ ᠡᠷᠦᠬᠡ ᠶᠢᠨ ᠭᠤᠣᠯ ᠴᠣᠭᠴᠠ ᠶᠢᠨ | ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠰᠢᠷᠭᠠᠭᠤ ᠬᠥᠳᠡᠯᠮᠦᠷᠢ ᠳᠤ ᠲᠦᠰᠢᠭᠯᠡᠨ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠬᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠠᠵᠢᠯ ᠤᠨ ᠤᠳᠤᠷᠢᠳᠤᠮᠵᠢ ᠶᠢ | ᠴᠢᠩᠭᠠᠳᠬᠠᠵᠤ᠂ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠥᠭᠵᠢᠭᠡᠵᠦ᠂ | ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵9︶ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠡᠷᠬᠡᠪᠰᠢ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ | ᠳᠠᠶᠢᠴᠢᠯᠠᠬᠤ ᠵᠢᠱᠢᠭᠰᠡᠨ ᠦᠷ᠎ᠡ ᠠᠰᠢᠭ ᠢ ᠪᠡᠶᠡᠯᠡᠭᠦᠯᠵᠦ᠂ ᠲᠠᠷᠢᠶᠠᠴᠢᠨ ᠡᠷᠦᠬᠡ ᠵᠥᠪᠰᠢᠶᠡᠷᠡᠬᠦ ᠦᠭᠡᠢ᠂ ᠦᠷ᠎ᠡ | ᠠᠰᠢᠭ ᠦᠭᠡᠢ ᠪᠣᠯ ᠰᠢᠯᠭᠠᠨ ᠠᠪᠬᠤ ᠦᠭᠡᠢ ᠪᠠᠶᠢᠬᠤ ᠶᠢᠨ ᠬᠠᠮᠲᠤ ᠭᠡᠷ᠎ᠡ ᠳᠤ ᠲᠣᠭᠲᠠᠭᠠᠭᠰᠠᠨ ᠠᠭᠤᠯᠭ᠎ᠠ ᠶᠢᠨ | ᠶᠣᠰᠣᠭᠠᠷ ᠲᠥᠷᠥᠯ ᠵᠦᠢᠯ ᠤᠨ ᠡᠳ᠋ ᠬᠥᠷᠥᠩᠭᠡ ᠶᠢ ᠬᠤᠷᠢᠶᠠᠨ ᠠᠪᠴᠤ᠂ ᠭᠡᠷ᠎ᠡ ᠶᠢ ᠵᠥᠷᠢᠴᠡᠭᠰᠡᠨ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠳᠠᠶᠢᠴᠢᠯᠠᠨ ᠡᠷᠦᠬᠡ ᠶᠢᠨ | ᠳᠣᠲᠣᠷ᠎ᠠ 2023 ᠣᠨ ᠤ ᠣᠷᠣᠯᠠᠨ ᠲᠠᠷᠢᠬᠤ ᠨᠥᠬᠦᠪᠥᠷᠢ ᠭᠥᠷᠳᠡᠭᠰᠡᠨ ᠬᠥᠳᠡᠯᠮᠦᠷᠢ ᠬᠦᠴᠦᠨ ᠥᠬᠡᠢ | ᠶᠠᠳᠠᠭᠤ ᠠᠴᠠ ᠠᠩᠭᠢᠵᠢᠷᠠᠭᠰᠠᠨ ᠡᠷᠦᠬᠡ ᠬᠢᠭᠡᠳ ᠬᠢᠨᠠᠨ ᠬᠡᠮᠵᠢᠭᠰᠡᠨ ᠡᠷᠦᠬᠡ ᠶᠢ ᠳᠠᠶᠢᠴᠢᠯᠠᠬᠤ ᠡᠷᠦᠬᠡ ᠳᠤ ᠪᠣᠳᠣᠵᠤ | ᠣᠷᠣᠭᠤᠯᠬᠤ ᠦᠭᠡᠢ᠂ ᠲᠥᠷᠥᠯ ᠵᠦᠢᠯ ᠤᠨ ᠳᠠᠬᠢᠨ ᠳᠠᠪᠲᠠᠨ ᠠᠰᠢᠭ ᠬᠦᠷᠲᠡᠬᠦ ᠠᠴᠠ ᠵᠠᠶᠢᠯᠠᠰᠬᠢᠪᠡ᠃ | 2. ᠬᠤᠰᠢᠭᠤᠨ ᠤ ᠨᠠᠮ ᠤᠨ ᠬᠤᠷᠢ᠊ ᠡᠶ᠎ᠡ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠬᠡᠷᠡᠭᠵᠢᠭᠦᠯᠬᠦ ᠬᠡᠰᠡᠭ᠃ | ︵1︶ ᠬᠤᠰᠢᠭᠤᠨ ᠨᠠᠮ ᠤᠨ ᠬᠤᠷᠢ᠊ ᠡᠶ᠎ᠡ ᠶᠢᠨ ᠵᠣᠬᠢᠶᠠᠨ ᠪᠠᠶᠢᠭᠤᠯᠬᠤ ᠬᠡᠯᠲᠡᠰ ᠲᠤᠰ ᠬᠡᠷᠡᠭᠵᠢᠭᠦᠯᠬᠦ | ᠲᠥᠰᠦᠯ ᠢ ᠦᠨᠳᠦᠰᠦᠯᠡᠨ᠂ ᠲᠤᠰᠬᠠᠢ ᠬᠡᠷᠡᠭᠵᠢᠭᠦᠯᠬᠦ ᠲᠥᠰᠦᠯ ᠲᠣᠭᠲᠠᠭᠠᠵᠤ᠂ ᠪᠣᠳᠠᠲᠠᠢ ᠬᠡᠷᠡᠭᠵᠢᠭᠦᠯᠬᠦ | ᠪᠠᠷᠢᠮᠵᠢᠶ᠎ᠠ ᠶᠢ ᠨᠠᠷᠢᠯᠢᠬᠵᠢᠭᠤᠯᠤᠨ᠂ ᠰᠢᠶᠣᠤ ᠵᠢᠩ ᠮᠠᠶ᠋ᠢᠭ ᠤᠨ ᠳᠠᠭᠠᠭᠤᠯᠤᠭᠴᠢ ᠶᠢ ᠵᠣᠯᠭᠠᠭᠤᠯᠬᠤ ᠠᠵᠢᠯ ᠢ | ᠰᠠᠶᠢᠲᠤᠷ ᠬᠢᠵᠦ᠂ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠤᠯᠪᠣᠭᠠᠲᠤ | ᠲᠠᠷᠢᠶᠠᠯᠠᠩ ᠢᠶᠠᠷ ᠲᠠᠷᠢᠶᠠᠯᠠᠩ ᠢ ᠳᠠᠶᠢᠴᠢᠯᠠᠬᠤ ᠦᠷ᠎ᠡ ᠠᠰᠢᠭ ᠢ ᠪᠠᠳᠠᠷᠠᠭᠤᠯᠬᠤ ᠬᠡᠷᠡᠭᠲᠡᠢ᠃ | ︵2︶ ᠲᠥᠷᠥᠯ ᠵᠦᠢᠯ ᠢ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠪᠣᠳᠠᠲᠠᠢ | ᠬᠡᠷᠡᠭᠵᠢᠭᠦᠯᠬᠦ ᠶᠢ ᠬᠠᠷᠢᠭᠤᠴᠠᠵᠤ᠂ ᠬᠡᠮᠵᠢᠶᠡᠵᠢᠭᠦᠯᠦᠨ ᠬᠢᠨᠠᠨ ᠰᠢᠯᠭᠠᠬᠤ ᠪᠠᠷᠢᠮᠵᠢᠶ᠎ᠠ ᠲᠣᠭᠲᠠᠭᠠᠨ᠂ ᠲᠠᠷᠢᠶᠠᠯᠠᠩ ᠲᠠᠢ | ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠡᠭᠦᠷᠭᠡ ᠶᠢ ᠲᠣᠳᠣᠷᠬᠠᠶᠢᠯᠠᠵᠤ᠂ ᠳᠠᠭᠠᠭᠤᠯᠬᠤ ᠦᠢᠯᠡᠳᠦᠯ ᠢ | ᠪᠠᠳᠠᠷᠠᠭᠤᠯᠤᠨ᠂ ᠬᠠᠷᠠᠯᠲᠠ ᠡᠭᠦᠷᠭᠡ ᠶᠢ ᠪᠠᠷᠢᠮᠵᠢᠶ᠎ᠠ ᠳᠤ ᠬᠦᠷᠦᠭᠦᠯᠵᠦ᠂ ᠭᠤᠣᠯ ᠴᠣᠭᠴᠠ ᠨᠢ ᠦᠷ᠎ᠡ ᠠᠰᠢᠭ ᠢᠶᠠᠷ | ᠰᠠᠶᠢᠨ ᠰᠢᠶᠣᠤ ᠵᠢᠩ ᠲᠥᠯᠥᠪᠯᠡᠭᠡ ᠶᠢᠨ ᠳᠠᠭᠠᠭᠤᠯᠤᠭᠴᠢ ᠶᠢ ᠱᠠᠩᠨᠠᠵᠤ ᠨᠥᠬᠦᠪᠥᠷᠢᠯᠡᠬᠦ ᠬᠡᠯᠪᠡᠷᠢ ᠪᠠᠷ ᠲᠡᠳᠬᠦᠨ᠎ᠡ᠃ | ︵ᠰᠢᠶᠣᠤ ᠵᠢᠩ ᠮᠠᠶ᠋ᠢᠭ ᠤᠨ ᠳᠠᠭᠠᠭᠤᠯᠤᠭᠴᠢ ᠳᠠᠭᠠᠯᠳᠤᠭᠤᠯᠤᠯ 2 ᠳᠤ ᠨᠠᠷᠢᠨ ᠦᠵᠡᠭᠡᠷᠡᠢ︶ | ︵3︶ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠰᠢᠶᠣᠤ ᠵᠢᠩ | ᠲᠥᠯᠥᠪᠯᠡᠭᠡ ᠶᠢᠨ ᠳᠠᠭᠠᠭᠤᠯᠤᠭᠴᠢ ᠶᠢᠨ ᠲᠠᠷᠢᠶᠠᠴᠢᠨ ᠡᠷᠦᠬᠡ ᠲᠠᠢ ᠪᠠᠶᠢᠭᠤᠯᠤᠭᠰᠠᠨ ᠡᠯ᠎ᠡ ᠵᠦᠢᠯ ᠤᠨ | ᠬᠤᠯᠪᠣᠭᠠᠯᠠᠭᠰᠠᠨ ᠲᠣᠭᠲᠠᠴᠠ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠭᠦᠨ ᠳᠤ ᠠᠵᠢᠯ ᠣᠯᠭᠤᠯᠲᠠ᠂ | ᠵᠠᠬᠢᠶᠠᠯᠠᠭ᠎ᠠ ᠪᠠᠷ ᠬᠤᠳᠠᠯᠳᠤᠨ ᠠᠪᠬᠤ᠂ ᠨᠠᠶᠢᠳᠠᠨ ᠬᠠᠮᠢᠶᠠᠷᠤᠭᠤᠯᠵᠤ ᠣᠷᠣᠯᠠᠨ ᠲᠠᠷᠢᠵᠤ ᠣᠷᠣᠯᠠᠨ ᠲᠡᠵᠢᠭᠡᠬᠦ | ᠵᠡᠷᠭᠡ ᠳᠤ ᠣᠷᠣᠯᠴᠠᠬᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠡᠭᠦᠷᠭᠡ ᠶᠢᠨ ᠦᠨᠡᠨ | ᠪᠣᠳᠠᠲᠠᠢ ᠪᠥᠭᠡᠳ ᠪᠦᠲᠦᠮᠵᠢᠲᠡᠢ ᠪᠠᠶᠢᠬᠤ ᠶᠢ ᠪᠠᠲᠤᠯᠠᠨ᠎ᠠ᠃ | ︵4︶ ᠰᠢᠶᠣᠤ ᠵᠢᠩ ᠲᠥᠯᠥᠪᠯᠡᠭᠡ ᠶᠢᠨ ᠳᠠᠭᠠᠭᠤᠯᠤᠭᠴᠢ ᠰᠠᠶᠢᠨ ᠰᠠᠶᠢᠬᠠᠨ ᠡᠵᠡᠩᠨᠡᠯᠲᠡ ᠶᠢᠨ ᠴᠢᠳᠠᠪᠤᠷᠢ ᠲᠠᠢ᠂ | ᠢᠲᠡᠭᠡᠯ ᠬᠦᠨᠳᠦ ᠲᠠᠢ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠪᠠᠶᠢᠬᠤ ᠶᠢ ᠰᠣᠩᠭᠤᠬᠤ ᠬᠡᠷᠡᠭᠲᠡᠢ᠃ | ᠱᠠᠩᠨᠠᠵᠤ ᠲᠤᠰᠠᠯᠠᠬᠤ ᠪᠡᠯᠡ ᠮᠥᠩᠭᠦ ᠶᠢ ᠳᠠᠭᠠᠭᠤᠯᠤᠭᠴᠢ ᠥᠪᠡᠷᠲᠡᠭᠡᠨ ᠬᠤᠪᠢᠶᠠᠷᠢᠯᠠᠵᠤ᠂ ᠥᠮᠴᠢᠯᠡᠬᠦ ᠡᠷᠬᠡ ᠨᠢ | ᠳᠠᠭᠠᠭᠤᠯᠤᠭᠴᠢ ᠪᠣᠯᠤᠨ᠎ᠠ᠃ | ︵5︶ ᠲᠥᠷᠥᠯ ᠵᠦᠢᠯ ᠨᠢ ᠭᠤᠣᠯᠳᠠᠭᠤ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ | ᠬᠡᠮᠵᠢᠬᠦ ᠡᠲᠡᠭᠡᠳ ᠢ ᠳᠠᠶᠢᠴᠢᠯᠠᠨ ᠬᠠᠪᠰᠤᠷᠤᠨ ᠲᠡᠳᠬᠦᠵᠦ᠂ ᠡᠨᠡ ᠬᠦ ᠰᠠᠭᠤᠷᠢᠨ ᠳᠡᠭᠡᠷ᠎ᠡ᠂ ᠪᠤᠰᠤᠳ ᠲᠠᠷᠢᠶᠠᠴᠢᠨ | ᠡᠷᠦᠬᠡ ᠶᠢᠨ ᠬᠥᠭᠵᠢᠯᠲᠡ ᠶᠢ ᠡᠮᠬᠢ ᠵᠢᠷᠤᠮ ᠲᠠᠢ ᠪᠠᠷ ᠳᠠᠶᠢᠴᠢᠯᠠᠨ᠎ᠠ᠃ ᠨᠢᠭᠡ ᠲᠠᠯ᠎ᠠ ᠪᠠᠷ ᠬᠢᠨᠠᠨ ᠰᠢᠯᠭᠠᠬᠤ ᠨᠠᠷᠢᠨ | ᠳᠦᠷᠢᠮ ᠳᠤ ᠳᠠᠶᠢᠴᠢᠯᠠᠬᠤ ᠠᠷᠭ᠎ᠠ ᠮᠠᠶ᠋ᠢᠭ ᠵᠢᠴᠢ ᠬᠠᠷᠠᠯᠲᠠ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ | ᠳᠠᠭᠠᠭᠤᠯᠤᠭᠴᠢ ᠶᠢᠨ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠵᠤ᠂ ᠪᠡᠯᠡ ᠮᠥᠩᠭᠦ ᠶᠢ | ᠵᠣᠯᠭᠠᠭᠤᠯᠬᠤ ᠬᠠᠮᠢᠶᠠᠷᠤᠯᠲᠠ ᠶᠢᠨ ᠠᠷᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ᠲᠠᠷᠢᠶᠠᠴᠢᠨ | ᠡᠷᠦᠬᠡ ᠪᠣᠯᠤᠨ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠤᠶᠠᠷ ᠲᠠᠯ᠎ᠠ ᠪᠠᠷ ᠢᠶᠠᠨ ᠠᠰᠢᠭ ᠬᠦᠷᠲᠡᠬᠦ ᠶᠢ | ᠪᠡᠶᠡᠯᠡᠭᠦᠯᠵᠦ᠂ ᠨᠥᠭᠦᠭᠡ ᠲᠠᠯ᠎ᠠ ᠪᠠᠷ᠂ ᠬᠢᠨᠠᠨ ᠰᠢᠯᠭᠠᠬᠤ ᠨᠠᠷᠢᠨ ᠳᠦᠷᠢᠮ ᠳᠤ ᠪᠠᠰᠠ ᠳᠠᠭᠠᠭᠤᠯᠤᠭᠴᠢ ᠶᠢᠨ | ᠵᠢᠱᠢᠭᠰᠡᠨ ᠦᠷ᠎ᠡ ᠠᠰᠢᠭ ᠲᠤ ᠬᠦᠷᠴᠦ ᠳᠡᠶᠢᠯᠦᠭᠰᠡᠨ ᠦᠭᠡᠢ ᠦᠶ᠎ᠡ ᠳᠤ ᠠᠪᠤᠭᠰᠠᠨ ᠠᠷᠭ᠎ᠠ ᠬᠡᠮᠵᠢᠶ᠎ᠡ ᠶᠢ | ᠲᠣᠳᠣᠷᠬᠠᠶᠢᠯᠠᠬᠤ ᠬᠡᠷᠡᠭᠲᠡᠢ᠃ | ︵6︶ ᠰᠢᠶᠣᠤ ᠵᠢᠩ ᠲᠥᠯᠥᠪᠯᠡᠭᠡᠨ ᠤ ᠳᠠᠭᠠᠭᠤᠯᠤᠭᠴᠢ ᠡᠷᠬᠡᠪᠰᠢ ᠲᠠᠷᠢᠶᠠᠯᠠᠩ ᠲᠠᠢ ᠬᠤᠯᠪᠣᠭᠠᠯᠠᠵᠤ | ᠲᠠᠷᠢᠶᠠᠯᠠᠩ ᠢ ᠳᠠᠶᠢᠴᠢᠯᠠᠬᠤ ᠵᠢᠱᠢᠭᠰᠡᠨ ᠦᠷ᠎ᠡ ᠠᠰᠢᠭ ᠢ ᠪᠡᠶᠡᠯᠡᠭᠦᠯᠵᠦ᠂ ᠲᠠᠷᠢᠶᠠᠴᠢᠨ ᠡᠷᠦᠬᠡ ᠵᠥᠪᠰᠢᠶᠡᠷᠡᠬᠦ ᠦᠭᠡᠢ᠂ | ᠦᠷ᠎ᠡ ᠠᠰᠢᠭ ᠦᠭᠡᠢ ᠪᠣᠯ ᠰᠢᠯᠭᠠᠨ ᠠᠪᠬᠤ ᠦᠭᠡᠢ᠂ ᠱᠠᠩᠨᠠᠵᠤ ᠨᠥᠬᠦᠪᠥᠷᠢᠯᠡᠬᠦ ᠦᠭᠡᠢ ᠪᠠᠶᠢᠬᠤ ᠬᠡᠷᠡᠭᠲᠡᠢ᠃ | ︵ᠠᠷᠪᠠ︶ ᠠᠰᠢᠭ ᠬᠦᠷᠲᠡᠬᠦ ᠡᠲᠡᠭᠡᠳ᠄ ᠨᠢᠭᠡ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠪᠠᠷ | ᠳᠠᠶᠢᠴᠢᠯᠠᠬᠤ ᠪᠠᠷ ᠳᠠᠮᠵᠢᠨ ᠮᠠᠯᠵᠢᠬᠤ ᠲᠠᠷᠢᠶᠠᠯᠠᠬᠤ ᠡᠷᠦᠬᠡ᠂ ᠬᠤᠶᠠᠷ ᠲᠤ ᠵᠠᠬ᠎ᠠ ᠳᠡᠯᠭᠡᠭᠦᠷ ᠤᠨ ᠭᠤᠣᠯ | ᠴᠣᠭᠴᠠ ᠪᠠᠷ ᠳᠠᠶᠢᠴᠢᠯᠠᠬᠤ ᠳᠤ ᠣᠷᠣᠯᠴᠠᠬᠤ ᠡᠵᠡᠩᠨᠡᠯᠲᠡ ᠶᠢᠨ ᠭᠤᠣᠯ ᠴᠣᠭᠴᠠ᠃ | ︵ᠠᠷᠪᠠᠨ ᠨᠢᠭᠡ︶ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠦᠷ᠎ᠡ ᠠᠰᠢᠭ ᠤᠨ ᠵᠠᠳᠠᠯᠤᠯᠲᠠ | 1. ᠠᠵᠤ ᠠᠬᠤᠢ ᠶᠢᠨ ᠦᠷ᠎ᠡ ᠠᠰᠢᠭ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ | ᠳᠠᠪᠠᠭᠤᠯᠢᠭ ᠢ ᠪᠦᠲᠦᠮᠵᠢᠲᠡᠢ ᠪᠠᠳᠠᠷᠠᠭᠤᠯᠵᠤ᠂ ᠠᠮᠢᠳᠤᠯᠢᠭ ᠪᠥᠭᠡᠳ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠬᠡᠷᠡᠭᠯᠡᠨ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠦᠢᠯᠡᠳᠪᠦᠷᠢᠯᠡᠯ ᠢ ᠢᠳᠡᠪᠬᠢᠲᠡᠢ ᠬᠥᠭᠵᠢᠭᠦᠯᠵᠦ᠂ ᠮᠠᠯᠴᠢᠨ | ᠲᠠᠷᠢᠶᠠᠴᠢᠨ ᠤ ᠠᠵᠤ ᠠᠬᠤᠢ ᠶᠢᠨ ᠣᠷᠣᠯᠭ᠎ᠠ ᠶᠢ ᠳᠡᠭᠡᠭᠰᠢᠯᠡᠭᠦᠯᠦᠨ᠂ ᠠᠵᠤ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃ | 2. ᠨᠡᠶᠢᠭᠡᠮ ᠤᠨ ᠦᠷ᠎ᠡ ᠠᠰᠢᠭ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠶᠢᠴᠢᠯᠠᠯᠲᠠ ᠪᠠᠷ | ᠳᠠᠮᠵᠢᠭᠤᠯᠤᠨ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠦᠲᠦᠮᠵᠢᠲᠡᠢ ᠪᠠᠳᠠᠷᠠᠭᠤᠯᠵᠤ᠂ ᠨᠡᠩ ᠣᠯᠠᠨ | ᠮᠠᠯᠴᠢᠨ ᠲᠠᠷᠢᠶᠠᠴᠢᠨ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠯᠤᠭ᠎ᠠ | ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠬᠦᠷᠲᠡᠬᠦ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ | ᠪᠠᠶᠢᠭᠤᠯᠵᠤ᠂ ᠠᠵᠤ ᠠᠬᠤᠶᠢᠯᠠᠯ ᠤᠷᠲᠤ ᠬᠤᠭᠤᠴᠠᠭᠠᠨ ᠤ᠂ ᠲᠣᠭᠲᠠᠭᠤᠨ ︽ᠬᠠᠮᠲᠤᠷᠠᠯᠴᠠᠭᠠᠨ ᠤ ᠬᠠᠨᠢᠲᠠᠨ︾ ᠢ | ᠣᠯᠬᠤ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠤᠷᠲᠤ ᠬᠤᠭᠤᠴᠠᠭᠠᠨ ᠤ ᠬᠥᠭᠵᠢᠯᠲᠡ ᠳᠤ ᠠᠰᠢᠭᠲᠠᠢ | ᠪᠠᠶᠢᠵᠤ᠂ ᠨᠡᠩ ᠣᠯᠠᠨ ᠮᠠᠯᠵᠢᠬᠤ ᠲᠠᠷᠢᠶᠠᠯᠠᠬᠤ ᠡᠷᠦᠬᠡ ᠬᠠᠮᠲᠤᠷᠠᠯᠴᠠᠭᠠᠨ ᠤ ᠳᠤᠮᠳᠠ ᠠᠵᠤ ᠠᠬᠤᠶᠢᠯᠠᠯ ᠤᠨ | ᠠᠪᠴᠢᠷᠠᠭᠰᠠᠨ ᠲᠦᠬᠦᠮ ᠪᠠ ᠠᠰᠢᠭ ᠣᠯᠵᠠᠪᠤᠷᠢ ᠶᠢ ᠭᠥᠷᠳᠡᠬᠦ ᠳᠤ ᠠᠰᠢᠭᠲᠠᠢ ᠶᠤᠮ᠃ | ︵ᠠᠷᠪᠠᠨ ᠬᠤᠶᠠᠷ︶ ᠣᠯᠠᠨ ᠲᠦᠮᠡᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ | ᠲᠣᠭᠲᠠᠴᠠ᠄ ᠲᠥᠷᠥᠯ ᠵᠦᠢᠯ ᠨᠢ ᠪᠣᠳᠠᠲᠠᠢ ᠠᠴᠠ ᠡᠭᠦᠰᠴᠦ᠂ ᠨᠤᠲᠤᠭ ᠤᠨ ᠣᠨᠴᠠᠯᠢᠭ ᠢᠶᠠᠨ ᠲᠣᠪᠤᠶᠢᠯᠭᠠᠨ᠂ | ᠬᠠᠷᠢᠶ᠎ᠠ ᠣᠷᠣᠨ ᠤ ᠳᠣᠲᠣᠷᠠᠬᠢ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠬᠦ ᠡᠷᠦᠬᠡ ᠶᠢ ᠤᠷᠢᠳᠠᠪᠠᠷ | ᠬᠠᠮᠤᠷᠴᠤ᠂ ᠵᠠᠬᠢᠶᠠᠯᠠᠭ᠎ᠠ᠂ ᠠᠵᠢᠯ ᠣᠯᠭᠤᠯᠲᠠ᠂ ᠨᠠᠶᠢᠳᠠᠨ ᠬᠠᠮᠢᠶᠠᠷᠤᠭᠤᠯᠬᠤ ᠵᠡᠷᠭᠡ ᠠᠯᠢ ᠣᠯᠠᠨ ᠠᠷᠭ᠎ᠠ | ᠬᠡᠮᠵᠢᠶ᠎ᠡ ᠪᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠡᠷᠦᠬᠡ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ | ᠃ | ︵ᠠᠷᠪᠠᠨ ᠭᠤᠷᠪᠠ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠤᠪᠢᠶᠠᠷᠢᠯᠠᠯᠲᠠ᠄ ᠵᠠᠬ᠎ᠠ ᠳᠡᠯᠭᠡᠭᠦᠷ ᠤᠨ | ᠭᠤᠣᠯ ᠴᠣᠭᠴᠠ ᠨᠢ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠲᠥᠷᠥᠯ ᠵᠦᠢᠯ ᠢ ᠵᠠᠬ᠎ᠠ ᠳᠡᠯᠭᠡᠭᠦᠷ ᠤᠨ | ᠭᠤᠣᠯ ᠴᠣᠭᠴᠠ ᠳᠤ ᠲᠦᠰᠢᠭᠯᠡᠨ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠲᠠᠷᠢᠶᠠᠴᠢᠨ ᠡᠷᠦᠬᠡ ᠶᠢᠨ | ᠦᠢᠯᠡᠳᠪᠦᠷᠢᠯᠡᠯ ᠡᠵᠡᠩᠨᠡᠯᠲᠡ ᠶᠢ ᠳᠠᠶᠢᠴᠢᠯᠠᠵᠤ᠂ ᠱᠠᠩᠨᠠᠯ ᠨᠥᠬᠦᠪᠥᠷᠢ ᠶᠢᠨ ᠪᠡᠯᠡ ᠮᠥᠩᠭᠦ ᠶᠢ ᠠᠵᠤ ᠠᠬᠤᠶᠢᠯᠠᠯ ᠳᠤ | ᠰᠢᠯᠵᠢᠭᠦᠯᠦᠨ ᠥᠭᠴᠦ᠂ ᠦᠷ᠎ᠡ ᠠᠰᠢᠭ ᠢ ᠲᠠᠷᠢᠶᠠᠴᠢᠨ ᠡᠷᠦᠬᠡ ᠳᠤ ᠥᠮᠴᠢᠯᠡᠭᠦᠯᠬᠦ ᠶᠢ ᠳᠠᠶᠢᠴᠢᠯᠠᠪᠠ᠃ | ︵ᠠᠷᠪᠠᠨ ᠳᠥᠷᠪᠡᠳᠦᠭᠡᠷ︶ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ ᠬᠢᠭᠡᠳ ᠲᠦᠭᠰᠢᠭᠦᠷᠢ ᠶᠢ | ᠬᠠᠮᠢᠶᠠᠷᠤᠨ ᠡᠵᠡᠮᠳᠡᠨ᠎ᠡ᠄ ᠲᠥᠷᠥᠯ ᠵᠦᠢᠯ ᠤᠨ ᠪᠡᠯᠡ ᠮᠥᠩᠭᠦ ᠶᠢ ᠪᠡᠯᠡ ᠮᠥᠩᠭᠦ ᠶᠢᠨ ᠪᠣᠳᠠᠲᠠᠶᠢᠵᠢᠭᠤᠯᠤᠭᠰᠠᠨ | ᠪᠠᠶᠢᠳᠠᠯ ᠢ ᠦᠨᠳᠦᠰᠦᠯᠡᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ | ᠬᠤᠰᠢᠭᠤᠨ ᠤ ᠨᠠᠮ ᠤᠨ ᠬᠤᠷᠢ᠊ ᠡᠶ᠎ᠡ ᠶᠢᠨ ᠵᠣᠬᠢᠶᠠᠨ ᠪᠠᠶᠢᠭᠤᠯᠬᠤ ᠬᠡᠯᠲᠡᠰ ᠲᠤ ᠰᠢᠯᠵᠢᠭᠦᠯᠦᠨ ᠥᠭᠴᠦ᠂ ᠡᠯ᠎ᠡ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠰᠢᠯᠭᠠᠨ ᠠᠪᠤᠭᠰᠠᠨ ᠪᠠᠶᠢᠳᠠᠯ ᠢ ᠦᠨᠳᠦᠰᠦᠯᠡᠨ ᠠᠵᠤ ᠠᠬᠤᠶᠢᠯᠠᠯ ᠳᠤ ᠱᠠᠩᠨᠠᠯ | ᠨᠥᠬᠦᠪᠥᠷᠢ ᠶᠢᠨ ᠪᠡᠯᠡ ᠮᠥᠩᠭᠦ ᠰᠢᠯᠵᠢᠭᠦᠯᠦᠨ ᠥᠭᠭᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠦᠲᠦᠮᠵᠢᠲᠡᠢ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠲᠥᠷᠥᠯ ᠵᠦᠢᠯ ᠢ ᠠᠬᠢᠭᠤᠯᠬᠤ ᠶᠢᠨ | ᠠᠷᠭ᠎ᠠ ᠦᠭᠡᠢ᠂ ᠣᠯᠠᠨ ᠲᠦᠮᠡᠨ ᠤ ᠰᠠᠨᠠᠯ ᠶᠡᠭᠡ᠂ ᠬᠠᠷᠢᠭᠤ ᠲᠤᠰᠬᠠᠭᠰᠠᠨ ᠠᠰᠠᠭᠤᠳᠠᠯ ᠣᠯᠠᠨ᠂ ᠰᠢᠯᠭᠠᠨ | ᠠᠪᠬᠤ ᠳᠤ ᠬᠢᠷᠢ ᠲᠡᠩᠴᠡᠭᠰᠡᠨ ᠦᠭᠡᠢ ᠵᠡᠷᠭᠡ ᠪᠠᠶᠢᠳᠠᠯ ᠭᠠᠷᠬᠤ ᠠᠴᠠ ᠵᠠᠶᠢᠯᠠᠰᠬᠢᠵᠦ᠂ ᠲᠥᠷᠥᠯ ᠵᠦᠢᠯ ᠢ | ᠤᠷᠤᠭᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠦᠷ᠎ᠡ ᠠᠰᠢᠭ ᠢ ᠪᠠᠳᠠᠷᠠᠭᠤᠯᠤᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ | ᠨᠠᠮ ᠤᠨ ᠬᠤᠷᠢ᠊ ᠡᠶ᠎ᠡ ᠶᠢᠨ ᠵᠣᠬᠢᠶᠠᠨ ᠪᠠᠶᠢᠭᠤᠯᠬᠤ ᠬᠡᠯᠲᠡᠰ ᠲᠤᠰᠬᠠᠢ ᠬᠥᠮᠦᠨ ᠲᠣᠮᠢᠯᠠᠨ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠬᠢᠨᠠᠨ ᠬᠠᠮᠢᠶᠠᠷᠴᠤ᠂ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠭᠠᠴᠠᠭ᠎ᠠ ᠶᠢ | ᠵᠣᠬᠢᠶᠠᠨ ᠪᠠᠶᠢᠭᠤᠯᠤᠨ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ ᠣᠷᠣᠯᠴᠠᠭᠤᠯᠵᠤ᠂ ᠭᠠᠴᠠᠭ᠎ᠠ᠂ ᠲᠣᠰᠬᠤᠨ ᠳᠤ | ᠰᠠᠭᠤᠭ᠎ᠠ ᠠᠵᠢᠯᠯᠠᠬᠤ ᠠᠩᠭᠢ᠂ ᠠᠵᠤ ᠦᠢᠯᠡᠰ ᠤᠨ ᠵᠢᠭᠠᠨ ᠵᠢᠯᠣᠭᠤᠳᠣᠭᠴᠢ ᠵᠢᠴᠢ ᠨᠡᠶᠢᠭᠡᠮ ᠤᠨ ᠬᠦᠴᠦᠨ ᠤ | ᠬᠠᠮᠲᠤ ᠪᠠᠷ ᠲᠤᠰ ᠠᠵᠢᠯ ᠳᠤ ᠣᠷᠣᠯᠴᠠᠬᠤ ᠶᠢ ᠵᠢᠯᠣᠭᠤᠳᠬᠤ ᠬᠡᠷᠡᠭᠲᠡᠢ᠃ | ︵ᠬᠤᠶᠠᠷ︶ ︽ᠬᠡᠨ ᠬᠢᠨᠠᠨ ᠵᠥᠪᠰᠢᠶᠡᠷᠡᠪᠡᠯ ᠬᠡᠨ ᠬᠠᠷᠢᠭᠤᠴᠠᠬᠤ᠂ ᠬᠡᠨ ᠬᠡᠷᠡᠭᠯᠡᠪᠡᠯ ᠬᠡᠨ ᠬᠠᠷᠢᠭᠤᠴᠠᠬᠤ︾ | ᠵᠠᠷᠴᠢᠮ ᠶᠣᠰᠣᠭᠠᠷ᠂ ᠬᠠᠪᠰᠤᠷᠤᠨ ᠲᠡᠳᠬᠦᠬᠦ ᠲᠥᠷᠥᠯ ᠵᠦᠢᠯ ᠤᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ | ᠳᠠᠶᠢᠴᠢᠯᠠᠬᠤ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ | ᠬᠡᠷᠡᠭᠵᠢᠭᠦᠯᠦᠭᠰᠡᠨ ᠬᠠᠪᠰᠤᠷᠤᠨ ᠲᠡᠳᠬᠦᠬᠦ ᠲᠥᠷᠥᠯ ᠵᠦᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠵᠤ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠷᠭ᠎ᠠ ᠮᠠᠶ᠋ᠢᠭ ᠪᠠ ᠦᠷ᠎ᠡ | ᠪᠦᠲᠦᠮᠵᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ | ᠲᠤᠬᠠᠢ ᠳᠤᠨᠢ ᠰᠢᠢᠳᠪᠦᠷᠢᠯᠡᠵᠦ᠂ ᠳᠠᠶᠢᠴᠢᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠳᠠᠶᠢᠴᠢᠯᠠᠬᠤ | ᠦᠷ᠎ᠡ ᠪᠦᠲᠦᠮᠵᠢ ᠪᠠᠷ ᠠᠨᠠᠢ᠂ ᠡᠳ᠋ ᠬᠥᠷᠥᠩᠭᠡ ᠨᠢ ᠰᠤᠯᠠ ᠬᠠᠶᠠᠭᠰᠠᠨ᠂ ᠡᠵᠡᠩᠨᠡᠯᠲᠡ ᠶᠢᠨ ᠠᠯᠳᠠᠭᠳᠠᠯ ᠲᠠᠢ | ᠬᠠᠪᠰᠤᠷᠤᠨ ᠲᠡᠳᠬᠦᠬᠦ ᠲᠥᠷᠥᠯ ᠵᠦᠢᠯ ᠢ ᠲᠣᠬᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ︔ ᠨᠡᠷ᠎ᠡ ᠡᠯᠭᠦᠨ | ᠬᠠᠪᠰᠤᠷᠤᠨ ᠲᠡᠳᠬᠦᠬᠦ ᠪᠣᠯᠪᠠᠴᠤ ᠳᠠᠶᠢᠴᠢᠯᠠᠬᠤ ᠦᠷ᠎ᠡ ᠪᠦᠲᠦᠮᠵᠢ ᠭᠠᠷᠭᠠᠭᠰᠠᠨ ᠦᠭᠡᠢ ᠲᠥᠷᠥᠯ ᠵᠦᠢᠯ ᠢ ᠴᠠᠭ | ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | ︵ᠭᠤᠷᠪᠠ︶ ᠬᠠᠤᠯᠢ ᠴᠠᠭᠠᠵᠠ ᠶᠢᠨ ᠳᠡᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠭᠠᠷ ᠤᠨ ᠦᠰᠦᠭ | ᠵᠢᠷᠤᠭᠰᠠᠨ ᠡᠯ᠎ᠡ ᠵᠦᠢᠯ ᠤᠨ ᠵᠥᠪᠯᠡᠯᠴᠡᠬᠡᠷ᠂ ᠭᠡᠷ᠎ᠡ ᠶᠢ ᠬᠠᠤᠯᠢᠴᠢ ᠪᠠᠷ ᠬᠠᠷᠢᠭᠤᠴᠠᠭᠤᠯᠬᠤ ᠶᠢᠨ ᠬᠠᠮᠲᠤ ᠠᠯᠪᠠᠨ | ᠭᠡᠷᠡᠴᠢᠯᠡᠭᠡ ᠶᠢᠨ ᠭᠠᠵᠠᠷ ᠢᠶᠠᠷ ᠠᠯᠪᠠᠨ ᠭᠡᠷᠡᠴᠢᠯᠡᠭᠡ ᠬᠢᠯᠭᠡᠨ᠎ᠡ᠃ | ︵ᠳᠥᠷᠪᠡ︶ ᠲᠠᠷᠢᠶᠠᠯᠠᠩ ᠯᠤᠭ᠎ᠠ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠥᠷᠥ ᠶᠢᠨ ᠪᠣᠳᠣᠯᠭ᠎ᠠ ᠶᠢ | ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ | ᠳᠡᠭᠡᠭᠰᠢᠯᠡᠭᠦᠯᠦᠨ᠎ᠡ᠃ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠶᠢ ᠳ᠋ᠦᠩᠨᠡᠨ ᠳᠡᠯᠭᠡᠷᠡᠭᠦᠯᠵᠦ᠂ | ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠲᠡᠭᠦᠯᠳᠡᠷ᠂ ᠳᠠᠶᠢᠴᠢᠯᠠᠬᠤ ᠦᠷ᠎ᠡ | ᠪᠦᠲᠦᠮᠵᠢ ᠢᠯᠡᠷᠬᠡᠢ᠂ ᠰᠤᠷᠴᠤ ᠪᠣᠯᠬᠤ ᠬᠡᠷᠡᠭᠯᠡᠵᠦ ᠪᠣᠯᠬᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠢ ᠪᠠᠷ | ᠰᠣᠩᠭᠤᠨ ᠪᠣᠢ ᠪᠣᠯᠭᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | | | | | | | |