ᠬᠤᠷᠴᠢᠨ ᠪᠠᠷᠠᠭᠤᠨ ᠭᠠᠷᠣᠨ ᠳᠤᠮᠳᠠᠳᠤ ᠵᠠᠰᠠᠭ ᠠᠯᠪᠠᠨ ᠲᠠᠷᠬᠠᠭᠠᠭᠰᠠᠨ ︹2020︺ 17 ᠳ᠋ᠤᠭᠠᠷ ᠲᠣᠭᠠᠲᠤ | | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠬᠠᠮᠢᠶ᠎ᠠ ᠪᠦᠬᠦᠢ ᠠᠷᠠᠳ ᠤᠨ | ᠪᠦᠯᠬᠦᠮ ᠳᠤ᠄ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠡᠵᠡᠮᠰᠢᠨ ᠲᠤᠤᠱᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ | ᠬᠤᠰᠢᠭᠤᠨ ᠤ ᠵᠠᠰᠠᠭ ᠤᠨ ᠣᠷᠳᠣᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠯ᠎ᠡ ᠭᠡᠰᠢᠭᠦᠨ | ᠨᠢᠭᠡᠴᠡ ᠶᠢ ᠵᠣᠬᠢᠶᠠᠨ ᠪᠠᠶᠢᠭᠤᠯᠵᠤ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ | ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠳᠦᠷᠢᠮ︾ ᠳᠤ ᠵᠠᠰᠠᠪᠤᠷᠢ ᠣᠷᠣᠭᠤᠯᠪᠠ᠂ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠬᠢᠬᠦ ᠬᠡᠷᠡᠭᠲᠡᠢ᠃ | 2023 ᠣᠨ ᠤ 4 ᠰᠠᠷ᠎ᠠ ᠶᠢᠨ 3 ᠤ ᠡᠳᠦᠷ | | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ | ᠭᠡᠰᠢᠭᠦᠨ ᠤ ᠳᠦᠷᠢᠮ ᠤᠨ ᠠᠵᠢᠯ ᠤᠨ ᠳᠦᠷᠢᠮ | | ᠨᠢᠭᠡ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠭᠡᠰᠢᠭᠦᠳ ᠤᠨ ᠪᠦᠷᠢᠯᠳᠦᠬᠦᠨ ᠨᠢᠭᠡᠴᠢ | ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ | ᠲᠣᠪᠴᠢᠶ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠤᠰᠢᠭᠤᠨ ᠤ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠬᠢᠨᠠᠨ ᠪᠣᠳᠣᠬᠤ | ᠲᠣᠪᠴᠢᠶ᠎ᠠ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠂ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠰᠠᠯᠪᠤᠷᠢ ᠪᠠᠩᠬᠢ᠂ ᠬᠤᠰᠢᠭᠤᠨ ᠤ ᠠᠷᠠᠳ ᠤᠨ ᠠᠵᠢᠯᠴᠢᠨ ᠤ ᠶᠡᠷᠦᠩᠬᠡᠢ ᠡᠪᠯᠡᠯ᠂ | ᠡᠪᠯᠡᠯ ᠤᠨ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ᠃ | ᠬᠤᠶᠠᠷ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠭᠡᠰᠢᠭᠦᠨ ᠨᠢᠭᠡᠴᠢ ᠶᠢᠨ ᠭᠤᠣᠯ ᠡᠭᠦᠷᠭᠡ | ᠬᠠᠷᠢᠭᠤᠴᠠᠯᠭ᠎ᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ | ᠰᠢᠵᠢᠮ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ | ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠦᠨ ᠮᠡᠲᠦ | ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ︾ ᠪᠠᠷ ᠬᠠᠷᠠᠯᠲᠠ ᠪᠣᠯᠭᠠᠨ | ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠠᠭᠤᠤ | ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ | ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ | ᠲᠠᠰᠤᠷᠠᠯᠲᠠ ᠥᠬᠡᠶ ᠴᠢᠩᠭᠠᠳᠬᠠᠨ᠎ᠠ︔ ᠲᠤᠰ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠦᠨᠳᠦᠰᠦᠯᠡᠨ᠂ | ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠲᠤᠰ | ᠨᠢᠭᠡᠴᠡ ᠶᠢᠨ ᠢᠶᠠᠨ ᠬᠦᠷᠢᠶᠡᠨ ᠳᠠᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠤᠬᠠᠭᠤᠯᠭ᠎ᠠ ᠬᠥᠮᠦᠵᠢᠯ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ | ᠡᠭᠦᠳᠦᠨ ᠪᠠᠶᠢᠭᠤᠯᠬᠤ ᠠᠵᠢᠯ ᠢ ᠪᠠᠶᠢᠷᠢᠯᠠᠭᠤᠯᠤᠨ ᠵᠢᠯᠣᠭᠤᠳᠴᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠷᠢᠯᠴᠠᠨ ᠠᠭᠤᠰᠤᠯᠴᠠᠨ ᠬᠥᠭᠵᠢᠬᠦ ᠶᠢ ᠳᠡᠮᠵᠢᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ | ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠤᠨ᠎ᠠ᠃ | ︵ᠨᠢᠭᠡ︶ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ | ᠪᠣᠯᠭᠠᠵᠤ᠂ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠪᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ᠂ | ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠳᠤᠮᠳᠠ ᠤᠷᠲᠤ | ᠬᠤᠭᠤᠴᠠᠭᠠᠨ ᠤ ᠲᠥᠯᠥᠪᠵᠢᠭᠦᠯᠭᠡ᠂ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠵᠣᠬᠢᠶᠠᠬᠤ ᠳᠠᠭᠠᠨ ᠦᠨᠳᠦᠰᠦᠲᠡᠨ ᠤ ᠠᠵᠢᠯ ᠢ ᠬᠦᠨᠳᠦᠳᠬᠡᠨ ᠦᠵᠡᠵᠦ ᠪᠠᠶᠢᠬᠤ ᠶᠢ ᠭᠦᠢᠴᠡᠳ ᠢᠯᠡᠷᠡᠭᠦᠯᠵᠦ᠂ ᠪᠤᠢ | ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢᠨ ᠠᠴᠢ ᠬᠤᠯᠪᠣᠭᠳᠠᠯ ᠢ ᠬᠠᠩᠭᠠᠬᠤ ᠶᠢ ᠴᠢᠬᠤᠯᠠᠴᠢᠯᠠᠨ᠎ᠠ᠂ ᠠᠷᠠᠳ ᠤᠨ | ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠢ | ᠵᠣᠬᠢᠴᠠᠭᠤᠯᠤᠨ ᠰᠢᠢᠳᠪᠦᠷᠢᠯᠡᠨ᠎ᠡ︔ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠳᠤᠮᠳᠠᠬᠢ ᠣᠨᠴᠠᠭᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠡᠯ᠎ᠡ ᠲᠥᠷᠥᠯ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠦᠢ ᠵᠣᠬᠢᠰᠲᠠᠢ ᠲᠣᠬᠢᠷᠠᠭᠤᠯᠵᠤ᠂ ᠬᠢᠯᠢ ᠬᠢᠵᠠᠭᠠᠷ ᠣᠷᠣᠨ ᠢ | ᠬᠥᠭᠵᠢᠭᠦᠯᠦᠨ ᠠᠷᠠᠳ ᠢ ᠪᠠᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠢᠯᠢ ᠬᠢᠵᠠᠭᠠᠷ ᠣᠷᠣᠨ ᠤ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠤᠨ᠎ᠠ᠃ ᠪᠦᠬᠦ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠡᠳ᠋ ᠤᠨ | ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ | ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠨ ᠤ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ | ᠲᠡᠳᠬᠦᠬᠦ ᠡᠳ᠋ ᠤᠨ ᠵᠠᠰᠠᠭ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ︔ | ᠡᠳ᠋ ᠤᠨ ᠬᠦᠴᠦᠨ ᠢ ᠦᠨᠳᠦᠰᠦᠯᠡᠨ ᠬᠤᠰᠢᠭᠤᠨ ᠤ ᠲᠤᠰ ᠱᠠᠲᠤᠨ ᠤ ᠦᠨᠳᠦᠰᠦᠲᠡᠨ ᠤ ᠠᠵᠢᠯ ᠤᠨ ᠲᠤᠰᠬᠠᠢ | ᠵᠠᠷᠤᠳᠠᠯ ᠢ ᠲᠣᠬᠢᠷᠠᠭᠤᠯᠤᠨ᠎ᠠ︔ ᠬᠤᠰᠢᠭᠤᠨ ᠤ ᠡᠳ᠋ ᠤᠨ ᠵᠠᠰᠠᠭ ᠤᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠵᠢᠯᠣᠭᠤᠳᠴᠤ᠂ ᠲᠤᠰ ᠨᠢᠭᠡᠴᠡ ᠶᠢᠨ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠎ᠠ᠃ | ︵ᠭᠤᠷᠪᠠ︶ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠡᠶᠢᠭᠡᠮ | ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠰᠤᠷᠭᠠᠨ ᠬᠥᠮᠦᠵᠢᠯ ᠢ ᠰᠠᠶᠢᠲᠤᠷ ᠬᠢᠵᠦ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠠᠵᠢᠯ ᠢ | ᠭᠦᠨᠵᠡᠭᠡᠢ ᠰᠤᠳᠤᠯᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ | ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ | ᠰᠡᠳᠬᠢᠯ ᠳᠤ ᠭᠦᠨ ᠦᠨᠳᠦᠰᠦᠯᠡᠭᠦᠯᠦᠨ᠎ᠡ︔ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠵᠢᠷᠤᠮᠵᠢᠯ᠂ ᠪᠠᠷᠢᠮᠵᠢᠶᠠᠵᠢᠯ ᠵᠢᠴᠢ ᠲᠡᠭᠦᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠨᠡᠶᠢᠭᠡᠮ ᠤᠨ ᠠᠮᠢᠳᠤᠷᠠᠯ ᠳᠤᠮᠳᠠ ᠦᠢᠯᠡᠳᠦᠯ ᠢᠶᠠᠨ ᠨᠡᠩ ᠰᠠᠶᠢᠲᠤᠷ | ᠪᠠᠳᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠲᠤᠰ ᠦᠨᠳᠦᠰᠦᠲᠡᠨ ᠤ ᠦᠭᠡ ᠬᠡᠯᠡ | ᠦᠰᠦᠭ ᠪᠢᠴᠢᠭ ᠢ ᠰᠤᠷᠤᠯᠴᠠᠬᠤ ᠶᠢ ᠬᠦᠨᠳᠦᠳᠬᠡᠨ ᠪᠠᠲᠤᠯᠠᠨ᠎ᠠ᠃ ᠪᠦᠬᠦ ᠬᠤᠰᠢᠭᠤᠨ ᠤ ᠰᠤᠷᠭᠠᠨ ᠬᠥᠮᠦᠵᠢᠯ ᠤᠨ | ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ | ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ | ︵ᠲᠦᠷᠪᠡ︶ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠄ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠲᠠᠰᠤᠷᠠᠯᠲᠠ | ᠦᠭᠡᠢ ᠨᠡᠮᠡᠭᠳᠡᠭᠦᠯᠦᠨ᠎ᠡ᠃ ᠪᠦᠬᠦ ᠬᠤᠰᠢᠭᠤᠨ ᠤ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ᠂ | ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢᠶᠠᠷ ᠭᠤᠣᠯ ᠬᠥᠭ ᠪᠣᠯᠭᠠᠵᠤ᠂ ᠪᠦᠬᠦ ᠬᠤᠰᠢᠭᠤᠨ ᠤ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ | ︔ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠠᠵᠢᠯᠯᠠᠭ᠎ᠠ ᠶᠢ ᠪᠠᠶᠠᠯᠢᠭ ᠰᠠᠶᠢᠬᠠᠨ ᠦᠨᠳᠦᠰᠦᠲᠡᠨ ᠤ | ᠰᠣᠶᠣᠯ ᠳᠤ ᠠᠭᠤᠰᠬᠠᠨ ᠣᠷᠣᠭᠤᠯᠵᠤ᠂ ᠰᠣᠶᠣᠯ ᠢ ᠬᠥᠳᠡᠭᠡ ᠪᠠᠭᠤᠯᠭᠠᠬᠤ ᠠᠵᠢᠯᠯᠠᠭ᠎ᠠ ᠥᠷᠨᠢᠭᠦᠯᠦᠨ᠎ᠡ︔ ︽ᠭᠡᠰᠡᠷ | ︾ ᠵᠡᠷᠭᠡ ᠴᠥᠭᠡᠨ ᠲᠣᠭᠠᠲᠤ ᠦᠨᠳᠦᠰᠦᠲᠡᠨ ᠤ ᠡᠷᠲᠡᠨ ᠤ ᠨᠣᠮ ᠪᠢᠴᠢᠭ ᠢ ᠠᠪᠤᠷᠠᠨ ᠬᠠᠮᠠᠭᠠᠯᠠᠬᠤ ᠠᠵᠢᠯ ᠢ | ᠳᠡᠮᠵᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠠᠮᠠᠭᠠᠯᠠᠵᠤ᠂ ᠠᠭᠤᠳᠠᠯᠤᠨ | ᠡᠮᠬᠢᠳᠬᠡᠵᠦ᠂ ᠦᠨᠳᠦᠰᠦᠲᠡᠨ ᠤ ᠰᠣᠶᠣᠯ ᠤᠨ ᠥᠪ ᠢ ᠶᠡᠬᠡᠪᠡᠷ ᠬᠠᠮᠠᠭᠠᠯᠠᠨ ᠤᠯᠠᠮᠵᠢᠯᠠᠵᠤ᠂ ᠦᠨᠳᠦᠰᠦᠲᠡᠨ ᠤ | ᠰᠣᠶᠣᠯ ᠤᠨ ᠥᠪ ᠢ ᠬᠠᠮᠠᠭᠠᠯᠠᠨ ᠤᠯᠠᠮᠵᠢᠯᠠᠵᠤ᠂ ᠦᠨᠳᠦᠰᠦᠲᠡᠨ ᠤ ᠥᠪᠡᠷᠮᠢᠴᠡ ᠣᠨᠴᠠᠯᠢᠭ ᠲᠠᠢ᠂ ᠨᠤᠲᠤᠭ ᠤᠨ | ᠣᠨᠴᠠᠯᠢᠭ ᠲᠠᠢ ᠤᠳᠬ᠎ᠠ ᠤᠷᠠᠯᠢᠭ ᠤᠨ ᠴᠢᠳᠠᠪᠤᠷᠢᠲᠠᠨ ᠪᠠ ᠤᠷᠠᠯᠢᠭ ᠤᠨ ᠪᠦᠯᠬᠦᠮ ᠢ ᠬᠥᠮᠦᠵᠢᠭᠦᠯᠦᠨ᠎ᠡ︔ | ᠦᠨᠳᠦᠰᠦᠲᠡᠨ ᠤ ᠣᠨᠴᠠᠯᠢᠭ ᠲᠠᠢ᠂ ᠨᠤᠲᠤᠭ ᠤᠨ ᠣᠨᠴᠠᠯᠢᠭ ᠲᠠᠢ ᠤᠳᠬ᠎ᠠ ᠤᠷᠠᠯᠢᠭ ᠤᠨ ᠴᠢᠳᠠᠪᠤᠷᠢᠲᠠᠨ ᠢ | ᠬᠥᠮᠦᠵᠢᠭᠦᠯᠦᠨ᠎ᠡ︔ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ︔ ᠴᠥᠭᠡᠨ | ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ | ᠪᠠ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ︔ ᠴᠥᠭᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠨ᠎ᠠ᠃ ᠪᠦᠬᠦ | ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠦᠬᠦ | ᠲᠠᠯ᠎ᠠ ᠪᠠᠷ ᠰᠠᠶᠢᠲᠤᠷ ᠠᠳᠬᠤᠨ᠎ᠠ᠃ | ︵ᠲᠠᠪᠤ︶ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠄ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠦᠨᠳᠦᠰᠦᠲᠡᠨ ᠲᠠᠢ | ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠭᠤᠣᠯᠳᠠᠯᠭ᠎ᠠ ᠳᠤ ᠣᠷᠣᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ | ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠤᠯᠢ | ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠪᠠᠲᠤᠯᠠᠭ᠎ᠠ ᠪᠠ ᠬᠠᠤᠯᠢ ᠪᠠᠷ ᠵᠠᠰᠠᠬᠤ ᠤᠬᠠᠭᠤᠯᠭ᠎ᠠ ᠶᠢᠨ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠣᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠪᠠ︔ ᠦᠨᠳᠦᠰᠦᠲᠡᠨ ᠤ ᠠᠵᠢᠯ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠳᠡᠭᠡᠨ᠂ ︽ᠦᠨᠳᠦᠰᠦᠨ ᠬᠠᠤᠯᠢ︾᠂ | ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠤᠯᠤᠰ ᠤᠨ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠶᠢ ᠳᠡᠮᠵᠢᠪᠡ︔ ᠦᠨᠳᠦᠰᠦᠲᠡᠨ ᠤ | ᠠᠵᠢᠯ ᠤᠨ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ | ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠵᠣᠬᠢᠴᠠᠩᠭᠤᠢ ᠬᠥᠭᠵᠢᠯᠲᠡ ᠶᠢ ᠬᠠᠤᠯᠢ ᠶᠣᠰᠣᠭᠠᠷ | ᠪᠠᠲᠤᠯᠠᠨ᠎ᠠ︔ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠲᠡᠨ ᠤ ᠬᠦᠴᠦᠨ ᠵᠦᠢᠯ ᠳᠤ | ᠬᠤᠯᠪᠣᠭᠳᠠᠬᠤ ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ ᠳᠡᠮᠵᠢᠯᠭᠡ ᠬᠠᠩᠭᠠᠨ᠎ᠠ᠃ ᠪᠦᠬᠦ | ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ | ᠠᠵᠢᠯ ᠢ ᠵᠢᠯᠣᠭᠤᠳᠤᠨ ᠠᠬᠢᠭᠤᠯᠤᠨ᠎ᠠ᠃ | ︵ᠵᠢᠷᠭᠤᠭ᠎ᠠ︶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠦᠨᠳᠦᠰᠦᠲᠡᠨ ᠤ ᠲᠠᠯ᠎ᠠ ᠳᠤ | ᠬᠤᠯᠪᠣᠭᠳᠠᠬᠤ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠᠶᠢᠳᠠᠯ | ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠨ᠎ᠠ᠃ ᠪᠦᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ | ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠳᠣᠯᠤᠭ᠎ᠠ︶ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠭᠤᠣᠯ ᠰᠢᠵᠢᠮ ᠪᠣᠯᠭᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ᠂ ᠨᠡᠭᠡᠭᠡᠨ ᠬᠥᠭᠵᠢᠭᠦᠯᠬᠦ ᠶᠠᠪᠤᠴᠠ ᠳᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠡᠮᠳᠡᠭ ᠢ ᠠᠩᠬᠠᠷᠤᠨ ᠢᠯᠡᠷᠡᠭᠦᠯᠬᠦ ᠶᠢ | ᠴᠢᠬᠤᠯᠠᠴᠢᠯᠠᠨ᠎ᠠ︔ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ | ᠮᠡᠳᠡᠷᠡᠮᠵᠢ ᠶᠢ ᠨᠡᠮᠡᠭᠳᠡᠭᠦᠯᠦᠨ᠎ᠡ︔ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢᠨ ᠲᠣᠭᠤᠷᠢᠨ ᠳᠤ | ᠬᠤᠳᠠ᠂ ᠭᠤᠣᠯᠳᠠᠯᠭ᠎ᠠ ᠲᠠᠢ ᠪᠠᠯᠭᠠᠰᠤ ᠪᠠ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠪᠠᠯᠭᠠᠰᠤᠵᠢᠯᠲᠠ ᠶᠢᠨ | ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠤᠰ | ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ | ᠲᠥᠬᠦᠭᠡᠷᠦᠮᠵᠢ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠪᠦᠬᠦ ᠬᠤᠰᠢᠭᠤᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ ᠠᠬᠢᠭᠤᠯᠤᠨ᠎ᠠ᠃ | ︵ᠨᠠᠢᠮᠠ︶ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠵᠦᠢ ᠵᠣᠬᠢᠰᠲᠠᠢ ᠲᠣᠬᠢᠷᠠᠭᠤᠯᠵᠤ᠂ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ | ᠣᠨᠴᠠᠭᠠᠢ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ︔ ᠬᠥᠳᠡᠭᠡ ᠲᠣᠰᠬᠤᠨ ᠤ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠵᠤ | ᠰᠠᠭᠤᠬᠤ ᠱᠠᠭᠠᠷᠳᠠᠯᠭ᠎ᠠ ᠶᠢ ᠬᠠᠩᠭᠠᠨ᠎ᠠ᠃ ᠪᠦᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ | ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠶᠢᠰᠦ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠴᠥᠭᠡᠨ ᠲᠣᠭᠠᠲᠤ | ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ | ᠠᠰᠢᠭᠯᠠᠬᠤ᠂ ᠬᠠᠮᠠᠭᠠᠯᠠᠬᠤ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ᠂ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠵᠡᠷᠭᠡ ᠲᠠᠯ᠎ᠠ ᠶᠢᠨ ᠣᠨᠴᠠᠭᠠᠢ ᠠᠰᠠᠭᠤᠳᠠᠯ ᠢ ᠰᠠᠶᠢᠲᠤᠷ ᠵᠢᠯᠣᠭᠤᠳᠤᠨ ᠰᠠᠶᠢᠲᠤᠷ | ᠰᠢᠢᠳᠪᠦᠷᠢᠯᠡᠵᠦ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠦᠨᠳᠦᠰᠦᠲᠡᠨ ᠤ ᠬᠦᠴᠦᠨ ᠵᠦᠢᠯ ᠳᠤ | ᠬᠤᠯᠪᠣᠭᠳᠠᠬᠤ ᠠᠰᠠᠭᠤᠳᠠᠯ ᠢ ᠲᠣᠬᠢᠲᠠᠢ ᠰᠠᠶᠢᠲᠤᠷ ᠰᠢᠢᠳᠪᠦᠷᠢᠯᠡᠨ᠎ᠡ᠃ ᠪᠦᠬᠦ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ | ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠠᠷᠪᠠ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ | ᠄ ᠦᠨᠳᠦᠰᠦᠲᠡᠨ ᠤ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ | ᠠᠬᠤᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠳᠡᠭᠡᠳᠦ ᠬᠡᠪ ᠴᠢᠨᠠᠷ ᠲᠠᠢ | ᠮᠠᠯᠴᠢᠨ ᠲᠠᠷᠢᠶᠠᠴᠢᠨ ᠢ ᠪᠤᠶᠢᠵᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠶᠢ ᠠᠬᠢᠭᠤᠯᠤᠨ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠦᠵᠡᠰᠬᠦᠯᠡᠩᠲᠦ | ᠰᠠᠶᠢᠬᠠᠨ ᠮᠠᠯᠵᠢᠬᠤ ᠲᠠᠷᠢᠶᠠᠯᠠᠬᠤ ᠣᠷᠣᠨ ᠢ ᠪᠦᠲᠦᠭᠡᠨ ᠪᠠᠶᠢᠭᠤᠯᠤᠨ᠎ᠠ᠃ ᠪᠦᠬᠦ ᠬᠤᠰᠢᠭᠤᠨ ᠤ ᠲᠠᠷᠢᠶᠠᠯᠠᠩ ᠮᠠᠯ | ᠠᠵᠤ ᠠᠬᠤᠢ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ | ︵ᠠᠷᠪᠠᠨ ᠨᠢᠭᠡ︶ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠄ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠴᠢᠬᠤᠯᠠ | ᠥᠭᠦᠯᠡᠯᠲᠡ ᠪᠠ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ | ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠠᠪᠤᠨ ᠮᠡᠳᠡᠷᠡᠮᠵᠢ︾ | ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭᠠᠨ ᠤ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠵᠤ᠂ | ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ | ᠬᠠᠮᠲᠤ ᠪᠠᠷ ᠴᠡᠴᠡᠭᠯᠡᠨ ᠬᠥᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ | ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ ᠶᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠲᠠᠢ ᠤᠶᠠᠯᠳᠤᠭᠤᠯᠵᠤ᠂ ᠮᠠᠨ ᠤ | ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ | ᠠᠬᠢᠭᠤᠯᠤᠨ᠎ᠠ᠃ | ︵ᠠᠷᠪᠠᠨ ᠬᠤᠶᠠᠷ︶ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠄ ᠰᠢ ᠶᠢᠨ ᠫᠢᠩ ᠤᠨ | ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠠᠮᠢ | ᠠᠬᠤᠢ ᠶᠢᠨ ᠪᠣᠯᠪᠠᠰᠤᠨ ᠤ ᠣᠨᠣᠯᠵᠢᠬᠤᠨ ᠢ ᠲᠠᠰᠤᠷᠠᠯᠲᠠ ᠥᠬᠡᠶ ᠴᠢᠩᠭᠠᠳᠬᠠᠵᠤ᠂ ᠪᠣᠬᠢᠷᠲᠤᠯ ᠦᠭᠡᠢ ᠬᠢᠩᠭᠠᠨ ᠤ | ᠡᠶ᠎ᠡ ᠵᠣᠬᠢᠴᠠᠩᠭᠤᠢ ᠰᠠᠶᠢᠨ ᠰᠠᠶᠢᠬᠠᠨ ᠪᠠᠶᠢᠭᠠᠯᠢ ᠶᠢᠨ ᠣᠷᠴᠢᠨ ᠲᠣᠭᠤᠷᠢᠨ ᠢᠶᠠᠷ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠰᠣᠶᠣᠯ ᠤᠨ ᠲᠤᠬᠠᠢ | ᠲᠠᠨᠢᠯᠲᠠ ᠶᠢ ᠨᠢᠭᠲᠠᠷᠠᠭᠤᠯᠵᠤ᠂ ᠡᠭᠦᠨ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠪᠠ᠃ | ︵ᠠᠷᠪᠠᠨ ᠭᠤᠷᠪᠠ︶ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠥᠭᠡᠨ | ᠲᠣᠭᠠᠲᠤ ᠦᠨᠳᠦᠰᠦᠲᠡᠨ ᠤ ᠺᠠᠳ᠋ᠷ ᠪᠠ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠠᠵᠢᠯᠲᠠᠨ ᠢ ᠬᠥᠮᠦᠵᠢᠭᠦᠯᠵᠦ | ᠰᠢᠯᠢᠨ ᠳᠡᠪᠰᠢᠭᠦᠯᠬᠦ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠨᠡᠶᠢᠭᠡᠮ ᠤᠨ | ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠠᠵᠢᠯᠲᠠᠨ | ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠎ᠠ᠃ ᠪᠦᠬᠦ ᠬᠤᠰᠢᠭᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ ᠠᠬᠢᠭᠤᠯᠤᠨ᠎ᠠ᠃ | ︵ᠠᠷᠪᠠᠨ ᠳᠥᠷᠪᠡᠳᠦᠭᠡᠷ︶ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠦᠨᠳᠦᠰᠦᠨ ᠱᠠᠲᠤᠨ ᠤ ᠠᠷᠠᠳᠴᠢᠯᠠᠯ ᠪᠠ | ᠨᠡᠶᠢᠭᠡᠮ ᠤᠨ ᠪᠠᠶᠢᠭᠤᠯᠤᠯᠲᠠ ᠵᠢᠴᠢ ᠭᠠᠵᠠᠷ ᠤᠨ ᠨᠡᠷ᠎ᠡ᠂ ᠣᠷᠣᠰᠢᠭᠤᠯᠭ᠎ᠠ ᠶᠢᠨ ᠬᠠᠮᠢᠶᠠᠷᠤᠯᠲᠠ᠂ | ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠲᠤᠰᠬᠠᠢ | ᠵᠦᠢᠯ ᠤᠨ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠦᠢᠯᠡᠴᠢᠯᠡᠭᠡᠨ ᠤ ᠬᠤᠯᠪᠣᠭᠳᠠᠯ ᠪᠦᠬᠦᠢ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ ᠬᠤᠲᠠ ᠶᠢᠨ ᠦᠨᠳᠦᠰᠦᠲᠡᠨ ᠤ ᠠᠵᠢᠯ ᠤᠨ ᠲᠣᠭᠲᠠᠴᠠ ᠶᠢ ᠰᠦᠪᠡᠭᠴᠢᠯᠡᠨ | ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠢᠶᠠᠷ ᠬᠦᠴᠦᠯᠡᠬᠦ ᠴᠢᠭ ᠪᠣᠯᠭᠠᠵᠤ᠂ | ᠬᠤᠲᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠠ᠃ ᠪᠦᠬᠦ ᠬᠤᠰᠢᠭᠤᠨ ᠤ ᠠᠷᠠᠳ ᠤᠨ ᠶᠠᠪᠤᠳᠠᠯ ᠤᠨ | ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ | ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠠᠷᠪᠠᠨ ᠲᠠᠪᠤ︶ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ | ᠦᠨᠳᠦᠰᠦᠲᠡᠨ ᠤ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠪᠦᠬᠦ ᠲᠠᠯ᠎ᠠ ᠪᠠᠷ | ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ | ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ︔ ᠦᠨᠳᠦᠰᠦᠲᠡᠨ ᠤ | ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ | ᠰᠢᠮᠡᠭᠦᠷ ᠬᠤᠷᠣᠬᠠᠢ ᠶᠢᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠶᠢ ᠴᠢᠩᠭᠠᠳᠬᠠᠵᠤ᠂ | ᠮᠠᠯᠵᠢᠬᠤ ᠲᠠᠷᠢᠶᠠᠯᠠᠬᠤ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠤᠨ᠎ᠠ︔ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ | ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ | ᠬᠦ ᠪᠠᠲᠤᠯᠠᠨ᠎ᠠ᠃ | ︵ᠠᠷᠪᠠᠨ ᠵᠢᠷᠭᠤᠭ᠎ᠠ︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ | ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ | ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠯᠦᠭᠡ ᠵᠣᠬᠢᠴᠠᠭᠰᠠᠨ | ᠪᠣᠳᠠᠲᠠᠢ ᠠᠷᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ︔ ᠦᠨᠳᠦᠰᠦᠲᠡᠨ ᠤ ᠭᠠᠵᠠᠷ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢ ᠳᠡᠮᠵᠢᠨ᠎ᠡ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ︽ᠰᠠᠭᠠᠳ | ᠦᠭᠡᠢ ᠨᠡᠪᠲᠡᠷᠡᠬᠦ ᠵᠠᠮ︾ ᠢ ᠰᠢᠯᠤᠭᠤᠳᠬᠠᠵᠤ᠂ ᠥᠨᠳᠥᠷ ᠪᠦᠲᠦᠮᠵᠢᠲᠡᠢ᠂ ᠳᠥᠭᠦᠮ ᠳᠥᠲᠡ ᠵᠠᠬ᠎ᠠ ᠳᠡᠯᠭᠡᠭᠦᠷ ᠲᠤ | ᠣᠷᠣᠬᠤ ᠶᠢ ᠵᠥᠪᠰᠢᠶᠡᠷᠡᠬᠦ ᠦᠢᠯᠡᠴᠢᠯᠡᠭᠡ ᠬᠠᠩᠭᠠᠨ᠎ᠠ᠃ ᠪᠦᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠵᠢᠯᠣᠭᠤᠳᠤᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ | ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃ | ︵ᠠᠷᠪᠠᠨ ᠳᠣᠯᠤᠭ᠎ᠠ︶ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ ᠰᠢ ᠶᠢᠨ | ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠭᠤᠯᠠ ᠤᠰᠤ ᠣᠢ ᠮᠣᠳᠣ ᠭᠠᠵᠠᠷ ᠲᠠᠷᠢ᠊ ᠡᠶ᠎ᠡ | ᠨᠠᠭᠤᠷ ᠪᠦᠷᠢᠳᠦ ᠨᠤᠲᠤᠭ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ᠎ᠡ︔ ᠣᠢ ᠰᠢᠭᠤᠢ ᠪᠠ | ᠨᠤᠲᠤᠭ ᠪᠡᠯᠴᠢᠭᠡᠷ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠤᠬᠠᠢ ᠤᠯᠤᠰ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠡᠬᠡ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠰᠠᠭᠤᠷᠢ ᠶᠢ ᠪᠠᠬᠢᠵᠢᠭᠦᠯᠦᠨ᠎ᠡ︔ ᠪᠦᠬᠦ ᠬᠤᠰᠢᠭᠤᠨ ᠤ ᠣᠢ | ᠰᠢᠭᠤᠢ ᠡᠪᠡᠰᠦ ᠪᠡᠯᠴᠢᠭᠡᠷ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠠᠷᠪᠠᠨ ᠨᠠᠶᠢᠮᠠ︶ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠄ ᠦᠨᠳᠦᠰᠦᠲᠡᠨ ᠤ ᠲᠥᠪᠯᠡᠷᠡᠨ | ᠰᠠᠭᠤᠷᠢᠰᠢᠭᠰᠠᠨ ᠭᠠᠵᠠᠷ ᠣᠷᠣᠨ ᠤ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠢᠨᠵᠧᠨᠧᠷᠢᠩ ᠪᠠ ᠬᠥᠷᠥᠰᠥ | ᠰᠢᠷᠣᠢ ᠶᠢ ᠬᠠᠮᠠᠭᠠᠯᠠᠬᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠤᠰᠤᠨ ᠠᠰᠢᠭᠯᠠᠯᠲᠠ ᠶᠢᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ | ︵ᠠᠷᠪᠠ ᠶᠢᠰᠦ︶ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠄ ᠦᠨᠳᠦᠰᠦᠲᠡᠨ ᠤ ᠲᠤᠭ᠎ᠠ | ᠪᠦᠷᠢᠳᠬᠡᠯ ᠢ ᠬᠠᠮᠵᠢᠨ ᠰᠠᠶᠢᠲᠤᠷ ᠬᠢᠵᠦ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠯᠡᠬᠦ ᠪᠠ ᠬᠠᠩᠭᠠᠨ᠎ᠠ︔ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠪᠠᠷ ᠭᠤᠣᠯ ᠰᠢᠵᠢᠮ | ᠪᠣᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠨᠦᠭᠦᠳ ᠤᠨ ᠨᠡᠶᠢᠭᠡᠮ ᠤᠨ | ᠪᠦᠲᠦᠴᠡ ᠪᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠠᠮᠢᠶ᠎ᠠ ᠪᠦᠬᠦᠢ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢ ᠰᠠᠶᠢᠲᠤᠷ ᠬᠢᠵᠦ᠂ ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃ ᠲᠤᠭ᠎ᠠ ᠪᠦᠷᠢᠳᠬᠡᠯ ᠤᠨ | ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ | ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ | ︵ᠬᠤᠷᠢ︶ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ | ᠦᠨᠳᠦᠰᠦᠲᠡᠨ ᠤ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠪᠠᠶᠢᠭᠠᠳ ᠮᠡᠷᠭᠡᠵᠢᠯ ᠤᠨ ᠥᠭᠡᠷᠡᠴᠢᠯᠡᠯᠲᠡ ᠶᠢᠨ | ᠠᠯᠬᠤᠴᠠ ᠶᠢ ᠲᠦᠷᠭᠡᠳᠬᠡᠨ᠂ ᠰᠢᠨ᠎ᠡ ᠦᠢᠯᠡᠳᠬᠦᠨ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠵᠦ᠂ ᠠᠵᠤ | ᠦᠢᠯᠡᠰ ᠤᠨ ᠪᠦᠲᠦᠴᠡ ᠶᠢ ᠶᠡᠬᠡᠪᠡᠷ ᠲᠣᠬᠢᠷᠠᠭᠤᠯᠤᠨ᠎ᠠ᠃ ᠪᠦᠬᠦ ᠬᠤᠰᠢᠭᠤᠨ ᠤ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠬᠤᠷᠢᠨ ᠨᠢᠭᠡ︶ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ᠤᠯᠤᠰ ᠪᠠ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠡᠯ᠎ᠡ | ᠵᠦᠢᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ | ᠨᠠᠶᠢᠳᠠᠪᠤᠷᠢᠵᠢᠭᠤᠯᠪᠠ︔ ᠠᠵᠢᠯ ᠲᠥᠷᠥᠯ ᠤᠨ ᠴᠣᠩᠬᠤᠪᠴᠢ ᠨᠢᠭᠡᠴᠡ ᠶᠢ ᠵᠢᠯᠣᠭᠤᠳᠤᠨ ᠬᠤᠣᠰ ᠬᠡᠯᠡᠨ ᠤ | ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠠ︔ ᠪᠦᠬᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ | ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠬᠤᠷᠢᠨ ᠬᠤᠶᠠᠷ︶ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠄ | ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ | ᠴᠡᠷᠢᠭ ᠠᠴᠠ ᠬᠠᠯᠠᠭᠳᠠᠭᠰᠠᠳ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ ᠡᠯ᠎ᠡ | ᠦᠨᠳᠦᠰᠦᠲᠡᠨ ᠤ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ | ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠰᠠᠶᠢᠲᠤᠷ ᠬᠢᠨ᠎ᠡ︔ ᠥᠷᠭᠡᠨ | ᠣᠯᠠᠨ ᠴᠡᠷᠢᠭ ᠠᠴᠠ ᠬᠠᠯᠠᠭᠳᠠᠭᠰᠠᠳ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠤᠯᠤᠰ ᠤᠨ ᠨᠢᠭᠡᠳᠦᠯ ᠪᠠ | ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ | ︵ᠬᠤᠷᠢᠨ ᠭᠤᠷᠪᠠᠨ︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠄ ᠪᠦᠬᠦ | ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ | ᠰᠢᠢᠳᠪᠦᠷᠢᠯᠡᠬᠦ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠬᠤ ᠳᠠᠭᠠᠨ᠂ ᠦᠨᠳᠦᠰᠦᠲᠡᠨ ᠤ ᠬᠦᠴᠦᠨ | ᠵᠦᠢᠯ ᠳᠤ ᠬᠤᠯᠪᠣᠭᠳᠠᠬᠤ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠠᠯ᠎ᠠ ᠪᠠᠷ ᠭᠦᠢᠴᠡᠳ | ᠪᠣᠳᠣᠯᠬᠢᠯᠠᠬᠤ ᠬᠡᠷᠡᠭᠲᠡᠢ︔ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠬᠠᠨᠳᠤᠭᠤᠯᠤᠭᠰᠠᠨ ᠠᠶᠤᠯ ᠦᠭᠡᠢ | ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠬᠤ ᠬᠡᠷᠡᠭᠲᠡᠢ︔ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠵᠢᠴᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ | ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ | ︵ᠬᠤᠷᠢᠨ ᠳᠥᠷᠪᠡ︶ ᠬᠤᠰᠢᠭᠤᠨ ᠤ ᠬᠢᠨᠠᠨ ᠪᠣᠳᠣᠬᠤ ᠲᠣᠪᠴᠢᠶ᠎ᠠ᠄ ᠦᠨᠳᠦᠰᠦᠲᠡᠨ ᠤ ᠠᠵᠢᠯ ᠤᠨ ᠰᠠᠯᠠᠭ᠎ᠠ | ᠮᠥᠴᠢᠷ ᠲᠠᠢ ᠬᠠᠮᠵᠢᠯᠴᠠᠨ ︽ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠵᠣᠯᠭᠠᠭᠤᠯᠤᠨ ᠠᠬᠢᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢ ᠰᠠᠶᠢᠲᠤᠷ | ᠭᠦᠢᠴᠡᠳᠬᠡᠨ᠎ᠡ︶ ᠲᠤᠰᠠᠯᠠᠮᠵᠢ ᠶᠢᠨ ᠪᠡᠯᠡ ᠮᠥᠩᠭᠦ ᠳᠤ ᠲᠤᠰᠬᠠᠢ ᠵᠦᠢᠯ ᠢᠶᠠᠷ ᠬᠢᠨᠠᠨ ᠪᠣᠳᠣᠯᠲᠠ ᠬᠢᠵᠦ᠂ ᠪᠡᠯᠡ | ᠮᠥᠩᠭᠦ ᠶᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠪᠦᠬᠦ ᠬᠤᠰᠢᠭᠤᠨ ᠤ | ᠬᠢᠨᠠᠨ ᠪᠣᠳᠣᠬᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠬᠤᠷᠢᠨ ᠲᠠᠪᠤᠨ︶ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠄ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ | ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠬᠤᠯᠪᠣᠭᠳᠠᠯ ᠪᠦᠬᠦᠢ ᠡᠮᠴᠢᠯᠡᠭᠡᠨ ᠤ ᠪᠠᠲᠤᠯᠠᠭ᠎ᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠲᠤᠷ ᠲᠤᠤᠱᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠦᠨ᠎ᠡ︔ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠢ ᠵᠠᠰᠠᠯᠲᠠ ᠶᠢᠨ ᠡᠷᠴᠢᠮ ᠢ | ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ | ᠥᠭᠡᠷᠡᠴᠢᠯᠡᠯᠲᠡ ᠶᠢ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ | ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ︔ ᠪᠦᠬᠦ ᠬᠤᠰᠢᠭᠤᠨ ᠤ ᠡᠮᠴᠢᠯᠡᠭᠡᠨ ᠤ | ᠪᠠᠲᠤᠯᠠᠭ᠎ᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠢ ᠪᠣᠯᠭᠠᠬᠤ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠨ᠎ᠠ᠃ | ︵ᠬᠤᠷᠢᠨ ᠵᠢᠷᠭᠤᠭᠠᠨ︶ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠨᠠᠮ ᠤᠨ | ᠲᠥᠪ ᠬᠤᠷᠢ᠊ ᠡᠶ᠎ᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠵᠡᠷᠭᠡ ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢ᠊ ᠡᠶ᠎ᠡ᠂ ᠠᠶᠢᠮᠠᠭ ᠤᠨ ᠨᠠᠮ ᠤᠨ ᠬᠤᠷᠢ᠊ ᠡᠶ᠎ᠡ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ | ᠬᠠᠮᠢᠶ᠎ᠠ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠠᠵᠢᠯ ᠤᠨ ᠲᠥᠯᠥᠪᠯᠡᠭᠡ᠂ ᠢᠵᠢ ᠪᠦᠷᠢᠳᠦᠭᠦᠯᠬᠦ ᠳᠦᠷᠢᠮ ᠵᠢᠴᠢ | ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ | ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠦᠢᠯᠡᠰ ᠲᠤ ᠬᠢᠨᠠᠯᠲᠠ | ᠲᠠᠯᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠣᠷᠣᠵᠤ ᠰᠠᠭᠤᠬᠤ ᠡᠭᠴᠡ ᠬᠠᠮᠢᠶᠠᠷᠬᠤ ᠰᠠᠯᠠᠭ᠎ᠠ ᠮᠥᠴᠢᠷ᠂ ᠬᠤᠣᠰ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠪᠠᠶᠢᠭᠤᠯᠤᠭᠰᠠᠨ ᠴᠣᠩᠬᠤᠪᠴᠢ ᠵᠢᠴᠢ ᠣᠷᠣᠵᠤ ᠰᠠᠭᠤᠭᠰᠠᠨ ᠡᠯ᠎ᠡ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠵᠢᠷᠤᠮᠵᠢᠯ᠂ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠪᠠᠨ | ᠴᠢᠩᠭᠠᠳᠬᠠᠨ᠎ᠠ᠃ ᠪᠦᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃ | ︵ᠬᠤᠷᠢᠨ ᠳᠣᠯᠤᠭ᠎ᠠ︶ ᠠᠷᠠᠳ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠰᠠᠯᠪᠤᠷᠢ ᠪᠠᠩᠬᠢ᠄ ᠡᠯ᠎ᠡ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ ᠪᠠᠶᠢᠭᠠᠳ ᠦᠨᠳᠦᠰᠦᠲᠡᠨ ᠤ | ᠬᠡᠷᠡᠭᠯᠡᠭᠡᠨ ᠤ ᠵᠦᠢᠯ ᠢ ᠴᠡᠭ ᠲᠣᠭᠲᠠᠭᠠᠨ ᠦᠢᠯᠡᠳᠪᠦᠷᠢᠯᠡᠬᠦ ᠠᠵᠤ ᠠᠬᠤᠶᠢᠯᠠᠯ᠂ ᠦᠨᠳᠦᠰᠦᠲᠡᠨ ᠤ ᠠᠷᠠᠯᠵᠢᠶ᠎ᠠ ᠪᠠ | ᠦᠨᠳᠦᠰᠦᠲᠡᠨ ᠤ ᠭᠠᠵᠠᠷ ᠣᠷᠣᠨ ᠤ ᠶᠠᠳᠠᠭᠤ ᠶᠢ ᠲᠡᠳᠬᠦᠬᠦ ᠲᠤᠰᠬᠠᠢ ᠵᠦᠢᠯ ᠤᠨ ᠵᠢᠭᠡᠯᠡᠯᠭᠡ ᠶᠢᠨ ᠭᠦᠢᠴᠡᠳᠬᠡᠯ | ᠲᠤᠭ᠎ᠠ︔ ᠤᠯᠤᠰ ᠠᠴᠠ ᠦᠨᠳᠦᠰᠦᠲᠡᠨ ᠤ ᠠᠷᠠᠯᠵᠢᠶᠠᠨ ᠤ ᠠᠵᠤ ᠠᠬᠤᠶᠢᠯᠠᠯ ᠪᠠ ᠦᠨᠳᠦᠰᠦᠲᠡᠨ ᠤ ᠣᠨᠴᠠ | ᠬᠡᠷᠡᠭᠰᠡᠬᠦ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠬᠡᠷᠡᠭᠵᠢᠭᠦᠯᠦᠭᠰᠡᠨ ᠵᠢᠭᠡᠯᠡᠯᠭᠡ ᠶᠢᠨ ᠳᠠᠮ ᠬᠦᠦ᠂ | ᠡᠷᠭᠢᠯᠲᠡ ᠶᠢᠨ ᠪᠡᠯᠡ ᠮᠥᠩᠭᠦ ᠶᠢᠨ ᠵᠢᠭᠡᠯᠡᠯᠭᠡ ᠶᠢᠨ ᠬᠠᠷᠠᠭᠠᠯᠵᠠᠯ ᠤᠨ ᠬᠦᠦ ᠮᠥᠩᠭᠦ ᠶᠢᠨ ᠨᠣᠷᠮ᠎ᠠ ᠵᠡᠷᠭᠡ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠤᠨ ᠪᠠᠩᠬᠢ ᠶᠢᠨ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠰᠠᠯᠪᠤᠷᠢ ᠪᠠᠩᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠨ᠎ᠡ | ᠃ | ︵ᠬᠤᠷᠢᠨ ᠨᠠᠶᠢᠮᠠ︶ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠄ ᠰᠤᠷᠪᠤᠯᠵᠢᠯᠠᠬᠤ ᠪᠠᠷ | ᠢᠷᠡᠭᠰᠡᠨ ᠣᠯᠠᠨ ᠲᠦᠮᠡᠨ ᠳᠤ ᠴᠢᠭᠯᠡᠭᠦᠯᠦᠨ᠂ ᠬᠠᠮᠢᠶ᠎ᠠ ᠪᠦᠬᠦᠢ ᠤᠯᠤᠰ ᠤᠨ ᠬᠠᠤᠯᠢ ᠴᠠᠭᠠᠵᠠ ᠪᠠ ᠲᠥᠷᠥ ᠶᠢᠨ | ᠪᠣᠳᠣᠯᠭ᠎ᠠ ᠶᠢ ᠤᠬᠠᠭᠤᠯᠤᠨ᠎ᠠ᠃ | ︵ᠬᠤᠷᠢ ᠶᠢᠰᠦ︶ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠄ ᠠᠵᠢᠯᠲᠠᠨ ᠠᠵᠢᠯᠴᠢᠨ ᠤ ᠳᠤᠮᠳᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠢ ᠥᠷᠭᠡᠨ ᠢᠶᠠᠷ ᠥᠷᠨᠢᠭᠦᠯᠵᠦ᠂ ᠮᠠᠷᠺᠰ ᠤᠨ ᠦᠵᠡᠯ ᠤᠨ ︽ᠲᠠᠪᠤᠨ ᠦᠵᠡᠯᠲᠡ︾ ︽ᠲᠠᠪᠤᠨ ᠮᠡᠳᠡᠷᠡᠮᠵᠢ | ︾ ︽ᠭᠤᠷᠪᠠᠨ ᠰᠠᠯᠵᠤ ᠴᠢᠳᠠᠬᠤ ᠦᠭᠡᠢ︾ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ | ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠴᠥᠭᠡᠨ | ᠲᠣᠭᠠᠲᠤ ᠦᠨᠳᠦᠰᠦᠲᠡᠨ ᠤ ᠠᠵᠢᠯᠲᠠᠨ ᠠᠵᠢᠯᠴᠢᠨ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠎ᠡ᠃ | ᠬᠦᠴᠢᠷᠳᠡᠯᠲᠡᠢ ᠦᠨᠳᠦᠰᠦᠲᠡᠨ ᠤ ᠠᠵᠢᠯᠲᠠᠨ ᠠᠵᠢᠯᠴᠢᠨ ᠢ ᠡᠷᠭᠢᠨ ᠦᠵᠡᠬᠦ ᠪᠠ ᠲᠣᠬᠤᠨᠢᠭᠤᠯᠵᠤ᠂ ᠡᠯ᠎ᠡ | ᠦᠨᠳᠦᠰᠦᠲᠡᠨ ᠤ ᠠᠵᠢᠯᠲᠠᠨ ᠠᠵᠢᠯᠴᠢᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ᠂ ᠲᠡᠳᠡᠨ ᠳᠤ ᠵᠣᠬᠢᠶᠠᠨ | ᠪᠠᠶᠢᠭᠤᠯᠤᠯᠲᠠ ᠶᠢᠨ ᠬᠠᠯᠠᠮᠵᠢᠯᠠᠯ ᠪᠠ ᠶᠡᠭᠡ ᠭᠡᠷ ᠪᠦᠯᠢ ᠶᠢᠨ ᠮᠠᠶ᠋ᠢᠭ ᠤᠨ ᠬᠠᠶᠢᠷ᠎ᠠ ᠬᠠᠯᠠᠮᠵᠢ ᠶᠢ ᠬᠦᠷᠲᠡᠭᠡᠵᠡᠢ᠃ | ︵ᠭᠤᠴᠢ︶ ᠡᠪᠯᠡᠯ ᠤᠨ ᠬᠤᠰᠢᠭᠤᠨ ᠤ ᠨᠠᠮ ᠤᠨ ᠬᠤᠷᠢ᠊ ᠡᠶ᠎ᠡ᠄ ᠦᠨᠳᠦᠰᠦᠲᠡᠨ ᠨᠦᠭᠦᠳ ᠤᠨ ᠵᠠᠯᠠᠭᠤᠴᠤᠳ | ᠪᠠᠭᠠᠴᠤᠳ ᠤᠨ ᠦᠵᠡᠯ ᠰᠠᠨᠠᠭᠠᠨ ᠤ ᠪᠠᠶᠢᠳᠠᠯ ᠪᠠ ᠵᠠᠯᠠᠭᠤᠴᠤᠳ ᠪᠠᠭᠠᠴᠤᠳ ᠤᠨ ᠠᠵᠢᠯ ᠤᠨ ᠪᠠᠶᠢᠳᠠᠯ ᠢ | ᠪᠠᠶᠢᠴᠠᠭᠠᠵᠤ᠂ ᠵᠠᠯᠠᠭᠤᠴᠤᠳ ᠪᠠᠭᠠᠴᠤᠳ ᠤᠨ ᠠᠵᠢᠯ ᠤᠨ ᠣᠨᠣᠯ ᠪᠠ ᠦᠵᠡᠯ ᠰᠠᠨᠠᠭᠠᠨ ᠤ ᠬᠥᠮᠦᠵᠢᠯ ᠤᠨ | ᠠᠰᠠᠭᠤᠳᠠᠯ ᠢ ᠰᠤᠳᠤᠯᠵᠤ᠂ ᠵᠣᠬᠢᠴᠠᠩᠭᠤᠢ ᠠᠷᠭ᠎ᠠ ᠪᠣᠳᠣᠯᠭ᠎ᠠ ᠳᠤᠷᠠᠳᠤᠨ᠎ᠠ᠃ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ︽ᠳᠤᠮᠳᠠᠳᠤ ᠪᠠᠨ ᠬᠠᠶᠢᠷᠠᠯᠠᠬᠤ︾ | ᠦᠷ᠎ᠡ ᠶᠢ ᠵᠠᠯᠠᠭᠤᠴᠤᠳ ᠪᠠᠭᠠᠴᠤᠳ ᠨᠢᠭᠡᠪᠦᠷᠢ ᠶᠢᠨ ᠰᠡᠳᠬᠢᠯ ᠤᠨ ᠭᠦᠨ ᠳᠤ ᠪᠤᠯᠠᠵᠤ ᠲᠠᠯᠪᠢᠨ᠎ᠠ᠃ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ | ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠲᠠᠢ | ᠪᠣᠯᠭᠠᠬᠤ ᠬᠡᠷᠡᠭᠲᠡᠢ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠣᠭᠤᠳᠴᠤ | ᠪᠠᠶᠢᠭᠠᠳ ᠦᠨᠳᠦᠰᠦᠲᠡᠨ ᠤ ᠬᠠᠨᠳᠤᠰᠢ ᠪᠠ ᠢᠷᠡᠭᠡᠳᠦᠢ ᠶᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠪᠣᠯ | ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠭᠦᠨᠵᠡᠭᠡᠢ ᠲᠠᠨᠢᠭᠤᠯᠵᠤ᠂ ᠦᠨᠳᠦᠰᠦᠲᠡᠨ ᠨᠦᠭᠦᠳ ᠤᠨ | ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ | ︵ᠭᠤᠴᠢᠨ ᠨᠢᠬᠡ︶ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠄ ᠮᠠᠷᠺᠰ ᠤᠨ ᠦᠵᠡᠯ ᠤᠨ | ᠡᠮᠡᠭᠲᠡᠶᠢᠴᠦᠳ ᠤᠨ ᠦᠵᠡᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ | ᠪᠣᠳᠣᠯᠭ᠎ᠠ ᠶᠢ ᠤᠬᠠᠭᠤᠯᠵᠤ᠂ ᠥᠷᠭᠡᠨ ᠣᠯᠠᠨ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠬᠥᠮᠦᠵᠢᠭᠦᠯᠦᠨ | ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ | ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ︽ | ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ | ᠬᠦᠴᠦᠷᠬᠡᠭᠵᠢᠭᠦᠯᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ | ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ | ᠭᠡᠷ ᠪᠦᠯᠢ ᠶᠢᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠲᠡᠨ ᠨᠦᠭᠦᠳ ᠤᠨ | ᠡᠮᠡᠭᠲᠡᠶᠢᠴᠦᠳ ᠲᠤ ᠬᠢᠬᠦ ᠰᠢᠨᠵᠢᠯᠡᠬᠦ ᠤᠬᠠᠭᠠᠨ ᠰᠣᠶᠣᠯ ᠬᠢᠭᠡᠳ ᠦᠢᠯᠡᠳᠪᠦᠷᠢᠯᠡᠯ ᠬᠥᠳᠡᠯᠮᠦᠷᠢ ᠶᠢᠨ ᠮᠡᠷᠭᠡᠵᠢᠯ ᠤᠨ | ᠴᠢᠳᠠᠪᠤᠷᠢ ᠶᠢᠨ ᠬᠥᠮᠦᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠬᠤ ᠪᠠ ᠥᠷᠨᠢᠭᠦᠯᠵᠦ᠂ ᠡᠮᠡᠭᠲᠡᠶᠢᠴᠦᠳ ᠤᠨ ᠬᠡᠪ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠮᠡᠭᠲᠡᠶᠢᠴᠦᠳ ᠬᠡᠦᠬᠡᠳ ᠲᠤ ᠬᠤᠯᠪᠣᠭᠳᠠᠬᠤ ᠬᠠᠤᠯᠢ | ᠴᠠᠭᠠᠵᠠ ᠪᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠴᠥᠭᠡᠨ ᠲᠣᠭᠠᠲᠤ | ᠦᠨᠳᠦᠰᠦᠲᠡᠨ ᠤ ᠡᠮᠡᠭᠲᠡᠶᠢᠴᠦᠳ ᠬᠡᠦᠬᠡᠳ ᠢ ᠭᠠᠳᠠᠭᠤᠷᠴᠢᠯᠠᠬᠤ᠂ ᠬᠠᠯᠳᠠᠬᠤ ᠶᠢ ᠡᠰᠡᠷᠭᠦᠴᠡᠵᠦ᠂ ᠦᠨᠳᠦᠰᠦᠨ | ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠪᠡᠯᠡᠳᠬᠡᠯ ᠡᠮᠡᠭᠲᠡᠢ ᠺᠠᠳ᠋ᠷ ᠢ ᠬᠥᠮᠦᠵᠢᠭᠦᠯᠦᠨ ᠲᠠᠨᠢᠯᠴᠠᠭᠤᠯᠬᠤ | ᠠᠵᠢᠯ ᠢ ᠰᠠᠶᠢᠲᠤᠷ ᠬᠢᠨ᠎ᠡ᠃ | ᠭᠤᠷᠪᠠ᠂ ᠠᠵᠢᠯ ᠤᠨ ᠳᠦᠷᠢᠮ | ︵ᠨᠢᠭᠡ︶ ᠲᠤᠰᠢᠶᠠᠯ ᠬᠠᠪᠰᠤᠷᠭᠠᠭᠰᠠᠨ ᠭᠡᠰᠢᠭᠦᠨ ᠪᠠ ᠬᠠᠷᠢᠯᠴᠠᠭᠴᠢ ᠶᠢ ᠰᠤᠩᠬᠤᠨ ᠲᠣᠮᠢᠯᠠᠬᠤ ᠳᠦᠷᠢᠮ᠃ | ᠡᠯ᠎ᠡ ᠭᠡᠰᠢᠭᠦᠨ ᠨᠢᠭᠡᠴᠡ ᠨᠢ ᠨᠢᠭᠡ ᠬᠠᠷᠢᠭᠤᠴᠠᠯᠭᠠᠲᠠᠨ ᠤ ᠲᠤᠰᠢᠶᠠᠯ ᠬᠠᠪᠰᠤᠷᠭᠠᠭᠰᠠᠨ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠢ ᠲᠣᠭᠲᠠᠭᠠᠬᠤ ᠶᠢᠨ ᠬᠠᠮᠲᠤ ᠦᠨᠳᠦᠰᠦᠲᠡᠨ ᠤ | ᠠᠵᠢᠯ ᠤᠨ ᠬᠠᠷᠢᠯᠴᠠᠭ᠎ᠠ ᠨᠢ ᠨᠡᠯᠢᠶᠡᠳ ᠨᠢᠭᠲᠠ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ | ᠬᠠᠷᠢᠭᠤᠴᠠᠯᠭᠠᠲᠠᠨ ᠢ ᠲᠣᠭᠲᠠᠭᠠᠵᠤ᠂ ᠭᠡᠰᠢᠭᠦᠳ ᠢ ᠬᠠᠪᠰᠤᠷᠤᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠲᠠᠢ ᠬᠠᠷᠢᠯᠴᠠᠵᠤ᠂ ᠭᠡᠰᠢᠭᠦᠨ ᠨᠢᠭᠡᠴᠡ ᠪᠠ ᠲᠤᠰᠢᠶᠠᠯ ᠬᠠᠪᠰᠤᠷᠭᠠᠭᠰᠠᠨ ᠭᠡᠰᠢᠭᠦᠨ ᠤ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠢ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠤᠨ᠎ᠠ᠃ ᠲᠤᠰᠢᠶᠠᠯ | ᠬᠠᠪᠰᠤᠷᠭᠠᠭᠰᠠᠨ ᠭᠡᠰᠢᠭᠦᠨ ᠪᠠ ᠬᠤᠯᠪᠣᠭᠠᠴᠢᠨ ᠬᠡᠷᠪᠡ ᠠᠵᠢᠯ ᠤᠨ ᠬᠤᠪᠢᠷᠠᠯᠲᠠ ᠭᠠᠷᠪᠠᠯ ᠪᠠᠶᠢᠭ᠎ᠠ ᠨᠢᠭᠡᠴᠡ ᠠᠴᠠ | ᠲᠣᠬᠢᠷᠠᠭᠤᠯᠬᠤ ᠰᠠᠨᠠᠯ ᠳᠤᠷᠠᠳᠴᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠮᠡᠳᠡᠭᠦᠯᠦᠨ | ᠳᠠᠩᠰᠠᠯᠠᠭᠤᠯᠤᠨ᠎ᠠ᠃ | ︵ᠬᠤᠶᠠᠷ︶ ᠬᠠᠮᠲᠤᠷᠠᠭᠰᠠᠨ ᠬᠤᠷᠠᠯ ᠤᠨ ᠳᠦᠷᠢᠮ᠃ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠨᠢ ᠲᠣᠭᠲᠠᠮᠠᠯ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠡᠰᠢᠭᠦᠨ ᠨᠢᠭᠡᠴᠡ ᠶᠢᠨ ᠬᠤᠷᠠᠯ | ᠬᠤᠷᠠᠯᠳᠤᠭᠤᠯᠵᠤ᠂ ᠠᠵᠢᠯ ᠤᠨ ᠪᠠᠶᠢᠳᠠᠯ ᠢᠶᠠᠨ ᠰᠣᠯᠢᠯᠴᠠᠵᠤ᠂ ᠭᠡᠰᠢᠭᠦᠨ ᠨᠢᠭᠡᠴᠡ ᠶᠢᠨ ᠦᠨᠳᠦᠰᠦᠲᠡᠨ ᠤ ᠠᠵᠢᠯ ᠢ | ᠰᠠᠶᠢᠲᠤᠷ ᠬᠢᠬᠦ ᠲᠤᠬᠠᠢ ᠰᠠᠨᠠᠭᠤᠯᠭ᠎ᠠ ᠪᠠ ᠰᠠᠨᠠᠯ ᠢ ᠰᠣᠨᠣᠰᠴᠤ᠂ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ | ᠪᠠᠶᠢᠭ᠎ᠠ ᠠᠰᠠᠭᠤᠳᠠᠯ ᠢ ᠰᠤᠳᠤᠯᠤᠨ ᠵᠣᠬᠢᠴᠠᠭᠤᠯᠤᠨ᠎ᠠ᠃ ᠬᠤᠷᠠᠯ ᠤᠨ ᠪᠠᠶᠢᠳᠠᠯ ᠪᠠ ᠲᠤᠰᠬᠠᠭᠰᠠᠨ ᠴᠢᠬᠤᠯᠠ ᠶᠡᠭᠡ | ᠠᠰᠠᠭᠤᠳᠠᠯ ᠢ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ | ᠤᠳᠤᠷᠢᠳᠬᠤ ᠳᠤᠭᠤᠶᠢᠯᠠᠩ ᠪᠠ ᠬᠤᠰᠢᠭᠤᠨ ᠤ ᠵᠠᠰᠠᠭ ᠤᠨ ᠣᠷᠳᠣᠨ ᠳᠤ ᠪᠢᠴᠢᠭ ᠢᠶᠠᠷ ᠮᠡᠳᠡᠭᠦᠯᠦᠨ᠎ᠡ᠃ ᠡᠯ᠎ᠡ | ᠭᠡᠰᠢᠭᠦᠨ ᠨᠢᠭᠡᠴᠡ ᠶᠢᠨ ᠬᠤᠯᠪᠣᠭᠠᠴᠢᠨ ᠵᠢᠯ ᠪᠦᠷᠢ ᠪᠦᠬᠦ ᠬᠤᠰᠢᠭᠤᠨ ᠤ ᠦᠨᠳᠦᠰᠦᠲᠡᠨ ᠤ ᠠᠵᠢᠯ ᠤᠨ ᠬᠤᠷᠠᠯ ᠳᠤ | ᠰᠤᠯᠠ ᠣᠷᠣᠯᠴᠠᠵᠤ᠂ ᠦᠨᠳᠦᠰᠦᠲᠡᠨ ᠤ ᠠᠵᠢᠯ ᠤᠨ ᠣᠨ ᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ | ᠳᠠᠷᠠᠭᠠᠴᠢ ᠶᠢᠨ ᠵᠢᠯ ᠤᠨ ᠠᠵᠢᠯ ᠤᠨ ᠲᠣᠬᠢᠷᠠᠭᠤᠯᠤᠯᠲᠠ ᠶᠢ ᠣᠶᠢᠯᠠᠭᠠᠨ ᠡᠵᠡᠮᠰᠢᠵᠦ᠂ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠲᠤᠰ ᠨᠢᠭᠡᠴᠡ ᠶᠢᠨ ᠢᠶᠠᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃ | ︵ᠭᠤᠷᠪᠠ︶ ᠮᠡᠳᠡᠭᠡ ᠵᠠᠩᠭᠢ ᠶᠢᠨ ᠨᠡᠪᠲᠡᠷᠡᠭᠦᠯᠬᠦ ᠳᠦᠷᠢᠮ᠃ ᠬᠤᠯᠪᠣᠭᠳᠠᠯ ᠪᠦᠬᠦᠢ ᠦᠨᠳᠦᠰᠦᠲᠡᠨ ᠤ | ᠠᠵᠢᠯ ᠤᠨ ᠪᠠᠶᠢᠷᠢᠯᠠᠭᠤᠯᠤᠯᠲᠠ ᠪᠠ ᠨᠠᠶᠢᠳᠠᠪᠤᠷᠢᠵᠢᠭᠤᠯᠤᠯᠲᠠ᠂ ᠠᠵᠢᠯ ᠤᠨ ᠦᠷ᠎ᠡ ᠪᠦᠲᠦᠭᠡᠯ ᠪᠠ ᠲᠤᠷᠰᠢᠯᠭ᠎ᠠ᠂ | ᠣᠷᠣᠰᠢᠵᠤ ᠪᠠᠶᠢᠭ᠎ᠠ ᠠᠰᠠᠭᠤᠳᠠᠯ ᠵᠢᠴᠢ ᠠᠵᠢᠯ ᠤᠨ ᠰᠠᠨᠠᠭᠤᠯᠭ᠎ᠠ ᠵᠡᠷᠭᠡ ᠶᠢᠨ ᠲᠤᠬᠠᠢ ᠭᠡᠰᠢᠭᠦᠨ ᠨᠢᠭᠡᠴᠡ ᠣᠯᠠᠨ | ᠠᠷᠭ᠎ᠠ ᠵᠠᠮ ᠢᠶᠠᠷ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠴᠠᠭ ᠲᠤᠬᠠᠢ ᠳᠤᠨᠢ ᠨᠡᠪᠲᠡᠷᠡᠯᠴᠡᠨ | ᠰᠣᠯᠢᠯᠴᠠᠵᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠯᠪᠣᠭᠳᠠᠯ ᠪᠦᠬᠦᠢ ᠪᠠᠶᠢᠳᠠᠯ ᠤᠨ | ᠲᠤᠬᠠᠢ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠪᠠ | ᠬᠤᠰᠢᠭᠤᠨ ᠤ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠬᠠᠷᠢᠭᠤ ᠮᠡᠳᠡᠭᠦᠯᠵᠦ᠂ ᠠᠵᠢᠯ ᠤᠨ ᠳᠤᠮᠳᠠᠬᠢ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ | ︵ᠳᠥᠷᠪᠡ︶ ᠵᠥᠪᠯᠡᠯᠭᠡᠨ ᠤ ᠵᠥᠪᠯᠡᠯᠭᠡᠨ ᠤ ᠳᠦᠷᠢᠮ᠃ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠭᠡᠰᠢᠭᠦᠨ ᠨᠢᠭᠡᠴᠡ ᠨᠦᠭᠦᠳ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ | ᠬᠥᠭᠵᠢᠬᠦ ᠶᠢ ᠠᠬᠢᠭᠤᠯᠬᠤ ᠬᠡᠷᠡᠭᠲᠡᠢ᠃ ᠪᠦᠬᠦ ᠬᠤᠰᠢᠭᠤᠨ ᠤ ᠦᠨᠳᠦᠰᠦᠲᠡᠨ ᠤ ᠠᠵᠢᠯ ᠳᠤ ᠬᠤᠯᠪᠣᠭᠳᠠᠬᠤ ᠠᠯᠤᠰ | ᠬᠡᠳᠦ ᠶᠢᠨ ᠲᠥᠯᠥᠪᠵᠢᠭᠦᠯᠭᠡ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠭᠤᠣᠯᠳᠠᠯᠭ᠎ᠠ ᠲᠠᠢ | ᠠᠵᠢᠯ ᠤᠨ ᠪᠠᠶᠢᠷᠢᠯᠠᠭᠤᠯᠤᠯᠲᠠ ᠵᠢᠴᠢ ᠪᠤᠰᠤᠳ ᠴᠢᠬᠤᠯᠠ ᠶᠡᠭᠡ ᠵᠦᠢᠯᠡᠰ ᠲᠤ᠂ ᠪᠦᠭᠦᠳᠡ ᠬᠤᠷᠠᠯ᠂ ᠲᠤᠰᠬᠠᠢ | ᠰᠡᠳᠦᠪᠲᠦ ᠬᠤᠷᠠᠯ᠂ ᠵᠥᠪᠳᠡᠯᠴᠡᠨ ᠶᠠᠷᠢᠯᠴᠠᠬᠤ᠂ ᠪᠢᠴᠢᠭ ᠮᠠᠲ᠋ᠧᠷᠢᠶᠠᠯ ᠵᠠᠬᠢᠳᠠᠯ ᠢᠶᠠᠷ ᠠᠰᠠᠭᠤᠬᠤ᠂ ᠬᠠᠮᠲᠤᠷᠠᠨ | ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠬᠠᠮᠢᠶ᠎ᠠ ᠪᠦᠬᠦᠢ ᠭᠡᠰᠢᠭᠦᠨ ᠨᠢᠭᠡᠴᠡ ᠶᠢᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠬᠠᠮᠲᠤ ᠪᠠᠷ ᠰᠤᠳᠤᠯᠤᠨ ᠬᠢᠨᠠᠨ ᠵᠥᠪᠯᠡᠵᠦ᠂ ᠬᠦᠴᠦ ᠪᠠᠨ | ᠬᠠᠮᠲᠤᠳᠬᠠᠨ ᠠᠷᠭ᠎ᠠ ᠤᠬᠠᠭᠠᠨ ᠭᠠᠷᠭᠠᠵᠤ᠂ ᠠᠵᠢᠯ ᠢᠶᠠᠨ ᠬᠠᠮᠲᠤ ᠪᠠᠷ ᠰᠠᠶᠢᠲᠤᠷ ᠬᠢᠵᠦ᠂ ᠠᠰᠠᠭᠤᠳᠠᠯ ᠢ | ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠲᠠᠰᠤᠷᠠᠯᠲᠠ ᠥᠬᠡᠶ ᠠᠬᠢᠭᠤᠯᠪᠠ᠃ | ︵ᠲᠠᠪᠤ︶ ᠠᠵᠢᠯ ᠤᠨ ᠳ᠋ᠦ᠋ᠩᠨ᠋ᠡᠯᠲᠡ ᠶᠢᠨ ᠳᠦ᠋ᠷᠢᠮ᠃ ᠡᠯ᠎ᠡ ᠭᠡᠰᠢᠭᠦᠨ ᠨᠢᠭᠡᠴᠡ ᠨᠢ ᠲᠤᠰ ᠨᠢᠭᠡᠴᠡ᠂ ᠲᠤᠰ | ᠰᠢᠰᠲ᠋ᠧᠮ ᠤᠨ ᠢᠶᠠᠨ ᠦᠨᠳᠦᠰᠦᠲᠡᠨ ᠤ ᠠᠵᠢᠯ ᠤᠨ ᠳᠤᠮᠳᠠᠬᠢ ᠰᠠᠶᠢᠨ ᠨᠡᠶᠢᠲᠡᠯᠢᠭ ᠰᠠᠶᠢᠨ ᠲᠤᠷᠰᠢᠯᠭ᠎ᠠ ᠶᠢ ᠴᠠᠭ | ᠲᠤᠬᠠᠢ ᠳᠤᠨᠢ ᠳ᠋ᠦᠩᠨᠡᠵᠦ᠂ ᠠᠵᠢᠯᠯᠠᠭᠠᠨ ᠤ ᠪᠠᠶᠢᠳᠠᠯ᠂ ᠠᠵᠢᠯ ᠤᠨ ᠠᠭᠤᠯᠭ᠎ᠠ᠂ ᠣᠯᠤᠭᠰᠠᠨ ᠦᠷ᠎ᠡ ᠪᠦᠲᠦᠮᠵᠢ᠂ | ᠣᠷᠣᠰᠢᠵᠤ ᠪᠠᠶᠢᠭ᠎ᠠ ᠠᠰᠠᠭᠤᠳᠠᠯ ᠵᠢᠴᠢ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ | ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠷᠢᠭᠤ ᠲᠤᠰᠬᠠᠵᠤ | ᠰᠣᠯᠢᠯᠴᠠᠬᠤ ᠶᠢᠨ ᠬᠠᠮᠲᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤ ᠮᠡᠳᠡᠭᠦᠯᠬᠦ ᠬᠡᠷᠡᠭᠲᠡᠢ᠃ | ᠬᠠᠷᠢᠯᠴᠠᠭᠴᠢ᠄ ᠲᠡᠷᠭᠡᠯᠡ | ᠬᠠᠷᠢᠯᠴᠠᠬᠤ ᠤᠲᠠᠰᠤ᠄ 15004854506 | ᠢᠮᠧᠯ᠄ 492105007@qq. com |