ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠲᠠᠢ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ ᠸᠠᠩ ᠯᠢ ᠰᠢᠶᠠ ᠵᠥᠪᠯᠡᠯᠴᠡᠭᠡᠷ ᠲᠣᠭᠲᠠᠬᠤ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2023/11/13
   11 ᠰᠠᠷ᠎ᠠ ᠶᠢᠨ 10 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶ᠎ᠠ ᠲᠠᠢ ᠬᠥᠬᠡᠬᠤᠲᠠ ᠳᠤ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠢᠯᠡᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠥᠪᠯᠡᠯᠴᠡᠭᠡᠷ ᠲᠣᠭᠲᠠᠬᠤ ᠶᠢ ᠭᠡᠷᠡᠴᠢᠯᠡᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠨᠠᠮ ᠤᠨ ᠬᠤᠷᠢᠶ᠎ᠠ ᠶᠢᠨ ᠭᠡᠰᠢᠭᠦᠨ᠂ ᠳᠤᠮᠳᠠᠳᠤ ᠤᠯᠤᠰ ᠤᠨ ᠭᠠᠵᠠᠷ ᠬᠥᠳᠡᠯᠦᠯᠲᠡ ᠶᠢᠨ ᠲᠣᠪᠴᠢᠶᠠᠨ ᠤ ᠳᠠᠷᠤᠭ᠎ᠠ ᠮᠢᠨ ᠢ ᠷᠧᠨ ᠲᠣᠰ ᠲᠣᠰ ᠬᠤᠶᠠᠷ ᠲᠠᠯ᠎ᠠ ᠶᠢ ᠲᠥᠯᠥᠭᠡᠯᠡᠨ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃    ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠲᠥᠷᠥ ᠶᠢᠨ ᠪᠣᠳᠣᠯᠭ᠎ᠠ᠂ ᠲᠥᠷᠥᠯ ᠵᠦᠢᠯ᠂ ᠪᠡᠯᠡ ᠮᠥᠩᠭᠦ ᠪᠣᠯᠣᠨ ᠴᠢᠳᠠᠪᠤᠷᠢᠲᠠᠨ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠦᠨᠳᠦ ᠣᠨᠴᠠ ᠶᠡᠭᠡ ᠭᠠᠵᠠᠷ ᠬᠥᠳᠡᠯᠦᠯᠲᠡ ᠶᠢᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠠᠷᠭᠠᠴᠠᠭᠠᠬᠤ ᠠᠵᠢᠯ ᠤᠨ ︽ᠬᠠᠶᠢᠬᠤ᠂ ᠬᠡᠮᠵᠢᠬᠦ᠂ ᠮᠡᠳᠡᠭᠦᠯᠬᠦ᠂ ᠰᠡᠷᠭᠡᠶᠢᠯᠡᠬᠦ᠂ ᠵᠠᠰᠠᠬᠤ᠂ ᠠᠪᠤᠷᠠᠬᠤ᠂ ᠰᠤᠳᠤᠯᠬᠤ︾ ᠳᠤ ᠠᠩᠬᠠᠷᠤᠯ ᠢᠶᠠᠨ ᠲᠥᠪᠯᠡᠷᠡᠭᠦᠯᠦᠨ ᠪᠥᠬᠦ ᠬᠡᠯᠬᠢᠶᠡᠨ ᠤ ᠪᠠᠶᠢᠷᠢᠯᠠᠭᠤᠯᠤᠯᠲᠠ ᠬᠢᠵᠦ᠂ ᠬᠦᠨᠳᠦ ᠶᠡᠭᠡ ᠭᠠᠮᠰᠢᠭ ᠢ ᠰᠡᠷᠭᠡᠶᠢᠯᠡᠬᠦ ᠢᠨᠵᠧᠨᠧᠷᠢᠩ ᠤᠨ ᠥᠪᠥᠷ ᠮᠣᠩᠭᠤᠯ ᠤᠨ ᠲᠥᠷᠥᠯ ᠵᠦᠢᠯ ᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ ᠂ ᠭᠠᠵᠠᠷ ᠬᠥᠳᠡᠯᠦᠯᠲᠡ ᠶᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠬᠤ ᠪᠠᠷ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号