︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︿ᠬᠤᠶᠠᠷ ᠥᠮᠡᠨ﹀᠎ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/11/30
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︽ᠰᠠᠪᠠᠨ ᠬᠦᠵᠦᠭᠦᠨ ᠤ ᠥᠮᠡᠨ ᠬᠥᠬᠦᠨ ᠪᠤᠯᠴᠢᠷᠬᠠᠢ ᠶᠢᠨ ᠥᠮᠡᠨ︾᠎ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠲᠤᠭᠠᠢ᠃    2023 ᠣᠨ ᠤ 9 ᠰᠠᠷ᠎ᠠ ᠶᠢᠨ 18᠎ ᠤ ᠡᠳᠦᠷ      ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2023 ᠣᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠬᠡᠷᠡᠭᠵᠢᠭᠦᠯᠬᠦ ᠲᠥᠰᠦᠯ       ︽ᠡᠷᠡᠭᠦᠯ ᠡᠩᠬᠡ ᠳᠤᠮᠳᠠᠳᠤ ᠤᠯᠤᠰ ᠤᠨ ᠠᠵᠢᠯᠯᠠᠭ᠎ᠠ ︵2019 — 2030 ᠣᠨ︶︾᠂ ︽ᠰᠠᠪᠠ ᠶᠢᠨ ᠬᠦᠵᠦᠭᠦᠨ ᠤ ᠥᠮᠡᠨ ᠢ ᠰᠢᠭᠰᠢᠨ ᠪᠠᠶᠢᠴᠠᠭᠠᠬᠤ ᠠᠵᠢᠯ ᠤᠨ ᠲᠥᠰᠦᠯ ᠪᠠ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠤᠯᠤᠰ ᠤᠨ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠡᠮᠡᠭᠲᠡᠢ ᠨᠢᠯᠬ᠎ᠠ ᠬᠡᠦᠬᠡᠳ ᠤᠨ ︿ᠬᠤᠶᠠᠷ ᠥᠮᠡᠨ﹀᠎ ᠢ ᠰᠢᠭᠰᠢᠨ ᠪᠠᠶᠢᠴᠠᠭᠠᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ︵ᠰᠢᠩ ᠸᠧᠢ ᠪᠦᠰᠡᠭᠦᠢ ᠦᠰᠦᠭ ﹇2020﹈ 17 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠪᠦᠬᠦ ᠬᠤᠰᠢᠭᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠪᠠ ᠬᠥᠬᠦᠨ ᠪᠤᠯᠴᠢᠷᠬᠠᠢ ᠶᠢᠨ ᠥᠮᠡᠨ ︵ᠳᠣᠷᠣᠭᠰᠢ ︽ᠬᠤᠶᠠᠷ ᠥᠮᠡᠨ︾ ᠭᠡᠵᠦ ᠲᠣᠪᠴᠢᠯᠠᠨ᠎ᠠ︶᠎ ᠤᠨ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠲᠥᠷᠥᠯ ᠵᠦᠢᠯ ᠢ ᠰᠠᠶᠢᠲᠤᠷ ᠬᠢᠵᠦ᠂ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠰ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ᠂ ᠡᠷᠡᠭᠦᠯ ᠡᠩᠬᠡ ᠬᠢᠩᠭᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 - 2030 ᠣᠨ︶᠎ ᠶᠢᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠡᠮᠡᠭᠲᠡᠶᠢᠴᠦᠳ ᠤᠨ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠡᠮᠡᠭᠲᠡᠶᠢᠴᠦᠳ ᠤᠨ ︽ᠬᠤᠶᠠᠷ ᠥᠮᠡᠨ︾᠎ ᠢ ᠰᠡᠷᠭᠡᠶᠢᠯᠡᠨ ᠵᠠᠰᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠲᠤ ᠨᠡᠩ ᠣᠯᠠᠨ ᠨᠠᠩ ᠡᠷᠬᠡ ᠲᠡᠭᠰᠢ ᠪᠠᠷ ᠬᠦᠷᠲᠡᠭᠡᠪᠡ᠃    ᠬᠤᠶᠠᠷ᠂ ᠦᠨᠳᠦᠰᠦᠨ ᠵᠠᠷᠴᠢᠮ    ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠰᠠᠯᠠᠭ᠎ᠠ ᠮᠥᠴᠢᠷ ᠤᠳ ᠬᠠᠮᠵᠢᠯᠴᠠᠨ᠂ ᠣᠯᠠᠨ ᠲᠦᠮᠡᠨ ᠣᠷᠣᠯᠴᠠᠬᠤ ᠶᠢ ᠪᠠᠷᠢᠮᠲᠠᠯᠠᠬᠤ ᠬᠡᠷᠡᠭᠲᠡᠢ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠲᠠᠷᠢᠶᠠᠯᠠᠬᠤ ᠮᠠᠯᠵᠢᠬᠤ ᠣᠷᠣᠨ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠲᠣᠬᠢᠷᠠᠬᠤ ᠨᠠᠰᠤᠨ ᠤ ᠡᠮᠡᠭᠲᠡᠶᠢᠴᠦᠳ ᠢᠶᠠᠷ ᠭᠤᠣᠯᠳᠠᠯᠭ᠎ᠠ ᠪᠣᠯᠭᠠᠨ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠪᠠᠲᠤᠯᠠᠬᠤ ᠪᠠᠷ ᠡᠭᠦᠰᠭᠡᠯ ᠪᠠ ᠵᠣᠭᠰᠣᠴᠠ ᠪᠣᠯᠭᠠᠵᠤ᠂ ᠡᠮᠡᠭᠲᠡᠶᠢᠴᠦᠳ ᠤᠨ ᠡᠷᠡᠭᠦᠯ ᠴᠢᠭᠢᠷᠠᠭ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠲᠣᠬᠢᠷᠠᠬᠤ ᠨᠠᠰᠤᠨ ᠤ ᠡᠮᠡᠭᠲᠡᠶᠢᠴᠦᠳ ᠲᠤ ᠰᠠᠪᠠ ᠶᠢᠨ ᠬᠦᠵᠦᠭᠦᠦ ᠶᠢᠨ ᠥᠮᠡᠨ ᠪᠣᠯᠤᠨ ᠬᠥᠬᠦᠨ ᠪᠤᠯᠴᠢᠷᠬᠠᠢ ᠶᠢᠨ ᠥᠮᠡᠨ ᠢ ᠰᠢᠭᠰᠢᠨ ᠪᠠᠶᠢᠴᠠᠭᠠᠬᠤ ᠦᠢᠯᠡᠴᠢᠯᠡᠭᠡᠨ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠵᠤ᠂ ᠡᠮᠡᠭᠲᠡᠶᠢᠴᠦᠳ ᠤᠨ ︽ᠬᠤᠶᠠᠷ ᠥᠮᠡᠨ︾᠎ ᠢ ᠡᠷᠲᠡ ᠣᠨᠣᠰᠢᠯᠠᠨ ᠡᠷᠲᠡ ᠵᠠᠰᠠᠬᠤ ᠶᠢ ᠠᠬᠢᠭᠤᠯᠬᠤ ᠬᠡᠷᠡᠭᠲᠡᠢ᠃     ᠭᠤᠷᠪᠠ᠂ ᠲᠥᠷᠥᠯ ᠵᠦᠢᠯ ᠤᠨ ᠬᠠᠷᠠᠯᠲᠠ ᠪᠠ ᠰᠢᠭᠰᠢᠨ ᠪᠠᠶᠢᠴᠠᠭᠠᠬᠤ ᠡᠭᠦᠷᠭᠡ    ︵ᠨᠢᠭᠡ︶ 2023 ᠣᠨ ᠳᠤ 10000 35 - 64 ᠨᠠᠰᠤᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ ᠰᠠᠪᠠ ᠶᠢᠨ ᠬᠦᠵᠦᠭᠦᠨ ᠤ ᠥᠮᠡᠨ ᠢ ᠦᠨ᠎ᠡ ᠲᠥᠯᠥᠪᠦᠷᠢ ᠦᠭᠡᠢ ᠪᠠᠷ ᠰᠢᠭᠰᠢᠨ ᠪᠠᠶᠢᠴᠠᠭᠠᠯᠲᠠ ᠬᠢᠨ᠎ᠡ︔ 2023 ᠣᠨ ᠳᠤ 10000 ᠨᠡᠷᠡᠰ 35-64 ᠨᠠᠰᠤᠨ ᠤ ᠮᠠᠯᠵᠢᠬᠤ ᠲᠠᠷᠢᠶᠠᠯᠠᠬᠤ ᠣᠷᠣᠨ ᠪᠠ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠲᠤ ᠦᠨ᠎ᠡ ᠲᠥᠯᠥᠪᠦᠷᠢ ᠦᠭᠡᠢ ᠪᠠᠷ ᠬᠥᠬᠦᠨ ᠪᠤᠯᠴᠢᠷᠬᠠᠢ ᠶᠢᠨ ᠥᠮᠡᠨ ᠤ ᠰᠢᠭᠰᠢᠨ ᠪᠠᠶᠢᠴᠠᠭᠠᠯᠲᠠ ᠬᠢᠵᠦ᠂ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠬᠠᠷᠠᠯᠲᠠ ᠶᠢᠨ ᠬᠥᠮᠦᠰ ᠤᠨ ᠪᠦᠷᠬᠦᠴᠡ ᠶᠢᠨ ᠨᠣᠷᠮ᠎ᠠ ᠶᠢ 100%᠎ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ 2023 ᠣᠨ ᠳᠤ ᠰᠦᠢᠳᠬᠡᠯ ᠬᠤᠷᠢᠶᠠᠬᠤ ᠦᠭᠡᠢ ᠪᠠᠷ ᠰᠢᠭᠰᠢᠨ ᠪᠠᠶᠢᠴᠠᠭᠠᠬᠤ ᠳᠤ 2021 ᠣᠨ᠂ 2022 ᠣᠨ ᠳᠤ ᠨᠢᠭᠡᠨᠲᠡ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠠᠵᠢᠯ ᠳᠤ ᠣᠷᠣᠯᠴᠠᠭᠰᠠᠨ ᠬᠥᠮᠦᠰ ᠢ ᠪᠠᠭᠲᠠᠭᠠᠬᠤ ᠦᠭᠡᠢ᠃ ︵ᠬᠤᠶᠠᠷ︶ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠵᠢᠴᠢ ︽ᠬᠤᠶᠠᠷ ᠥᠮᠡᠨ︾᠎ ᠢ ᠰᠡᠷᠭᠡᠶᠢᠯᠡᠨ ᠵᠠᠰᠠᠬᠤ ᠦᠵᠡᠯ ᠤᠬᠠᠮᠰᠠᠷ ᠪᠣᠯᠤᠨ ᠴᠢᠳᠠᠪᠤᠷᠢ ᠶᠢ ᠳᠡᠭᠡᠭᠰᠢᠯᠡᠭᠦᠯᠵᠦ᠂ ᠡᠮᠡᠭᠲᠡᠶᠢᠴᠦᠳ ᠤᠨ ︽ᠬᠤᠶᠠᠷ ᠥᠮᠡᠨ︾᠎ ᠢ ᠰᠡᠷᠭᠡᠶᠢᠯᠡᠨ ᠵᠠᠰᠠᠬᠤ ᠭᠤᠣᠯ ᠮᠡᠳᠡᠯᠭᠡ ᠶᠢᠨ ᠣᠶᠢᠯᠠᠭᠠᠬᠤ ᠨᠣᠷᠮ᠎ᠠ ᠶᠢ 80%᠎ ᠠᠴᠠ ᠳᠡᠭᠡᠭᠰᠢ ᠳᠤ ᠬᠦᠷᠦᠭᠦᠯᠦᠨ᠎ᠡ᠃ ︵ᠭᠤᠷᠪᠠ︶ ︽ᠬᠤᠶᠠᠷ ᠥᠮᠡᠨ︾᠎ ᠢ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠵᠦ᠂ ᠡᠮᠡᠭᠲᠡᠶᠢᠴᠦᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠪᠠ ᠮᠡᠷᠭᠡᠵᠢᠯ ᠴᠢᠳᠠᠪᠤᠷᠢ ᠶᠢ ᠨᠡᠮᠡᠭᠳᠡᠭᠦᠯᠦᠨ᠂ ᠦᠬᠦᠬᠦ ᠨᠤᠷᠮ᠎ᠠ ᠶᠢ ᠪᠠᠭᠤᠷᠠᠭᠤᠯᠵᠤ᠂ ᠬᠤᠲᠠ ᠬᠥᠳᠡᠭᠡ ᠶᠢᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠪᠠᠶᠢᠳᠠᠯ ᠢ ᠰᠠᠶᠢᠵᠢᠷᠠᠭᠤᠯᠤᠨ᠎ᠠ᠃ ᠡᠮᠡᠭᠲᠡᠶᠢᠴᠦᠳ ᠤᠨ ︽ᠬᠤᠶᠠᠷ ᠥᠮᠡᠨ︾᠎ ᠢ ᠰᠡᠷᠭᠡᠶᠢᠯᠡᠨ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡ ᠳᠤ ᠳᠣᠭᠢᠷᠠᠬᠤ ᠵᠠᠭᠪᠤᠷ ᠢ ᠬᠠᠶᠢᠨ ᠰᠦᠪᠡᠭᠴᠢᠯᠡᠵᠦ᠂ ︽ᠬᠤᠶᠠᠷ ᠥᠮᠡᠨ︾᠎ ᠢ ᠡᠷᠲᠡ ᠣᠨᠣᠰᠢᠯᠠᠬᠤ᠂ ᠡᠷᠲᠡ ᠵᠠᠰᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ︵ᠳᠥᠷᠪᠡ︶ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠠᠵᠢᠯᠲᠠᠨ ᠤ ᠮᠡᠷᠭᠡᠵᠢᠯ ᠤᠨ ᠬᠢᠷᠢ ᠬᠡᠮᠵᠢᠶ᠎ᠡ ᠪᠣᠯᠤᠨ ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠤᠶᠠᠷ ᠥᠮᠡᠨ︾᠎ ᠤ ᠰᠢᠯᠢᠨ ᠪᠠᠶᠢᠴᠠᠭᠠᠬᠤ ᠶᠢ ᠡᠭᠦᠷᠭᠡᠯᠡᠭᠰᠡᠨ ᠬᠥᠮᠦᠰ ᠤᠨ ᠪᠣᠯᠪᠠᠰᠤᠷᠠᠭᠤᠯᠤᠯ ᠤᠨ ᠪᠦᠷᠬᠦᠴᠡ ᠶᠢᠨ ᠨᠣᠷᠮ᠎ᠠ ᠶᠢ 95%᠎ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ᠃ᠳᠥᠷᠪᠡ᠂ ᠠᠵᠢᠯ ᠤᠨ ᠡᠭᠦᠷᠭᠡ ᠬᠠᠷᠢᠭᠤᠴᠠᠯᠭ᠎ᠠ    ︵ᠨᠢᠭᠡ︶ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠦᠬᠦ ᠬᠤᠰᠢᠭᠤᠨ ᠤ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃    ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠳᠡᠰ᠂ ᠬᠤᠰᠢᠭᠤᠨ ᠱᠠᠲᠤᠨ ᠤ ᠢᠵᠢ ᠪᠦᠷᠢᠳᠦᠭᠦᠯᠬᠦ ᠪᠡᠯᠡ ᠮᠥᠩᠭᠦ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ᠃    ︵ᠭᠤᠷᠪᠠ︶ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠤᠨ ᠰᠠᠭᠤᠷᠢ ᠲᠤᠭ᠎ᠠ ᠶᠢ ᠪᠦᠷᠢᠳᠬᠡᠬᠦ ᠶᠢ ᠬᠠᠷᠢᠭᠤᠴᠠᠵᠤ᠂ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠣᠬᠢᠬᠤ ᠨᠠᠰᠤᠨ ᠤ ᠡᠮᠡᠭᠲᠡᠶᠢᠴᠦᠳ ᠢ ᠳᠠᠶᠢᠴᠢᠯᠠᠨ ︽ᠬᠤᠶᠠᠷ ᠥᠮᠡᠨ︾᠎ ᠢ ᠰᠢᠭᠰᠢᠨ ᠪᠠᠶᠢᠴᠠᠭᠠᠨ᠎ᠠ᠃    ︵ᠲᠦᠷᠪᠡ︶ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ ᠲᠤᠬᠠᠢ ᠶᠢᠨ ᠭᠠᠵᠠᠷ ᠤᠨ ᠨᠠᠮ ᠤᠨ ᠬᠤᠷᠢᠶᠠᠨ ᠤ ᠵᠠᠰᠠᠭ ᠤᠨ ᠣᠷᠳᠣᠨ ᠢ ᠬᠠᠮᠵᠢᠨ ᠰᠢᠭᠰᠢᠨ ᠪᠠᠶᠢᠴᠠᠭᠠᠬᠤ ᠠᠵᠢᠯ ᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠡᠷᠡᠭᠦᠯ ᠮᠡᠨᠳᠦ ᠶᠢᠨ ᠬᠥᠮᠦᠵᠢᠯ᠂ ᠵᠣᠬᠢᠶᠠᠨ ᠪᠠᠶᠢᠭᠤᠯᠵᠤ ᠳᠠᠶᠢᠴᠢᠯᠠᠬᠤ ᠵᠡᠷᠭᠡ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃    ︵ᠲᠠᠪᠤ︶ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ᠂ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠡᠮᠡᠭᠲᠡᠶᠢᠴᠦᠳ ᠤᠨ ︽ᠬᠤᠶᠠᠷ ᠥᠮᠡᠨ︾᠎ ᠢ ᠰᠢᠭᠰᠢᠨ ᠪᠠᠶᠢᠴᠠᠭᠠᠬᠤ ᠠᠵᠢᠯ ᠢ ᠪᠠᠶᠢᠴᠠᠭᠠᠨ ᠣᠶᠢᠯᠠᠭᠠᠬᠤ᠂ ᠤᠬᠠᠭᠤᠯᠤᠨ ᠳᠠᠶᠢᠴᠢᠯᠠᠬᠤ ᠪᠠ ᠰᠢᠭᠰᠢᠨ ᠪᠠᠶᠢᠴᠠᠭᠠᠬᠤ ᠡᠲᠡᠭᠡᠳ ᠢ ᠵᠣᠬᠢᠶᠠᠨ ᠪᠠᠶᠢᠭᠤᠯᠤᠨ ᠰᠢᠭᠰᠢᠨ ᠪᠠᠶᠢᠴᠠᠭᠠᠬᠤ ᠠᠵᠢᠯ ᠢ ᠬᠠᠷᠢᠭᠤᠴᠠᠵᠤ᠂ ᠬᠠᠷᠢᠶ᠎ᠠ ᠣᠷᠣᠨ ᠤ ᠪᠠᠨ ᠨᠥᠬᠦᠴᠡᠯ ᠳᠤ ᠨᠡᠶᠢᠴᠡᠬᠦ 35 - 64 ᠨᠠᠰᠤᠨ ᠤ ᠡᠮᠡᠭᠲᠡᠶᠢᠴᠦᠳ ᠲᠤ ᠡᠯᠬᠡᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号