︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠶᠡᠬᠡᠪᠡᠷ ᠵᠢᠭᠰᠠᠭᠠᠨ ᠪᠠᠶᠢᠴᠠᠭᠠᠵᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/11/30
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ᠮᠠᠨ ᠤ ᠬᠤᠰᠢᠭᠤᠨ ᠤ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠬᠦ ᠪᠠᠷ ᠳᠠᠮᠵᠢᠨ᠂ ᠡᠳᠦᠭᠡ ︽ᠰᠢᠲᠠᠮᠠᠬᠠᠢ ᠬᠡᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃    2023 ᠣᠨ ᠤ 7 ᠰᠠᠷ᠎ᠠ ᠶᠢᠨ 11᠎ ᠤ ᠡᠳᠦᠷ       ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ    ᠣᠶᠢᠷ᠎ᠠ ᠶᠢᠨ ᠬᠤᠭᠤᠴᠠᠭᠠᠨ ᠳᠤ᠂ ᠪᠦᠬᠦ ᠤᠯᠤᠰ ᠤᠨ ᠡᠯ᠎ᠡ ᠭᠠᠵᠠᠷ ᠤᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠠᠯ ᠪᠠᠶᠢᠨ ᠳᠠᠬᠢᠨ ᠡᠭᠦᠰᠴᠦ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠬᠦᠨᠳᠦ ᠨᠣᠴᠢᠲᠠᠢ ᠨᠥᠯᠥᠭᠡᠯᠡᠵᠦ᠂ ᠰᠢᠲᠠᠮᠠᠬᠠᠢ ᠭᠡᠢ ᠬᠡᠷᠡᠭᠯᠡᠬᠦ ᠭᠤᠭᠴᠤᠭ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠳᠤ ᠣᠷᠣᠰᠢᠵᠤ ᠪᠠᠶᠢᠭ᠎ᠠ ᠮᠠᠰᠢ ᠣᠯᠠᠨ ᠠᠰᠠᠭᠤᠳᠠᠯ ᠪᠠ ᠳᠤᠲᠠᠭᠤᠳᠠᠯ ᠢ ᠲᠤᠰᠬᠠᠵᠤ ᠪᠠᠶᠢᠨ᠎ᠠ᠃ ᠠᠳᠠᠯ ᠤᠨ ᠬᠠᠷᠠᠰᠠᠯᠲᠤ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠮᠠᠨ ᠤ ᠬᠤᠰᠢᠭᠤᠨ ᠤ ᠰᠢᠲᠠᠮᠠᠬᠠᠢ ᠬᠡᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠶᠡᠷᠦᠩᠬᠡᠢ ᠱᠦᠵᠢ ᠰᠢ ᠶᠢᠨ ᠫᠢᠩ ᠤᠨ ᠨᠢᠩᠰᠢᠶᠠ ᠶᠢᠨ ᠢᠷᠭᠠᠢ ᠬᠤᠲᠠ ᠶᠢᠨ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠠᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠷᠢᠯᠢᠭ ᠠᠳᠬᠤᠵᠤ᠂ ᠴᠤᠬᠤᠶᠢᠯᠲᠠ ᠶᠢᠨ ᠭᠡᠮ ᠰᠣᠭᠤᠭ ᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃         ᠬᠤᠶᠠᠷ᠂ ᠴᠡᠭᠴᠡᠯᠡᠨ ᠵᠠᠰᠠᠬᠤ ᠠᠭᠤᠯᠭ᠎ᠠ    ︵ᠨᠢᠭᠡ︶ ᠰᠢᠲᠠᠮᠠᠬᠠᠢ ᠬᠡᠢ ᠶᠢᠨ ᠡᠵᠡᠩᠨᠡᠯᠲᠡ ᠶᠢᠨ ᠠᠮᠤᠷ ᠲᠦᠪᠰᠢᠨ ᠤ ᠲᠦᠭᠰᠢᠭᠦᠷᠢ ᠪᠠ ᠬᠦᠨᠳᠦ ᠶᠡᠭᠡ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠪᠦᠬᠦ ᠬᠤᠰᠢᠭᠤᠨ ᠤ ᠰᠢᠩᠭᠡᠨᠵᠢᠮᠡᠯ ᠬᠡᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠤ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠬᠡᠢ ᠪᠠᠶᠢᠴᠠᠭᠠᠬᠤ ᠲᠦᠩᠰᠡ ᠶᠢ ᠰᠠᠪᠠᠯᠠᠬᠤ ᠪᠠ ᠪᠣᠷᠣᠯᠠᠭᠤᠯᠬᠤ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠠᠮᠢᠶ᠎ᠠ ᠪᠦᠬᠦᠢ ᠬᠢᠷᠢ ᠭᠡᠮ ᠣᠯᠤᠭᠰᠠᠨ ᠦᠭᠡᠢ ᠨᠢᠭᠡᠴᠡ ᠪᠤᠶᠤ ᠬᠤᠪᠢ ᠬᠥᠮᠦᠨ ᠳᠤ ᠰᠠᠪᠠᠯᠠᠵᠤ ᠥᠭᠭᠦᠨ᠎ᠡ᠂ ᠠᠵᠢᠯᠯᠠᠭᠠᠨ ᠢ ᠬᠠᠮᠠᠭᠠᠯᠠᠬᠤ ᠪᠠ ᠵᠠᠪᠳᠤᠨ ᠵᠠᠰᠠᠬᠤ ᠠᠵᠢᠯᠲᠠᠨ ᠲᠣᠬᠢᠷᠠᠭᠤᠯᠤᠭᠰᠠᠨ ᠨᠢ ᠱᠠᠭᠠᠷᠳᠠᠯᠭ᠎ᠠ ᠳᠤ ᠨᠡᠶᠢᠴᠡᠬᠦ ᠦᠭᠡᠢ᠂ ᠠᠮᠤᠷ ᠲᠦᠪᠰᠢᠨ ᠢ ᠪᠠᠶᠢᠴᠠᠭᠠᠨ ᠰᠢᠯᠭᠠᠬᠤ ᠲᠥᠬᠦᠭᠡᠷᠦᠮᠵᠢ ᠬᠦᠷᠦᠯᠴᠡᠬᠦ ᠦᠭᠡᠢ ᠪᠤᠶᠤ ᠬᠦᠴᠦᠨ ᠦᠭᠡᠢ ᠪᠣᠯᠬᠤ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠬᠦᠷᠦᠯᠴᠡᠬᠦ ᠦᠭᠡᠢ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠰᠣᠷᠢᠯᠲᠠ ᠨᠢ ᠬᠡᠯᠪᠡᠷᠢ ᠶᠢᠨ ᠲᠡᠳᠦᠢ ᠪᠠᠶᠢᠬᠤ ᠵᠡᠷᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠴᠡᠭᠴᠡᠯᠡᠵᠦ᠂ ᠣᠷᠣᠨ ᠪᠦᠰᠡ ᠠᠯᠤᠰᠯᠠᠨ ᠡᠵᠡᠩᠨᠡᠬᠦ ᠳᠤ ᠴᠢᠩᠭ᠎ᠠ ᠴᠣᠬᠢᠯᠲᠠ ᠥᠭᠴᠦ᠂ ᠨᠥᠬᠦᠴᠡᠯ ᠳᠤ ᠨᠡᠶᠢᠴᠡᠬᠦ ᠦᠭᠡᠢ ᠰᠢᠲᠠᠮᠠᠬᠠᠢ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠢ ᠰᠢᠲᠠᠮᠠᠬᠠᠢ ᠬᠡᠢ ᠡᠵᠡᠩᠨᠡᠬᠦ ᠵᠥᠪᠰᠢᠶᠡᠷᠡᠯ᠂ ᠰᠠᠪᠠᠯᠠᠵᠤ ᠤᠭᠰᠠᠷᠠᠬᠤ ᠵᠥᠪᠰᠢᠶᠡᠷᠡᠯ ᠵᠡᠷᠭᠡ ᠬᠢᠷᠢ ᠭᠡᠮ ᠤᠨ ᠭᠡᠷᠡᠴᠢ ᠦᠨᠡᠮᠯᠡᠯ ᠢ ᠬᠠᠤᠯᠢ ᠶᠣᠰᠣᠭᠠᠷ ᠬᠦᠴᠦᠨ ᠦᠭᠡᠢ ᠪᠣᠯᠭᠠᠬᠤ ᠪᠤᠶᠤ ᠬᠦᠴᠦᠨ ᠦᠭᠡᠢ ᠪᠣᠯᠭᠠᠨ᠎ᠠ᠃    ︵ᠬᠤᠶᠠᠷ︶ ᠰᠢᠲᠠᠮᠠᠬᠠᠢ ᠬᠡᠢ ᠲᠡᠭᠡᠭᠡᠪᠦᠷᠢᠯᠡᠨ ᠬᠦᠷᠭᠡᠵᠦ ᠲᠣᠬᠢᠷᠠᠭᠤᠯᠤᠨ ᠬᠦᠷᠭᠡᠬᠦ ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠵᠠᠰᠠᠨ᠎ᠠ᠃ ᠠᠶᠤᠯᠲᠠᠢ ᠪᠠᠷᠠᠭ᠎ᠠ ᠶᠢᠨ ᠵᠠᠮ ᠲᠡᠭᠡᠭᠡᠪᠦᠷᠢ ᠶᠢᠨ ᠵᠥᠪᠰᠢᠶᠡᠷᠡᠯ ᠤᠨ ᠲᠡᠷᠭᠡ ᠬᠥᠰᠬᠡ ᠰᠢᠲᠠᠮᠠᠬᠠᠢ ᠬᠡᠢ ᠲᠡᠭᠡᠭᠡᠪᠦᠷᠢᠯᠡᠬᠦ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠰᠢᠲᠠᠮᠠᠬᠠᠢ ᠬᠡᠢ ᠶᠢᠨ ᠬᠤᠭᠤᠯᠠᠢ ᠶᠢ ᠲᠣᠭᠤᠷᠢᠨ ᠴᠠᠭᠳᠠᠬᠤ ᠱᠤᠭᠤᠮ ᠪᠣᠯᠤᠨ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠭᠰᠠᠨ ᠦᠭᠡᠢ᠂ ᠰᠢᠲᠠᠮᠠᠬᠠᠢ ᠬᠡᠢ ᠶᠢᠨ ᠬᠤᠭᠤᠯᠠᠢ ᠶᠢᠨ ᠭᠤᠷᠪᠠᠳᠠᠬᠢ ᠡᠲᠡᠭᠡᠳ ᠤᠨ ᠪᠠᠷᠢᠯᠭ᠎ᠠ ᠶᠢᠨ ᠬᠠᠮᠠᠭᠠᠯᠠᠯᠲᠠ ᠶᠢᠨ ᠳᠦᠷᠢᠮ ᠢ ᠲᠣᠭᠲᠠᠭᠠᠭᠰᠠᠨ ᠦᠭᠡᠢ ᠪᠠ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠦᠢᠯᠡ ᠠᠵᠢᠯᠯᠠᠭ᠎ᠠ ᠶᠢ ᠲᠣᠭᠲᠠᠭᠠᠯ ᠶᠣᠰᠣᠭᠠᠷ ᠵᠢᠭᠰᠠᠭᠠᠨ ᠪᠠᠶᠢᠴᠠᠭᠠᠬᠤ ᠬᠡᠷᠡᠭᠲᠡᠢ᠃    ︵ᠭᠤᠷᠪᠠ︶ ᠢᠳᠡᠭᠡᠨ ᠤᠮᠳᠠᠭᠠᠨ᠂ ᠥᠷᠯᠥᠭᠡ ᠦᠳᠡᠰᠢ ᠶᠢᠨ ᠵᠠᠬ᠎ᠠ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠬᠡᠷᠡᠭᠯᠡᠬᠦ ᠭᠤᠭᠴᠤᠭ᠎ᠠ ᠶᠢᠨ ᠳᠠᠯᠳᠠ ᠭᠡᠮ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ᠬᠢᠷᠢ ᠲᠡᠩᠴᠡᠬᠦ ᠦᠭᠡᠢ ᠲᠡᠮᠦᠷᠯᠢᠭ ᠪᠤᠰᠤ ᠵᠠᠯᠭᠠᠯᠲᠠ ᠶᠢᠨ ᠵᠥᠭᠡᠯᠡᠨ ᠬᠤᠭᠤᠯᠠᠢ ᠶᠢ ᠵᠢᠭᠰᠠᠭᠠᠨ ᠪᠠᠶᠢᠴᠠᠭᠠᠵᠤ᠂ ᠵᠥᠭᠡᠯᠡᠨ ᠬᠤᠭᠤᠯᠠᠢ ᠶᠢᠨ ᠤᠷᠲᠤ ᠨᠢ 2 ᠮᠧᠳ᠋ᠷ ᠢ ᠬᠡᠲᠦᠷᠡᠭᠰᠡᠨ ᠪᠤᠶᠤ ᠳᠠᠯᠳᠠᠭᠤᠷ ︽ᠭᠤᠷᠪᠠ ᠶᠢ ᠨᠡᠪᠲᠡᠷᠡᠭᠦᠯᠬᠦ︾ ᠵᠥᠭᠡᠯᠡᠨ ᠬᠤᠭᠤᠯᠠᠢ ᠶᠢ ᠬᠠᠭᠤᠴᠢᠷᠠᠭᠤᠯᠤᠨ ᠰᠤᠯᠠᠷᠠᠭᠤᠯᠤᠨ᠎ᠠ︔ ᠵᠥᠭᠡᠯᠡᠨ ᠬᠤᠭᠤᠯᠠᠢ ᠶᠢ ᠬᠡᠷᠡᠮ᠂ ᠡᠭᠦᠳᠡ ᠴᠣᠩᠬᠤ᠂ ᠳᠡᠭᠡᠪᠦᠷ᠂ ᠭᠠᠵᠠᠷ ᠤᠨ ᠭᠠᠳᠠᠷᠭᠤ ᠶᠢ ᠨᠡᠪᠲᠡᠯᠦᠨ ᠭᠠᠷᠪᠠ᠃ ᠤᠯᠤᠰ ᠤᠨ ᠪᠠᠷᠢᠮᠵᠢᠶ᠎ᠠ ᠳᠤ ᠦᠯᠦ ᠨᠡᠶᠢᠴᠡᠬᠦ ᠳᠠᠷᠤᠯᠲᠠᠲᠤ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠳᠠᠷᠤᠯᠲᠠ ᠲᠣᠬᠢᠷᠠᠭᠤᠯᠤᠬᠤᠷ ᠢ ᠬᠡᠷᠡᠭᠯᠡᠵᠦ ᠪᠣᠯᠤᠨ᠎ᠠ︔ ᠬᠢᠷᠢ ᠲᠡᠩᠴᠡᠬᠦ ᠦᠭᠡᠢ ᠬᠡᠢ ᠶᠢᠨ ᠲᠦᠩᠰᠡ ᠶᠢ ᠬᠡᠷᠡᠭᠯᠡᠨ᠎ᠡ︔ ᠢᠳᠡᠭᠡᠨ ᠤᠮᠳᠠᠭᠠᠨ ᠵᠡᠷᠭᠡ ᠲᠠᠯᠠᠪᠤᠷ ᠲᠤ ᠰᠢᠲᠠᠮᠠᠬᠠᠢ ᠬᠡᠢ ᠶᠢᠨ ᠯᠡᠪᠡᠷᠡᠯᠲᠡ ᠶᠢᠨ ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠭᠰᠠᠨ ᠦᠭᠡᠢ︔ ᠲᠦᠭᠰᠢᠭᠦᠷᠢ ᠮᠡᠳᠡᠭᠡᠯᠡᠬᠦ ᠮᠠᠰᠢᠨ ᠤ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠦᠭᠡᠢ᠂ ᠬᠡᠷᠡᠭᠯᠡᠬᠦ ᠪᠠᠶᠢᠷᠢ ᠨᠢ ᠵᠥᠪ ᠪᠤᠰᠤ ᠪᠤᠶᠤ ᠠᠵᠢᠯ ᠤᠨ ᠪᠠᠶᠢᠳᠠᠯ ᠳᠤ ᠨᠡᠶᠢᠴᠡᠬᠦ ᠦᠭᠡᠢ︔ ᠢᠳᠡᠭᠡᠨ ᠤᠮᠳᠠᠭᠠᠨ ᠵᠡᠷᠭᠡ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ ᠭᠡᠷ ᠲᠤ ᠰᠢᠩᠭᠡᠨᠵᠢᠮᠡᠯ ᠴᠢᠯᠠᠭᠤᠨ ᠲᠣᠰᠣᠨ ᠤ ᠬᠡᠢ ᠶᠢᠨ ᠲᠦᠩᠰᠡ ᠶᠢ ᠪᠠᠶᠢᠷᠢᠯᠠᠭᠤᠯᠵᠤ᠂ ᠡᠰᠡᠬᠦᠯ᠎ᠡ ᠯᠣᠩᠬᠤ ᠶᠢᠨ ᠶᠡᠷᠦᠩᠬᠡᠢ ᠬᠦᠨᠳᠦᠴᠡ ᠶᠢ 100 ᠺᠢᠯᠣᠭ᠍ᠷᠠᠮ ᠢ ᠳᠠᠪᠠᠭᠰᠠᠨ ᠪᠣᠯᠪᠠᠴᠤ ᠲᠤᠰᠬᠠᠢ ᠬᠡᠷᠡᠭᠯᠡᠬᠦ ᠬᠡᠢ ᠶᠢᠨ ᠲᠦᠩᠰᠡ ᠶᠢ ᠲᠣᠬᠢᠷᠠᠭᠤᠯᠤᠭᠰᠠᠨ ᠦᠭᠡᠢ︔ ᠬᠡᠢ ᠶᠢᠨ ᠲᠦᠩᠰᠡ ᠶᠢᠨ ᠲᠠᠰᠤᠯᠭ᠎ᠠ ᠳᠤ ᠰᠢᠲᠠᠮᠠᠬᠠᠢ ᠬᠡᠢ ᠶᠢᠨ ᠯᠡᠪᠡᠷᠡᠯᠲᠡ ᠶᠢᠨ ᠲᠦᠭᠰᠢᠭᠦᠷᠢ ᠮᠡᠳᠡᠭᠡᠯᠡᠬᠦ ᠮᠠᠰᠢᠨ ᠢ ᠤᠭᠰᠠᠷᠠᠭᠰᠠᠨ ᠦᠭᠡᠢ︔ ᠬᠡᠢ ᠶᠢᠨ ᠲᠦᠩᠰᠡ ᠶᠢᠨ ᠲᠠᠰᠤᠯᠭ᠎ᠠ ᠨᠢ ᠲᠣᠭᠲᠠᠭᠠᠯ ᠠᠴᠠ ᠵᠥᠷᠢᠴᠡᠨ ᠭᠠᠵᠠᠷ ᠳᠣᠣᠷᠠᠬᠢ ᠥᠷᠥᠭᠡ ᠪᠠ ᠬᠠᠭᠠᠰ ᠭᠠᠵᠠᠷ ᠳᠣᠣᠷᠠᠬᠢ ᠭᠡᠷ ᠲᠤ ᠲᠣᠬᠢᠷᠠᠭᠤᠯᠵᠠᠢ᠃    ︵ᠳᠥᠷᠪᠡ︶ ᠬᠠᠭᠤᠴᠢᠨ ᠵᠢᠵᠢᠭ ᠲᠣᠭᠤᠷᠢᠭ ᠤᠨ ᠰᠢᠲᠠᠮᠠᠬᠠᠢ ᠬᠡᠢ ᠶᠢᠨ ᠬᠤᠭᠤᠯᠠᠢ᠂ ᠳᠠᠷᠤᠯᠲᠠ ᠲᠣᠬᠢᠷᠠᠭᠤᠯᠬᠤ ᠥᠷᠲᠡᠭᠡ᠂ ᠰᠢᠲᠠᠮᠠᠬᠠᠢ ᠬᠡᠢ ᠶᠢ ᠬᠤᠭᠤᠯᠠᠢ ᠣᠷᠣᠭᠤᠯᠬᠤ᠂ ᠪᠣᠰᠤᠭ᠎ᠠ ᠬᠤᠭᠤᠯᠠᠢ ᠵᠢᠴᠢ ᠬᠤᠭᠤᠯᠠᠢ ᠶᠢᠨ ᠠᠰᠠᠷ ᠤᠨ ᠬᠠᠪᠲᠠᠰᠤᠨ ᠤ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠢ᠃ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠲᠣᠭᠲᠠᠭᠠᠯ ᠠᠴᠠ ᠵᠥᠷᠢᠴᠡᠨ ᠬᠠᠤᠯᠢ ᠪᠤᠰᠤ ᠪᠠᠷ ᠬᠠᠳᠠᠭᠠᠯᠠᠵᠤ ᠰᠠᠪᠠᠯᠠᠬᠤ ᠴᠡᠭ ᠲᠣᠬᠢᠷᠠᠭᠤᠯᠵᠤ᠂ ᠰᠠᠭᠤᠭᠠᠯᠢ ᠠᠷᠠᠳ ᠤᠨ ᠬᠡᠷᠡᠭᠯᠡᠬᠦ ᠡᠷᠦᠬᠡ ᠭᠡᠷ ᠤᠨ ᠳᠣᠲᠣᠷᠠᠬᠢ ᠰᠢᠲᠠᠮᠠᠬᠠᠢ ᠬᠡᠢ ᠶᠢᠨ ᠪᠡᠯᠡᠳᠬᠡᠮᠵᠢ ᠪᠠ ᠰᠢᠲᠠᠮᠠᠬᠠᠢ ᠬᠡᠢ ᠶᠢᠨ ᠬᠡᠮᠵᠢᠯᠲᠡ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠤᠭᠰᠠᠷᠠᠵᠤ᠂ ᠥᠭᠡᠷᠡᠴᠢᠯᠡᠨ ᠤᠭᠰᠠᠷᠠᠵᠤ᠂ ᠨᠤᠷᠠᠭᠠᠵᠤ᠂ ᠭᠡᠷ ᠳᠣᠲᠣᠷᠠᠬᠢ ᠬᠤᠭᠤᠯᠠᠢ ᠨᠢ ᠬᠦᠨᠳᠦ ᠨᠣᠴᠢᠲᠠᠢ ᠵᠢᠪᠡᠷᠡᠵᠦ᠂ ᠬᠢᠷᠢ ᠲᠡᠩᠴᠡᠬᠦ ᠦᠭᠡᠢ ᠬᠡᠶ ᠶᠢᠨ ᠯᠣᠩᠬᠤ᠂ ᠵᠤᠤᠬ᠎ᠠ᠂ ᠵᠠᠯᠭᠠᠬᠤ ᠵᠥᠭᠡᠯᠡᠨ ᠬᠤᠭᠤᠯᠠᠢ ᠪᠠ ᠳᠠᠷᠤᠯᠲᠠ ᠪᠠᠭᠤᠷᠠᠭᠤᠯᠬᠤ ᠨᠡᠭᠡᠯᠡᠬᠡᠢ ᠵᠡᠷᠭᠡ ᠲᠦᠭᠰᠢᠭᠦᠷᠢ ᠶᠢᠨ ᠳᠠᠯᠳᠠ ᠭᠡᠮ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ    ︵ᠲᠠᠪᠤ︶ ᠰᠢᠲᠠᠮᠠᠬᠠᠢ ᠬᠡᠢ ᠶᠢᠨ ᠪᠠᠭᠠᠵᠢ ᠵᠡᠷᠭᠡ ᠰᠢᠲᠠᠮᠠᠬᠠᠢ ᠬᠡᠢ ᠶᠢᠨ ᠡᠬᠢ ᠡᠭᠦᠰᠦᠯ ᠤᠨ ᠠᠮᠤᠷ ᠲᠦᠪᠰᠢᠨ ᠤ ᠲᠦᠭᠰᠢᠭᠦᠷᠢ ᠪᠠ ᠬᠦᠨᠳᠦ ᠶᠡᠭᠡ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ ᠣᠳᠣ ᠶᠢᠨ ᠪᠠᠶᠢᠭ᠎ᠠ ᠰᠢᠲᠠᠮᠠᠬᠠᠢ ᠬᠡᠢ ᠶᠢᠨ ᠪᠠᠭᠠᠵᠢ᠂ ᠰᠢᠲᠠᠮᠠᠬᠠᠢ ᠬᠡᠢ ᠶᠢᠨ ᠭᠤᠭᠤᠵᠢᠵᠤ ᠪᠠᠶᠢᠭ᠎ᠠ ᠲᠦᠭᠰᠢᠭᠦᠷᠢ ᠮᠡᠳᠡᠭᠡᠯᠡᠬᠦ ᠮᠠᠰᠢᠨ ᠵᠡᠷᠭᠡ ᠦᠢᠯᠡᠳᠬᠦᠨ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ ᠭᠦᠢᠯᠭᠡᠭᠡᠨ ᠪᠣᠷᠣᠯᠠᠭᠤᠯᠬᠤ ᠵᠠᠮ ᠮᠥᠷ ᠤᠨ ᠴᠢᠭ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠰᠢᠲᠠᠮᠠᠬᠠᠢ ᠬᠡᠢ ᠶᠢᠨ ᠵᠠᠳᠠᠷᠠᠯᠲᠠ ᠶᠢᠨ ᠲᠦᠭᠰᠢᠭᠦᠷᠢ ᠮᠡᠳᠡᠭᠡᠯᠡᠬᠦ ᠮᠠᠰᠢᠨ ᠵᠢᠴᠢ ᠰᠡᠯᠪᠢᠭ ᠲᠣᠨᠤᠭ ᠪᠣᠯᠤᠨ ᠦᠢᠯᠡᠳᠬᠦᠨ ᠤ ᠭᠡᠷᠡᠴᠢᠯᠡᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠶᠢ ᠦᠢᠯᠡᠳᠪᠦᠷᠢᠯᠡᠬᠦ ᠪᠠ ᠪᠣᠷᠣᠯᠠᠭᠤᠯᠤᠨ ᠬᠤᠳᠠᠯᠳᠤᠬᠤ ᠶᠢ ᠴᠢᠩᠭ᠎ᠠ ᠴᠠᠭᠠᠵᠠᠯᠠᠵᠤ᠂ ᠠᠶᠤᠯ ᠦᠭᠡᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠬᠡᠷᠡᠭᠰᠡᠯ ᠢ ᠦᠢᠯᠡᠳᠪᠦᠷᠢᠯᠡᠵᠦ ᠪᠣᠷᠣᠯᠠᠭᠤᠯᠬᠤ ᠨᠢᠭᠡᠴᠡ ᠶᠢ ᠬᠠᠤᠯᠢ ᠶᠣᠰᠣᠭᠠᠷ ᠴᠢᠩᠭ᠎ᠠ ᠰᠢᠳᠬᠡᠨ ᠲᠣᠷᠭᠠᠵᠤ᠂ ᠬᠢᠷᠢ ᠲᠡᠩᠴᠡᠬᠦ ᠦᠭᠡᠢ ᠰᠢᠲᠠᠮᠠᠬᠠᠢ ᠬᠡᠢ ᠶᠢᠨ ᠪᠠᠭᠠᠵᠢ ᠵᠡᠷᠭᠡ ᠦᠢᠯᠡᠳᠬᠦᠨ ᠢ ᠬᠡᠷᠡᠭᠯᠡᠵᠦ ᠪᠠᠶᠢᠭ᠎ᠠ ᠵᠠᠩᠭᠢᠯᠠᠭ᠎ᠠ ᠳᠤ ᠡᠬᠢ ᠡᠭᠦᠰᠦᠯ ᠠᠴᠠ ᠨᠢ ᠪᠥᠭᠯᠡᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号