ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠤᠰᠤ ᠳᠠᠮᠵᠢᠭᠤᠯᠬᠤ ᠢᠨᠵᠧᠨᠧᠷᠢᠩ ᠤᠨ ᠨᠦᠭᠡᠨ ᠵᠠᠮ ᠤᠨ ᠬᠡᠰᠡᠭ ᠪᠦᠭᠦ ᠱᠤᠭᠤᠮ ᠢᠶᠠᠷ ᠨᠡᠪᠲᠡᠷᠡᠪᠡ ᠳᠠᠶᠢᠴᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2023/12/26
   12 ᠰᠠᠷ᠎ᠠ ᠶᠢᠨ 23᠎ ᠤ ᠡᠳᠦᠷ᠂ ᠶᠡᠷᠦᠩᠬᠡᠢ ᠤᠷᠳᠤ ᠨᠢ 183.43 ᠺᠢᠯᠣᠮᠧᠳ᠋ᠷ ᠪᠤᠯᠬᠤ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠤᠰᠤ ᠳᠠᠮᠵᠢᠭᠤᠯᠬᠤ ᠢᠨᠵᠧᠨᠧᠷᠢᠩ ᠤᠨ ᠨᠦᠭᠡᠨ ᠵᠠᠮ ᠤᠨ ᠬᠡᠰᠡᠭ ᠪᠦᠭᠦ ᠱᠤᠭᠤᠮ ᠢᠶᠠᠷ ᠨᠡᠪᠲᠡᠷᠡᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠰᠠ ᠨᠢᠭᠡᠨ ᠴᠢᠬᠤᠯᠠ ᠶᠡᠭᠡ ᠵᠠᠩᠭᠢᠯᠠᠭ᠎ᠠ ᠶᠢᠨ ᠴᠡᠭ ᠤᠨ ᠬᠠᠷᠠᠯᠲᠠ ᠶᠢ ᠪᠡᠶᠡᠯᠡᠭᠦᠯᠦᠭᠰᠡᠨ ᠢ ᠬᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠲᠠᠶᠢᠴᠢᠨ ᠨᠡᠪᠲᠡᠷᠡᠭᠦᠯᠬᠦ ᠶᠣᠰᠣᠯᠠᠯ ᠳᠤ ᠣᠷᠣᠯᠴᠠᠪᠠ᠃    ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠢᠨᠵᠧᠨᠧᠷᠢᠩ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠤᠰᠤ ᠠᠷᠪᠢᠯᠠᠬᠤ ᠤᠰᠤ ᠬᠠᠩᠭᠠᠬᠤ 172 ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠨᠢᠭᠡ ᠪᠤᠯᠬᠤ ᠪᠥᠭᠡᠳ ᠮᠥᠨ ᠴᠦ ᠥᠪᠡᠷᠲᠡᠭᠡᠨ ᠵᠠᠰᠠᠬᠤ ᠣᠷᠣᠨ ᠤ ᠣᠳᠣ ᠪᠤᠯᠲᠠᠯ᠎ᠠ ᠪᠡᠯᠡ ᠣᠷᠣᠭᠤᠯᠤᠯᠲᠠ ᠪᠠᠷ ᠬᠠᠮᠤᠭ ᠤᠨ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠪᠣᠯᠣᠨ᠎ᠠ᠃ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠤᠰᠤ ᠳᠠᠮᠵᠢᠭᠤᠯᠬᠤ ᠨᠦᠭᠡᠨ ᠵᠠᠮ ᠤᠨ ᠪᠠᠷᠢᠯᠭ᠎ᠠ ᠶᠢ 2018 ᠣᠨ ᠤ 9 ᠰᠠᠷ᠎ᠠ ᠳᠤ ᠡᠬᠢᠯᠡᠭᠦᠯᠵᠦ᠂ ᠲᠦᠮᠡ ᠭᠠᠷᠤᠢ ᠪᠦᠲᠦᠭᠡᠨ ᠪᠠᠶᠢᠭᠤᠯᠤᠭᠴᠢᠳ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠡᠳᠦᠷ ᠰᠥᠨᠢ ᠦᠭᠡᠢ ᠠᠵᠢᠯᠯᠠᠵᠤ᠂ ᠤᠰᠤᠷᠬᠠᠭ᠂ ᠤᠰᠤ ᠪᠤᠷᠭᠢᠯᠬᠤ᠂ ᠵᠥᠷᠢᠭᠳᠡᠯ ᠪᠠ ᠬᠦᠷᠢᠶᠡᠯᠡᠭᠰᠡᠨ ᠴᠢᠯᠠᠭᠤᠯᠢᠭ ᠨᠢ ᠬᠡᠪ ᠢᠶᠠᠨ ᠠᠯᠳᠠᠭᠰᠠᠨ ᠵᠡᠷᠭᠡ ᠭᠠᠵᠠᠷ ᠰᠢᠨᠵᠢᠯᠡᠭᠡᠨ ᠤ ᠠᠰᠢᠭ ᠦᠭᠡᠢ ᠨᠥᠯᠥᠭᠡ ᠶᠢ ᠢᠯᠠᠨ ᠳᠠᠪᠠᠵᠤ᠂ ᠲᠥᠷᠥᠯ ᠵᠦᠢᠯ ᠤᠨ ᠪᠠᠷᠢᠯᠭ᠎ᠠ ᠶᠢᠨ ᠠᠮᠤᠷ ᠲᠦᠪᠰᠢᠨ᠂ ᠪᠠᠷᠢᠯᠭ᠎ᠠ ᠶᠢᠨ ᠶᠠᠰᠤ ᠴᠢᠨᠠᠷ ᠪᠠ ᠪᠠᠷᠢᠯᠭ᠎ᠠ ᠶᠢᠨ ᠠᠬᠢᠴᠠ ᠶᠢ ᠪᠠᠲᠤᠯᠠᠪᠠ᠃ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号