12 ᠰᠠᠷ᠎ᠠ ᠶᠢᠨ 23 ᠤ ᠡᠳᠦᠷ᠂ ᠶᠡᠷᠦᠩᠬᠡᠢ ᠤᠷᠳᠤ ᠨᠢ 183.43 ᠺᠢᠯᠣᠮᠧᠳ᠋ᠷ ᠪᠤᠯᠬᠤ ᠴᠤᠤᠯ ᠭᠤᠣᠯ ᠤᠨ | ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠤᠰᠤ ᠳᠠᠮᠵᠢᠭᠤᠯᠬᠤ ᠢᠨᠵᠧᠨᠧᠷᠢᠩ ᠤᠨ ᠨᠦᠭᠡᠨ ᠵᠠᠮ ᠤᠨ | ᠬᠡᠰᠡᠭ ᠪᠦᠭᠦ ᠱᠤᠭᠤᠮ ᠢᠶᠠᠷ ᠨᠡᠪᠲᠡᠷᠡᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ | ᠤᠷᠤᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠᠰᠠ ᠨᠢᠭᠡᠨ ᠴᠢᠬᠤᠯᠠ ᠶᠡᠭᠡ ᠵᠠᠩᠭᠢᠯᠠᠭ᠎ᠠ ᠶᠢᠨ | ᠴᠡᠭ ᠤᠨ ᠬᠠᠷᠠᠯᠲᠠ ᠶᠢ ᠪᠡᠶᠡᠯᠡᠭᠦᠯᠦᠭᠰᠡᠨ ᠢ ᠬᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠲᠠᠶᠢᠴᠢᠨ ᠨᠡᠪᠲᠡᠷᠡᠭᠦᠯᠬᠦ ᠶᠣᠰᠣᠯᠠᠯ ᠳᠤ ᠣᠷᠣᠯᠴᠠᠪᠠ᠃ | ᠴᠤᠤᠯ ᠭᠤᠣᠯ ᠤᠨ ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠢᠨᠵᠧᠨᠧᠷᠢᠩ ᠪᠣᠯ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠤᠰᠤ ᠠᠷᠪᠢᠯᠠᠬᠤ ᠤᠰᠤ ᠬᠠᠩᠭᠠᠬᠤ 172 ᠴᠢᠬᠤᠯᠠ ᠶᠡᠭᠡ ᠤᠰᠤᠨ ᠠᠰᠢᠭᠯᠠᠯᠲᠠ ᠶᠢᠨ | ᠪᠠᠷᠢᠯᠭ᠎ᠠ ᠶᠢᠨ ᠨᠢᠭᠡ ᠪᠤᠯᠬᠤ ᠪᠥᠭᠡᠳ ᠮᠥᠨ ᠴᠦ ᠥᠪᠡᠷᠲᠡᠭᠡᠨ ᠵᠠᠰᠠᠬᠤ ᠣᠷᠣᠨ ᠤ ᠣᠳᠣ ᠪᠤᠯᠲᠠᠯ᠎ᠠ ᠪᠡᠯᠡ | ᠣᠷᠣᠭᠤᠯᠤᠯᠲᠠ ᠪᠠᠷ ᠬᠠᠮᠤᠭ ᠤᠨ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠪᠣᠯᠣᠨ᠎ᠠ᠃ ᠴᠤᠤᠯ ᠭᠤᠣᠯ ᠤᠨ | ᠤᠰᠤ ᠶᠢ ᠲᠠᠲᠠᠵᠤ ᠯᠢᠶᠣᠤᠾᠧ ᠭᠤᠣᠯ ᠳᠤ ᠤᠷᠤᠭᠤᠯᠬᠤ ᠤᠰᠤ ᠳᠠᠮᠵᠢᠭᠤᠯᠬᠤ ᠨᠦᠭᠡᠨ ᠵᠠᠮ ᠤᠨ ᠪᠠᠷᠢᠯᠭ᠎ᠠ ᠶᠢ | 2018 ᠣᠨ ᠤ 9 ᠰᠠᠷ᠎ᠠ ᠳᠤ ᠡᠬᠢᠯᠡᠭᠦᠯᠵᠦ᠂ ᠲᠦᠮᠡ ᠭᠠᠷᠤᠢ ᠪᠦᠲᠦᠭᠡᠨ ᠪᠠᠶᠢᠭᠤᠯᠤᠭᠴᠢᠳ ᠪᠦᠲᠦᠭᠡᠨ | ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠡᠳᠦᠷ ᠰᠥᠨᠢ ᠦᠭᠡᠢ ᠠᠵᠢᠯᠯᠠᠵᠤ᠂ ᠤᠰᠤᠷᠬᠠᠭ᠂ ᠤᠰᠤ ᠪᠤᠷᠭᠢᠯᠬᠤ᠂ | ᠵᠥᠷᠢᠭᠳᠡᠯ ᠪᠠ ᠬᠦᠷᠢᠶᠡᠯᠡᠭᠰᠡᠨ ᠴᠢᠯᠠᠭᠤᠯᠢᠭ ᠨᠢ ᠬᠡᠪ ᠢᠶᠠᠨ ᠠᠯᠳᠠᠭᠰᠠᠨ ᠵᠡᠷᠭᠡ ᠭᠠᠵᠠᠷ ᠰᠢᠨᠵᠢᠯᠡᠭᠡᠨ ᠤ ᠠᠰᠢᠭ ᠦᠭᠡᠢ | ᠨᠥᠯᠥᠭᠡ ᠶᠢ ᠢᠯᠠᠨ ᠳᠠᠪᠠᠵᠤ᠂ ᠲᠥᠷᠥᠯ ᠵᠦᠢᠯ ᠤᠨ ᠪᠠᠷᠢᠯᠭ᠎ᠠ ᠶᠢᠨ ᠠᠮᠤᠷ ᠲᠦᠪᠰᠢᠨ᠂ ᠪᠠᠷᠢᠯᠭ᠎ᠠ ᠶᠢᠨ ᠶᠠᠰᠤ ᠴᠢᠨᠠᠷ | ᠪᠠ ᠪᠠᠷᠢᠯᠭ᠎ᠠ ᠶᠢᠨ ᠠᠬᠢᠴᠠ ᠶᠢ ᠪᠠᠲᠤᠯᠠᠪᠠ᠃ | | | |