ᠮᠠᠨ ᠤ ᠤᠷᠤᠨ ᠨᠡᠭᠦᠷᠡᠰᠦᠳᠦ᠋ᠷᠦᠭᠴᠢ ᠢᠢᠨ ᠳᠠᠪᠬᠤᠷ ᠢᠰᠦᠯ ᠤᠨ ᠭᠠᠳᠠᠭᠰᠢᠯᠠᠭᠤᠯᠤᠯᠳᠠ ᠶᠢ 2600 ᠭᠠᠷᠤᠢ ᠲᠦᠮᠡᠨ ᠳᠤᠨ ᠪᠠᠭᠠᠰᠬᠠᠪᠠ
ᠨᠡᠶᠢᠲᠡᠯᠡᠭᠰᠡᠨ ᠴᠠᠭ᠄
2023/12/27
   ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠠᠴᠠ ᠡᠷᠬᠢᠯᠡᠨ ᠬᠤᠷᠠᠯᠳᠤᠭᠤᠯᠤᠭᠰᠠᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠢᠡᠷ᠂ ᠡᠨᠡ ᠵᠢᠯ ᠮᠠᠨ ᠤ ᠤᠷᠤᠨ ᠬᠢᠵᠠᠭᠠᠷᠯᠠᠬᠤ ᠲᠦᠷᠦᠯ ᠤᠨ ᠦᠢᠯᠡᠳᠪᠤᠷᠢᠯᠡᠯ ᠤᠨ ᠴᠢᠳᠠᠪᠤᠷᠢ ᠢᠢ ᠰᠢᠭᠰᠢᠭᠳᠡᠭᠦᠯᠬᠦ ᠠᠵᠢᠯ ᠢ ᠡᠮᠬᠢ ᠵᠢᠷᠦᠮ ᠲᠠᠢ ᠠᠬᠢᠭᠤᠯᠤᠭᠰᠠᠨ ᠢᠢᠡᠷ ᠨᠡᠭᠦᠷᠡᠰᠦᠳᠦ᠋ᠷᠦᠭᠴᠢ ᠢᠢᠨ ᠳᠠᠪᠬᠤᠷ ᠢᠰᠦᠯ ᠤᠨ ᠭᠠᠳᠠᠭᠰᠢᠯᠠᠭᠤᠯᠤᠯᠳᠠ ᠶᠢ 2600 ᠭᠠᠷᠤᠢ ᠲᠦᠮᠡᠨ ᠳᠤᠨ ᠪᠠᠭᠠᠰᠬᠠᠭᠰᠠᠨ ᠪᠠᠶᠢᠨ᠎ᠠ᠃   ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠤᠷᠢ ᠪᠠ ᠮᠡᠳᠡᠭᠡ ᠵᠠᠩᠭᠢᠴᠢᠯᠠᠯᠳᠠ ᠢᠢᠨ ᠲᠢᠩᠬᠢᠮ ᠤᠨ ᠡᠨᠧᠷᠬᠢ ᠠᠷᠪᠢᠯᠬᠠᠤ ᠪᠠ ᠶᠡᠷᠦᠩᠬᠡᠶᠢᠯᠡᠨ ᠠᠰᠢᠭᠯᠠᠬᠤ ᠭᠠᠵᠠᠷ ᠤᠨ ᠳᠠᠷᠤᠭ᠎ᠠ ᠸᠠᠩ ᠰᠢᠨ ᠮᠢᠩ ᠤᠨ ᠲᠠᠨᠢᠯᠴᠠᠭᠤᠯᠤᠭᠰᠠᠨ ᠢᠢᠡᠷ ᠂ 2023 ᠤᠨ ᠳᠤ ᠪᠦᠬᠦ ᠤᠷᠤᠨ ᠤ ᠰᠢᠨ᠎ᠠ ᠡᠨᠧᠷᠬᠢ ᠢᠢᠨ ᠲᠤᠨᠤᠭᠯᠠᠯ ᠦᠢᠯᠡᠳᠬᠦ᠂ ᠰᠢᠨ᠎ᠠ ᠬᠡᠯᠪᠡᠷᠢ ᠢᠢᠨ ᠬᠢᠮᠢ ᠢᠢᠨ ᠠᠵᠤ ᠦᠢᠯᠡᠳᠪᠤᠷᠢ᠂ ᠰᠢᠨ᠎ᠠ ᠮᠠᠲ᠋ᠧᠷᠢᠶᠠᠯ᠂ ᠪᠤᠬᠢᠷᠳᠦᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠪᠤᠯᠪᠠᠰᠤᠷᠠᠭᠤᠯᠬᠤ᠂ ᠠᠮᠢᠳᠤ ᠪᠤᠳᠠᠰ ᠤᠨ ᠡᠮ ᠡᠮᠨᠡᠯᠭᠡ ᠵᠡᠷᠭᠡ ᠦᠪᠡᠷᠮᠢᠴᠡ ᠤᠨᠴᠠᠯᠢᠭ ᠲᠠᠢ ᠳᠠᠪᠠᠭᠤᠯᠢᠭᠳᠤ ᠪᠠᠭ᠎ᠠ ᠨᠡᠭᠦᠷᠡᠰᠦᠳᠦ᠋ᠷᠦᠭᠴᠢᠳᠤ ᠠᠵᠤ ᠦᠢᠯᠡᠰ ᠲᠠᠰᠤᠷᠠᠯᠳᠠ ᠦᠭᠡᠢ ᠬᠦᠭᠵᠢᠨ ᠪᠤᠵᠠᠭᠠᠶᠢᠷᠠᠵᠤ᠂ ᠪᠠᠶᠢᠯᠳᠤᠬᠤ ᠪᠤᠳᠤᠯᠭ᠎ᠠ ᠢᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠤ ᠦᠢᠯᠡᠰ ᠤᠨ ᠨᠡᠮᠡᠭᠳᠡᠯ ᠦᠷᠳᠡᠭ 13.8% ᠪᠠᠷ ᠨᠡᠮᠡᠭᠳᠡᠨ᠂ ᠳᠡᠭᠡᠳᠦ ᠰᠢᠨ᠎ᠠ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ 12% ᠢᠶᠠᠷ ᠨᠡᠮᠡᠭᠳᠡᠵᠠᠢ︔ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠤᠷᠢ ᠢᠢᠨ ᠬᠦᠷᠢᠶᠡᠨ ᠳᠤ ᠳᠡᠯᠭᠡᠷᠡᠭᠦᠯᠬᠦ ᠪᠤᠬᠢᠷᠳᠦᠯ ᠦᠭᠡᠢ ᠪᠠᠭ᠎ᠠ ᠨᠡᠭᠦᠷᠡᠰᠦᠳᠦ᠋ᠷᠦᠭᠴᠢᠳᠤ ᠲᠡᠷᠢᠭᠦᠨ ᠤ ᠮᠡᠷᠭᠡᠵᠢᠯ ᠤᠳ ︵2023︶︾ ᠢ ᠲᠤᠭᠤᠷᠪᠢᠨ ᠳᠤᠭᠳᠠᠭᠠᠵᠤ᠂ ᠠᠵᠤ ᠠᠬᠤᠶᠢᠯᠠᠯ ᠤᠨ ᠡᠨᠧᠷᠬᠢ ᠠᠷᠪᠢᠯᠠᠬᠤ ᠮᠡᠷᠭᠡᠵᠢᠯ ᠤᠨ ᠦᠭᠡᠷᠡᠴᠢᠯᠡᠯᠳᠡ ᠬᠢᠬᠦ ᠢᠢ ᠳᠡᠮᠵᠢᠪᠡ︔ ᠡᠨᠧᠷᠬᠢ ᠠᠷᠪᠢᠯᠠᠨ ᠤᠰᠤ ᠠᠷᠪᠢᠯᠠᠬᠤ ᠮᠡᠷᠭᠡᠵᠢᠯ ᠤᠨ ᠦᠭᠡᠷᠡᠴᠢᠯᠡᠯᠳᠡ ᠢᠢᠨ 208 ᠲᠦᠷᠦᠯ ᠵᠦᠢᠯ ᠢ ᠬᠡᠷᠡᠭᠵᠢᠭᠦᠯᠵᠦ᠂ 107 ᠲᠦᠮᠡᠨ ᠳᠤᠨ ᠪᠠᠷᠢᠮᠵᠢᠶ᠎ᠠ ᠨᠡᠭᠦᠷᠡᠰᠦ ᠪᠠ 1250 ᠲᠦᠮᠡᠨ ᠳᠤᠨ ᠤᠰᠤ ᠠᠷᠪᠢᠯᠠᠨ᠂ ᠱᠦᠢᠨᠢ᠂ ᠱᠠᠭᠠᠵᠠᠩ᠂ ᠮᠧᠲ᠋ᠢᠯ ᠠᠯᠺᠤᠤᠯ᠂ ᠤᠯᠠᠨ ᠳᠠᠯᠠᠰᠳᠤ ᠴᠠᠬᠢᠭᠤᠷ᠂ ᠵᠡᠰ᠂ ᠬᠠᠷ᠎ᠠ ᠳᠤᠭᠤᠯᠭ᠎ᠠ᠂ ᠮᠠᠭᠨᠢ ᠵᠡᠷᠭᠡ 15 ᠵᠦᠢᠯ ᠤᠨ ᠦᠢᠯᠡᠳᠭᠦᠨ ᠤ ᠡᠨᠧᠷᠬᠢ ᠢᠢᠨ ᠬᠤᠷᠤᠭᠳᠠᠭᠤᠯᠤᠯ ᠢ ᠤᠯᠤᠰ ᠤᠨ ᠲᠡᠷᠢᠭᠦᠨ ᠤ ᠪᠠᠷᠢᠮᠵᠢᠶ᠎ᠠ ᠳᠤ ᠬᠦᠷᠭᠡᠵᠦ᠂ ᠭᠤᠤᠯᠳᠠᠯᠭ᠎ᠠ ᠲᠠᠢ ᠠᠵᠢᠯ ᠲᠦᠷᠦᠯ ᠤᠨ ᠡᠨᠧᠷᠬᠢ ᠢᠢᠨ ᠠᠰᠢᠭᠯᠠᠮᠵᠢ ᠪᠠ ᠤᠰᠤᠨ ᠤ ᠠᠰᠢᠭᠯᠠᠮᠵᠢ ᠢᠢ ᠢᠯᠡᠳᠳᠡ ᠳᠡᠭᠡᠭᠰᠢᠯᠡᠭᠦᠯᠪᠡ︔ ᠪᠤᠬᠢᠷᠳᠦᠯ ᠦᠭᠡᠢ ᠦᠢᠯᠡᠳᠭᠡᠯ ᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠷᠤᠨ ᠳᠤ 67 ᠪᠤᠬᠢᠷᠳᠦᠯ ᠦᠭᠡᠢ ᠦᠢᠯᠡᠳᠪᠤᠷᠢ᠂ 30 ᠪᠤᠬᠢᠷᠳᠦᠯ ᠦᠭᠡᠢ ᠦᠢᠯᠡᠳᠭᠦᠨ᠂ 4 ᠪᠤᠬᠢᠷᠳᠦᠯ ᠦᠭᠡᠢ ᠬᠦᠷᠢᠶᠡᠯᠡᠩ ᠲᠤᠭᠤᠷᠢᠭ᠂ 13 ᠪᠤᠬᠢᠷᠳᠦᠯ ᠦᠭᠡᠢ ᠠᠵᠤ ᠦᠢᠯᠡᠰ ᠤᠨ ᠬᠡᠯᠬᠢᠶ᠎ᠠ ᠢᠢ ᠪᠠᠶᠢᠭᠤᠯᠵᠤ᠂ ᠤᠳᠤ ᠪᠦᠬᠦ ᠤᠷᠤᠨ ᠳᠤ ᠨᠡᠶᠢᠳᠡ 298 ᠪᠤᠬᠢᠷᠳᠦᠯ ᠦᠭᠡᠢ ᠦᠢᠯᠡᠳᠪᠤᠷᠢ᠂ 92 ᠪᠤᠬᠢᠷᠳᠦᠯ ᠦᠭᠡᠢ ᠦᠢᠯᠡᠳᠭᠦᠨ᠂ 24 ᠪᠤᠬᠢᠷᠳᠦᠯ ᠦᠭᠡᠢ ᠬᠦᠷᠢᠶᠡᠯᠡᠩ ᠲᠤᠭᠤᠷᠢᠭ᠂ 26 ᠪᠤᠬᠢᠷᠳᠦᠯ ᠦᠭᠡᠢ ᠠᠵᠤ ᠦᠢᠯᠡᠰ ᠤᠨ ᠬᠡᠯᠬᠢᠶ᠎ᠠ ᠲᠠᠢ ᠪᠤᠯᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号