ᠮᠠᠨ ᠤ ᠤᠷᠤᠨ ᠤ ᠡᠨᠤᠷᠬᠢ ᠶᠢᠨ ᠠᠵᠤ ᠠᠬᠤᠢ ᠢᠳᠡᠷᠡᠬᠦᠨ ᠬᠦᠭᠵᠢᠯᠳᠡ ᠶᠢ ᠪᠠᠳᠤᠯᠠᠵᠤ 10 ᠲᠠᠯ᠎ᠠ ᠪᠠᠷ ᠪᠦᠬᠦ ᠤᠯᠤᠰ ᠤᠨ ᠨᠢᠬᠡᠳᠤᠬᠡᠷ ᠲᠤ ᠵᠢᠭᠰᠠᠪᠠ
ᠨᠡᠶᠢᠲᠡᠯᠡᠭᠰᠡᠨ ᠴᠠᠭ᠄
2023/12/29
   ︽ᠡᠨᠡ ᠵᠢᠯ ᠠᠴᠠ ᠨᠠᠭᠠᠰᠢ ᠮᠠᠨ ᠤ ᠤᠷᠤᠨ ᠤ ᠡᠨᠤᠷᠬᠢ ᠶᠢᠨ ᠠᠵᠤ ᠠᠬᠤᠢ ᠶᠢᠨ ᠬᠦᠭᠵᠢᠯᠳᠡ ᠲᠤᠭᠳᠠᠭᠤᠨ ᠤ ᠲᠤᠮᠳᠠ ᠰᠠᠶᠢᠨ ᠠᠬᠢᠯᠳᠠ ᠲᠠᠢ ᠪᠠᠶᠢᠵᠤ᠂ 10 ᠲᠠᠯ᠎ᠠ ᠪᠠᠷ ᠪᠦᠬᠦ ᠤᠯᠤᠰ ᠤᠨ ᠨᠢᠬᠡᠳᠤᠬᠡᠷ ᠲᠤ ᠵᠢᠭᠰᠠᠪᠠ︾ ᠭᠡᠵᠤ ᠦᠪᠡᠷᠳᠡᠭᠡᠨ ᠵᠠᠰᠠᠬᠤ ᠤᠷᠤᠨ ᠤ ᠡᠨᠤᠷᠬᠢ ᠶᠢᠨ ᠲᠤᠪᠴᠢᠶ᠎ᠠ ᠶᠢᠨ ᠳᠡᠳ᠋ ᠳᠠᠷᠤᠭ᠎ᠠ ᠴᠤᠨ ᠵᠤᠩ ᠬᠡᠯᠡᠨ᠎ᠠ᠃   12 ᠰᠠᠷ᠎ᠠ ᠢᠢᠨ 26᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠠᠴᠠ ︽2023 ᠤᠨ ᠤ ᠡᠷᠬᠢᠴᠡᠬᠦᠯᠤᠯ︾ ᠭᠤᠤᠯ ᠰᠡᠳᠤᠪᠳᠤ ᠰᠢᠷᠢᠰ ᠰᠤᠨᠢᠨ ᠮᠡᠳᠡᠭᠡ ᠨᠡᠶᠢᠳᠡᠯᠡᠬᠦ ᠬᠤᠷᠠᠯ ᠤᠨ ᠭᠤᠷᠪᠠᠳᠤᠭᠠᠷ ᠲᠠᠯᠠᠪᠤᠷ — ᠦᠪᠡᠷᠳᠡᠭᠡᠨ ᠵᠠᠰᠠᠬᠤ ᠤᠷᠤᠨ ᠤ ᠡᠨᠤᠷᠬᠢ ᠶᠢᠨ ᠲᠤᠪᠴᠢᠶ᠎ᠠ ᠶᠢᠨ ᠲᠤᠰᠬᠠᠢ ᠲᠠᠯᠠᠪᠤᠷ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠵᠤ᠂ ᠪᠦᠬᠦ ᠤᠷᠤᠨ ᠤ ᠡᠨᠤᠷᠬᠢ ᠶᠢᠨ ᠠᠵᠢᠯ ᠪᠤᠯᠤᠨ ᠡᠨᠤᠷᠬᠢ ᠶᠢᠨ ᠠᠵᠤ ᠠᠬᠤᠢ ᠶᠢᠨ ᠬᠦᠭᠵᠢᠯᠳᠡ ᠶᠢᠨ ᠪᠠᠶᠢᠳᠠᠯ ᠢ ᠪᠦᠬᠦ ᠲᠠᠯ᠎ᠠ ᠪᠠᠷ ᠲᠠᠨᠢᠯᠴᠠᠭᠤᠯᠪᠠ᠃   2023 ᠤᠨ ᠳᠤ ᠮᠠᠨ ᠤ ᠤᠷᠤᠨ ᠰᠢᠨ᠎ᠠ ᠡᠨᠤᠷᠬᠢ ᠶᠢᠨ ᠶᠡᠷᠤᠩᠬᠡᠢ ᠮᠠᠰᠢᠨ ᠴᠤᠭᠴᠠᠯᠠᠪᠤᠷᠢ᠂ ᠰᠢᠨ᠎ᠠ ᠡᠨᠤᠷᠬᠢ ᠶᠢᠨ ᠰᠢᠨ᠎ᠠ ᠪᠠᠷ ᠨᠡᠮᠡᠭᠳᠡᠭᠰᠡᠨ ᠮᠠᠰᠢᠨ ᠴᠤᠭᠴᠠᠯᠠᠪᠤᠷᠢ᠂ ᠰᠢᠨ᠎ᠠ ᠡᠨᠤᠷᠬᠢ ᠪᠠᠷ ᠴᠠᠬᠢᠯᠭᠠᠨ ᠭᠠᠷᠭᠠᠭᠰᠠᠨ ᠬᠡᠮᠵᠢᠶ᠎ᠠ᠂ ᠴᠠᠬᠢᠯᠭᠠᠨ ᠬᠦᠴᠦᠨ ᠤ ᠶᠡᠷᠤᠩᠬᠡᠢ ᠮᠠᠰᠢᠨ ᠴᠤᠭᠴᠠᠯᠠᠪᠤᠷᠢ᠂ ᠴᠠᠬᠢᠯᠭᠠᠨ ᠬᠦᠴᠦᠨ ᠤ ᠰᠢᠨ᠎ᠠ ᠪᠠᠷ ᠨᠡᠮᠡᠭᠳᠡᠭᠰᠡᠨ ᠮᠠᠰᠢᠨ ᠴᠤᠭᠴᠠᠯᠠᠪᠤᠷᠢ᠂ ᠴᠠᠬᠢᠯᠭᠠᠨ ᠬᠦᠴᠦᠨ ᠤ ᠴᠠᠬᠢᠯᠭᠠᠨ ᠭᠠᠷᠭᠠᠯᠳᠠ ᠶᠢᠨ ᠬᠡᠮᠵᠢᠶ᠎ᠠ᠂ ᠭᠠᠳᠠᠭᠰᠢ ᠬᠦᠷᠬᠡᠭᠰᠡᠨ ᠴᠠᠬᠢᠯᠭᠠᠨ ᠤ ᠬᠡᠮᠵᠢᠶ᠎ᠠ᠂ ᠨᠡᠬᠦᠷᠡᠰᠤ ᠶᠢ ᠭᠠᠳᠠᠭᠰᠢ ᠲᠠᠬᠡᠬᠡᠪᠤᠷᠢᠯᠡᠭᠰᠡᠨ ᠬᠡᠮᠵᠢᠶ᠎ᠠ᠂ ᠨᠡᠬᠦᠷᠡᠰᠤᠨ ᠤ ᠬᠠᠩᠭᠠᠯᠭ᠎ᠠ ᠶᠢ ᠪᠠᠳᠤᠯᠠᠬᠤ ᠡᠬᠦᠷᠬᠡ ᠶᠢ ᠪᠡᠶᠡᠯᠡᠬᠦᠯᠦᠭᠰᠡᠨ ᠬᠡᠮᠵᠢᠶ᠎ᠠ᠂ ᠨᠡᠬᠦᠷᠡᠰᠤ ᠪᠠᠷ ᠰᠢᠳᠠᠮᠠᠬᠠᠢ ᠬᠡᠢ ᠦᠢᠯᠡᠳᠬᠦ ᠦᠢᠯᠡᠳᠪᠤᠷᠢᠯᠡᠯ ᠤᠨ ᠴᠢᠳᠠᠪᠤᠷᠢ ᠵᠡᠷᠬᠡ 10 ᠲᠠᠯ᠎ᠠ ᠪᠠᠷ ᠪᠦᠬᠦ ᠤᠯᠤᠰ ᠤᠨ ᠨᠢᠬᠡᠳᠤᠬᠡᠷ ᠲᠤ ᠵᠢᠭᠰᠠᠵᠤ᠂ ᠤᠯᠤᠰ ᠤᠨ ᠴᠢᠬᠤᠯᠠ ᠡᠨᠤᠷᠬᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠬᠡᠨ ᠪᠠᠶᠢᠭᠤᠯᠬᠤ ᠵᠠᠮ ᠢᠶᠠᠷ ᠵᠢᠯᠤᠭᠤ ᠰᠤᠩᠭᠠᠨ ᠤᠷᠤᠭᠰᠢᠯᠠᠵᠠᠢ᠃ ᠡᠨᠤᠷᠬᠢ ᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠬᠡᠪᠴᠢᠶ᠎ᠠ ᠰᠢᠨ᠎ᠡ ᠦᠨᠳᠦᠷ ᠲᠦᠪᠰᠢᠨ ᠳᠤ ᠬᠦᠷᠴᠦ᠂ ᠡᠨᠤᠷᠬᠢ ᠶᠢᠨ ᠠᠵᠤ ᠦᠢᠯᠡᠰ ᠨᠢ ᠪᠦᠬᠦ ᠤᠷᠤᠨ ᠤ ᠠᠵᠤ ᠠᠬᠤᠢ ᠶᠢᠨ ︽ᠲᠤᠯᠭᠠᠭᠤᠷᠢ ᠪᠠᠭᠠᠨ᠎ᠠ︾᠂ ᠪᠦᠬᠦ ᠤᠷᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ︽ᠰᠠᠭᠤᠷᠢ ᠴᠢᠯᠠᠭᠤ︾᠎ ᠶᠢᠨ ᠦᠢᠯᠡᠳᠦᠯ ᠢ ᠦᠨᠡᠨ ᠬᠦ ᠪᠠᠳᠠᠷᠠᠭᠤᠯᠪᠠ᠃ ᠤᠳᠤ ᠮᠠᠨ ᠤ ᠤᠷᠤᠨ ᠤ ᠰᠠᠯᠬᠢᠨ ᠬᠦᠴᠦ ᠶᠢᠨ ᠴᠠᠬᠢᠯᠭᠠᠨ ᠤ ᠪᠦᠬᠦᠯᠢ ᠴᠤᠭᠴᠠ ᠪᠠᠷ ᠢᠵᠢ ᠪᠦᠷᠢᠳᠤᠬᠦᠯᠬᠦ ᠴᠢᠳᠠᠪᠤᠷᠢ᠂ ᠬᠡᠷᠡᠯᠴᠢ ᠴᠡᠨᠡᠭ ᠤᠨ ᠲᠤᠨᠤᠭᠯᠠᠯ ᠬᠠᠩᠭᠠᠬᠤ ᠴᠢᠳᠠᠪᠤᠷᠢ᠂ ᠤᠰᠤᠳᠦ᠋ᠷᠦᠭᠴᠢ ᠦᠢᠯᠡᠳᠬᠦ ᠲᠦᠬᠦᠬᠡᠷᠦᠮᠵᠢ ᠶᠢᠨ ᠦᠢᠯᠡᠳᠪᠤᠷᠢᠯᠡᠯ ᠤᠨ ᠴᠢᠳᠠᠪᠤᠷᠢ ᠪᠤᠯᠤᠨ ᠨᠦᠬᠡᠴᠡ ᠡᠨᠤᠷᠬᠢ ᠶᠢᠨ ᠲᠤᠨᠤᠭᠯᠠᠯ ᠦᠢᠯᠡᠳᠪᠤᠷᠢᠯᠡᠬᠦ ᠴᠢᠳᠠᠪᠤᠷᠢ ᠨᠢ ᠲᠤᠰ ᠲᠤᠰ 500 ᠲᠦᠮᠡᠨ ᠺᠢᠯᠤᠸᠠᠲ᠂ 3000 ᠲᠦᠮᠡᠨ ᠺᠢᠯᠤᠸᠠᠲ᠂ 250 ᠰᠠᠭᠤᠷᠢ ᠢᠵᠢ᠂ 100 ᠲᠦᠮᠡᠨ ᠺᠢᠯᠤᠸᠠᠲ ᠴᠠᠭ ᠲᠤ ᠬᠦᠷᠴᠦ᠂ ᠡᠨᠤᠷᠬᠢ ᠶᠢᠨ ᠠᠵᠤ ᠦᠢᠯᠡᠰ ᠤᠨ ᠪᠦᠳᠦᠴᠡ ᠶᠢ ᠰᠢᠯᠢᠳᠡᠭᠵᠢᠬᠦᠯᠬᠦ᠂ ᠪᠦᠬᠦ ᠤᠷᠤᠨ ᠪᠠ ᠪᠦᠬᠦ ᠤᠯᠤᠰ ᠤᠨ ᠠᠵᠤ ᠦᠢᠯᠡᠰ ᠤᠨ ᠠᠮᠤᠷ ᠲᠦᠪᠰᠢᠨ ᠢ ᠲᠤᠯᠭᠠᠭᠤᠷᠢᠯᠠᠬᠤ ᠳᠤ ᠴᠢᠬᠤᠯᠠ ᠦᠢᠯᠡᠳᠤᠯ ᠢ ᠪᠠᠳᠠᠷᠠᠭᠤᠯᠪᠠ᠃ ᠤᠳᠤ ᠪᠦᠬᠦ ᠤᠷᠤᠨ ᠤ ᠵᠢᠯ ᠤᠨ ᠨᠡᠬᠦᠷᠡᠰᠤ ᠪᠠᠷ ᠰᠢᠳᠠᠮᠠᠬᠠᠢ ᠬᠡᠢ ᠦᠢᠯᠡᠳᠬᠦ ᠦᠢᠯᠡᠳᠪᠤᠷᠢᠯᠡᠯ ᠤᠨ ᠴᠢᠳᠠᠪᠤᠷᠢ 43 ᠳ᠋ᠦᠩᠰᠢᠭᠤᠷ ᠪᠤᠰᠤᠭ᠎ᠠ ᠲᠦᠷᠪᠡᠯᠵᠢᠨ ᠮᠤᠳ᠋ᠷ ᠬᠦᠷᠴᠦ᠂ ᠪᠦᠬᠦ ᠤᠯᠤᠰ ᠲᠤ ᠲᠦᠷᠤᠬᠦᠯᠡᠨ᠂ ᠪᠠᠶᠢᠭᠠᠯᠢ ᠶᠢᠨ ᠰᠢᠳᠠᠮᠠᠬᠠᠢ ᠬᠡᠢ ᠶᠢ ᠭᠠᠳᠠᠭᠰᠢ ᠬᠦᠷᠬᠡᠭᠰᠡᠨ ᠬᠡᠮᠵᠢᠶ᠎ᠠ ᠨᠢ ᠪᠦᠬᠦ ᠤᠯᠤᠰ ᠤᠨ 1/6᠎ ᠶᠢ ᠡᠵᠡᠯᠡᠵᠤ᠂ ︽ᠪᠠᠷᠠᠭᠤᠨᠳᠡᠬᠢ ᠬᠡᠢ ᠶᠢ ᠵᠡᠬᠦᠨᠰᠢ ᠬᠦᠷᠬᠡᠬᠦ︾ ᠴᠢᠬᠤᠯᠠ ᠪᠠᠳᠤᠯᠠᠭ᠎ᠠ ᠶᠢᠨ ᠰᠠᠭᠤᠷᠢᠨ ᠤ ᠪᠦᠳᠦᠬᠡᠨ ᠪᠠᠶᠢᠭᠤᠯᠤᠯᠳᠠ ᠰᠢᠨ᠎ᠠ ᠲᠡᠭᠳᠡᠷ ᠲᠤ ᠭᠠᠷᠤᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号