ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠤᠳᠤᠷᠢᠳᠬᠤ ᠨᠥᠬᠦᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠭᠠᠳᠠᠨᠠᠬᠢ ᠬᠥᠮᠦᠰ ᠲᠠᠢ ᠬᠠᠷᠢᠯᠴᠠᠵᠤ ᠨᠥᠬᠦᠷᠯᠡᠯ ᠪᠠᠶᠢᠭᠤᠯᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/12/29
    ᠤᠢᠢᠷ᠎ᠠ ᠶᠢᠨ ᠡᠳᠦᠷ ᠲᠤ᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠤᠳᠤᠷᠢᠳᠬᠤ ᠨᠥᠬᠦᠳ ᠤᠯᠠᠨ ᠵᠦᠢᠯ ᠤᠨ ᠠᠷᠭ᠎ᠠ ᠬᠡᠯᠪᠡᠷᠢ ᠪᠠᠷ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠲᠠᠢ ᠨᠥᠬᠦᠷᠯᠡᠨ ᠨᠠᠶᠢᠵᠠᠯᠠᠬᠤ ᠠᠵᠢᠯ ᠥᠷᠨᠢᠭᠦᠯᠪᠡ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠠᠷᠢᠯᠴᠠᠵᠤ ᠪᠠᠶᠢᠭ᠎ᠠ ᠨᠠᠮ ᠤᠨ ᠭᠠᠳᠠᠨᠠᠬᠢ ᠬᠥᠮᠦᠰ ᠲᠠᠢ ᠶᠠᠷᠢᠯᠴᠠᠨ ᠰᠣᠯᠢᠯᠴᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠶᠢ ᠨᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠠᠷᠢᠯᠴᠠᠵᠤ ᠪᠠᠶᠢᠭ᠎ᠠ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠪᠣᠯᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠵᠦ᠂ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠪᠤᠰᠤᠳ ᠮᠤᠵᠢ ᠶᠢᠨ ᠲᠡᠰ ᠤᠨ ᠤᠳᠤᠷᠢᠳᠬᠤ ᠨᠥᠬᠦᠳ ᠤᠯᠠᠨ ᠵᠦᠢᠯ ᠤᠨ ᠠᠷᠭ᠎ᠠ ᠬᠡᠯᠪᠡᠷᠢ ᠪᠠᠷ ᠬᠠᠷᠢᠯᠴᠠᠵᠤ ᠨᠥᠬᠦᠷᠯᠡᠯ ᠪᠠᠶᠢᠭᠤᠯᠬᠤ ᠠᠵᠢᠯ ᠥᠷᠨᠢᠭᠦᠯᠵᠦ᠂ ᠬᠦᠴᠢᠷᠳᠡᠯ ᠪᠣᠯᠤᠨ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠦ᠂ ᠤᠯᠠᠨ ᠢ ᠤᠷᠮᠠᠰᠢᠭᠤᠯᠤᠨ ᠵᠣᠷᠢᠭᠵᠢᠭᠤᠯᠪᠠ᠃    ︽ᠨᠦᠬᠦᠷᠯᠡᠨ ᠨᠠᠶᠢᠵᠠᠯᠠᠬᠤ ᠠᠵᠢᠯ ᠨᠢ ᠮᠠᠰᠢ ᠰᠠᠶᠢᠨ ᠤᠯᠤᠯᠴᠠᠬᠤ ᠦᠢᠯᠡᠳᠦᠯ ᠦᠵᠡᠭᠦᠯᠵᠡᠢ᠂ ᠠᠷᠠᠳᠴᠢᠯᠠᠭᠰᠠᠨ ᠨᠠᠮ ᠪᠦᠯᠦᠭ ᠤᠨ ᠪᠦᠷᠢᠯᠳᠦᠬᠦᠨ ᠪᠣᠯᠤᠭᠰᠠᠨ ᠤ ᠬᠤᠪᠢ ᠳᠤ ᠬᠤᠶᠢᠰᠢᠳᠠ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠪᠤᠳᠤᠯ ᠢᠶᠠᠨ ᠨᠢᠭᠡᠳᠭᠡᠨ᠂ ᠴᠤᠭ ᠲᠠᠭᠠᠨ ᠬᠢᠵᠤ᠂ ᠵᠤᠭᠰᠤᠯᠳᠠ ᠪᠠᠨ ᠨᠢᠭᠡᠳᠭᠡᠵᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠠ︾ ᠭᠡᠵᠤ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠳᠡᠳ᠋ ᠡᠷᠬᠢᠯᠡᠭᠴᠢ ᠭᠡᠰᠢᠭᠦᠨ ᠵᠠᠩ ᠾᠧ ᠫᠢᠩ ᠬᠡᠯᠡᠪᠡ ᠃ ᠶᠢᠨ ᠢᠦᠶ ᠠᠮᠢᠳᠤ ᠪᠣᠳᠠᠰ ᠤᠨ ᠮᠡᠷᠭᠡᠵᠢᠯ ᠤᠨ ᠬᠤᠪᠢᠴᠠᠭᠠᠳᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠦᠩ ᠢᠦᠶ᠂ ᠬᠦᠰᠡᠯ ᠨᠠᠶᠢᠳᠠᠯᠭ᠎ᠠ ᠶᠢ ᠨᠢ ᠯᠠᠪᠲᠠᠶ ᠪᠠᠲᠤ ᠴᠡᠭᠡᠵᠢᠯᠡᠵᠦ᠂ ᠡᠷᠡᠰ ᠰᠢᠭᠤᠷᠬᠠᠶ ᠠᠵᠢᠯᠯᠠᠵᠤ᠂ ᠵᠣᠷᠢᠭᠲᠠᠶ ᠪᠠᠷ ᠤᠷᠤᠭᠰᠢᠯᠠᠵᠤ᠂ ᠪᠥᠬᠦ ᠣᠷᠣᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ ᠬᠠᠩᠭᠠᠨ᠎ᠠ ᠭᠡᠵᠤ ᠢᠯᠡᠳᠭᠡᠪᠡ᠃    ᠣᠶᠢᠯᠠᠭᠠᠭᠰᠠᠨ ᠢᠶᠠᠷ᠂ ᠮᠤᠵᠢ ᠶᠢᠨ ᠲᠠᠰ ᠤᠨ ᠤᠳᠤᠷᠢᠳᠬᠤ ᠨᠥᠬᠦᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠨᠠᠮ ᠤᠨ ᠭᠠᠳᠠᠨᠠᠬᠢ ᠬᠥᠮᠦᠰ ᠲᠠᠢ ᠬᠠᠷᠢᠯᠴᠠᠵᠤ ᠨᠥᠬᠦᠷᠯᠡᠯ ᠪᠠᠶᠢᠭᠤᠯᠬᠤ ᠠᠵᠢᠯ ᠢ ᠰᠠᠶᠢᠲᠤᠷ ᠥᠷᠨᠢᠭᠦᠯᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠲᠤᠰᠬᠠᠶᠢᠯᠠᠨ ᠠᠵᠢᠯ ᠤᠨ ᠲᠥᠰᠦᠯ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠠᠰ ᠤᠨ 35 ᠤᠳᠤᠷᠢᠳᠬᠤ ᠨᠥᠬᠦᠳ 6 ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ 140 ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠠᠳᠠᠨᠠᠬᠢ ᠲᠥᠯᠥᠭᠡᠯᠡᠭᠴᠢ ᠬᠥᠮᠦᠰ ᠲᠠᠢ ᠬᠠᠷᠢᠯᠴᠠᠵᠤ᠂ ᠰᠡᠳᠭᠢᠯ ᠤᠨ ᠦᠭᠡ ᠪᠠᠨ ᠶᠠᠷᠢᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠲᠤᠭᠤᠷᠢᠨ ᠦᠵᠡᠵᠦ ᠲᠣᠬᠤᠨᠢᠭᠤᠯᠬᠤ᠂ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠠᠷᠢᠯᠴᠠᠵᠤ ᠨᠥᠬᠦᠷᠯᠡᠯ ᠪᠠᠶᠢᠭᠤᠯᠬᠤ ᠠᠵᠢᠯ ᠥᠷᠨᠢᠭᠦᠯᠬᠦ ᠶᠢ ᠲᠣᠳᠣᠷᠬᠠᠶᠢᠯᠠᠪᠠ᠃ ︽ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠯᠴᠠᠵᠤ ᠨᠥᠬᠦᠷᠯᠡᠯ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠲᠠᠰᠤᠷᠠᠯᠲᠠ ᠦᠭᠡᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠪᠡᠶᠡᠯᠡᠭᠦᠯᠬᠦ ᠳᠤ ᠨᠡᠩ ᠥᠷᠭᠡᠨ ᠳᠡᠯᠭᠡᠷ ᠬᠥᠮᠦᠰ ᠤᠨ ᠰᠡᠳᠭᠢᠯ ᠪᠠ ᠬᠦᠴᠦᠨ ᠴᠢᠳᠠᠯ ᠢ ᠨᠢᠭᠲᠠᠷᠠᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠺᠠᠳ᠋ᠷ ᠤᠨ ᠭᠠᠵᠠᠷ ᠤᠨ ᠳᠠᠷᠤᠭ᠎ᠠ ᠵᠠᠩ ᡁᠢ ᠬᠡᠯᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号