ᠠᠮᠢᠰᠬᠤᠯ ᠤᠨ ᠵᠠᠮ ᠤᠨ ᠡᠪᠡᠳᠴᠢᠨ ᠲᠠᠬᠤᠯ ᠡᠪᠦᠯ ᠤᠨ ᠤᠯᠠᠷᠢᠯ ᠬᠠᠯᠳᠠᠪᠤᠷᠢᠯᠠᠨ ᠳᠡᠯᠭᠡᠷᠡᠬᠦ ᠣᠷᠭᠢᠯ ᠦᠶ᠎ᠡ ᠳᠤ ᠣᠷᠣᠪᠠ
ᠨᠡᠶᠢᠲᠡᠯᠡᠭᠰᠡᠨ ᠴᠠᠭ᠄
2023/12/30
    ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠤᠨ 13᠎ ᠤ ᠡᠳᠦᠷ ᠬᠢᠭᠰᠡᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠮᠠᠨ ᠤ ᠤᠯᠤᠰ ᠲᠤ ᠠᠮᠢᠰᠬᠤᠯ ᠤᠨ ᠵᠠᠮ ᠤᠨ ᠡᠪᠡᠳᠴᠢᠨ ᠲᠠᠬᠤᠯ ᠡᠪᠦᠯ ᠤᠨ ᠤᠯᠠᠷᠢᠯ ᠬᠠᠯᠳᠠᠪᠤᠷᠢᠯᠠᠨ ᠳᠡᠯᠭᠡᠷᠡᠬᠦ ᠣᠷᠭᠢᠯ ᠦᠶ᠎ᠡ ᠳᠡᠭᠡᠨ ᠣᠷᠣᠵᠤ᠂ ᠡᠯ᠎ᠡ ᠭᠠᠵᠠᠷ ᠤᠨ ᠬᠢᠨ ᠣᠯᠠᠨ ᠲᠥᠷᠥᠯ ᠤᠨ ᠡᠪᠡᠳᠴᠢᠨ ᠢ ᠵᠡᠷᠭᠡ ᠪᠠᠷ ᠰᠡᠷᠭᠡᠶᠢᠯᠡᠨ ᠵᠡᠷᠭᠡ ᠳᠤᠨᠢ ᠡᠮᠨᠡᠨ ᠵᠠᠰᠠᠬᠤ ᠶᠢ ᠪᠠᠷᠢᠮᠲᠠᠯᠠᠬᠤ ᠬᠡᠷᠡᠭᠲᠡᠢ ᠭᠡᠵᠡᠢ᠃ ᠡᠪᠦᠯ ᠠᠴᠠ ᠨᠠᠭᠠᠰᠢ ᠠᠭᠤᠰᠬᠢᠨ ᠤ ᠦᠷᠪᠢᠰᠦᠯ ᠤᠨ ᠮᠢᠺᠣᠪᠯᠠᠨᠰᠮ᠂ ᠰᠢᠨ᠎ᠡ ᠺᠣᠷᠣᠨᠠ ᠸᠢᠷᠦ᠋ᠰ ᠤᠨ ᠬᠢᠵᠢᠭ ᠂ ᠬᠠᠨᠢᠶᠠᠳᠤ ᠲᠠᠭᠰᠢᠭᠤᠷ ᠵᠡᠷᠭᠡ ᠡᠪᠡᠳᠴᠢᠨ ᠲᠠᠬᠤᠯ ᠶᠡᠭᠡ ᠪᠠᠷ ᠳᠡᠯᠭᠡᠷᠡᠵᠦ ᠪᠠᠶᠢᠨ᠎ᠠ᠃ ᠪᠡᠭᠡᠵᠢᠩ ᠬᠤᠲᠠ ᠶᠢᠨ ᠪᠠᠶᠢᠳᠠᠯ ᠠᠴᠠ ᠦᠵᠡᠪᠡᠯ᠂ ᠠᠭᠤᠰᠬᠢᠨ ᠤ ᠦᠷᠪᠢᠰᠦᠯ ᠤᠨ ᠮᠢᠺᠣᠪᠯᠠᠨᠰᠮ ᠲᠤ ᠬᠠᠯᠳᠠᠪᠤᠷᠢᠯᠠᠭᠳᠠᠭᠰᠠᠨ ᠬᠡᠦᠬᠡᠳ ᠪᠠᠭᠠᠴᠤᠳ ᠪᠠ ᠬᠠᠨᠢᠶᠠᠳᠤ ᠲᠠᠭᠰᠢᠭᠤᠷ ᠲᠤ ᠬᠠᠯᠳᠠᠪᠤᠷᠢᠯᠠᠭᠳᠠᠭᠰᠠᠨ ᠨᠠᠰᠤᠨ ᠳᠤ ᠬᠦᠷᠦᠭᠰᠡᠳ ᠨᠡᠯᠢᠶᠡᠳ ᠣᠯᠠᠨ ᠪᠣᠯᠬᠤᠷ ᠤᠷᠢᠳᠴᠢᠯᠠᠨ ᠰᠢᠯᠭᠠᠵᠤ ᠬᠤᠪᠢᠶᠠᠨ ᠡᠮᠴᠢᠯᠡᠬᠦ ᠠᠵᠢᠯ ᠤᠨ ᠳᠦᠷᠢᠮ ᠢ ᠬᠡᠷᠡᠭᠵᠢᠭᠦᠯᠵᠦ ᠪᠠᠶᠢᠨ᠎ᠠ᠃ ᠡᠭᠦᠨ ᠤ ᠬᠠᠮᠲᠤ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠤᠷᠢᠳᠴᠢᠯᠠᠨ ᠣᠨᠣᠰᠢᠯᠠᠵᠤ ᠡᠮᠨᠡᠨ ᠵᠠᠰᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号