ᠲᠤᠰᠬᠠᠢ ᠮᠡᠷᠭᠡᠵᠢᠯᠲᠡᠨ᠄ ᠬᠡᠦᠬᠡᠳ ᠲᠤ ᠡᠶᠢᠮᠦ ᠡᠮ ᠢ ᠥᠪᠡᠷᠲᠡᠭᠡᠨ ᠤᠤᠭᠤᠯᠭᠠᠬᠤ ᠶᠢ ᠰᠠᠨᠠᠭᠠᠴᠢᠯᠠᠬᠤ ᠦᠭᠡᠢ
ᠨᠡᠶᠢᠲᠡᠯᠡᠭᠰᠡᠨ ᠴᠠᠭ᠄
2023/12/30
     ᠣᠳᠣᠬᠠᠨ ᠳᠤ ᠣᠯᠠᠨ ᠵᠦᠢᠯ ᠤᠨ ᠠᠮᠢᠰᠬᠤᠯ ᠤᠨ ᠵᠠᠮ ᠤᠨ ᠡᠪᠡᠳᠴᠢᠨ ᠳᠡᠯᠭᠡᠷᠡᠵᠦ ᠪᠠᠶᠢᠨ᠎ᠠ᠂ 13᠎ ᠤ ᠡᠳᠦᠷ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠤᠷᠢᠵᠤ ᠮᠠᠨ ᠤ ᠤᠯᠤᠰ ᠤᠨ ᠡᠪᠦᠯ ᠤᠨ ᠤᠯᠠᠷᠢᠯ ᠤᠨ ᠠᠮᠢᠰᠬᠤᠯ ᠤᠨ ᠵᠠᠮ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠮᠢ ᠹᠧᠩ᠄ ᠡᠯ᠎ᠡ ᠭᠠᠵᠠᠷ ᠤᠨ ᠬᠢᠨ ᠬᠤᠶᠢᠨ᠎ᠠ ᠬᠤᠶᠢᠨ᠎ᠠ ᠠᠴᠠ ᠪᠠᠨ ᠡᠪᠦᠯ ᠣᠷᠣᠬᠤ ᠶᠢ ᠳᠠᠭᠠᠯᠳᠤᠨ᠂ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠬᠦ ᠤᠯᠠᠷᠢᠯ ᠳᠤ ᠣᠷᠣᠵᠤ᠂ ᠣᠳᠣᠬᠠᠨ ᠳᠤ ᠣᠯᠠᠨ ᠵᠦᠢᠯ ᠤᠨ ᠠᠮᠢᠰᠬᠤᠯ ᠤᠨ ᠵᠠᠮ ᠤᠨ ᠡᠪᠡᠳᠴᠢᠨ ᠳᠠᠪᠬᠤᠴᠠᠨ ᠲᠡᠯᠭᠡᠷᠡᠵᠦ ᠪᠠᠶᠢᠨ᠎ᠠ᠃ ᠡᠯ᠎ᠡ ᠭᠠᠵᠠᠷ ᠤᠨ ᠬᠢᠨ ᠤᠯᠠᠨ ᠡᠪᠡᠳᠴᠢᠨ ᠢ ᠵᠡᠷᠭᠡᠪᠡᠷ ᠰᠡᠷᠭᠡᠶᠢᠯᠡᠵᠦ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ᠂ ᠲᠠᠬᠤᠯ ᠲᠠᠭᠰᠢᠭᠤᠷ᠂ ᠳ᠋ᠥᠩᠬᠦ᠋ ᠬᠠᠯᠠᠭᠤᠷᠠᠯ᠂ ᠨᠦᠷᠦ᠋ ᠸᠢᠷᠦ᠋ᠰ ᠤᠨ ᠬᠠᠯᠳᠠᠪᠤᠷᠢᠯᠠᠯ ᠵᠡᠷᠭᠡ ᠳᠡᠯᠭᠡᠷᠡᠵᠦ ᠪᠠᠶᠢᠭ᠎ᠠ ᠪᠠᠶᠢᠳᠠᠯ ᠢ ᠨᠢᠭᠲᠠ ᠠᠩᠬᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠸᠢᠷᠦ᠋ᠰ ᠤᠨ ᠠᠵᠢᠯᠯᠠᠭ᠎ᠠ ᠶᠢᠨ ᠬᠦᠴᠦᠯᠡᠴᠡ᠂ ᠸᠢᠷᠦ᠋ᠰ ᠤᠨ ᠣᠨᠳᠣᠣᠰᠢᠯ ᠵᠡᠷᠭᠡ ᠬᠤᠪᠢᠷᠠᠯᠲᠠ ᠶᠢ ᠡᠵᠡᠮᠰᠢᠬᠦ ᠬᠡᠷᠡᠭᠲᠡᠢ︔ ᠬᠥᠳᠡᠭᠡ ᠲᠣᠰᠬᠤᠨ ᠤ ᠭᠠᠵᠠᠷ ᠣᠷᠣᠨ᠂ ᠰᠤᠷᠭᠠᠭᠤᠯᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠠᠯᠳᠠᠪᠤᠷᠢᠲᠤ ᠡᠪᠡᠳᠴᠢᠨ ᠢ ᠬᠢᠨᠠᠨ ᠬᠡᠮᠵᠢᠬᠦ ᠪᠠ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ︔ ᠨᠠᠰᠤᠲᠠᠶᠢᠴᠤᠳ᠂ ᠰᠠᠭᠤᠷᠢ ᠴᠢᠨᠠᠷᠲᠠᠢ ᠡᠪᠡᠳᠴᠢᠲᠡᠨ᠂ ᠬᠡᠦᠬᠡᠳ ᠵᠡᠷᠭᠡ ᠭᠤᠣᠯᠳᠠᠯᠭ᠎ᠠ ᠲᠠᠢ ᠬᠥᠮᠥᠰ ᠢ ᠳᠠᠭᠠᠵᠤ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ᠃ ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠬᠢᠯᠡᠭᠴᠢ ᠡᠮᠴᠢ ᠸᠠᠩ ᠴᠢᠤᠸᠠᠨ᠄ ᠭᠡᠷ ᠤᠨ ᠠᠬᠠᠮᠠᠳ ᠬᠡᠦᠬᠡᠳ ᠲᠡᠭᠡᠨ ᠠᠼᠠᠮᠢᠼᠢᠨ ︵阿奇霉素︶ ᠵᠡᠷᠭᠡ ᠡᠮ ᠢ ᠦᠪᠡᠷ ᠤᠨ ᠰᠠᠨᠠᠭ᠎ᠠ ᠪᠠᠷ ᠢᠶᠠᠨ ᠤᠤᠭᠤᠯᠭᠠᠬᠤ ᠶᠢ ᠰᠠᠨᠠᠭᠠᠴᠢᠯᠠᠬᠤ ᠦᠭᠡᠢ᠃ ᠣᠳᠣᠬᠠᠨ ᠳᠤ ᠪᠣᠯ ᠬᠡᠦᠬᠡᠳ ᠤᠨ ᠠᠮᠢᠰᠬᠤᠯ ᠤᠨ ᠵᠠᠮ ᠤᠨ ᠡᠪᠡᠳᠴᠢᠨ ᠣᠯᠠᠨ ᠡᠭᠦᠰᠬᠦ ᠤᠯᠠᠷᠢᠯ ᠮᠥᠨ᠂ ᠬᠡᠳᠦ᠋ᠢᠪᠡᠷ ᠠᠭᠤᠰᠬᠢᠨ ᠦᠷᠪᠢᠰᠦᠯ ᠤᠨ ᠰᠠᠯᠠᠭᠠᠲᠤ ᠠᠩᠬᠠᠨ ᠤ ᠪᠡᠶᠡᠲᠦ ᠶᠢᠨ ᠬᠠᠯᠳᠠᠪᠤᠷᠢᠯᠠᠯ ᠤᠨ ᠡᠵᠡᠯᠡᠬᠦ ᠬᠠᠷᠢᠴᠠᠯ ᠨᠢ ᠪᠠᠭ᠎ᠠ ᠪᠤᠰᠤ ᠪᠣᠯᠪᠠᠴᠤ᠂ ᠪᠦᠬᠦᠯᠢ ᠴᠣᠭᠴᠠ ᠠᠴᠠ ᠨᠢ ᠠᠪᠴᠤ ᠦᠵᠡᠪᠡᠯ᠂ ᠸᠢᠷᠦ᠋ᠰ ᠪᠣᠯ ᠮᠥᠨ ᠯᠡ ᠣᠳᠣᠬᠠᠨ ᠤ ᠬᠡᠦᠬᠡᠳ ᠤᠨ ᠠᠮᠢᠰᠬᠤᠯ ᠤᠨ ᠵᠠᠮ ᠤᠨ ᠬᠠᠯᠳᠠᠪᠤᠷᠢᠯᠠᠯ ᠤᠨ ᠬᠠᠮᠤᠭ ᠤᠨ ᠣᠯᠠᠨ ᠲᠣᠬᠢᠶᠠᠯᠳᠤᠳᠠᠭ ᠡᠪᠡᠳᠴᠢᠨ ᠡᠭᠦᠰᠬᠡᠭᠴᠢ ᠮᠥᠨ᠂ ᠠᠼᠠᠮᠢᠼᠢᠨ ᠨᠢ ᠸᠢᠷᠦ᠋ᠰ ᠤᠨ ᠬᠠᠯᠳᠠᠪᠤᠷᠢᠯᠠᠯ ᠳᠤ ᠲᠤᠰᠠ ᠪᠣᠯᠬᠤ ᠦᠭᠡᠢ᠂ ᠠᠼᠠᠮᠢᠼᠢᠨ ᠢᠶᠠᠷ ᠸᠢᠷᠦ᠋ᠰ ᠤᠨ ᠬᠠᠯᠳᠠᠪᠤᠷᠢᠯᠠᠯ ᠢ ᠵᠠᠰᠠᠬᠤ ᠨᠢ ᠴᠦ ᠵᠣᠬᠢᠰ ᠦᠭᠡᠢ ᠶᠤᠮ᠃ ᠡᠮ ᠢ ᠳᠤᠷ᠎ᠠ ᠪᠠᠷ ᠢᠶᠠᠨ ᠬᠡᠷᠡᠭᠯᠡᠪᠡᠯ ᠬᠡᠦᠬᠡᠳ ᠲᠤ ᠮᠠᠭᠤ ᠦᠢᠯᠡᠳᠦᠯ ᠭᠠᠷᠭᠠᠵᠤ ᠮᠡᠳᠡᠨ᠎ᠡ᠂ ᠠᠷᠾᠢᠮᠢᠼᠢᠨ ᠪᠣᠯ ᠵᠣᠷ ᠤᠨ ᠡᠮ ᠪᠣᠯᠬᠤᠷ ᠡᠮᠴᠢ ᠶᠢᠨ ᠵᠢᠯᠣᠭᠤᠳᠤᠯᠭ᠎ᠠ ᠪᠠᠷ ᠳᠦᠷᠢᠮᠵᠢᠭᠦᠯᠦᠨ ᠬᠡᠷᠡᠭᠯᠡᠪᠡᠯ ᠵᠣᠬᠢᠨ᠎ᠠ᠂ ᠡᠭᠦᠨ ᠳᠤ ᠡᠮ ᠤᠨ ᠬᠡᠮᠵᠢᠶ᠎ᠡ ᠎ ᠨᠢ ᠲᠣᠬᠢᠷᠠᠮᠵᠢᠲᠠᠢ᠂ ᠡᠮᠴᠢᠯᠡᠭᠡᠨ ᠤ ᠬᠤᠭᠤᠴᠠᠭ᠎ᠠ ᠨᠢ ᠲᠣᠬᠢᠷᠠᠮᠵᠢᠲᠠᠢ᠂ ᠡᠮ ᠥᠭᠬᠦ ᠠᠷᠭ᠎ᠠ ᠵᠠᠮ ᠨᠢ ᠵᠥᠪ ᠵᠡᠷᠭᠡ ᠶᠢ ᠪᠠᠭᠲᠠᠭᠠᠨ᠎ᠠ᠃ ᠭᠡᠷ ᠤᠨ ᠠᠬᠠᠮᠠᠳ ᠲᠤ ᠰᠠᠨᠠᠭᠤᠯᠬᠤ ᠨᠢ᠂ ᠬᠡᠦᠬᠡᠳ ᠪᠣᠯ ᠨᠠᠰᠤᠨ ᠳᠤ ᠭᠦᠷᠦᠭᠰᠡᠳ ᠤᠨ ᠪᠠᠭᠠᠰᠬᠠᠭᠰᠠᠨ ᠬᠡᠪ ᠪᠢᠰᠢ᠂ ᠳᠤᠷ᠎ᠠ ᠪᠠᠷ ᠢᠶᠠᠨ ᠡᠮ ᠬᠡᠷᠡᠭᠯᠡᠵᠦ ᠪᠣᠯᠬᠤ ᠦᠭᠡᠢ᠂ ᠠᠶᠤᠯᠭᠦᠢ ᠴᠢᠨᠠᠷ ᠪᠠ ᠪᠦᠲᠦᠮᠵᠢᠲᠡᠶ ᠴᠢᠨᠠᠷ ᠢ ᠨᠢ ᠠᠩᠬᠠᠷᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号