ᠠᠵᠠ ᠬᠡᠶᠢᠮᠣᠷᠢ ᠡᠳᠡᠭᠡᠷ ᠠᠴᠠ ᠢᠷᠡᠯᠲᠡ ᠲᠠᠢ
ᠨᠡᠶᠢᠲᠡᠯᠡᠭᠰᠡᠨ ᠴᠠᠭ᠄
2023/12/30
   1. ᠭᠠᠭᠴᠠᠭᠠᠷ ᠢᠶᠠᠨ ᠪᠠᠶᠢᠵᠦ ᠰᠣᠷᠬᠤ᠃ ᠭᠠᠭᠴᠠᠭᠠᠷ ᠪᠠᠶᠢᠬᠤ ᠪᠣᠯ ᠨᠢᠭᠡ ᠵᠦᠢᠯ ᠤᠨ ᠴᠢᠳᠠᠪᠤᠷᠢ ᠮᠥᠨ᠃ ᠨᠢᠭᠡ ᠬᠥᠮᠥᠨ ᠤ ᠶᠢᠷᠲᠢᠨᠴᠦ ᠳᠤ᠂ ᠥᠪᠡᠷ ᠢ ᠪᠠᠨ ᠰᠠᠶᠢᠲᠤᠷ ᠳᠣᠬᠢᠷᠠᠭᠤᠯᠵᠦ᠂ ᠳᠣᠲᠣᠭᠠᠳᠤ ᠰᠡᠳᠬᠢᠯ ᠢᠶᠠᠨ ᠮᠡᠳᠡᠷᠡᠨ ᠂ ᠡᠷᠬᠡ ᠴᠢᠯᠦᠭᠡ ᠲᠠᠢ ᠪᠠᠷ ᠥᠪᠡᠷ ᠤᠨ ᠰᠠᠨᠠᠬᠰᠠᠨ ᠵᠦᠢᠯ ᠢᠶᠠᠨ ᠢᠯᠡᠷᠡᠭᠦᠯᠵᠦ᠂ ᠰᠡᠳᠬᠢᠯ ᠤᠨ ᠳᠣᠲᠣᠭᠠᠳᠤ ᠬᠦᠴᠦᠨ ᠴᠢᠳᠠᠯ ᠢᠶᠠᠨ ᠠᠭᠤᠳᠠᠯᠯᠠᠵᠦ ᠠᠮᠢᠳᠣᠷᠠᠬᠤ ᠳᠤ ᠭᠠᠭᠴᠠᠭᠠᠷ ᠪᠠᠶᠢᠬᠤ ᠦᠶ᠎ᠡ ᠳᠣᠰᠠᠯᠠᠳᠠᠭ᠃ 2. ᠦᠬᠡᠳᠡᠷᠬᠡᠭ ᠪᠠᠶᠢᠵᠦ ᠰᠣᠷᠬᠤ᠃ ᠠᠮᠢᠳᠤᠷᠠᠯ ᠪᠣᠯ ᠦᠪᠡᠷ ᠢ ᠪᠠᠨ ᠳᠣᠯᠢᠳᠠᠬᠤ ᠲᠣᠯᠢ ᠮᠥᠨ᠃ ᠴᠢᠮᠠᠶᠢ ᠪᠠᠶᠠᠷᠳᠠᠢ ᠦᠶ᠎ᠡ ᠳᠤ ᠲᠡᠷᠡ ᠥᠭᠡᠳᠡ ᠠᠴᠠ ᠴᠢᠨᠢ ᠮᠦᠰᠢᠶᠡᠵᠦ ᠪᠠᠶᠢᠳᠠᠭ᠃ ᠭᠤᠨᠢᠬᠯᠠᠪᠠᠯ ᠮᠦᠨ ᠳᠠᠭᠠᠭᠠᠳ ᠭᠤᠨᠢᠬᠳᠠᠢ ᠬᠠᠷᠠᠭᠳᠠᠳᠠᠭ᠃ ᠡᠶᠢᠮᠦ ᠠᠴᠠ ᠦᠩᠭᠡᠷᠡᠭᠰᠡᠨ ᠢ ᠮᠠᠷᠳᠠᠵᠦ᠂ ᠣᠷᠣᠬᠰᠢ ᠪᠠᠨ ᠬᠠᠷᠠᠵᠦ᠂ ᠦᠭᠡᠳᠡᠷᠭᠡᠭ ᠠᠮᠢᠳᠣᠷᠠᠬᠤ ᠶᠤᠰᠤᠳᠠᠢ᠃ 3. ᠦᠪᠡᠷ ᠤᠨ ᠬᠢ ᠪᠠᠷ ᠢᠶᠠᠨ ᠰᠡᠳᠬᠢᠵᠦ ᠰᠣᠷᠬᠤ᠃ ᠨᠠᠷᠢᠨ ᠪᠤᠳᠤᠯᠢᠶᠠᠨᠲᠠᠢ ᠭᠡᠷᠡᠭ ᠶᠠᠪᠤᠳᠠᠯ ᠤᠨ ᠡᠮᠦᠨ᠎ᠡ᠂ ᠬᠡᠷᠪᠡ ᠪᠡᠶ᠎ᠡ ᠪᠠᠨ ᠳᠠᠭᠠᠭᠠᠵᠤ ᠦᠪᠡᠷ ᠤᠨ ᠬᠢ ᠪᠠᠷ ᠢᠶᠠᠨ ᠰᠡᠳᠬᠢᠬᠦ ᠴᠢᠳᠠᠪᠤᠷᠢ ᠦᠭᠡᠢ ᠪᠣᠯ ᠣᠶᠤᠨᠴᠢ ᠮᠠᠭᠠᠳᠯᠠᠯᠲᠠ ᠪᠠᠨ ᠠᠯᠳᠠᠬᠤ ᠳ᠋ᠤᠬᠦ᠋ᠷᠦᠨ᠎ᠡ᠃ ᠰᠢᠢᠳᠪᠦᠷᠢ ᠭᠠᠷᠭᠠᠬᠤ ᠠᠴᠠ ᠪᠠᠨ ᠡᠮᠦᠨ᠎ᠡ᠂ ᠥᠪᠡᠷ ᠤᠨ ᠪᠡᠶ᠎ᠡ ᠳᠡᠭᠡᠨ ᠢᠯᠡᠭᠦᠬᠡᠨ ᠰᠡᠳᠬᠢᠬᠦ ᠴᠠᠭ ᠥᠭᠴᠦ᠂ ᠦᠷᠭᠦᠯᠵᠢ ᠰᠡᠳᠬᠢᠪᠡᠯ ᠰᠠᠶ᠋ᠢ ᠠᠯᠬᠤᠮ ᠳᠠᠪᠰᠢᠵᠤ ᠲᠠᠶᠢᠯᠤᠨ᠎ᠠ᠃ ᠪᠤᠰᠤᠳ ᠢ ᠰᠣᠬᠤᠷ ᠪᠠᠯᠠᠢ ᠪᠠᠷ ᠳᠠᠭᠠᠬᠤ ᠭᠡᠷᠡᠭ ᠦᠬᠡᠢ᠃ 4. ᠰᠤᠷᠤᠯᠴᠠᠬᠤ ᠶᠢ ᠪᠠᠷᠢᠮᠳᠠᠯᠠᠬᠤ᠃ ᠡᠳᠦᠷ ᠪᠦᠷᠢ ᠵᠣᠬᠢᠬᠤ ᠴᠠᠭ ᠭᠠᠷᠭᠠᠨ ᠰᠤᠷᠤᠯᠴᠠᠵᠤ᠂ ᠮᠡᠳᠡᠯᠬᠡ ᠪᠠᠨ ᠥᠷᠭᠡᠳᠬᠡᠨ᠂ ᠪᠤᠯᠪᠠᠰᠣᠷᠠᠯ ᠢᠶᠠᠨ ᠳᠡᠭᠡᠭᠰᠢᠯᠡᠭᠦᠯᠪᠡᠯ ᠰᠠᠶ᠋ᠢ ᠠᠮᠢᠳᠤᠷᠠᠯ ᠢ ᠠᠷᠭᠠᠴᠠᠭᠠᠬᠤ ᠢᠳᠡᠬᠡᠯ ᠬᠦᠴᠦᠨ ᠲᠠᠢ ᠪᠣᠯᠵᠤ ᠴᠢᠳᠠᠨ᠎ᠠ᠃ ᠤᠳᠬ᠎ᠠ ᠠᠭᠤᠯᠭ᠎ᠠ ᠲᠠᠢ ᠶᠠᠪᠤᠳᠠᠯ ᠳᠡᠭᠡᠷ᠎ᠡ ᠢᠯᠡᠬᠦᠦ ᠴᠠᠭ ᠬᠤᠭᠤᠴᠠᠭ᠎ᠠ ᠵᠠᠷᠤᠴᠠᠭᠤᠯᠵᠤ᠂ ᠰᠢᠨᠲᠠᠷᠠᠰᠢ ᠦᠭᠡᠢ ᠪᠠᠷᠢᠮᠲᠠᠯᠠᠨ᠂ ᠰᠠᠶᠢᠨ ᠢ ᠬᠥᠭᠡᠭᠡᠴᠡᠯᠳᠦᠪᠡᠯ ᠰᠠᠶ᠋ᠢ ᠥᠪᠡᠷ ᠤᠨ ᠬᠦᠰᠡᠵᠦ ᠰᠠᠨᠠᠭᠰᠠᠨ ᠠᠮᠢᠳᠤᠷᠠᠯ ᠢ ᠡᠳ᠋ᠯᠡᠵᠦ ᠴᠢᠳᠠᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号