ᠪᠢᠲᠡᠭᠡᠶ ᠬᠥᠯ ᠢᠶᠠᠨ ᠠᠴᠢᠵᠦ ᠰᠠᠭᠤᠭᠠᠷᠠᠢ︕ ᠡᠶᠢᠮᠦ ᠡᠪᠡᠳᠴᠢᠨ ᠳᠤ ᠨᠡᠷᠪᠡᠭᠳᠡᠭᠰᠡᠨ ᠬᠦᠮᠦᠨ 1 ᠳ᠋ᠦᠩᠰᠢᠭᠤᠷ ᠢ ᠳᠠᠪᠠᠵᠠᠢ︕
ᠨᠡᠶᠢᠲᠡᠯᠡᠭᠰᠡᠨ ᠴᠠᠭ᠄
2023/12/30
   ᠦᠶ᠎ᠡ ᠭᠡᠰᠢᠬᠦᠦ ᠶᠢᠨ ᠦᠷᠪᠢᠰᠦᠯ ᠭᠡᠳᠡᠭ ᠨᠢ ᠳᠠᠷᠤᠢ ᠦᠶ᠎ᠡ ᠶᠢᠨ ᠬᠡᠰᠡᠭ ᠤᠨ ᠦᠷᠪᠢᠰᠦᠯ ᠪᠣᠯᠤᠨ᠎ᠠ᠂ ᠡᠪᠡᠳᠴᠢᠯᠡᠬᠦ ᠨᠤᠷᠮ᠎ᠠ ᠨᠢ ᠲᠦᠢᠯ ᠤᠨ ᠥᠨᠳᠥᠷ ᠪᠠᠶᠢᠳᠠᠭ᠃ ᠦᠶ᠎ᠡ ᠭᠡᠰᠢᠬᠦᠦ ᠶᠢᠨ ᠦᠷᠪᠢᠰᠦᠯ ᠤᠨ ᠬᠠᠮᠤᠭ ᠣᠯᠠᠨ ᠲᠣᠬᠢᠶᠠᠯᠳᠤᠳᠠᠭ ᠬᠡᠯᠪᠡᠷᠢ ᠪᠣᠯ ᠶᠠᠰᠤᠨ ᠤ ᠦᠶ᠎ᠡ ᠭᠡᠰᠢᠬᠦᠦ ᠶᠢᠨ ᠦᠷᠪᠢᠰᠦᠯ ᠪᠣᠯᠤᠨ᠎ᠠ᠂ ᠲᠡᠷᠡ ᠨᠢ ᠨᠢᠭᠡ ᠵᠦᠢᠯ ᠤᠨ ᠦᠶ᠎ᠡ ᠭᠡᠰᠢᠭᠦᠦ ᠮᠠᠭᠤᠳᠠᠬᠤ ᠪᠤᠶᠤ ᠦᠶ᠎ᠡ ᠭᠡᠰᠢᠭᠦᠦ ᠶᠢ ᠬᠡᠲᠦᠷᠡᠲᠡᠯ᠎ᠡ ᠬᠡᠷᠡᠭᠯᠡᠬᠦ ᠠᠴᠠ ᠪᠤᠯᠤᠬᠰᠠᠨ ᠬᠠᠯᠳᠠᠪᠤᠷᠢᠯᠠᠯ ᠤᠨ ᠪᠤᠰᠤ ᠦᠷᠪᠢᠰᠦᠯ ᠤᠨ ᠴᠢᠨᠠᠷᠲᠠᠢ ᠡᠪᠡᠳᠴᠢᠨ ᠪᠣᠯᠤᠨ᠎ᠠ᠃ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠪᠦᠬᠦ ᠪᠥᠮᠪᠥᠷᠴᠡᠭ ᠤᠨ ᠶᠠᠰᠤᠨ ᠤ ᠦᠶ᠎ᠡ ᠭᠡᠰᠢᠬᠦᠦ ᠶᠢᠨ ᠦᠷᠪᠢᠰᠦᠯ ᠲᠠᠢ ᠡᠪᠡᠳᠴᠢᠲᠡᠨ ᠨᠢᠭᠡᠨᠲᠡ 5 ᠳ᠋ᠦᠩᠰᠢᠭᠤᠷ ᠢ ᠳᠠᠪᠠᠵᠤ᠂ ᠮᠠᠨ ᠤ ᠤᠯᠤᠰ ᠤᠨ ᠶᠠᠰᠤᠨ ᠤ ᠦᠶ᠎ᠡ ᠭᠡᠰᠢᠬᠦᠦ ᠶᠢᠨ ᠦᠷᠪᠢᠰᠦᠯ ᠲᠠᠢ ᠡᠪᠡᠳᠴᠢᠲᠡᠨ 1 ᠳ᠋ᠦᠩᠰᠢᠭᠤᠷ ᠢ ᠳᠠᠪᠠᠵᠠᠢ᠃ ᠨᠡᠶᠢᠰᠯᠡᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠰᠢᠤᠸᠠᠨ ᠦ᠋ ᠡᠮᠨᠡᠯᠭᠡ ᠶᠢᠨ ᠬᠤᠷᠢᠶᠠᠨ ᠤ ᠶᠠᠰᠤᠨ ᠤ ᠰᠠᠯᠠᠭᠠᠨ ᠤ ᠡᠷᠬᠢᠯᠡᠭᠴᠢ ᠡᠮᠴᠢ ᠹᠧᠩ ᠮᠢᠩ ᠯᠢ᠄ ᠡᠶᠢᠮᠦᠷᠬᠦ ᠮᠡᠰᠡ ᠵᠠᠰᠠᠯ ᠨᠢ ᠭᠡᠮᠲᠦᠯ ᠢᠶᠠᠷ ᠪᠠᠭ᠎ᠠ᠂ ᠴᠢᠰᠤ ᠭᠠᠷᠬᠤ ᠪᠠᠷ ᠪᠠᠭ᠎ᠠ᠂ ᠡᠳᠡᠭᠡᠷᠡᠬᠦ ᠨᠢ ᠲᠦᠷᠭᠡᠨ᠂ ᠡᠪᠡᠳᠴᠢᠲᠡᠨ ᠠᠮᠠᠷᠬᠠᠨ ᠭᠥᠯᠢᠶᠡᠨ ᠠᠪᠳᠠᠭ᠃ ᠤᠤᠯ ᠳᠤ ᠪᠠᠨ ᠬᠢᠮᠡᠯ ᠡᠪᠦᠳᠦᠭ ᠤᠨ ᠦᠶ᠎ᠡ ᠶᠢᠨ ᠦᠨ᠎ᠡ ᠨᠢ 4 ᠲᠦᠮᠡ ᠭᠠᠷᠤᠶ ᠲᠥᠭᠦᠷᠢᠭ ᠠᠴᠠ 5 ᠲᠦᠮᠡᠨ ᠲᠥᠭᠦᠷᠢᠭ ᠪᠠᠶᠢᠵᠠᠢ᠂ ᠤᠯᠤᠰ ᠠᠴᠠ ᠨᠢᠭᠡᠳᠦᠯᠳᠡᠢ ᠪᠠᠷ ᠬᠤᠳᠠᠯᠳᠤᠨ ᠠᠪᠬᠤ ᠪᠤᠯᠤᠬᠰᠠᠨ ᠤ ᠳᠠᠷᠠᠭ᠎ᠠ ᠡᠪᠡᠳᠴᠢᠲᠡᠨ ᠨᠢᠭᠡ ᠬᠢᠮᠡᠯ ᠡᠪᠦᠳᠦᠭ ᠤᠨ ᠦᠶ᠎ᠡ ᠰᠤᠯᠢᠬᠤ ᠳᠤ᠂ ᠥᠪᠡᠷᠲᠡᠭᠡᠨ 1 ᠲᠦᠮᠡ ᠠᠴᠠ 2 ᠲᠦᠮᠡᠨ ᠲᠥᠭᠦᠷᠢᠭ ᠵᠠᠷᠤᠴᠠᠭᠤᠯᠪᠠᠯ ᠪᠣᠯᠴᠢᠬᠠᠨ᠎ᠠ ᠭᠡᠪᠡ᠃ ᠲᠤᠰᠬᠠᠶ ᠮᠡᠷᠭᠡᠵᠢᠯᠲᠡᠨ ᠰᠠᠨᠠᠭᠤᠯᠬᠤ ᠳᠠᠭᠠᠨ᠄ ᠣᠷᠳᠣ ᠬᠤᠭᠤᠴᠠᠭ᠎ᠠ ᠪᠠᠷ ᠬᠥᠯ ᠢᠶᠠᠨ ᠠᠴᠢᠵᠦ ᠰᠠᠭᠤᠬᠤ᠂ ᠤᠳᠠᠭᠠᠨ ᠰᠠᠭᠤᠬᠤ ᠨᠢ ᠪᠦᠷ ᠦᠶ᠎ᠡ ᠭᠡᠰᠢᠭᠦᠦ ᠶᠢ ᠭᠡᠮᠲᠦᠭᠡᠵᠦ ᠮᠡᠳᠡᠨ᠎ᠡ᠃ ᠡᠭᠦᠨ ᠠᠴᠠ ᠭᠠᠳᠠᠨ᠎ᠠ᠂ ᠬᠡᠲᠦᠷᠬᠡᠢ ᠬᠥᠳᠡᠯᠭᠡᠭᠡᠨ ᠬᠢᠬᠦ ᠨᠢ ᠡᠰᠡᠷᠭᠦ ᠦᠢᠯᠡᠳᠦᠯ ᠭᠠᠷᠭᠠᠵᠤ ᠮᠡᠳᠡᠨ᠎ᠡ᠂ ᠦᠶ᠎ᠡ ᠭᠡᠰᠢᠭᠦᠨ ᠤ ᠦᠷᠪᠢᠰᠦᠯ ᠲᠠᠢ ᠡᠪᠡᠳᠴᠢᠲᠡᠨ ᠠᠯᠬᠤᠬᠤ᠂ ᠤᠳᠠᠭᠠᠨ ᠭᠦᠶᠦᠬᠦ᠂ ᠤᠮᠪᠠᠭ᠋ᠤ ᠵᠡᠷᠭᠡ ᠦᠶ᠎ᠡ ᠭᠡᠰᠢᠭᠦᠨ ᠳᠤ ᠨᠡᠯᠢᠶᠡᠳ ᠬᠥᠩᠭᠡᠨ ᠰᠢᠭ ᠬᠥᠳᠡᠯᠭᠡᠭᠡᠨ ᠢ ᠰᠣᠩᠭᠤᠵᠤ᠂ ᠦᠶ᠎ᠡ ᠭᠡᠰᠢᠭᠦᠨ ᠤ ᠲᠣᠭᠲᠠᠪᠤᠷᠢᠲᠤ ᠴᠢᠨᠠᠷ ᠢ ᠴᠢᠩᠭᠠᠯᠠᠵᠤ ᠪᠤᠯᠤᠨ᠎ᠠ ᠭᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号